ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
2023 ᠣᠨ᠎ᠤ ᠳᠡᠭᠡᠷ᠎ᠡ ᠬᠠᠭ᠋ᠠᠰ ᠵᠢᠯ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠬᠡᠮ᠎ᠤᠨ ᠰᠢᠯᠭ᠋ᠠᠯᠲᠠ (ᠨᠢᠭᠤᠷᠲᠠᠨ ᠰᠢᠯᠭ᠋ᠠᠯᠲᠠ)᠎ᠠᠴᠠ ᠡᠮᠦᠨᠡᠬᠢ ᠰᠠᠨᠠᠭᠤᠯᠤᠮᠵᠢ᠂ 5 ᠰᠠᠷ᠎ᠠ ᠵᠢᠨ 8᠎ᠤ ᠡᠳᠦᠷ᠎ᠠᠴᠠ ᠡᠬᠢᠯᠡᠨ ᠰᠢᠯᠭ᠋ᠠᠭᠤᠯᠬᠤ ᠲᠡᠮᠳᠡᠭ᠎ᠢ ᠳᠠᠷᠤᠮᠠᠯᠯᠠᠵᠤ ᠪᠣᠯᠤᠨ᠎ᠠ
ᠨᠡᠶ᠋ᠢᠲᠡᠯᠡᠭᠰᠡᠨ ᠴᠠᠭ᠄ 2023-05-09


     2023 ᠣᠨ᠎ᠤ ᠳᠡᠭᠡᠷ᠎ᠡ ᠬᠠᠭ᠋ᠠᠰ ᠵᠢᠯ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠬᠡᠮ᠎ᠤᠨ ᠰᠢᠯᠭ᠋ᠠᠯᠲᠠ (ᠨᠢᠭᠤᠷᠲᠠᠨ ᠰᠢᠯᠭ᠋ᠠᠯᠲᠠ) 5 ᠰᠠᠷ᠎ᠠ ᠵᠢᠨ 13 - 14᠎ᠤ ᠡᠳᠦᠷ ᠪᠣᠯᠲᠠᠯ᠎ᠠ ᠶᠠᠪᠤᠭᠳᠠᠨ᠎ᠠ (ᠬᠡᠰᠡᠭ ᠰᠢᠯᠭ᠋ᠠᠯᠲᠠ ᠵᠢᠨ ᠴᠡᠭ 5 ᠰᠠᠷ᠎ᠠ ᠵᠢᠨ 15᠎ᠤ ᠡᠳᠦᠷ ᠰᠢᠯᠭ᠋ᠠᠵᠤ ᠳᠠᠭᠤᠰᠤᠨ᠎ᠠ᠂ ᠪᠣᠳᠠᠲᠠᠶ ᠴᠠᠭ᠎ᠢ ᠰᠢᠯᠭ᠋ᠠᠭᠤᠯᠬᠤ ᠲᠡᠮᠳᠡᠭ᠎ᠲᠤ ᠦᠵᠡᠭᠡᠷᠡᠶ)᠃ ᠰᠢᠯᠭ᠋ᠠᠯᠲᠠ ᠵᠢ ᠤᠷᠤᠭᠰᠢᠲᠠᠶ ᠶᠠᠪᠤᠭᠳᠠᠭᠤᠯᠬᠤ ᠵᠢ ᠪᠠᠲᠤᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠰᠣᠷᠣᠭᠴᠢ ᠡᠯᠰᠡᠬᠦ ᠰᠢᠯᠭ᠋ᠠᠯᠲᠠ ᠵᠢᠨ ᠲᠥᠪ᠎ᠠᠴᠠ ᠥᠷᠭᠡᠨ ᠣᠯᠠᠨ ᠰᠢᠯᠭ᠋ᠠᠭᠤᠯᠤᠭᠴᠢ᠎ᠳᠤ ᠣᠨᠴᠠᠭ᠋ᠠᠶ᠋ᠢᠯᠠᠨ ᠰᠠᠨᠠᠭᠤᠯᠪᠠ᠄
     01 . ᠰᠢᠯᠭ᠋ᠠᠭᠤᠯᠬᠤ ᠲᠡᠮᠳᠡᠭ᠎ᠢ ᠳᠠᠷᠤᠮᠠᠯᠯᠠᠬᠤ ᠴᠠᠭ 5 ᠰᠠᠷ᠎ᠠ ᠵᠢᠨ 8 - 14᠎ᠤ ᠡᠳᠦᠷ ᠪᠣᠯᠤᠨ᠎ᠠ᠂ ᠰᠢᠯᠭ᠋ᠠᠭᠤᠯᠤᠭᠰᠠᠳ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠰᠦᠯᠵᠢᠶᠡᠨ (https://ntce.neea.edu.cn)᠎ᠤ 《ᠨᠡᠷ᠎ᠡ ᠮᠡᠳᠡᠭᠦᠯᠬᠦ ᠰᠢᠰᠲ᠋ᠧᠮ》᠎ᠠᠴᠠ ᠰᠢᠯᠭ᠋ᠠᠭᠤᠯᠬᠤ ᠲᠡᠮᠳᠡᠭ᠎ᠢ ᠪᠠᠭᠤᠯᠭ᠋ᠠᠨ ᠠᠪᠴᠤ ᠳᠠᠷᠤᠮᠠᠯᠯᠠᠬᠤ ᠵᠢᠨ ᠬᠠᠮᠲᠤ ᠰᠢᠯᠭ᠋ᠠᠭᠤᠯᠬᠤ ᠲᠡᠮᠳᠡᠭ᠎ᠲᠠᠬᠢ ᠠᠩᠬᠠᠷᠬᠤ ᠵᠦᠢ᠍ᠯ᠎ᠢ ᠨᠠᠷᠢᠨ ᠬᠢᠨᠠᠮᠠᠭ᠋ᠠᠶ ᠤᠩᠰᠢᠵᠤ᠂ ᠰᠢᠯᠭ᠋ᠠᠬᠤ ᠴᠡᠭ᠎ᠤᠨ ᠬᠠᠶᠢᠭ ᠪᠠ ᠰᠢᠯᠭ᠋ᠠᠬᠤ ᠴᠠᠭ᠎ᠢ ᠨᠠᠷᠢᠨ ᠬᠢᠨᠠᠮᠠᠭ᠋ᠠᠢ ᠨᠣᠲᠠᠯᠠᠵᠤ ᠠᠪᠤᠭ᠋ᠠᠷᠠᠢ᠃
     02 . ᠰᠢᠯᠭ᠋ᠠᠭᠤᠯᠤᠭᠴᠢ ᠰᠢᠯᠭ᠋ᠠᠭᠤᠯᠬᠤ ᠲᠡᠮᠳᠡᠭ᠂ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ ᠵᠶ᠋ᠠᠨ ᠠᠪᠴᠤ ᠰᠢᠯᠭ᠋ᠠᠯᠲᠠ᠎ᠳᠤ ᠣᠷᠣᠯᠴᠠᠬᠤ ᠬᠡᠷᠡᠭᠲᠡᠶ᠂ ᠬᠣᠶᠠᠷ ᠦᠨᠡᠮᠯᠡᠯ᠎ᠤᠨ ᠠᠯᠢ᠎ᠨᠢ ᠴᠦ᠍ ᠳᠤᠲᠠᠭᠳᠠᠵᠤ ᠪᠣᠯᠬᠤ ᠦᠭᠡᠶ᠃ ᠰᠢᠯᠭ᠋ᠠᠭᠤᠯᠬᠤ ᠲᠡᠮᠳᠡᠭ᠎ᠲᠠᠬᠢ 《ᠣᠪᠣᠭ ᠨᠡᠷ᠎ᠡ》 ᠪᠠ 《ᠦᠨᠡᠮᠯᠡᠯ᠎ᠤᠨ ᠨᠣᠮᠧᠷ》 ᠵᠡᠷᠭᠡ ᠮᠡᠳᠡᠭᠡ ᠵᠠᠩᠭᠢ᠎ᠨᠢ ᠳᠡᠭᠡᠷ᠎ᠡ ᠳᠤᠷᠠᠳᠤᠭᠰᠠᠨ ᠪᠡᠶ᠎ᠡ ᠵᠢᠨ ᠦᠨᠡᠮᠯᠡᠯ᠎ᠲᠠᠢ ᠨᠢᠭᠡᠳᠦᠯ ᠥᠬᠡᠶ ᠪᠣᠯ ᠰᠢᠯᠭ᠋ᠠᠯᠲᠠ᠎ᠳᠤ ᠣᠷᠣᠯᠴᠠᠵᠤ ᠪᠣᠯᠬᠤ ᠥᠬᠡᠶ᠃
     03 . ᠰᠢᠯᠭ᠋ᠠᠭᠤᠯᠤᠭᠴᠢ ᠭᠠᠷ ᠤᠲᠠᠰᠤ᠎ᠪᠠᠨ ᠠᠪᠴᠤ ᠰᠢᠯᠭ᠋ᠠᠯᠲᠠ ᠵᠢᠨ ᠴᠡᠭ᠎ᠲᠤ ᠣᠷᠣᠬᠤ ᠥᠬᠡᠶ ᠪᠠᠶ᠋ᠢᠬᠤ ᠵᠢ ᠵᠣᠷᠢᠭᠵᠢᠭᠤᠯᠤᠨ᠎ᠠ᠂ ᠡᠰᠡ ᠲᠡᠭᠡᠪᠡᠯ ᠰᠢᠯᠭ᠋ᠠᠯᠲᠠ ᠵᠢᠨ ᠴᠡᠭ᠎ᠠᠴᠠ ᠨᠢᠭᠡᠳᠦᠯᠲᠡᠶ ᠬᠠᠮᠢᠶᠠᠷᠤᠨ᠎ᠠ; ᠭᠠᠷ ᠤᠲᠠᠰᠤ ᠵᠡᠷᠭᠡ ᠮᠡᠳᠡᠭᠡ ᠵᠠᠩᠭᠢ ᠬᠤᠷᠢᠶᠠᠵᠤ ᠲᠠᠷᠬᠠᠭ᠋ᠠᠬᠤ᠂ ᠲᠠᠭᠤ ᠰᠢᠩᠭᠡᠭᠡᠬᠦ ᠳᠦᠷᠰᠦ ᠰᠢᠩᠭᠡᠭᠡᠬᠦ ᠴᠢᠳᠠᠮᠵᠢ᠎ᠲᠠᠢ ᠲᠥᠬᠥᠭᠡᠷᠦᠮᠵᠢ ᠵᠢ ᠠᠪᠴᠤ 《ᠰᠡᠳᠦᠪ ᠰᠤᠭᠤᠯᠬᠤ ᠥᠷᠦᠭᠡ》᠂ 《ᠬᠢᠴᠢᠶᠡᠯ ᠪᠡᠯᠡᠳᠬᠡᠬᠦ ᠥᠷᠦᠭᠡ》᠂ 《ᠨᠢᠭᠤᠷᠲᠠᠨ ᠰᠢᠯᠭ᠋ᠠᠬᠤ ᠥᠷᠦᠭᠡ》᠎ᠳᠤ ᠤᠷᠤᠭᠰᠠᠨ ᠪᠦᠬᠦᠨ᠎ᠢ ᠴᠥᠮ ᠲᠣᠭᠲᠠᠭ᠋ᠠᠯ᠎ᠠᠴᠠ ᠵᠥᠷᠢᠴᠡᠵᠦ ᠬᠡᠮ ᠬᠢᠭᠰᠡᠨ ᠵᠶ᠋ᠠᠷ ᠰᠢᠢ᠍ᠳᠪᠦᠷᠢᠯᠡᠨ᠎ᠡ᠃
     04 . ᠰᠢᠯᠭ᠋ᠠᠭᠤᠯᠤᠭᠴᠢ ᠨᠢᠭᠡ ᠯᠡ ᠤᠳᠠᠭ᠎ᠠ ᠵᠢᠨ ᠴᠢᠨᠠᠷᠲᠠᠶ ᠡᠮᠴᠢᠯᠡᠭᠡᠨ᠎ᠳᠤ ᠬᠡᠷᠡᠭᠯᠡᠬᠦ ᠠᠮᠠᠪᠴᠢ ᠪᠡᠯᠡᠳᠬᠡᠵᠦ ᠨᠢᠭᠤᠷᠲᠠᠨ ᠰᠢᠯᠭ᠋ᠠᠯᠲᠠ᠎ᠳᠤ ᠣᠷᠣᠯᠴᠠᠬᠤ ᠵᠢ ᠰᠠᠨᠠᠭᠤᠯᠤᠶ᠎ᠠ᠃ ᠰᠢᠯᠭ᠋ᠠᠯᠲᠠ ᠵᠢᠨ ᠴᠡᠭ᠎ᠲᠤ ᠤᠷᠤᠭᠰᠠᠨ᠎ᠤ ᠳᠠᠷᠠᠭ᠎ᠠ᠂ ᠪᠡᠶ᠎ᠡ ᠵᠢᠨ ᠭᠠᠷᠤᠯ᠎ᠢ ᠢᠯᠭ᠋ᠠᠨ ᠲᠠᠨᠢᠬᠤ᠂ ᠲᠤᠷᠰᠢᠨ ᠶᠠᠷᠢᠵᠤ ᠰᠡᠴᠡᠯᠳᠦᠬᠦ᠎ᠠᠴᠠ ᠭᠠᠳᠠᠨ᠎ᠠ᠂ ᠪᠥᠬᠥ ᠶᠠᠪᠤᠴᠠ᠎ᠳᠤ ᠠᠮᠠᠪᠴᠢ ᠵᠡᠭᠦᠬᠦ ᠵᠢ ᠰᠠᠨᠠᠭᠤᠯᠤᠶ᠎ᠠ᠃ ᠰᠢᠯᠭ᠋ᠠᠯᠲᠠ ᠵᠢᠨ ᠬᠤᠭᠤᠴᠠᠭ᠋ᠠᠨ᠎ᠳᠤ ᠤᠬᠠᠮᠰᠠᠷ᠎ᠠᠴᠠ᠎ᠪᠠᠨ ᠰᠢᠯᠭ᠋ᠠᠯᠲᠠ ᠵᠢᠨ ᠴᠡᠭ᠎ᠤᠨ ᠠᠵᠢᠯᠲᠠᠨ᠎ᠤ ᠲᠣᠬᠢᠷᠠᠭᠤᠯᠤᠯᠲᠠ ᠵᠢ ᠰᠣᠨᠣᠰᠴᠤ᠂ ᠰᠢᠯᠭ᠋ᠠᠯᠲᠠ ᠵᠢᠨ ᠡᠮᠬᠢ ᠵᠢᠷᠤᠮ᠎ᠢ ᠬᠠᠮᠠᠭ᠋ᠠᠯᠠᠨ᠎ᠠ᠃
     05 ᠂ 2023 ᠣᠨ᠎ᠤ 6 ᠰᠠᠷ᠎ᠠ ᠵᠢᠨ 14᠎ᠤ ᠡᠳᠦᠷ᠎ᠠᠴᠠ ᠡᠬᠢᠯᠡᠨ᠂ ᠰᠢᠯᠭ᠋ᠠᠭᠤᠯᠤᠭᠴᠢ 《ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠰᠦᠯᠵᠢᠶ᠎ᠡ- ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠪᠤᠯᠤᠩ》᠎ᠳᠤ ᠣᠷᠣᠵᠤ ᠨᠢᠭᠤᠷᠲᠠᠨ ᠰᠢᠯᠭ᠋ᠠᠭᠰᠠᠨ ᠦᠷ᠎ᠡ ᠳ᠋ᠦᠩ᠎ᠢ ᠪᠠᠶ᠋ᠢᠴᠠᠭ᠋ᠠᠨ ᠯᠠᠪᠯᠠᠵᠤ ᠪᠣᠯᠤᠨ᠎ᠠ (ᠪᠠᠶ᠋ᠢᠴᠠᠭ᠋ᠠᠨ ᠯᠠᠪᠯᠠᠬᠤ ᠴᠠᠭ ᠬᠤᠪᠢᠷᠠᠯᠲᠠ᠎ᠲᠠᠢ ᠪᠣᠯ ᠲᠣᠰ ᠰᠦᠯᠵᠢᠶᠡᠨ᠎ᠤ ᠮᠡᠳᠡᠭᠳᠡᠯ ᠵᠶ᠋ᠠᠷ ᠪᠠᠷᠢᠮᠵᠢᠶ᠎ᠠ ᠪᠣᠯᠭ᠋ᠠᠨ᠎ᠠ)᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠎ᠤᠨ ᠠᠩᠭᠢ᠎ᠠᠴᠠ ᠦᠨᠳᠦᠰᠦᠨ ᠠᠩᠭᠢ᠎ᠳᠤ ᠳᠡᠪᠰᠢᠬᠦ ᠰᠣᠷᠣᠭᠴᠢ ᠡᠯᠰᠡᠬᠦ ᠰᠢᠯᠭ᠋ᠠᠯᠲᠠ ᠵᠢᠨ ᠬᠠᠮᠤᠭ᠎ᠤᠨ ᠳᠤᠤᠷ᠎ᠠ ᠬᠢᠵᠠᠭ᠋ᠠᠷ ᠬᠤᠪᠢ ᠵᠢᠨ ᠠᠯᠪᠠᠨ ᠵᠠᠷᠯᠠᠯ
2023 ᠣᠨ᠎ᠤ 《ᠨᠠᠷᠠᠨ ᠭᠡᠷᠡᠯᠲᠦ ᠵᠠᠯᠠᠭᠤ ᠨᠠᠰᠤ 〈5·25〉 ᠤᠶᠤᠲᠠᠳ᠎ᠤᠨ ᠰᠡᠳᠬᠢᠴᠡ ᠵᠢᠨ ᠡᠷᠡᠭᠦᠯ ᠮᠡᠨᠳᠦ ᠵᠢᠨ ᠶᠠᠷᠢᠶᠠᠨ᠎ᠤ ᠳᠠᠪᠴᠠᠩ》 — ᠬᠠᠮᠲᠤ᠎ᠳᠤ᠎ᠪᠠᠨ ᠰᠣᠨᠣᠰᠴᠠᠭ᠋ᠠᠶ᠎ᠠ
@ ᠪᠠᠭᠰᠢ ᠰᠤᠷᠤᠭᠴᠢ ᠭᠡᠷ᠎ᠤᠨ ᠠᠬᠠᠮᠠᠳ ᠵᠤᠨ᠎ᠤ ᠠᠮᠠᠷᠠᠯᠲᠠ ᠪᠣᠯᠬᠤ ᠭᠡᠵᠦ ᠪᠠᠶ᠋ᠢᠨ᠎ᠠ᠂ ᠤᠰᠤᠨ᠎ᠤ ᠡᠨᠳᠡᠯ᠎ᠠᠴᠠ ᠰᠡᠷᠭᠡᠶ᠋ᠢᠯᠡᠬᠦ ᠠᠮᠤᠷ ᠲᠦᠪᠰᠢᠨ᠎ᠤ ᠮᠡᠳᠡᠯᠭᠡ ᠵᠢ ᠬᠠᠮᠲᠤ᠎ᠳᠤ᠎ᠪᠠᠨ ᠰᠤᠷᠤᠯᠴᠠᠵᠠᠭ᠋ᠠᠶ᠎ᠠ!
ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠳᠠᠭᠤᠰᠤᠭᠰᠠᠨ᠎ᠤ ᠳᠠᠷᠠᠭ᠎ᠠ ᠡᠨᠡ ᠬᠦ᠌ 6 ᠠᠮᠢᠳᠤᠷᠠᠯ᠎ᠤᠨ ᠰᠠᠨᠠᠭᠤᠯᠤᠮᠵᠢ ᠲᠠᠨ᠎ᠢ ᠬᠠᠪᠰᠤᠷᠴᠤ ᠠᠮᠠᠷᠠᠯᠲᠠ ᠵᠢᠨ ᠬᠤᠭᠤᠴᠠᠭ᠎ᠠ ᠵᠢ ᠪᠠᠶᠠᠷ ᠬᠥᠷᠲᠡᠢ ᠥᠩᠭᠡᠷᠡᠭᠦᠯᠬᠦ ᠪᠣᠯᠤᠨ᠎ᠠ!
ᠰᠢᠭᠤᠳ ᠨᠡᠪᠲᠡᠷᠡᠭᠦᠯᠭᠡ — ᠤᠶᠤᠲᠠᠳ᠎ᠤᠨ ᠠᠵᠢᠯ ᠤᠯᠬᠤ ᠠᠮᠤᠷ ᠲᠦᠪᠰᠢᠨ ᠵᠢᠴᠢ ᠠᠵᠢᠯ ᠡᠷᠢᠬᠦ ᠲᠦᠭᠰᠢᠭᠦᠷᠢ ᠵᠢ ᠰᠡᠷᠭᠡᠢ᠌ᠯᠡᠶ᠎ᠡ
 
             蒙ICP备05000248号