ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ①
ᠨᠡᠶ᠋ᠢᠲᠡᠯᠡᠭᠰᠡᠨ ᠴᠠᠭ᠄ 2023-07-21


      ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠬᠡᠦᠬᠡᠳ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨᠴᠢ᠎ᠪᠠᠷ ᠨᠢᠳᠦ᠎ᠪᠠᠨ ᠬᠡᠷᠡᠭᠯᠡᠬᠦ᠂ ᠵᠢᠮ᠎ᠡ ᠶᠣᠰᠣ᠎ᠲᠠᠢ ᠠᠵᠢᠯᠯᠠᠵᠤ ᠠᠮᠠᠷᠠᠬᠤ ᠵᠢ ᠬᠥᠲᠥᠯᠥᠨ ᠵᠢᠯᠣᠭᠣᠳᠴᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ ᠡᠵᠡᠮᠳᠡᠬᠦ ᠵᠢᠨ ᠲᠥᠯᠥᠭᠡ᠂ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠡᠨᠡ ᠵᠢᠯ᠎ᠤᠨ 1 ᠰᠠᠷ᠎ᠠ᠎ᠳᠤ ᠨᠡᠶ᠋ᠢᠲᠡᠯᠡᠭᠰᠡᠨ 《ᠡᠪᠦᠯ᠎ᠤᠨ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠰᠠᠭᠤᠯᠲᠠ ᠬᠠᠷᠢᠭᠤᠯᠲᠠ》 ᠵᠢᠨ ᠰᠠᠭᠤᠷᠢᠨ ᠳᠡᠭᠡᠷ᠎ᠡ 《2023 ᠣᠨ᠎ᠤ ᠵᠣᠨ᠎ᠤ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠬᠣᠷᠢᠨ ᠠᠰᠠᠭᠤᠯᠲᠠ ᠬᠠᠷᠢᠭᠤᠯᠲᠠ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠡᠦᠬᠡᠳ ᠵᠠᠯᠠᠭᠤᠴᠤᠳ ᠪᠠᠭ᠋ᠠᠴᠤᠳ ᠪᠣᠯᠤᠨ ᠬᠡᠷ᠎ᠤᠨ ᠠᠬᠠᠮᠠᠳ᠎ᠤᠨ ᠮᠠᠲᠠᠭ᠎ᠢ ᠳᠡᠶ᠋ᠢᠯᠵᠦ᠂ ᠵᠢᠯᠣᠭᠣᠳᠣᠯᠭ᠎ᠠ ᠬᠠᠩᠭ᠋ᠠᠪᠠ᠃ ᠬᠠᠮᠲᠤ᠎ᠳᠤ᠎ᠪᠠᠨ ᠣᠢ᠌ᠯᠠᠭ᠋ᠠᠵᠠᠭ᠋ᠠᠶ᠎ᠠ!


      ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠢ᠌ᠯᠡᠨ᠎ᠡ
      ᠡᠷᠲᠡ ᠪᠠᠶ᠋ᠢᠴᠠᠭ᠋ᠠᠵᠤ᠂ ᠡᠷᠲᠡ ᠰᠡᠷᠭᠡᠶ᠋ᠢᠯᠡᠬᠦ
     
ᠨᠢᠭᠡ᠂ ᠶᠠᠭᠤᠨ᠎ᠳᠤ ᠵᠣᠨ᠎ᠤ ᠠᠮᠠᠷᠠᠯᠲᠠ ᠪᠣᠯ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ

      ᠭᠤᠤᠯᠳᠠᠯᠭ᠎ᠠ᠎ᠲᠠᠢ ᠴᠠᠭ ᠬᠤᠭᠤᠴᠠᠭ᠎ᠠ ᠭᠡᠵᠦ ᠬᠡᠯᠡᠳᠡᠭ ᠪᠣᠶ?
      ᠵᠣᠨ᠎ᠤ ᠠᠮᠠᠷᠠᠯᠲᠠ ᠵᠢᠨ ᠬᠤᠭᠤᠴᠠᠭ᠎ᠠ ᠣᠷᠳᠣ᠂ ᠬᠡᠦᠬᠡᠳ ᠪᠠᠭ᠋ᠠᠴᠤᠳ ᠬᠡᠷᠪᠡ ᠠᠵᠢᠯᠯᠠᠵᠤ ᠠᠮᠠᠷᠠᠬᠤ᠎ᠳᠤ᠎ᠪᠠᠨ ᠵᠢᠮ᠎ᠡ ᠶᠣᠰᠣ ᠥᠬᠡᠶ᠂ ᠬᠡᠷ᠎ᠤᠨ ᠭᠠᠳᠠᠨᠠᠬᠢ ᠬᠥᠳᠡᠯᠭᠡᠭᠡᠨ ᠭᠦᠢ᠍ᠴᠡᠳ ᠥᠬᠡᠶ᠂ ᠣᠷᠳᠣ ᠬᠤᠭᠤᠴᠠᠭ᠎ᠠ᠎ᠪᠠᠷ ᠣᠶ᠋ᠢᠷ᠎ᠠ ᠵᠠᠶ᠎ᠳᠤ ᠨᠢᠳᠦ᠎ᠪᠠᠨ ᠬᠡᠷᠡᠭᠯᠡᠪᠡᠯ᠂ ᠠᠮᠠᠷᠬᠠᠨ ᠣᠶ᠋ᠢᠷ᠎ᠠ ᠬᠠᠷᠠᠭ᠎ᠠ᠎ᠲᠠᠢ ᠪᠣᠯᠬᠤ ᠪᠤᠶᠤ ᠣᠶ᠋ᠢᠷ᠎ᠠ ᠬᠠᠷᠠᠭ᠎ᠠ᠎ᠪᠠᠨ ᠬᠦᠨᠳᠦᠷᠡᠭᠦᠯᠬᠦ ᠪᠣᠯᠤᠨ᠎ᠠ᠃ ᠭᠡᠷ᠎ᠤᠨ ᠠᠬᠠᠮᠠᠳ᠎ᠤᠨ ᠰᠢᠨᠵᠢᠯᠡᠬᠦ ᠤᠬᠠᠭ᠋ᠠᠨᠴᠢ᠎ᠪᠠᠷ ᠬᠡᠦᠬᠡᠳ ᠵᠶ᠋ᠠᠨ ᠬᠥᠮᠥᠵᠢᠭᠦᠯᠬᠦ ᠣᠨᠣᠯᠵᠢᠬᠤᠨ᠎ᠢ ᠰᠠᠨᠠᠭ᠋ᠠᠴᠢᠯᠠᠨ᠂ ᠬᠡᠦᠬᠡᠳ ᠵᠠᠯᠠᠭᠤᠴᠤᠳ ᠪᠠᠭ᠋ᠠᠴᠤᠳ᠎ᠤᠨ ᠠᠮᠠᠷᠠᠯᠲᠠ ᠵᠢᠨ ᠬᠤᠭᠤᠴᠠᠭ᠋ᠠᠨ᠎ᠤ ᠠᠮᠢᠳᠤᠷᠠᠯ ᠵᠶ᠋ᠠᠨ ᠵᠣᠬᠢᠰᠲᠠᠢ ᠲᠥᠯᠦᠪᠵᠢᠭᠦᠯᠵᠦ᠂ ᠵᠢᠮ᠎ᠡ ᠶᠣᠰᠣ᠎ᠲᠠᠢ ᠠᠵᠢᠯᠯᠠᠵᠤ ᠠᠮᠠᠷᠠᠬᠤ ᠵᠢ ᠬᠥᠲᠥᠯᠥᠨ ᠵᠢᠯᠣᠭᠣᠳᠴᠤ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠂ ᠭᠡᠷ᠎ᠤᠨ ᠠᠵᠢᠯ᠂ ᠨᠡᠶ᠋ᠢᠭᠡᠮ᠎ᠤᠨ ᠦᠢ᠍ᠯᠡᠳᠦᠯᠭᠡ᠂ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠡᠷᠭᠡ᠎ᠳᠤ ᠢᠳᠡᠪᠬᠢᠲᠡᠶ ᠣᠷᠣᠯᠴᠠᠭᠤᠯᠤᠨ᠎ᠠ᠃
      ᠬᠣᠶᠠᠷ᠂ ᠵᠣᠨ᠎ᠤ ᠠᠮᠠᠷᠠᠯᠲᠠ᠎ᠳᠤ ᠬᠠᠷᠠᠭ᠋ᠠᠨ᠎ᠤ ᠪᠠᠶ᠋ᠢᠴᠠᠭ᠋ᠠᠯᠲᠠ ᠬᠢᠬᠦ ᠴᠢᠬᠤᠯᠠᠲᠠᠢ ᠦᠦ?
      ᠬᠡᠷ᠎ᠤᠨ ᠠᠬᠠᠮᠠᠳ ᠪᠣᠯᠤᠭᠰᠠᠳ ᠬᠡᠦᠬᠡᠳ᠎ᠤᠨ ᠵᠶ᠋ᠠᠨ ᠨᠢᠳᠦᠨ᠎ᠤ ᠡᠷᠡᠭᠦᠯ ᠮᠡᠨᠳᠦ ᠵᠢ ᠰᠠᠨᠠᠭ᠋ᠠᠴᠢᠯᠠᠭ᠎ᠠ᠎ᠠᠴᠠ᠎ᠪᠠᠨ ᠠᠩᠬᠠᠷᠤᠨ᠂ ᠬᠡᠦᠬᠡᠳ᠎ᠤᠨ ᠵᠶ᠋ᠠᠨ ᠣᠶ᠋ᠢᠷ᠎ᠠ ᠵᠢ ᠲᠣᠳᠣᠷᠬᠠᠶ ᠣᠯᠵᠤ ᠬᠠᠷᠠᠨ᠂ ᠬᠣᠯᠠ ᠵᠢ ᠲᠣᠳᠣᠷᠬᠠᠶ ᠣᠯᠵᠤ ᠬᠠᠷᠠᠬᠤ ᠥᠬᠡᠶ ᠭᠡᠬᠦ ᠲᠤᠰᠬᠠᠯ ᠪᠤᠶᠤ ᠬᠡᠦᠬᠡᠳ᠎ᠤᠨ ᠵᠶ᠋ᠠᠨ ᠨᠢᠳᠦ᠎ᠪᠠᠨ ᠰᠡᠢ᠌ᠮᠡᠢ᠌ᠯᠭᠡᠨ ᠶᠠᠭᠤᠮ᠎ᠠ   ᠬᠠᠷᠠᠬᠤ᠂ ᠪᠠᠶ᠋ᠢᠨ ᠳᠠᠬᠢᠨ ᠨᠢᠳᠦ᠎ᠪᠠᠨ ᠠᠨᠢᠪᠠᠯᠵᠠᠭᠤᠯᠬᠤ᠂ ᠨᠢᠳᠦ᠎ᠪᠠᠨ ᠨᠤᠬᠤᠯᠠᠬᠤ ᠪᠤᠶᠤ ᠬᠥᠮᠥᠰᠬᠡ᠎ᠪᠠᠨ ᠠᠲᠤᠷᠢᠭᠤᠯᠬᠤ ᠳᠠᠳᠬᠠᠯ᠎ᠲᠠᠢ ᠪᠣᠯᠬᠤ᠂ ᠲᠣᠯᠣᠭ᠋ᠠᠶ᠎ᠪᠠᠨ ᠬᠠᠵᠠᠢ᠌ᠯᠭ᠋ᠠᠨ ᠶᠠᠭᠤᠮ᠎ᠠ ᠬᠠᠷᠠᠬᠤ ᠵᠡᠷᠭᠡ ᠵᠢ ᠣᠯᠵᠤ ᠦᠵᠡᠪᠡᠯ᠂ ᠳᠠᠷᠤᠢ᠎ᠳᠤ᠎ᠨᠢ ᠬᠡᠦᠬᠡᠳ ᠵᠶ᠋ᠠᠨ ᠳᠠᠭ᠋ᠠᠭᠤᠯᠤᠨ ᠵᠢᠩᠬᠢᠨᠢ ᠡᠮᠴᠢᠯᠡᠭᠡᠨ᠎ᠤ ᠪᠠᠶ᠋ᠢᠭᠤᠯᠤᠮᠵᠢ᠎ᠳᠤ ᠬᠦᠷᠴᠦ ᠪᠠᠢ᠌ᠴᠠᠭ᠋ᠠᠯᠭ᠋ᠠᠨ᠂ ᠡᠷᠲᠡ ᠢᠯᠡᠷᠡᠭᠦᠯᠵᠦ᠂ ᠡᠷᠲᠡ ᠰᠡᠷᠭᠡᠢ᠌ᠯᠡᠨ᠂ ᠡᠷᠲᠡ ᠬᠠᠮᠢᠶᠠᠷᠬᠤ ᠬᠡᠷᠡᠭᠲᠡᠶ᠃ ᠬᠠᠷᠠᠭ᠎ᠠ ᠪᠠ ᠭᠡᠷᠡᠯ᠎ᠤᠨ ᠨᠤᠭᠤᠷᠠᠯᠲᠠ ᠵᠢᠨ ᠪᠠᠶ᠋ᠢᠴᠠᠭ᠋ᠠᠯᠲᠠ ᠵᠢ ᠲᠣᠭᠲᠠᠭᠰᠠᠨ ᠬᠤᠭᠤᠴᠠᠭ᠎ᠠ᠎ᠲᠠᠢ ᠬᠢᠬᠦ᠎ᠨᠢ ᠬᠡᠦᠬᠡᠳ᠎ᠤᠨ ᠬᠣᠯᠠ ᠬᠠᠷᠠᠭ᠋ᠠᠨ᠎ᠤ ᠬᠠᠳᠠᠭ᠋ᠠᠯᠠᠮᠵᠢ ᠵᠢᠨ ᠬᠡᠮᠵᠢᠶ᠎ᠡ ᠪᠤᠶᠤ ᠣᠶ᠋ᠢᠷ᠎ᠠ ᠬᠠᠷᠠᠭ᠋ᠠᠨ᠎ᠤ ᠪᠠᠶ᠋ᠢᠳᠠᠯ᠎ᠢ ᠲᠣᠳᠣᠷᠬᠠᠢ ᠡᠵᠡᠮᠰᠢᠵᠦ ᠴᠢᠳᠠᠨ᠎ᠠ᠃ ᠬᠡᠦᠬᠡᠳ᠎ᠤᠨ ᠬᠣᠯᠠ ᠬᠠᠷᠠᠭ᠋ᠠᠨ᠎ᠤ ᠨᠥᠭᠡᠴᠡ ᠬᠦᠷᠦᠯᠴᠡᠬᠦ ᠥᠬᠡᠶ ᠪᠤᠶᠤ ᠣᠶ᠋ᠢᠷ᠎ᠠ ᠬᠠᠷᠠᠭ᠎ᠠ᠎ᠨᠢ ᠬᠦᠨᠳᠦᠷᠡᠬᠦ ᠵᠢ ᠣᠯᠵᠤ ᠮᠡᠳᠡᠪᠡᠯ᠂ ᠢᠳᠡᠪᠬᠢᠲᠡᠶ ᠠᠷᠭ᠎ᠠ ᠬᠡᠮᠵᠢᠶ᠎ᠡ ᠠᠪᠴᠤ᠂ ᠰᠢᠨᠵᠢᠯᠡᠬᠦ ᠤᠬᠠᠭ᠋ᠠᠨᠴᠢ᠎ᠪᠠᠷ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠬᠡᠷᠡᠭᠲᠡᠶ᠃
      ᠭᠤᠷᠪᠠ᠂ ᠬᠡᠷᠪᠡ ᠤᠢ᠌ᠷ᠎ᠠ ᠬᠠᠷᠠᠭ᠎ᠠ ᠪᠣᠯᠤᠭᠰᠠᠨ ᠪᠣᠯ ᠨᠢᠳᠦᠨ ᠰᠢᠯ ᠵᠡᠭᠦᠬᠦ ᠴᠢᠬᠤᠯᠠ᠎ᠲᠠᠢ ᠦᠦ?
      ᠨᠢᠭᠡᠨᠲᠡ ᠣᠶ᠋ᠢᠷ᠎ᠠ ᠬᠠᠷᠠᠭ᠎ᠠ᠎ᠲᠠᠢ ᠪᠣᠯᠤᠭᠰᠠᠨ ᠪᠣᠯ ᠲᠤᠰᠬᠠᠶ ᠪᠠᠶ᠋ᠢᠭᠤᠯᠤᠮᠵᠢ᠎ᠳᠤ ᠬᠦᠷᠴᠦ ᠪᠠᠢ᠌ᠴᠠᠭ᠋ᠠᠯᠭ᠋ᠠᠨ ᠵᠠᠰᠠᠭᠤᠯᠬᠤ ᠬᠡᠷᠡᠭᠲᠡᠶ᠃ ᠶᠡᠷᠦ᠎ᠳᠤ᠎ᠪᠠᠨ ᠣᠶ᠋ᠢᠷ᠎ᠠ   ᠬᠠᠷᠠᠭ᠋ᠠᠨ᠎ᠤ ᠭ᠋ᠷᠠᠳᠦ᠋ᠰ᠎ᠤᠨ ᠲᠣᠭ᠎ᠠ᠎ᠨᠢ 75 ᠭ᠋ᠷᠠᠳᠦ᠋ᠰ᠎ᠠᠴᠠ ᠳᠡᠭᠡᠭᠰᠢ᠂ ᠰᠢᠯ ᠦᠭᠡᠢ ᠨᠢᠳᠦᠨ᠎ᠤ ᠬᠠᠷᠠᠭ᠎ᠠ᠎ᠨᠢ 4 . 9᠎ᠠᠴᠠ ᠳᠣᠣᠷ᠎ᠠ ᠪᠣᠯ ᠲᠣᠬᠢᠷᠠᠭᠰᠠᠨ ᠨᠢᠳᠦᠨ ᠰᠢᠯ ᠵᠡᠭᠦᠪᠡᠯ ᠵᠣᠬᠢᠨ᠎ᠠ᠃ 75 ᠭ᠋ᠷᠠᠳᠦ᠋ᠰ᠎ᠠᠴᠠ ᠳᠣᠷᠣᠭᠰᠢ ᠪᠣᠯ ᠬᠡᠷᠡᠭᠴᠡᠭᠡ᠎ᠲᠠᠢ ᠦᠶ᠎ᠡ᠎ᠳᠤ ᠨᠢᠳᠦᠨ ᠰᠢᠯ ᠵᠡᠭᠦᠵᠦ ᠪᠣᠯᠤᠨ᠎ᠠ᠃ ᠨᠢᠳᠦᠨ ᠰᠢᠯ ᠵᠡᠭᠦᠬᠦ ᠡᠰᠡᠬᠦ ᠵᠢ ᠲᠤᠰᠬᠠᠶ ᠪᠠᠶ᠋ᠢᠴᠠᠭ᠋ᠠᠯᠲᠠ᠎ᠲᠠᠢ ᠤᠶᠠᠯᠳᠤᠭᠤᠯᠤᠨ ᠲᠣᠭᠲᠠᠭ᠋ᠠᠬᠤ ᠬᠡᠷᠡᠭᠲᠡᠶ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ②
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ③
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ④
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ⑤
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ⑥
 
             蒙ICP备05000248号