ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠳᠤ ᠬᠠᠯᠳᠠᠪᠤᠷᠢᠲᠤ ᠲᠠᠭᠰᠢᠭᠤᠷ᠎ᠢ ᠶᠠᠭ᠋ᠠᠬᠢᠵᠤ ᠰᠡᠷᠭᠡᠶ᠋ᠢᠯᠡᠬᠦ ᠪᠣᠶ᠂ ᠡᠨᠡ ᠬᠦ᠌ ᠡᠷᠡᠭᠦᠯ ᠮᠡᠨᠳᠦ ᠵᠢᠨ ᠰᠠᠨᠠᠭᠤᠯᠤᠮᠵᠢ ᠵᠢ ᠪᠠᠭᠰᠢ ᠰᠣᠷᠣᠭᠴᠢ ᠬᠡᠷ᠎ᠤᠨ ᠠᠬᠠᠮᠠᠳ᠎ᠲᠤ ᠳᠠᠮᠵᠢᠭᠤᠯᠬᠤ᠎ᠨᠢ
ᠨᠡᠶ᠋ᠢᠲᠡᠯᠡᠭᠰᠡᠨ ᠴᠠᠭ᠄ 2023-02-22


      ᠡᠪᠦᠯ ᠬᠠᠪᠤᠷ᠎ᠤᠨ ᠤᠯᠠᠷᠢᠯ ᠪᠣᠯ ᠠᠮᠢᠰᠬᠤᠯ᠎ᠤᠨ ᠵᠠᠮ᠎ᠤᠨ ᠬᠠᠯᠳᠠᠪᠤᠷᠢᠲᠤ ᠡᠪᠡᠳᠴᠢᠨ ᠣᠯᠠᠨ ᠡᠭᠦᠰᠳᠡᠭ ᠤᠯᠠᠷᠢᠯ ᠪᠣᠯᠤᠨ᠎ᠠ᠃ ᠰᠤᠷᠭ᠋ᠠᠭᠤᠯᠢ ᠡᠬᠢᠯᠡᠭᠰᠡᠨ᠎ᠤ ᠳᠠᠷᠠᠭ᠎ᠠ᠂ ᠰᠤᠷᠭ᠋ᠠᠭᠤᠯᠢ ᠵᠢᠴᠢ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠪᠠ ᠬᠡᠦᠬᠡᠳ᠎ᠤᠨ ᠴᠡᠴᠡᠷᠯᠢᠭ ᠪᠣᠯ ᠬᠥᠮᠦᠨ ᠣᠯᠠᠨ ᠴᠤᠭᠯᠠᠷᠠᠬᠤ ᠪᠠᠢ᠌ᠷᠢ ᠲᠠᠯᠠᠪᠤᠷ᠎ᠲᠤ ᠬᠠᠷᠢᠶᠠᠯᠠᠭᠳᠠᠵᠤ᠂ ᠬᠠᠯᠳᠠᠪᠤᠷᠢᠲᠤ ᠲᠠᠭᠰᠢᠭᠤᠷ᠎ᠤᠨ ᠸᠢᠷᠦ᠋ᠰ᠎ᠠᠴᠠ ᠪᠣᠯᠤᠭᠰᠠᠨ ᠲᠥᠪᠯᠡᠷᠡᠭᠭᠦᠢ ᠬᠠᠯᠠᠭᠤᠷᠠᠬᠤ ᠬᠢᠵᠢᠭ᠎ᠤᠨ ᠲᠦᠭᠰᠢᠭᠦᠷᠢ ᠨᠡᠮᠡᠭᠳᠡᠵᠦ ᠪᠣᠢ᠃ ᠬᠡᠦᠬᠡᠳ᠂ ᠭᠡᠷ᠎ᠤᠨ ᠠᠬᠠᠮᠠᠳ ᠪᠠ ᠪᠠᠭᠰᠢ ᠬᠠᠯᠳᠠᠪᠤᠷᠢᠲᠤ ᠲᠠᠭᠰᠢᠭᠤᠷ᠎ᠢ ᠶᠠᠭ᠋ᠠᠬᠢᠵᠤ ᠰᠡᠷᠭᠡᠶ᠋ᠢᠯᠡᠬᠦ ᠪᠣᠶ? ᠪᠡᠭᠡᠵᠢᠩ ᠬᠣᠲᠠ ᠵᠢᠨ ᠡᠪᠡᠳᠴᠢᠨ ᠡᠮᠭᠡᠭ᠎ᠢ ᠰᠡᠷᠭᠡᠶ᠋ᠢᠯᠡᠨ ᠡᠵᠡᠮᠳᠡᠬᠦ ᠲᠥᠪ᠎ᠤᠨ ᠰᠠᠨᠠᠭᠤᠯᠤᠮᠵᠢ ᠵᠢ ᠬᠠᠮᠲᠤ᠎ᠳᠤ᠎ᠪᠠᠨ ᠦᠵᠡᠵᠡᠭᠡᠶ᠎ᠡ!


      ᠰᠤᠷᠤᠭᠴᠢ ᠵᠢᠴᠢ ᠭᠡᠷ᠎ᠤᠨ ᠠᠬᠠᠮᠠᠳ᠎ᠤᠨ ᠭᠦᠢ᠍ᠴᠡᠳᠭᠡᠪᠡᠰᠦ ᠵᠣᠬᠢᠬᠤ ᠵᠦᠢ᠍ᠯ

 


     1 . ᠴᠠᠭ ᠠᠭᠤᠷ᠎ᠤᠨ ᠬᠤᠪᠢᠷᠠᠯᠲᠠ ᠵᠢ ᠠᠩᠬᠠᠷᠣᠨ᠂ ᠠᠭ᠋ᠠᠷ᠎ᠤᠨ ᠳᠤᠯᠠᠭ᠋ᠠᠨ᠎ᠤ ᠬᠤᠪᠢᠷᠠᠯᠲᠠ᠎ᠳᠤ ᠵᠣᠬᠢᠴᠠᠭᠤᠯᠤᠨ ᠬᠤᠪᠴᠠᠰᠤ᠎ᠪᠠᠨ ᠵᠤᠵᠠᠭ᠋ᠠᠯᠠᠬᠤ ᠪᠤᠶᠤ ᠨᠢᠮᠭᠡᠯᠡᠵᠦ᠂ ᠵᠢᠩᠭᠢᠨᠡᠬᠦ᠎ᠠᠴᠠ ᠬᠢᠴᠢᠶᠡᠨ᠎ᠡ;
     2 . ᠬᠤᠪᠢ ᠬᠥᠮᠦᠨ᠎ᠤ ᠡᠷᠡᠭᠦᠯ ᠬᠠᠮᠠᠭ᠋ᠠᠯᠠᠯ᠎ᠢ ᠠᠩᠬᠠᠷᠣᠨ᠂ ᠬᠤᠪᠴᠠᠰᠤ᠎ᠪᠠᠨ ᠦᠷᠭᠦᠯᠵᠢ ᠰᠣᠯᠢᠵᠤ᠂ ᠭᠠᠷ ᠵᠶ᠋ᠠᠨ ᠦᠷᠭᠦᠯᠵᠢ ᠤᠬᠢᠶᠠᠨ᠂ ᠨᠢᠭᠤᠷ᠎ᠤᠨ ᠠᠯᠴᠢᠭᠤᠷ ᠪᠠ ᠭᠠᠷ᠎ᠤᠨ ᠠᠯᠴᠢᠭᠤᠷ ᠵᠡᠷᠭᠡ ᠵᠢ ᠳᠤᠰᠠᠭ᠋ᠠᠷ ᠬᠡᠷᠡᠭᠯᠡᠨ᠎ᠡ᠃ ᠨᠠᠶ᠋ᠢᠲᠠᠭ᠋ᠠᠬᠤ ᠪᠤᠶᠤ ᠬᠠᠨᠢᠶᠠᠬᠤ᠎ᠳᠤ᠎ᠪᠠᠨ ᠴᠠᠭ᠋ᠠᠰᠤ ᠪᠤᠶᠤ ᠬᠠᠨᠴᠤᠶ᠎ᠪᠠᠷ ᠵᠶ᠋ᠠᠨ ᠠᠮᠠ᠂ ᠬᠠᠮᠠᠷ ᠵᠶ᠋ᠠᠨ ᠬᠠᠯᠬᠠᠯᠠᠨ᠎ᠠ;
     3 . ᠨᠣᠢ᠌ᠷ ᠭᠦᠢ᠍ᠴᠡᠳ᠂ ᠢᠳᠡᠭᠡᠨ ᠤᠮᠳᠠᠭ᠋ᠠᠨ ᠡᠷᠡᠭᠦᠯ ᠪᠠᠢ᠌ᠬᠤ ᠵᠢ ᠪᠠᠲᠤᠯᠠᠵᠤ᠂ ᠵᠣᠬᠢᠬᠤ ᠬᠡᠮᠵᠢᠶᠡᠨ᠎ᠤ ᠬᠥᠳᠡᠯᠭᠡᠭᠡᠨ ᠬᠢᠬᠦ ᠵᠢ ᠪᠠᠷᠢᠮᠲᠠᠯᠠᠨ᠎ᠠ;
     4 . ᠬᠡᠷ᠎ᠲᠤ ᠠᠭ᠋ᠠᠷ ᠨᠡᠪᠲᠡᠷᠡᠭᠦᠯᠬᠦ ᠵᠢ ᠪᠠᠲᠤᠯᠠᠵᠤ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠢ     ᠠᠩᠬᠠᠷᠤᠨ᠎ᠠ;
     5 . ᠬᠠᠯᠳᠠᠪᠤᠷᠢᠲᠤ ᠲᠠᠭᠰᠢᠭᠤᠷ᠎ᠲᠤ ᠨᠡᠷᠪᠡᠭᠳᠡᠭᠰᠡᠳ᠎ᠲᠠᠢ ᠣᠢ᠌ᠷᠠᠲᠤᠬᠤ᠎ᠠᠴᠠ ᠠᠯᠢ ᠴᠢᠳᠠᠬᠤ᠎ᠪᠠᠷ ᠵᠠᠶ᠋ᠢᠯᠠᠰᠬᠢᠵᠦ᠂ ᠬᠡᠷᠪᠡ ᠣᠢ᠌ᠷᠠᠲᠤᠬᠤ ᠴᠢᠬᠤᠯᠠᠲᠠᠶ ᠪᠣᠯ ᠠᠮᠠᠪᠴᠢ ᠵᠡᠭᠦᠨ᠎ᠡ;
     6 . ᠬᠠᠯᠳᠠᠪᠤᠷᠢᠲᠤ ᠲᠠᠭᠰᠢᠭᠤᠷ᠎ᠲᠤ ᠨᠡᠷᠪᠡᠭᠳᠡᠭᠰᠡᠳ᠎ᠤᠨ ᠬᠢᠴᠢᠶᠡᠯ ᠣᠷᠤᠬᠤ ᠪᠤᠶᠤ ᠠᠵᠢᠯᠯᠠᠬᠤ ᠵᠢ ᠡᠷᠡᠰ ᠬᠣᠷᠢᠭᠯᠠᠵᠤ᠂ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠵᠢᠯ᠎ᠢ ᠬᠠᠮᠵᠢᠯᠴᠠᠨ ᠰᠠᠶ᠋ᠢᠲᠤᠷ ᠬᠢᠨ᠎ᠡ᠃


      ᠰᠤᠷᠭ᠋ᠠᠭᠤᠯᠢ ᠵᠢᠴᠢ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠪᠠ
      ᠬᠡᠦᠬᠡᠳ᠎ᠤᠨ ᠴᠡᠴᠡᠷᠯᠢᠭ᠎ᠤᠨ ᠭᠦᠢ᠍ᠴᠡᠳᠭᠡᠪᠡᠰᠦ ᠵᠣᠬᠢᠬᠤ ᠵᠦᠢ᠍ᠯ



     1 . ᠨᠡᠷᠪᠡᠭᠳᠡᠭᠰᠡᠨ ᠰᠤᠷᠤᠭᠴᠢ᠎ᠳᠤ ᠠᠮᠠᠪᠴᠢ ᠵᠡᠭᠦᠯᠭᠡᠨ᠂ ᠳᠤᠰᠠᠭ᠋ᠠᠷᠯᠠᠵᠤ᠂ ᠠᠩᠭᠢ ᠵᠢᠨ ᠡᠷᠬᠢᠯᠡᠭᠴᠢ᠎ᠠᠴᠠ ᠨᠡᠷᠪᠡᠭᠳᠡᠭᠰᠡᠨ ᠰᠤᠷᠤᠭᠴᠢ ᠵᠢᠨ ᠬᠡᠷ᠎ᠤᠨ ᠠᠬᠠᠮᠠᠳ᠎ᠲᠤ ᠳᠠᠷᠤᠢ᠎ᠳᠤ᠎ᠨᠢ ᠮᠡᠳᠡᠭᠳᠡᠨ᠂ ᠨᠡᠷᠪᠡᠭᠳᠡᠭᠰᠡᠨ ᠰᠤᠷᠤᠭᠴᠢ ᠵᠢ ᠳᠠᠭ᠋ᠠᠭᠤᠯᠤᠨ ᠡᠪᠡᠳᠴᠢᠨ᠎ᠢ᠎ᠨᠢ ᠦᠵᠡᠭᠦᠯᠬᠦ ᠪᠤᠶᠤ ᠬᠡᠷ᠎ᠲᠤ᠎ᠨᠢ ᠬᠠᠷᠢᠭᠤᠯᠵᠤ ᠠᠮᠠᠷᠠᠭᠤᠯᠤᠨ᠎ᠠ᠃
     2 . ᠬᠢᠨᠠᠨ ᠰᠢᠯᠭ᠋ᠠᠬᠤ ᠵᠢ ᠴᠢᠩᠭ᠋ᠠᠳᠬᠠᠨ᠎ᠠ᠃ ᠥᠷᠯᠥᠭᠡ ᠪᠠ ᠦᠳᠡ ᠵᠢᠨ ᠪᠠᠶ᠋ᠢᠴᠠᠭ᠋ᠠᠯᠲᠠ ᠵᠢᠨ ᠳᠦᠷᠢᠮ᠎ᠢ ᠴᠢᠩᠭ᠋ᠠᠷᠠᠭᠤᠯᠵᠤ᠂ ᠡᠪᠡᠳᠴᠢᠨ᠎ᠠᠴᠠ ᠪᠣᠯᠵᠤ ᠠᠵᠢᠯ ᠰᠠᠭ᠋ᠠᠲᠠᠭᠳᠠᠭᠰᠠᠳ᠎ᠢ ᠰᠠᠢ᠌ᠲᠦᠷ ᠳᠠᠩᠰᠠᠯᠠᠨ ᠲᠡᠮᠳᠡᠭᠯᠡᠵᠦ᠂ ᠰᠢᠨ᠎ᠡ᠎ᠪᠠᠷ ᠢᠯᠡᠷᠡᠭᠦᠯᠦᠭᠰᠡᠨ ᠡᠪᠡᠳᠴᠢᠨ᠎ᠤ ᠵᠢᠱ᠌ᠢᠶ᠎ᠡ ᠵᠢ ᠳᠠᠷᠤᠢ᠎ᠳᠤ᠎ᠨᠢ ᠮᠡᠳᠡᠭᠦᠯᠦᠨ᠎ᠡ᠃
     3 . ᠬᠢᠴᠢᠶᠡᠯ᠎ᠤᠨ ᠬᠡᠷ᠂ ᠪᠠᠶ᠋ᠢᠷᠢ ᠵᠢᠨ ᠬᠡᠷ᠂ ᠬᠣᠭᠣᠯᠠᠨ ᠬᠡᠷ ᠵᠡᠷᠭᠡ ᠪᠠᠢ᠌ᠷᠢ ᠲᠠᠯᠠᠪᠤᠷ᠎ᠲᠤ ᠠᠭ᠋ᠠᠷ ᠨᠡᠪᠲᠡᠷᠡᠭᠦᠯᠬᠦ ᠵᠢ ᠠᠩᠬᠠᠷᠴᠤ᠂ ᠴᠠᠭ ᠠᠭᠤᠷ᠎ᠤᠨ ᠵᠥᠪᠰᠢᠶᠡᠷᠡᠬᠦ ᠬᠡᠪᠴᠢᠶᠡᠨ᠎ᠳᠤ ᠪᠠᠢ᠌ᠩᠭᠤ ᠴᠣᠩᠬᠣ᠎ᠪᠠᠨ ᠨᠡᠭᠡᠭᠡᠵᠦ ᠰᠠᠯᠬᠢ ᠨᠡᠪᠲᠡᠷᠡᠭᠦᠯᠬᠦ ᠵᠢ ᠴᠢᠩᠭ᠋ᠠᠳᠬᠠᠨ᠂ ᠬᠡᠷ ᠳᠣᠲᠤᠷᠠᠬᠢ ᠠᠭ᠋ᠠᠷ᠎ᠢ ᠰᠢᠨ᠎ᠡ ᠰᠣᠷᠭᠣᠭ ᠪᠠᠢ᠌ᠯᠭ᠋ᠠᠨ᠎ᠠ᠃ ᠲᠣᠭᠲᠠᠭᠰᠠᠨ ᠬᠤᠭᠤᠴᠠᠭ᠎ᠠ᠎ᠲᠠᠢ ᠴᠡᠪᠡᠷᠯᠡᠭᠡ ᠬᠢᠵᠦ᠂ ᠣᠷᠴᠢᠨ ᠲᠣᠭᠣᠷᠢᠨ᠎ᠤ ᠠᠷᠢᠭᠤᠨ ᠴᠡᠪᠡᠷ᠎ᠢ ᠪᠠᠲᠤᠯᠠᠨ᠎ᠠ᠃
     4 . ᠡᠷᠡᠭᠦᠯ ᠮᠡᠨᠳᠦ ᠵᠢᠨ ᠬᠥᠮᠦᠵᠢᠯ᠎ᠢ ᠥᠷᠨᠢᠭᠦᠯᠵᠦ᠂ ᠡᠯ᠎ᠡ ᠰᠤᠷᠭ᠋ᠠᠭᠤᠯᠢ ᠵᠢᠴᠢ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠪᠠ ᠬᠡᠦᠬᠡᠳ᠎ᠤᠨ ᠴᠡᠴᠡᠷᠯᠢᠭ᠎ᠤᠨ᠎ᠬᠢᠨ ᠰᠦᠯᠵᠢᠶ᠎ᠡ᠂ ᠤᠬᠠᠭᠤᠯᠭ᠎ᠠ ᠵᠢᠨ ᠵᠢᠷᠤᠭ᠂ ᠰᠠᠮᠪᠠᠷ᠎ᠠ ᠵᠢᠨ ᠰᠣᠨᠢᠨ᠂ ᠨᠤᠭᠤᠯᠤᠮᠠᠯ ᠬᠠᠭᠤᠳᠠᠰᠤ ᠪᠣᠯᠤᠨ ᠮᠡᠳᠡᠭᠳᠡᠬᠦ ᠵᠠᠬᠢᠳᠠᠯ ᠵᠡᠷᠭᠡ ᠬᠡᠯᠪᠡᠷᠢ᠎ᠪᠠᠷ ᠡᠷᠡᠭᠦᠯ ᠬᠠᠮᠠᠭ᠋ᠠᠯᠠᠯ ᠪᠠ ᠡᠪᠡᠳᠴᠢᠨ᠎ᠢ ᠰᠡᠷᠭᠡᠶ᠋ᠢᠯᠡᠬᠦ ᠮᠡᠳᠡᠯᠭᠡ ᠵᠢ ᠤᠬᠠᠭᠤᠯᠵᠤ᠂ ᠪᠠᠭᠰᠢ ᠰᠤᠷᠤᠭᠴᠢᠳ᠎ᠤᠨ ᠥᠪᠡᠷ᠎ᠢ᠎ᠪᠠᠨ ᠡᠷᠡᠭᠦᠯᠵᠢᠭᠦᠯᠬᠦ ᠮᠡᠳᠡᠯᠭᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
     5 . ᠨᠡᠷᠪᠡᠭᠳᠡᠭᠰᠡᠨ ᠬᠡᠦᠬᠡᠳ᠎ᠤᠨ ᠬᠡᠷ᠎ᠤᠨ ᠠᠬᠠᠮᠠᠳ᠎ᠲᠠᠢ ᠳᠠᠷᠤᠢ᠎ᠳᠤ᠎ᠨᠢ ᠨᠡᠪᠲᠡᠷᠡᠵᠦ᠂ ᠬᠡᠷ᠎ᠤᠨ ᠠᠬᠠᠮᠠᠳ᠎ᠢ ᠵᠢᠯᠣᠭᠣᠳᠤᠨ ᠨᠡᠷᠪᠡᠭᠳᠡᠭᠰᠡᠨ ᠬᠡᠦᠬᠡᠳ᠎ᠤᠨ ᠬᠡᠷ᠎ᠲᠤ᠎ᠪᠠᠨ ᠰᠠᠭᠤᠵᠤ ᠪᠠᠶ᠋ᠢᠳᠠᠯ᠎ᠢ ᠠᠵᠢᠭᠯᠠᠬᠤ᠂ ᠬᠡᠷ᠎ᠲᠤ᠎ᠪᠠᠨ ᠠᠷᠢᠭᠤᠳᠬᠠᠬᠤ ᠵᠢᠴᠢ ᠱᠠᠭ᠋ᠠᠷᠳᠠᠯᠭ᠎ᠠ ᠶᠣᠰᠤ᠎ᠪᠠᠷ ᠨᠡᠷᠪᠡᠭᠳᠡᠭᠰᠡᠨ ᠬᠡᠦᠬᠡᠳ᠎ᠤᠨ ᠥᠯᠢᠭᠡᠷ ᠬᠡᠪ᠎ᠢ ᠴᠤᠭᠯᠠᠭᠤᠯᠬᠤ ᠵᠡᠷᠭᠡ ᠰᠡᠷᠭᠡᠶ᠋ᠢᠯᠡᠨ ᠡᠵᠡᠮᠳᠡᠬᠦ ᠠᠵᠢᠯ᠎ᠢ ᠬᠠᠮᠵᠢᠯᠴᠠᠨ ᠶᠠᠪᠤᠭᠤᠯᠤᠨ᠎ᠠ᠃



     6 . ᠴᠤᠭᠯᠠᠷᠠᠯ᠎ᠤᠨ ᠴᠢᠨᠠᠷᠲᠠᠶ ᠬᠢᠵᠢᠭ᠎ᠤᠨ ᠪᠠᠶ᠋ᠢᠳᠠᠯ ᠭᠠᠷᠤᠭᠰᠠᠨ ᠡᠯ᠎ᠡ ᠰᠤᠷᠭ᠋ᠠᠭᠤᠯᠢ ᠵᠢᠴᠢ ᠬᠡᠦᠬᠡᠳ ᠰᠠᠭ᠋ᠠᠲᠠᠭᠤᠯᠬᠤ ᠪᠠᠶ᠋ᠢᠭᠤᠯᠤᠮᠵᠢ ᠪᠠ ᠬᠡᠦᠬᠡᠳ᠎ᠤᠨ ᠴᠡᠴᠡᠷᠯᠢᠭ᠎ᠤᠨ᠎ᠬᠢᠨ ᠬᠠᠮᠲᠤ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ᠎ᠠᠴᠠ ᠵᠠᠶ᠋ᠢᠯᠠᠰᠬᠢᠵᠦ᠂ ᠨᠡᠷᠪᠡᠭᠳᠡᠭᠰᠡᠨ ᠰᠤᠷᠤᠭᠴᠢ᠂ ᠠᠵᠢᠯᠲᠠᠨ᠎ᠲᠠᠢ ᠣᠢ᠌ᠷᠠᠲᠤᠬᠤ ᠵᠢ ᠪᠠᠭ᠋ᠠᠰᠬᠠᠵᠤ᠂ ᠡᠷᠡᠭᠦᠯ ᠬᠠᠮᠠᠭ᠋ᠠᠯᠠᠯ᠎ᠤᠨ ᠰᠠᠯᠠᠭ᠎ᠠ ᠮᠥᠴᠢᠷ᠎ᠤᠨ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ᠎ᠲᠠᠢ ᠵᠣᠬᠢᠴᠠᠭᠤᠯᠤᠨ᠂ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠮᠡᠳᠡᠭᠦᠯᠵᠦ᠂ ᠠᠷᠢᠭᠤᠳᠬᠠᠬᠤ ᠠᠵᠢᠯ᠎ᠢ ᠲᠣᠭᠲᠠᠭ᠋ᠠᠯ ᠶᠣᠰᠤ᠎ᠪᠠᠷ ᠥᠷᠨᠢᠭᠦᠯᠦᠨ᠎ᠡ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
3 ᠰᠠᠷ᠎ᠠ ᠵᠢᠨ 3᠎ᠤ ᠡᠳᠦᠷ ᠨᠡᠪᠲᠡᠷᠡᠭᠦᠯᠦᠨ᠎ᠡ! ᠪᠥᠬᠥ ᠤᠯᠤᠰ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠭᠠᠯ ᠰᠡᠷᠭᠡᠢ᠌ᠯᠡᠬᠦ ᠠᠮᠤᠷ ᠲᠦᠪᠰᠢᠨ᠎ᠤ ᠢᠯᠡ ᠬᠢᠴᠢᠶᠡᠯ᠎ᠤᠨ ᠰᠦᠯᠵᠢᠶᠡᠨ᠎ᠳᠠᠬᠢ ᠰᠢᠭᠤᠳ ᠨᠡᠪᠲᠡᠷᠡᠭᠦᠯᠭᠡ
ᠪᠦᠬᠦ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠬᠥᠮᠦᠵᠢᠯ᠎ᠤᠨ ᠪᠦᠲᠦᠭᠡᠯ ᠡᠯᠰᠡᠬᠦ ᠠᠵᠢᠯᠯᠠᠭ᠎ᠠ
2023 ᠣᠨ᠎ᠤ ᠳᠡᠭᠡᠷ᠎ᠡ ᠬᠠᠭ᠋ᠠᠰ ᠵᠢᠯ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠬᠡᠮ᠎ᠤᠨ ᠰᠢᠯᠭ᠋ᠠᠯᠲᠠ (ᠨᠢᠭᠤᠷᠲᠠᠨ ᠰᠢᠯᠭ᠋ᠠᠯᠲᠠ)᠎ᠠᠴᠠ ᠡᠮᠦᠨᠡᠬᠢ ᠰᠠᠨᠠᠭᠤᠯᠤᠮᠵᠢ᠂ 5 ᠰᠠᠷ᠎ᠠ ᠵᠢᠨ 8᠎ᠤ ᠡᠳᠦᠷ᠎ᠠᠴᠠ ᠡᠬᠢᠯᠡᠨ ᠰᠢᠯᠭ᠋ᠠᠭᠤᠯᠬᠤ ᠲᠡᠮᠳᠡᠭ᠎ᠢ ᠳᠠᠷᠤᠮᠠᠯᠯᠠᠵᠤ ᠪᠣᠯᠤᠨ᠎ᠠ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠠᠩᠭᠢ᠎ᠠᠴᠠ ᠦᠨᠳᠦᠰᠦᠨ ᠠᠩᠭᠢ᠎ᠳᠤ ᠳᠡᠪᠰᠢᠬᠦ ᠰᠣᠷᠣᠭᠴᠢ ᠡᠯᠰᠡᠬᠦ ᠰᠢᠯᠭ᠋ᠠᠯᠲᠠ ᠵᠢᠨ ᠬᠠᠮᠤᠭ᠎ᠤᠨ ᠳᠤᠤᠷ᠎ᠠ ᠬᠢᠵᠠᠭ᠋ᠠᠷ ᠬᠤᠪᠢ ᠵᠢᠨ ᠠᠯᠪᠠᠨ ᠵᠠᠷᠯᠠᠯ
2023 ᠣᠨ᠎ᠤ 《ᠨᠠᠷᠠᠨ ᠭᠡᠷᠡᠯᠲᠦ ᠵᠠᠯᠠᠭᠤ ᠨᠠᠰᠤ 〈5·25〉 ᠤᠶᠤᠲᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠶᠠᠷᠢᠶᠠᠨ᠎ᠤ ᠳᠠᠪᠴᠠᠩ》 — ᠬᠠᠮᠲᠤ᠎ᠳᠤ᠎ᠪᠠᠨ ᠰᠣᠨᠣᠰᠴᠠᠭ᠋ᠠᠶ᠎ᠠ
 
             蒙ICP备05000248号