ᠰᠤᠷᠭ᠋ᠠᠨ ᠬᠥᠮᠦᠵᠢᠯ᠎ᠤᠨ ᠶᠠᠮᠤᠨ᠎ᠤ 《2023 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠬᠠᠮᠠᠭ᠋ᠠᠯᠠᠬᠤ ᠠᠵᠢᠯᠯᠠᠭ᠎ᠠ》 ᠵᠢᠨ ᠲᠣᠬᠢᠷᠠᠭᠤᠯᠤᠯᠲᠠ ᠪᠠ ᠪᠠᠶ᠋ᠢᠷᠢᠯᠠᠭᠤᠯᠤᠯᠲᠠ ᠵᠢ ᠦᠨᠳᠦᠰᠦᠯᠡᠨ᠂ ᠪᠥᠬᠥ ᠤᠯᠤᠰ᠎ᠤᠨ ᠡᠯ᠎ᠡ ᠮᠤᠵᠢ (ᠣᠷᠣᠨ᠂ ᠬᠣᠲᠠ) ᠵᠢᠨ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠡᠷᠡᠮᠡᠯᠵᠡᠯ ᠲᠠᠭᠯᠠᠬᠤ ᠴᠠᠭ᠎ᠤᠨ ᠲᠣᠬᠢᠷᠠᠭᠤᠯᠤᠯᠲᠠ᠎ᠲᠠᠢ ᠤᠶᠠᠯᠳᠤᠭᠤᠯᠤᠨ᠂ 《2023 ᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠰᠦᠯᠵᠢᠶᠡᠨ᠎ᠳᠤ ᠵᠦᠪᠯᠡᠯᠭᠡ ᠥᠭᠬᠦ ᠭᠠᠷᠠᠭ》᠎ᠤᠨ ᠠᠵᠢᠯᠯᠠᠭ᠎ᠠ 6 ᠰᠠᠷ᠎ᠠ ᠵᠢᠨ 22 - 28᠎ᠤ ᠡᠳᠦᠷ ᠪᠣᠯᠲᠠᠯ᠎ᠠ ᠰᠤᠷᠭ᠋ᠠᠨ ᠬᠥᠮᠦᠵᠢᠯ᠎ᠤᠨ ᠶᠠᠮᠤᠨ᠎ᠤ 《ᠨᠠᠷᠠᠨ ᠭᠡᠷᠡᠯᠲᠦ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠮᠡᠳᠡᠭᠡ ᠵᠠᠩᠭᠢ ᠵᠢᠨ ᠲᠠᠪᠴᠠᠩ》᠎ᠳᠤ ᠶᠠᠪᠤᠭᠳᠠᠨ᠎ᠠ᠃ ᠬᠠᠮᠲᠤ᠎ᠳᠤ᠎ᠪᠠᠨ ᠪᠣᠳᠠᠲᠠᠶ ᠲᠣᠬᠢᠷᠠᠭᠤᠯᠤᠯᠲᠠ ᠵᠢ ᠦᠵᠡᠵᠡᠭᠡᠶ᠎ᠡ!
ᠠᠵᠢᠯᠯᠠᠭ᠋ᠠᠨ᠎ᠤ ᠬᠡᠯᠪᠡᠷᠢ
ᠠᠵᠢᠯᠯᠠᠭ᠋ᠠᠨ᠎ᠤ ᠬᠤᠭᠤᠴᠠᠭ᠋ᠠᠨ᠎ᠳᠤ᠂ ᠲᠠᠪᠴᠠᠩ᠎ᠨᠢ ᠥᠰᠥᠭ ᠪᠢᠴᠢᠭ ᠵᠶ᠋ᠠᠷ ᠠᠰᠠᠭᠤᠵᠤ ᠬᠠᠷᠢᠭᠤᠯᠬᠤ ᠪᠠ ᠸᠢᠳᠢᠤ᠋᠎ᠪᠠᠷ ᠰᠢᠭᠤᠳ ᠨᠡᠪᠲᠡᠷᠡᠭᠦᠯᠬᠦ ᠬᠣᠶᠠᠷ ᠵᠦᠢ᠍ᠯ᠎ᠤᠨ ᠠᠷᠭ᠎ᠠ ᠬᠡᠯᠪᠡᠷᠢ ᠵᠢ ᠬᠠᠩᠭ᠋ᠠᠨ᠎ᠠ᠃
ᠥᠰᠥᠭ ᠪᠢᠴᠢᠭ ᠵᠶ᠋ᠠᠷ ᠠᠰᠠᠭᠤᠵᠤ ᠬᠠᠷᠢᠭᠤᠯᠬᠤ ᠵᠢᠨ ᠵᠦᠪᠯᠡᠯᠭᠡ ᠥᠭᠬᠦ ᠴᠠᠭ᠎ᠨᠢ 9 - 17 ᠴᠠᠭ ᠪᠠᠶ᠋ᠢᠵᠤ᠂ ᠳᠡᠭᠡᠳᠦ ᠰᠤᠷᠭ᠋ᠠᠭᠤᠯᠢ ᠵᠢᠨ᠎ᠬᠢᠨ ᠸᠢᠳᠢᠤ᠋ ᠰᠢᠭᠤᠳ ᠨᠡᠪᠲᠡᠷᠡᠭᠦᠯᠭᠡ ᠵᠢᠨ ᠠᠷᠭ᠎ᠠ ᠬᠡᠯᠪᠡᠷᠢ ᠵᠢ ᠢᠳᠡᠪᠬᠢᠲᠡᠶ ᠬᠡᠷᠡᠭᠯᠡᠨ ᠰᠣᠷᠣᠭᠴᠢ ᠡᠯᠰᠡᠬᠦ ᠤᠬᠠᠭᠤᠯᠭ᠎ᠠ ᠪᠠ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃
ᠡᠯ᠎ᠡ ᠳᠡᠭᠡᠳᠦ ᠰᠤᠷᠭ᠋ᠠᠭᠤᠯᠢ ᠰᠦᠯᠵᠢᠶᠡᠨ᠎ᠳᠤ ᠰᠣᠷᠣᠭᠴᠢ ᠡᠯᠰᠡᠬᠦ ᠤᠬᠠᠭᠤᠯᠭ᠎ᠠ᠎ᠪᠠᠨ ᠴᠢᠩᠭ᠋ᠠᠳᠬᠠᠵᠤ᠂ ᠰᠢᠯᠭ᠋ᠠᠭᠤᠯᠤᠭᠴᠢ᠂ ᠬᠡᠷ᠎ᠤᠨ ᠠᠬᠠᠮᠠᠳ᠎ᠲᠤ ᠣᠨᠣᠪᠴᠢᠲᠠᠶ ᠪᠥᠭᠡᠳ ᠡᠷᠬᠡ ᠰᠦᠷᠲᠡᠢ᠂ ᠨᠠᠷᠢᠨ ᠨᠢᠮᠪᠠᠶ ᠡᠷᠡᠮᠡᠯᠵᠡᠯ ᠲᠠᠭᠯᠠᠬᠤ ᠵᠥᠪᠯᠡᠯᠭᠡ ᠥᠭᠬᠦ ᠵᠢᠯᠣᠭᠣᠳᠣᠯᠭ᠎ᠠ ᠪᠠ ᠦᠢ᠍ᠯᠡᠴᠢᠯᠡᠭᠡ ᠵᠢ ᠬᠠᠩᠭ᠋ᠠᠨ᠎ᠠ᠃
ᠣᠷᠣᠯᠴᠠᠬᠤ ᠬᠡᠯᠪᠡᠷᠢ
ᠰᠢᠯᠭ᠋ᠠᠭᠤᠯᠤᠭᠴᠢ ᠰᠤᠷᠭ᠋ᠠᠨ ᠬᠥᠮᠦᠵᠢᠯ᠎ᠤᠨ ᠶᠠᠮᠤᠨ᠎ᠤ 《ᠨᠠᠷᠠᠨ ᠭᠡᠷᠡᠯᠲᠦ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠮᠡᠳᠡᠭᠡ ᠵᠠᠩᠭᠢ ᠵᠢᠨ ᠲᠠᠪᠴᠠᠩ》᠎ᠤᠨ ᠰᠦᠯᠵᠢᠶᠡᠨ ᠨᠢᠭᠤᠷ᠂ 《ᠨᠠᠷᠠᠨ ᠭᠡᠷᠡᠯᠲᠦ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠮᠡᠳᠡᠭᠡ ᠵᠠᠩᠭᠢ ᠵᠢᠨ ᠲᠠᠪᠴᠠᠩ》᠎ᠤᠨ ᠸᠢᠴᠠᠲ᠎ᠤᠨ ᠣᠯᠠᠨ ᠨᠡᠶ᠋ᠢᠲᠡ ᠵᠢᠨ ᠳ᠋ᠤᠭ᠋ᠠᠷ᠂ 《ᠨᠠᠷᠠᠨ ᠭᠡᠷᠡᠯᠲᠦ ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠮᠡᠳᠡᠭᠡ ᠵᠠᠩᠭᠢ ᠵᠢᠨ ᠲᠠᠪᠴᠠᠩ》᠎ᠤᠨ ᠪᠠᠶ ᠳ᠋ᠦ᠋ ᠵᠢᠵᠢᠭ ᠫᠷᠤᠭ᠌ᠷᠠᠮ ᠵᠡᠷᠭᠡ᠎ᠪᠠᠷ ᠳᠠᠮᠵᠢᠭᠤᠯᠤᠨ ᠵᠥᠪᠯᠡᠯᠭᠡ ᠥᠭᠬᠦ ᠭᠠᠷᠠᠭ᠎ᠤᠨ ᠠᠵᠢᠯᠯᠠᠭ᠎ᠠ᠎ᠳᠤ ᠣᠷᠣᠯᠴᠠᠵᠤ᠂ ᠬᠣᠯᠪᠣᠭᠳᠠᠯ ᠪᠥᠬᠥᠶ ᠳᠡᠭᠡᠳᠦ ᠰᠤᠷᠭ᠋ᠠᠭᠤᠯᠢ ᠵᠢᠨ ᠸᠢᠳᠢᠣ᠋ ᠰᠢᠭᠤᠳ ᠨᠡᠪᠲᠡᠷᠡᠭᠦᠯᠭᠡ ᠵᠢᠨ ᠠᠵᠢᠯᠯᠠᠭ᠋ᠠᠨ᠎ᠤ ᠲᠣᠬᠢᠷᠠᠭᠤᠯᠤᠯᠲᠠ ᠵᠢ ᠣᠶ᠋ᠢᠯᠠᠭ᠋ᠠᠵᠤ ᠪᠣᠯᠤᠨ᠎ᠠ᠃ ᠡᠭᠦᠨ᠎ᠤ ᠬᠠᠮᠲᠤ᠂ ᠵᠦᠪᠯᠡᠯᠭᠡ ᠥᠭᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠥᠯᠥᠭᠡ᠂ ᠰᠢᠯᠭ᠋ᠠᠭᠤᠯᠤᠭᠴᠢ ᠤᠷᠢᠳ ᠵᠶ᠋ᠠᠷ ᠡᠯ᠎ᠡ ᠳᠡᠭᠡᠳᠦ ᠰᠤᠷᠭ᠋ᠠᠭᠤᠯᠢ ᠵᠢᠨ ᠨᠡᠶ᠋ᠢᠲᠡᠯᠡᠭᠰᠡᠨ ᠬᠠᠮᠢᠶ᠎ᠠ ᠪᠥᠬᠥᠶ ᠮᠡᠳᠡᠭᠡ ᠵᠠᠩᠭᠢ ᠵᠢ ᠶᠡᠬᠡ ᠲᠥᠯᠦᠪ ᠦᠵᠡᠵᠦ᠂ ᠬᠠᠮᠢᠶ᠎ᠠ ᠪᠥᠬᠥᠶ ᠪᠠᠶ᠋ᠢᠳᠠᠯ᠎ᠢ ᠣᠶ᠋ᠢᠯᠠᠭ᠋ᠠᠭ᠋ᠠᠷᠠᠶ᠃
ᠡᠩ᠎ᠤᠨ ᠳᠡᠭᠡᠳᠦ ᠰᠤᠷᠭ᠋ᠠᠭᠤᠯᠢ᠎ᠳᠤ ᠰᠣᠷᠣᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠶ ᠰᠢᠯᠭ᠋ᠠᠯᠲᠠ ᠵᠢᠨ ᠵᠦᠪᠯᠡᠯᠭᠡ ᠥᠭᠬᠦ ᠭᠠᠷᠠᠭ᠎ᠤᠨ ᠰᠦᠯᠵᠢᠶᠡᠨ ᠬᠠᠶᠢᠭ
https://gaokao.chsi.com.cn