《ᠨᠢᠭᠡ ᠰᠣᠷᠣᠭᠴᠢ ᠵᠢ ᠴᠤ᠌ ᠬᠡᠷ᠎ᠤᠨ ᠠᠮᠢᠳᠤᠷᠠᠯ᠎ᠨᠢ ᠬᠦᠴᠢᠷᠳᠡᠯᠲᠡᠶ᠎ᠠᠴᠠ ᠪᠣᠯᠵᠣ ᠰᠤᠷᠤᠯᠭ᠎ᠠ ᠠᠯᠳᠠᠭᠤᠯᠬᠤ ᠥᠬᠡᠶ》 ᠪᠣᠯ ᠨᠠᠮ ᠪᠠ ᠵᠠᠰᠠᠭ᠎ᠤᠨ ᠣᠷᠳᠣᠨ᠎ᠤ ᠲᠥᠪ ᠴᠢᠩᠭ᠎ᠠ ᠠᠮᠠᠯᠠᠯᠲᠠ ᠮᠥᠨ᠃ ᠬᠡᠷ᠎ᠤᠨ ᠠᠮᠢᠳᠤᠷᠠᠯ᠎ᠨᠢ ᠬᠦᠴᠢᠷᠳᠡᠯᠲᠡᠶ ᠰᠤᠷᠤᠭᠴᠢᠳ᠎ᠤᠨ ᠰᠤᠷᠭ᠋ᠠᠨ ᠬᠥᠮᠦᠵᠢᠯ ᠭᠥᠷᠳᠡᠬᠦ ᠡᠷᠬᠡ ᠵᠢ ᠦᠨᠡᠨ ᠬᠦ᠌ ᠪᠠᠲᠤᠯᠠᠵᠤ᠂ ᠰᠤᠷᠭ᠋ᠠᠨ ᠬᠥᠮᠦᠵᠢᠯ᠎ᠤᠨ ᠡᠷᠬᠡ ᠲᠡᠭᠰᠢ ᠪᠠᠶ᠋ᠢᠬᠤ ᠵᠢ ᠠᠬᠢᠭᠤᠯᠬᠤ ᠵᠢᠨ ᠲᠥᠯᠦᠭᠡ᠂ ᠡᠳᠦᠭᠡ 2023 ᠣᠨ᠎ᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠢ ᠳᠡᠳᠬᠦᠨ ᠲᠤᠰᠠᠯᠠᠬᠤ ᠲᠥᠷᠥ ᠵᠢᠨ ᠪᠣᠳᠣᠯᠭ᠎ᠠ ᠵᠢ ᠳᠤᠤᠷᠠᠬᠢ ᠮᠡᠲᠦ ᠡᠮᠬᠢᠯᠡᠪᠡ᠄
ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ
ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠳᠡᠳᠬᠦᠨ
ᠲᠤᠰᠠᠯᠠᠮᠵᠢ (ᠠᠰᠠᠷᠠᠨ ᠬᠥᠮᠥᠵᠢᠭᠦᠯᠬᠦ ᠰᠦᠢ᠍ᠳᠭᠡᠯ᠎ᠢ ᠬᠡᠯᠲᠦᠷᠢᠭᠦᠯᠬᠦ)
ᠡᠲᠡᠭᠡᠳ᠄ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠵᠦ ᠪᠠᠶ᠋ᠢᠭᠤᠯᠤᠭᠰᠠᠨ ᠠᠯᠪᠠᠨ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ ᠪᠠ ᠲᠦᠭᠡᠮᠡᠯ ᠬᠠᠷᠠᠭ᠋ᠠᠯᠵᠠᠯᠲᠤ ᠠᠷᠠᠳ᠎ᠠᠴᠠ ᠡᠷᠭᠢᠯᠡᠭᠰᠡᠨ ᠬᠡᠦᠬᠡᠳ᠎ᠤᠨ ᠴᠡᠴᠡᠷᠯᠢᠭ (ᠬᠡᠦᠬᠡᠳ ᠰᠠᠭ᠋ᠠᠲᠠᠭᠤᠯᠬᠤ ᠭᠠᠵᠠᠷ᠂ ᠡᠴᠢᠭᠡ ᠡᠬᠡ ᠦᠷ᠎ᠡ ᠬᠡᠦᠬᠡᠳ᠎ᠤᠨ ᠬᠥᠳᠡᠯᠭᠡᠭᠡᠨ᠎ᠤ ᠲᠠᠯᠠᠪᠤᠷ ᠵᠡᠷᠭᠡ ᠠᠩᠬᠠᠨ᠎ᠤ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ ᠵᠢ ᠪᠠᠭᠲᠠᠭ᠋ᠠᠬᠤ ᠥᠬᠡᠶ)᠎ᠲᠤ ᠰᠤᠷᠤᠯᠴᠠᠵᠤ ᠪᠠᠶ᠋ᠢᠭ᠎ᠠ ᠬᠡᠷ ᠪᠦᠯᠢ ᠵᠢᠨ ᠠᠵᠤ ᠠᠬᠤᠶ᠎ᠨᠢ ᠬᠦᠴᠢᠷᠳᠡᠯᠲᠡᠶ ᠬᠡᠦᠬᠡᠳ᠃
ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠬᠦ ᠪᠠᠷᠢᠮᠵᠢᠶ᠎ᠠ᠄ A ᠲᠥᠷᠥᠯ᠎ᠤᠨ ᠭᠡᠷ᠎ᠤᠨ ᠠᠮᠢᠳᠤᠷᠠᠯ᠎ᠨᠢ ᠬᠦᠴᠢᠷᠳᠡᠯᠲᠡᠶ ᠬᠡᠦᠬᠡᠳ᠎ᠤᠨ ᠴᠡᠴᠡᠷᠯᠢᠭ᠎ᠲᠤ ᠪᠠᠶ᠋ᠢᠭ᠎ᠠ ᠰᠤᠷᠤᠭᠴᠢ ᠪᠦᠷᠢ᠎ᠳᠤ ᠵᠢᠯ᠎ᠳᠤ 2000 ᠲᠥᠭᠥᠷᠢᠭ; B᠂ C ᠲᠥᠷᠥᠯ᠎ᠤᠨ ᠭᠡᠷ᠎ᠤᠨ ᠠᠮᠢᠳᠤᠷᠠᠯ᠎ᠨᠢ ᠬᠦᠴᠢᠷᠳᠡᠯᠲᠡᠶ ᠬᠡᠦᠬᠡᠳ᠎ᠤᠨ ᠴᠡᠴᠡᠷᠯᠢᠭ᠎ᠲᠤ ᠪᠠᠶ᠋ᠢᠭ᠎ᠠ ᠰᠣᠷᠣᠭᠴᠢ ᠪᠦᠷᠢ᠎ᠳᠤ ᠵᠢᠯ᠎ᠳᠤ 1000 ᠲᠥᠭᠦᠷᠢᠭ᠃
ᠠᠯᠪᠠᠨ ᠵᠢᠷᠤᠮ᠎ᠤᠨ ᠰᠤᠷᠭ᠋ᠠᠨ ᠬᠥᠮᠦᠵᠢᠯ
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠰᠤᠷᠤᠯᠭ᠎ᠠ ᠵᠢᠨ ᠰᠤᠯᠠ ᠵᠠᠷᠤᠳᠠᠯ᠎ᠢ ᠬᠡᠯᠲᠦᠷᠢᠭᠦᠯᠵᠦ᠂
ᠬᠢᠴᠢᠶᠡᠯ᠎ᠤᠨ ᠪᠢᠴᠢᠭ᠎ᠢ ᠲᠥᠯᠦᠪᠦᠷᠢ ᠦᠭᠡᠢ ᠬᠠᠩᠭ᠋ᠠᠨ᠎ᠠ
ᠡᠲᠡᠭᠡᠳ᠄ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ᠎ᠳᠤ ᠪᠠᠶ᠋ᠢᠭ᠎ᠠ ᠪᠥᠬᠥ ᠰᠣᠷᠣᠭᠴᠢ᠃
ᠪᠠᠶ᠋ᠢᠷᠢ᠎ᠳᠤ ᠰᠠᠭᠤᠬᠤ ᠰᠤᠷᠤᠭᠴᠢ ᠵᠢᠨ ᠪᠠᠶ᠋ᠢᠷᠢ᠎ᠳᠤ ᠰᠠᠭᠤᠬᠤ ᠲᠤᠰᠠᠯᠠᠮᠵᠢ
ᠡᠲᠡᠭᠡᠳ᠄ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ᠎ᠳᠤ ᠪᠠᠶ᠋ᠢᠭ᠎ᠠ ᠪᠣᠶ ᠪᠥᠬᠥᠶ ᠪᠠᠶ᠋ᠢᠷᠢ᠎ᠳᠤ ᠰᠠᠭᠤᠭ᠎ᠠ ᠰᠣᠷᠣᠭᠴᠢ᠃
ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠠᠮᠢᠳᠤᠷᠠᠯ᠎ᠤᠨ ᠵᠠᠷᠤᠳᠠᠯ᠎ᠤᠨ ᠲᠤᠰᠠᠯᠠᠮᠵᠢ
ᠪᠠᠶ᠋ᠢᠷᠢ᠎ᠳᠤ ᠰᠠᠭᠤᠬᠤ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠳᠤᠰᠠᠯᠠᠮᠵᠢ ᠪᠠ ᠪᠠᠶ᠋ᠢᠷᠢ᠎ᠳᠤ ᠰᠠᠭᠤᠬᠤ ᠦᠭᠡᠢ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠳᠤᠰᠠᠯᠠᠮᠵᠢ ᠭᠡᠵᠦ ᠬᠤᠪᠢᠶᠠᠨ᠎ᠠ᠃
ᠪᠠᠶ᠋ᠢᠷᠢ᠎ᠳᠤ ᠰᠠᠭᠤᠬᠤ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠲᠤᠰᠠᠯᠠᠮᠵᠢ ᠬᠦᠷᠲᠡᠬᠦ ᠡᠲᠡᠭᠡᠳ᠄ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠬᠠᠷᠢᠶᠠᠯᠠᠯ᠎ᠲᠠᠢ ᠰᠤᠷᠭ᠋ᠠᠭᠤᠯᠢ᠎ᠳᠤ ᠪᠠᠶ᠋ᠢᠭ᠎ᠠ ᠭᠡᠷ᠎ᠤᠨ ᠠᠮᠢᠳᠤᠷᠠᠯ᠎ᠨᠢ ᠬᠦᠴᠢᠷᠳᠡᠯᠲᠡᠶ ᠪᠠᠶ᠋ᠢᠷᠢ᠎ᠳᠤ ᠰᠠᠭᠤᠭ᠎ᠠ ᠰᠤᠷᠤᠭᠴᠢ᠃
ᠪᠠᠷᠢᠮᠵᠢᠶ᠎ᠠ᠄ ᠪᠠᠭ᠎ᠠ ᠰᠤᠷᠭ᠋ᠠᠭᠤᠯᠢ ᠵᠢᠨ ᠰᠤᠷᠤᠭᠴᠢ ᠪᠦᠷᠢ ᠵᠢᠯ᠎ᠳᠤ 1000 ᠲᠥᠭᠥᠷᠢᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠪᠦᠷᠢ ᠵᠢᠯ᠎ᠳᠤ 1250 ᠲᠥᠭᠥᠷᠢᠭ᠃
ᠪᠠᠶ᠋ᠢᠷᠢ᠎ᠳᠤ ᠰᠠᠭᠤᠬᠤ ᠦᠭᠡᠢ ᠰᠤᠷᠤᠭᠴᠢ ᠵᠢᠨ ᠠᠮᠢᠳᠤᠷᠠᠯ᠎ᠤᠨ ᠵᠠᠷᠤᠳᠠᠯ᠎ᠤᠨ ᠲᠤᠰᠠᠯᠠᠮᠵᠢ ᠬᠦᠷᠲᠡᠬᠦ ᠡᠲᠡᠭᠡᠳ᠄ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠤ ᠰᠤᠷᠭ᠋ᠠᠭᠤᠯᠢ ᠵᠢᠨ ᠬᠠᠷᠢᠶᠠᠯᠠᠯ᠎ᠲᠠᠢ ᠰᠤᠷᠭ᠋ᠠᠭᠤᠯᠢ᠎ᠳᠤ ᠪᠠᠶ᠋ᠢᠭ᠎ᠠ ᠭᠡᠷ᠎ᠤᠨ ᠠᠮᠢᠳᠤᠷᠠᠯ᠎ᠨᠢ ᠬᠦᠴᠢᠷᠳᠡᠯᠲᠡᠶ ᠪᠠᠶ᠋ᠢᠷᠢ᠎ᠳᠤ ᠰᠠᠭᠤᠬᠤ ᠦᠭᠡᠢ ᠰᠤᠷᠤᠭᠴᠢ᠃
ᠪᠠᠷᠢᠮᠵᠢᠶ᠎ᠠ᠄ ᠪᠠᠭ᠎ᠠ ᠰᠤᠷᠭ᠋ᠠᠭᠤᠯᠢ ᠵᠢᠨ ᠰᠤᠷᠤᠭᠴᠢ ᠪᠦᠷᠢ ᠵᠢᠯ᠎ᠳᠤ 500 ᠲᠥᠭᠥᠷᠢᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠪᠦᠷᠢ ᠵᠢᠯ᠎ᠳᠤ 625 ᠲᠥᠭᠥᠷᠢᠭ᠃