ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ②
ᠨᠡᠶ᠋ᠢᠲᠡᠯᠡᠭᠰᠡᠨ ᠴᠠᠭ᠄ 2023-07-21

      ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠬᠡᠦᠬᠡᠳ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨᠴᠢ᠎ᠪᠠᠷ ᠨᠢᠳᠦ᠎ᠪᠠᠨ ᠬᠡᠷᠡᠭᠯᠡᠬᠦ᠂ ᠵᠢᠮ᠎ᠡ ᠶᠣᠰᠣ᠎ᠲᠠᠢ ᠠᠵᠢᠯᠯᠠᠵᠤ ᠠᠮᠠᠷᠠᠬᠤ ᠵᠢ ᠬᠥᠲᠥᠯᠥᠨ ᠵᠢᠯᠣᠭᠣᠳᠴᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ ᠡᠵᠡᠮᠳᠡᠬᠦ ᠵᠢᠨ ᠲᠥᠯᠥᠭᠡ᠂ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠡᠨᠡ ᠵᠢᠯ᠎ᠤᠨ 1 ᠰᠠᠷ᠎ᠠ᠎ᠳᠤ ᠨᠡᠶ᠋ᠢᠲᠡᠯᠡᠭᠰᠡᠨ 《ᠡᠪᠦᠯ᠎ᠤᠨ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠰᠠᠭᠤᠯᠲᠠ ᠬᠠᠷᠢᠭᠤᠯᠲᠠ》 ᠵᠢᠨ ᠰᠠᠭᠤᠷᠢᠨ ᠳᠡᠭᠡᠷ᠎ᠡ 《2023 ᠣᠨ᠎ᠤ ᠵᠣᠨ᠎ᠤ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠬᠣᠷᠢᠨ ᠠᠰᠠᠭᠤᠯᠲᠠ ᠬᠠᠷᠢᠭᠤᠯᠲᠠ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠡᠦᠬᠡᠳ ᠵᠠᠯᠠᠭᠤᠴᠤᠳ ᠪᠠᠭ᠋ᠠᠴᠤᠳ ᠪᠣᠯᠤᠨ ᠬᠡᠷ᠎ᠤᠨ ᠠᠬᠠᠮᠠᠳ᠎ᠤᠨ ᠮᠠᠲᠠᠭ᠎ᠢ ᠳᠡᠶ᠋ᠢᠯᠵᠦ᠂ ᠵᠢᠯᠣᠭᠣᠳᠣᠯᠭ᠎ᠠ ᠬᠠᠩᠭ᠋ᠠᠪᠠ᠃ ᠬᠠᠮᠲᠤ᠎ᠳᠤ᠎ᠪᠠᠨ ᠣᠢ᠌ᠯᠠᠭ᠋ᠠᠵᠠᠭ᠋ᠠᠶ᠎ᠠ!


      ᠭᠡᠷ᠎ᠤᠨ ᠭᠠᠳᠠᠨᠠᠬᠢ ᠬᠥᠳᠡᠯᠭᠡᠭᠡᠨ᠄
      ᠭᠡᠷ᠎ᠲᠤ ᠤᠳᠠᠭ᠋ᠠᠨ ᠰᠠᠭᠤᠬᠤ ᠦᠭᠡᠢ ᠭᠠᠳᠠᠨ᠎ᠠ ᠠᠷᠪᠢᠨ ᠭᠠᠷᠤᠨ᠎ᠠ
      ᠳᠥᠷᠪᠡ᠂ ᠬᠡᠭᠡᠷ᠎ᠡ ᠭᠠᠳᠠᠨ᠎ᠠ ᠬᠡᠳᠦᠶ ᠤᠳᠠᠭ᠋ᠠᠨ ᠬᠥᠳᠡᠯᠭᠡᠭᠡᠨ ᠬᠢᠪᠠᠯ ᠣᠶ᠋ᠢᠷ᠎ᠠ

      ᠬᠠᠷᠠᠭ᠎ᠠ ᠵᠢ ᠰᠡᠷᠭᠡᠶ᠋ᠢᠯᠡᠬᠦ᠎ᠳᠤ ᠲᠤᠰᠠᠲᠠᠶ ᠪᠣᠶ?
      ᠬᠡᠷ᠎ᠤᠨ ᠭᠠᠳᠠᠨᠠᠬᠢ ᠬᠥᠳᠡᠯᠭᠡᠭᠡᠨ᠎ᠤ ᠴᠠᠭ ᠪᠣᠯ ᠬᠡᠷᠡᠯ᠎ᠤᠨ ᠨᠤᠭᠤᠷᠠᠯᠲᠠ ᠵᠢᠨ ᠭ᠋ᠷᠠᠳᠦ᠋ᠰ᠎ᠤᠨ ᠲᠣᠭ᠎ᠠ᠂ ᠨᠢᠳᠦᠨ᠎ᠤ ᠲᠡᠩᠭᠡᠯᠢᠭ᠎ᠤᠨ ᠣᠷᠳᠣ ᠵᠢᠨ ᠬᠡᠮᠵᠢᠶ᠎ᠡ᠎ᠲᠠᠢ ᠢᠯᠡᠷᠬᠡᠶ ᠬᠣᠯᠪᠤᠭ᠎ᠠ᠎ᠲᠠᠢ᠂ ᠬᠡᠷ᠎ᠤᠨ ᠭᠠᠳᠠᠨᠠᠬᠢ ᠬᠥᠳᠡᠯᠭᠡᠭᠡᠨ᠎ᠤ ᠴᠠᠭ᠎ᠢ ᠨᠡᠮᠡᠭᠳᠡᠭᠦᠯᠬᠦ ᠪᠣᠯ ᠬᠠᠮᠤᠭ᠎ᠤᠨ ᠪᠦᠲᠦᠮᠵᠢᠲᠡᠶ᠂ ᠬᠠᠮᠤᠭ᠎ᠤᠨ ᠬᠢᠮᠳᠠ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠷᠭ᠎ᠠ ᠪᠣᠯᠬᠤ ᠵᠢ ᠰᠢᠨᠵᠢᠯᠡᠬᠦ ᠤᠬᠠᠭ᠋ᠠᠨ ᠵᠶ᠋ᠠᠷ ᠭᠡᠷᠡᠴᠢᠯᠡᠵᠡᠶ᠃ ᠡᠩ᠎ᠤᠨ ᠪᠠᠶ᠋ᠢᠳᠠᠯ᠎ᠳᠤ ᠡᠳᠦᠷ ᠪᠦᠷᠢ ᠬᠡᠷ᠎ᠤᠨ ᠭᠠᠳᠠᠨᠠᠬᠢ ᠬᠥᠳᠡᠯᠭᠡᠭᠡᠨ᠎ᠢ 2 ᠴᠠᠭ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ᠂ ᠡᠰᠡᠬᠦᠯ᠎ᠡ ᠭᠠᠷᠠᠭ ᠪᠦᠷᠢ 14 ᠴᠠᠭ ᠪᠠᠶ᠋ᠢᠯᠭ᠋ᠠᠵᠤ᠂ ᠬᠡᠦᠬᠡᠳ᠎ᠤᠨ ᠡᠳᠦᠷ ᠪᠦᠷᠢ ᠵᠢᠨ ᠬᠡᠷ᠎ᠤᠨ ᠭᠠᠳᠠᠨᠠᠬᠢ ᠬᠥᠳᠡᠯᠭᠡᠭᠡᠨ᠎ᠤ ᠴᠠᠭ᠎ᠢ 3 ᠴᠠᠭ᠎ᠠᠴᠠ ᠳᠡᠭᠡᠭᠰᠢ ᠪᠣᠯᠲᠠᠯ᠎ᠠ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠵᠦ ᠪᠣᠯᠤᠨ᠎ᠠ᠃ ᠭᠡᠷ᠎ᠤᠨ ᠭᠠᠳᠠᠨᠠᠬᠢ ᠬᠥᠳᠡᠯᠭᠡᠭᠡᠨ᠎ᠤ ᠵᠠᠩᠭᠢᠯᠠᠭ᠎ᠠ᠎ᠨᠢ 《ᠭᠡᠷ᠎ᠤᠨ ᠭᠠᠳᠠᠨᠠᠬᠢ》 ᠪᠠᠢ᠌ᠵᠤ᠂ ᠬᠥᠳᠡᠯᠭᠡᠭᠡᠨ᠎ᠤ ᠣᠷᠣᠨ ᠵᠠᠶ᠎ᠨᠢ ᠬᠠᠷᠠᠭ᠋ᠠᠨ᠎ᠤ ᠥᠷᠭᠡᠴᠡ ᠵᠢᠨ ᠬᠡᠮᠵᠢᠶ᠎ᠡ ᠵᠢ ᠭᠦᠢ᠍ᠴᠡᠳ ᠬᠠᠩᠭ᠋ᠠᠬᠤ ᠵᠢ ᠪᠠᠲᠤᠯᠠᠵᠤ᠂ ᠬᠠᠷᠢᠨ ᠬᠥᠳᠡᠯᠭᠡᠭᠡᠨ᠎ᠤ ᠠᠭᠤᠯᠭ᠎ᠠ᠂ ᠠᠷᠭ᠎ᠠ ᠮᠠᠶᠢᠭ ᠪᠠ ᠬᠦᠴᠦᠯᠡᠴᠡ ᠵᠡᠷᠭᠡ ᠵᠢ ᠭᠣᠣᠯᠯᠠᠭᠤᠯᠬᠤ ᠪᠢᠰᠢ᠃
      ᠲᠠᠪᠤ᠂ ᠵᠣᠨ᠎ᠤ ᠠᠮᠠᠷᠠᠯᠲᠠ ᠵᠢᠨ ᠠᠭᠤᠷ ᠠᠮᠢᠰᠬᠤᠯ ᠠᠭ᠋ᠠᠭᠢᠮ᠎ᠠ ᠬᠠᠯᠠᠭᠤᠨ᠎ᠠᠴᠠ ᠪᠣᠯᠵᠣ

      ᠭᠠᠳᠠᠭᠰᠢ ᠭᠠᠷᠬᠤ ᠰᠠᠨᠠᠭ᠎ᠠ ᠥᠬᠡᠶ᠂ ᠬᠡᠷ᠎ᠲᠤ ᠬᠥᠳᠡᠯᠭᠡᠭᠡᠨ ᠬᠢᠪᠠᠯ ᠣᠶ᠋ᠢᠷ᠎ᠠ

      ᠬᠠᠷᠠᠭ᠎ᠠ᠎ᠲᠠᠢ ᠪᠣᠯᠬᠤ ᠵᠢ ᠰᠡᠷᠭᠡᠶ᠋ᠢᠯᠡᠵᠦ ᠴᠢᠳᠠᠨ᠎ᠠ ᠦᠦ?

      ᠬᠡᠷ ᠳᠣᠲᠤᠷ᠎ᠠ ᠬᠠᠷᠠᠭ᠎ᠠ ᠰᠤᠯᠠ᠂ ᠬᠡᠷᠡᠯ᠎ᠤᠨ ᠲᠤᠰᠤᠯᠲᠠ ᠬᠦᠷᠦᠯᠴᠡᠬᠦ ᠥᠬᠡᠶ᠂ ᠰᠡᠷᠭᠡᠶ᠋ᠢᠯᠡᠨ ᠡᠵᠡᠮᠳᠡᠬᠦ ᠦᠷ᠎ᠡ ᠪᠦᠲᠦᠮᠵᠢ ᠠᠨᠠᠶ ᠶᠤᠮ᠃ ᠭᠡᠷ᠎ᠤᠨ ᠭᠠᠳᠠᠨᠠᠬᠢ ᠭᠡᠷᠡᠯ᠎ᠤᠨ ᠲᠤᠰᠤᠯᠲᠠ ᠭᠦᠢ᠍ᠴᠡᠳ᠂ ᠡᠨᠡ ᠪᠣᠯ ᠤᠢ᠌ᠷ᠎ᠠ ᠬᠠᠷᠠᠭ᠎ᠠ ᠵᠢ ᠰᠡᠷᠭᠡᠶ᠋ᠢᠯᠡᠬᠦ ᠵᠢᠨ ᠵᠠᠩᠭᠢᠯᠠᠭ᠎ᠠ ᠮᠥᠨ᠃ ᠵᠤᠨ᠎ᠤ ᠤᠯᠠᠷᠢᠯ ᠠᠭᠤᠷ ᠠᠮᠢᠰᠬᠤᠯ ᠠᠭ᠋ᠠᠭᠢᠮ᠎ᠠ ᠬᠠᠯᠠᠭᠤᠨ ᠪᠣᠯᠬᠣᠷ ᠭᠡᠷ᠎ᠤᠨ ᠭᠠᠳᠠᠨ᠎ᠠ ᠬᠥᠳᠡᠯᠭᠡᠭᠡᠨ ᠬᠢᠬᠦ᠎ᠳᠤ ᠬᠠᠯᠠᠭᠤᠨ᠎ᠠᠴᠠ ᠵᠠᠶ᠋ᠢᠯᠠᠵᠤ ᠨᠡᠷᠡᠨ᠎ᠳᠤ ᠰᠢᠷᠠᠭᠳᠠᠬᠤ᠎ᠠᠴᠠ ᠰᠡᠷᠭᠡᠶ᠋ᠢᠯᠡᠬᠦ ᠵᠢ ᠠᠩᠬᠠᠷᠴᠤ᠂ ᠥᠷᠯᠥᠭᠡ ᠡᠷᠲᠡ᠂ ᠦᠳᠡᠰᠢ ᠵᠡᠷᠭᠡ ᠨᠡᠷᠡᠨ᠎ᠤ ᠭᠡᠷᠡᠯ ᠴᠢᠩᠭ᠎ᠠ ᠪᠢᠰᠢ ᠦᠶ᠎ᠡ᠎ᠳᠤ ᠶᠠᠪᠤᠭᠳᠠᠭᠤᠯᠬᠤ ᠵᠢ ᠰᠠᠨᠠᠭᠤᠯᠤᠶ᠎ᠠ᠃
      ᠵᠢᠷᠭᠤᠭ᠎ᠠ᠂ ᠪᠦᠷᠬᠦᠭ ᠡᠳᠦᠷ ᠭᠡᠷ᠎ᠤᠨ ᠭᠠᠳᠠᠨ᠎ᠠ ᠬᠥᠳᠡᠯᠭᠡᠭᠡᠨ ᠬᠢᠪᠡᠯ ᠣᠶ᠋ᠢᠷ᠎ᠠ ᠬᠠᠷᠠᠭ᠎ᠠ ᠵᠢ

      ᠰᠡᠷᠭᠡᠢ᠌ᠯᠡᠬᠦ ᠦᠢ᠍ᠯᠡᠳᠦᠯ᠎ᠲᠠᠢ ᠦᠦ?
      ᠪᠦᠷᠬᠦᠭ ᠡᠳᠦᠷ ᠴᠤ᠌ ᠬᠡᠷ᠎ᠤᠨ ᠭᠠᠳᠠᠨᠠᠬᠢ ᠬᠡᠷᠡᠯ᠎ᠤᠨ ᠲᠤᠰᠤᠯᠲᠠ ᠵᠢᠨ ᠬᠦᠴᠦᠯᠡᠴᠡ᠎ᠨᠢ ᠬᠡᠷ ᠳᠣᠲᠣᠷᠠᠬᠢ᠎ᠠᠴᠠ ᠶᠡᠬᠡ ᠪᠠᠶ᠋ᠢᠵᠤ᠂ ᠬᠡᠷ᠎ᠤᠨ ᠭᠠᠳᠠᠨᠠᠬᠢ ᠬᠠᠷᠠᠭ᠋ᠠᠨ᠎ᠤ ᠥᠷᠭᠡᠴᠡ ᠬᠡᠷ ᠳᠣᠲᠣᠷᠠᠬᠢ᠎ᠠᠴᠠ ᠨᠠᠩ ᠥᠷᠭᠡᠨ ᠪᠠᠶ᠋ᠢᠵᠤ᠂ ᠪᠦᠷᠬᠦᠭ ᠡᠳᠦᠷ ᠬᠡᠷ᠎ᠤᠨ ᠭᠠᠳᠠᠨ᠎ᠠ ᠬᠥᠳᠡᠯᠭᠡᠭᠡᠨ ᠬᠢᠬᠦ᠎ᠨᠢ ᠣᠶ᠋ᠢᠷ᠎ᠠ ᠬᠠᠷᠠᠭ᠎ᠠ ᠵᠢ   ᠰᠡᠷᠭᠡᠢ᠌ᠯᠡᠬᠦ᠎ᠳᠤ ᠵᠣᠬᠢᠬᠤ ᠦᠢ᠍ᠯᠡᠳᠦᠯ ᠦᠵᠡᠭᠦᠯᠳᠡᠭ᠃
      ᠳᠣᠯᠣᠭ᠎ᠠ᠂ ᠶᠠᠮᠠᠷ ᠶᠠᠮᠠᠷ ᠲᠠᠨᠢᠯᠴᠠᠭᠤᠯᠵᠤ ᠪᠣᠯᠬᠤᠢ᠌ᠴᠠ ᠭᠡᠷ᠎ᠤᠨ ᠭᠠᠳᠠᠨᠠᠬᠢ ᠬᠥᠳᠡᠯᠭᠡᠭᠡᠨ ᠪᠠᠢ᠌ᠬᠤ ᠪᠣᠶ?
      ᠪᠥᠮᠪᠥᠭᠡᠨ᠎ᠤ ᠲᠥᠷᠥᠯ᠎ᠤᠨ ᠬᠥᠳᠡᠯᠭᠡᠭᠡᠨ ᠪᠣᠯ ᠤᠷᠢᠳ ᠵᠶ᠋ᠠᠷ ᠲᠠᠨᠢᠯᠴᠠᠭᠤᠯᠬᠤ ᠭᠡᠷ᠎ᠤᠨ ᠭᠠᠳᠠᠨᠠᠬᠢ ᠬᠥᠳᠡᠯᠭᠡᠭᠡᠨ ᠪᠣᠯᠤᠨ᠎ᠠ᠃ ᠪᠥᠮᠪᠥᠭᠡ ᠨᠠᠭ᠋ᠠᠳᠬᠤ ᠦᠶ᠎ᠡ᠎ᠳᠤ᠂ ᠬᠣᠶᠠᠷ ᠨᠢᠳᠦ ᠳᠠᠰᠤᠷᠠᠯᠲᠠ ᠦᠭᠡᠢ ᠪᠥᠮᠪᠦᠭᠡ ᠵᠢ ᠮᠥᠷᠳᠡᠵᠦ᠂ ᠨᠢᠳᠦᠨ ᠭᠠᠳᠠᠨᠠᠬᠢ ᠪᠤᠯᠴᠢᠩ᠂ ᠰᠣᠷᠮᠤᠤᠰᠤᠯᠢᠭ ᠪᠤᠯᠴᠢᠩ᠎ᠢ ᠪᠦᠲᠦᠮᠵᠢᠲᠡᠶ ᠪᠣᠯᠪᠠᠰᠤᠷᠠᠭᠤᠯᠵᠤ᠂ ᠨᠢᠳᠦᠨ᠎ᠤ ᠬᠡᠰᠡᠭ᠎ᠤᠨ ᠴᠢᠰᠤᠨ᠎ᠤ ᠡᠷᠭᠢᠯᠲᠡ ᠵᠢ ᠠᠬᠢᠭᠤᠯᠤᠨ᠎ᠠ᠃ ᠭᠦᠶᠦᠬᠦ᠂ ᠲᠠᠮᠢᠷ ᠬᠢᠬᠦ᠂ ᠠᠯᠬᠤᠬᠤ ᠵᠡᠷᠭᠡ ᠪᠣᠯ ᠮᠥᠨ ᠴᠤ᠌ ᠲᠠᠨᠢᠯᠴᠠᠭᠤᠯᠵᠤ ᠪᠣᠯᠬᠤᠢ᠌ᠴᠠ ᠭᠡᠷ᠎ᠤᠨ ᠭᠠᠳᠠᠨᠠᠬᠢ ᠬᠥᠳᠡᠯᠭᠡᠭᠡᠨ ᠪᠣᠯᠤᠨ᠎ᠠ᠃


ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ③
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ④
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ⑤
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ⑥
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠤᠤᠷ᠎ᠠ ᠬᠠᠭ᠋ᠠᠰ ᠵᠢᠯ᠎ᠤᠨ ᠪᠥᠬᠥ ᠤᠯᠤᠰ᠎ᠤᠨ ᠶᠡᠬᠡ ᠰᠤᠷᠭ᠋ᠠᠭᠤᠯᠢ ᠵᠢᠨ ᠠᠨᠭ᠌ᠭ᠍ᠯᠢ ᠬᠡᠯᠡᠨ᠎ᠤ ᠳᠥᠷᠪᠡᠳᠦᠭᠡᠷ᠂ ᠵᠢᠷᠭᠤᠳᠤᠭ᠋ᠠᠷ ᠳᠡᠰ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠠᠵᠢᠯ ᠤᠳᠠᠯ ᠥᠬᠡᠶ ᠡᠬᠢᠯᠡᠬᠦ᠎ᠪᠠᠷ ᠪᠣᠶ
 
             蒙ICP备05000248号