ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠬᠡᠦᠬᠡᠳ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨᠴᠢ᠎ᠪᠠᠷ ᠨᠢᠳᠦ᠎ᠪᠠᠨ ᠬᠡᠷᠡᠭᠯᠡᠬᠦ᠂ ᠵᠢᠮ᠎ᠡ ᠶᠣᠰᠣᠲᠠᠢ ᠠᠵᠢᠯᠯᠠᠵᠤ ᠠᠮᠠᠷᠠᠬᠤ ᠵᠢ ᠬᠥᠲᠥᠯᠥᠨ ᠵᠢᠯᠣᠭᠣᠳᠴᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ ᠡᠵᠡᠮᠳᠡᠬᠦ ᠵᠢᠨ ᠲᠥᠯᠥᠭᠡ᠂ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠡᠨᠡ ᠵᠢᠯ᠎ᠤᠨ 1 ᠰᠠᠷ᠎ᠠ᠎ᠳᠤ ᠨᠡᠶ᠋ᠢᠲᠡᠯᠡᠭᠰᠡᠨ 《ᠡᠪᠦᠯ᠎ᠤᠨ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠰᠠᠭᠤᠯᠲᠠ ᠬᠠᠷᠢᠭᠤᠯᠲᠠ》 ᠵᠢᠨ ᠰᠠᠭᠤᠷᠢᠨ ᠳᠡᠭᠡᠷ᠎ᠡ 《2023 ᠣᠨ᠎ᠤ ᠵᠣᠨ᠎ᠤ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠬᠣᠷᠢᠨ ᠠᠰᠠᠭᠤᠯᠲᠠ ᠬᠠᠷᠢᠭᠤᠯᠲᠠ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠡᠦᠬᠡᠳ ᠵᠠᠯᠠᠭᠤᠴᠤᠳ ᠪᠠᠭ᠋ᠠᠴᠤᠳ ᠪᠣᠯᠤᠨ ᠬᠡᠷ᠎ᠤᠨ ᠠᠬᠠᠮᠠᠳ᠎ᠤᠨ ᠮᠠᠲᠠᠭ᠎ᠢ ᠳᠡᠶ᠋ᠢᠯᠵᠦ᠂ ᠵᠢᠯᠣᠭᠣᠳᠣᠯᠭ᠎ᠠ ᠬᠠᠩᠭ᠋ᠠᠪᠠ᠃ ᠬᠠᠮᠲᠤ᠎ᠳᠤ᠎ᠪᠠᠨ ᠣᠢ᠌ᠯᠠᠭ᠋ᠠᠵᠠᠭ᠋ᠠᠶ᠎ᠠ!
ᠬᠢᠴᠢᠶᠡᠯ᠎ᠤᠨ ᠭᠠᠳᠠᠨᠠᠬᠢ ᠤᠩᠰᠢᠯᠭ᠎ᠠ᠄
ᠳᠡᠭᠰᠢᠭᠡᠨ ᠰᠠᠭᠤᠯᠭ᠋ᠠᠵᠤ᠂ ᠭᠡᠷᠡᠯᠲᠦᠭᠦᠯᠭᠡ ᠵᠢ ᠬᠠᠩᠭ᠋ᠠᠮᠵᠢᠲᠠᠢ ᠪᠠᠢ᠌ᠯᠭ᠋ᠠᠨ᠎ᠠ
ᠨᠠᠢ᠍ᠮᠠ᠂ ᠤᠷᠲᠤ ᠬᠤᠭᠤᠴᠠᠭ᠎ᠠ ᠨᠣᠮ ᠤᠩᠰᠢᠬᠤ᠎ᠨᠢ ᠨᠢᠳᠦᠨ᠎ᠳᠤ ᠬᠠᠯᠠ᠎ᠲᠠᠢ ᠦᠦ?
ᠡᠯᠧᠺᠲᠷᠣᠨ ᠳᠡᠯᠭᠡᠴᠡ᠎ᠲᠠᠢ ᠬᠠᠷᠢᠴᠠᠭᠤᠯᠪᠠᠯ᠂ ᠨᠣᠮ ᠣᠩᠰᠢᠬᠤ ᠵᠢᠨ ᠨᠢᠳᠦᠨ᠎ᠳᠤ ᠥᠭᠬᠦ ᠰᠡᠳᠦᠯᠲᠡ ᠬᠠᠷᠢᠴᠠᠩᠭᠤᠶ ᠪᠠᠭ᠎ᠠ ᠶᠤᠮ᠃ ᠨᠣᠮ ᠤᠩᠰᠢᠬᠤ᠎ᠳᠤ᠎ᠪᠠᠨ ᠳᠡᠭᠰᠢᠭᠡᠨ ᠰᠠᠭᠤᠬᠤ ᠦᠭᠡᠢ᠂ ᠣᠢ᠌ᠷ᠎ᠠ ᠵᠠᠶ᠎ᠳᠤ ᠨᠢᠳᠦ ᠬᠡᠷᠡᠭᠯᠡᠬᠦ ᠴᠠᠭ ᠬᠡᠲᠦ ᠤᠷᠲᠤ ᠪᠣᠯ ᠨᠢᠳᠦ ᠵᠢ ᠠᠮᠠᠷᠬᠠᠨ ᠶᠠᠳᠠᠷᠠᠭᠤᠯᠤᠨ᠎ᠠ᠃ ᠨᠣᠮ ᠤᠩᠰᠢᠬᠤ᠎ᠳᠤ᠎ᠪᠠᠨ ᠵᠣᠬᠢᠰᠲᠠᠢ ᠴᠠᠭ᠎ᠲᠤ ᠠᠮᠠᠷᠠᠬᠤ ᠵᠢ ᠠᠩᠬᠠᠷᠴᠤ᠂ ᠦᠷᠭᠦᠯᠵᠢᠯᠡᠨ ᠨᠢᠳᠦ᠎ᠪᠠᠨ ᠬᠡᠷᠡᠭᠯᠡᠬᠦ ᠴᠠᠭ ᠵᠢ 40 ᠮᠢᠨᠦ᠋ᠲ᠎ᠠᠴᠠ ᠬᠡᠲᠦᠷᠡᠭᠦᠯᠬᠦ ᠥᠬᠡᠶ᠂ ᠨᠠᠰᠤ ᠬᠡᠳᠦᠶ ᠪᠠᠭ᠎ᠠ ᠪᠣᠯ ᠨᠢᠳᠦ ᠬᠡᠷᠡᠭᠯᠡᠬᠦ ᠴᠠᠭ᠎ᠢ ᠲᠡᠳᠦᠶ ᠣᠬᠣᠷ ᠪᠠᠢ᠌ᠯᠭ᠋ᠠᠬᠤ ᠵᠢ ᠰᠠᠨᠠᠭᠤᠯᠤᠶ᠎ᠠ᠃
ᠶᠢᠰᠦ᠂ ᠵᠤᠨ᠎ᠤ ᠠᠮᠠᠷᠠᠯᠲᠠ᠎ᠳᠤ ᠭᠡᠷ᠎ᠲᠤ ᠨᠣᠮ ᠤᠩᠰᠢᠬᠤ᠎ᠳᠤ ᠶᠠᠭ᠋ᠠᠬᠢᠵᠤ ᠰᠠᠭᠤᠪᠠᠯ ᠵᠣᠬᠢᠬᠤ ᠪᠤᠶ?
ᠵᠥᠪ ᠰᠠᠭᠤᠬᠤ᠎ᠨᠢ ᠣᠢ᠌ᠷ᠎ᠠ ᠬᠠᠷᠠᠭ᠎ᠠ ᠡᠭᠦᠰᠬᠦ ᠵᠢ ᠰᠡᠷᠭᠡᠶ᠋ᠢᠯᠡᠵᠦ ᠴᠢᠳᠠᠨ᠎ᠠ᠃ ᠪᠢᠴᠢᠵᠦ ᠤᠩᠰᠢᠬᠤ᠎ᠳᠤ᠎ᠪᠠᠨ ᠨᠢᠳᠦᠨ᠎ᠤ ᠵᠠᠶ ᠵᠢ ᠵᠣᠬᠢᠰᠲᠠᠶ ᠪᠠᠢ᠌ᠯᠭ᠋ᠠᠨ᠂ ᠲᠣᠯᠣᠭ᠋ᠠᠶ᠎ᠪᠠᠨ ᠳᠡᠭᠰᠢᠭᠡᠨ ᠪᠠᠶ᠋ᠢᠯᠭ᠋ᠠᠵᠤ᠂ 《ᠨᠢᠭᠡ ᠲᠣᠬᠣᠢ ᠨᠢᠭᠡ ᠨᠢᠳᠤᠷᠭ᠎ᠠ ᠨᠢᠭᠡ ᠢᠮᠠᠬᠤ》 ᠵᠢ ᠪᠠᠷᠢᠮᠲᠠᠯᠠᠨ᠎ᠠ᠂ ᠲᠣᠬᠠᠢ᠌ᠯᠠᠪᠠᠯ᠂ ᠨᠢᠳᠦ ᠵᠢ ᠨᠣᠮ᠎ᠠᠴᠠ ᠨᠢᠭᠡ ᠲᠣᠬᠣᠶ (ᠪᠠᠷᠤᠭ 33 ᠰᠠᠨᠲ᠋ᠢᠮᠧᠲᠷ)᠂ ᠴᠡᠭᠡᠵᠢ ᠵᠢ ᠰᠢᠷᠡᠭᠡᠨ᠎ᠠᠴᠠ ᠨᠢᠭᠡ ᠨᠢᠳᠤᠷᠭ᠎ᠠ (ᠪᠠᠷᠤᠭ 10 ᠰᠠᠨᠲ᠋ᠢᠮᠧᠲᠷ)᠂ ᠪᠢᠷ ᠠᠳᠬᠤᠬᠤ ᠭᠠᠷᠤᠨ ᠬᠤᠷᠤᠭᠤ ᠵᠢ ᠪᠢᠷ᠎ᠤᠨ ᠦᠵᠦᠭᠦᠷ᠎ᠠᠴᠠ ᠨᠢᠭᠡ ᠢᠮᠠᠬᠤ (ᠪᠠᠷᠤᠭ 3 ᠰᠠᠨᠲ᠋ᠢᠮᠧᠲᠷ) ᠵᠠᠢ᠌ᠲᠠᠢ ᠪᠠᠢ᠌ᠯᠭ᠋ᠠᠨ᠎ᠠ᠃ ᠵᠠᠮ ᠶᠠᠪᠤᠬᠤ᠂ ᠬᠣᠭᠣᠯᠠ ᠢᠳᠡᠬᠦ᠂ ᠬᠡᠪᠲᠡᠬᠦ᠂ ᠰᠠᠵᠢᠯᠠᠬᠤ ᠲᠡᠷᠭᠡᠨ᠎ᠳᠤ ᠨᠣᠮ ᠦᠵᠡᠬᠦ ᠦᠭᠡᠢ ᠪᠤᠶᠤ ᠡᠯᠧᠺᠲᠷᠣᠨ ᠪᠦᠲᠦᠭᠡᠭᠳᠡᠬᠦᠨ ᠬᠡᠷᠡᠭᠯᠡᠬᠦ ᠦᠭᠡᠢ᠃
ᠠᠷᠪᠠ᠂ ᠰᠤᠷᠤᠯᠴᠠᠬᠤ ᠪᠤᠶᠤ ᠨᠣᠮ ᠤᠩᠰᠢᠬᠤ ᠦᠶ᠎ᠡ ᠵᠢᠨ ᠬᠡᠷᠡᠯᠲᠦᠭᠦᠯᠭᠡ ᠵᠢᠨ
ᠱᠠᠭ᠋ᠠᠷᠳᠠᠯᠭ᠎ᠠ ᠶᠠᠭᠤ ᠪᠣᠶ?
ᠬᠡᠦᠬᠡᠳ ᠰᠤᠷᠤᠯᠴᠠᠬᠤ᠎ᠳᠤ ᠬᠡᠷᠡᠯᠳᠦᠭᠦᠯᠭᠡ ᠰᠠᠢ᠌ᠨ ᠪᠠᠢ᠌ᠬᠤ ᠬᠡᠷᠡᠭᠲᠡᠢ᠂ ᠭᠡᠷᠡᠯᠲᠦᠭᠦᠯᠭᠡ ᠲᠣᠬᠢᠷᠠᠮᠵᠢ ᠦᠭᠡᠢ ᠪᠣᠯ ᠬᠡᠦᠬᠡᠳ᠎ᠤᠨ ᠨᠢᠳᠦᠨ᠎ᠤ ᠬᠠᠷᠠᠭ᠎ᠠ ᠵᠢ ᠮᠠᠭᠤᠲᠠᠭᠤᠯᠤᠨ᠎ᠠ᠃ ᠭᠡᠷ᠎ᠤᠨ ᠠᠬᠠᠮᠠᠳ ᠬᠡᠦᠬᠡᠳ᠎ᠤᠨ ᠵᠶ᠋ᠠᠨ ᠪᠢᠴᠢᠭ᠎ᠤᠨ ᠰᠢᠷᠡᠭᠡ ᠵᠢ ᠭᠡᠷᠲᠠᠬᠢ ᠭᠡᠷᠡᠯ᠎ᠤᠨ ᠳᠤᠰᠤᠯᠲᠠ ᠰᠠᠶ᠋ᠢᠨ ᠭᠠᠵᠠᠷ᠎ᠲᠤ ᠲᠠᠯᠪᠢᠨ᠂ ᠡᠳᠦᠷ ᠰᠤᠷᠤᠯᠴᠠᠬᠤ ᠦᠶ᠎ᠡ ᠪᠠᠶ᠋ᠢᠭ᠋ᠠᠯᠢ ᠵᠢᠨ ᠭᠡᠷᠡᠯ᠎ᠢ ᠭᠦᠢ᠍ᠴᠡᠳ ᠠᠰᠢᠭᠯᠠᠨ ᠭᠡᠷᠡᠯᠲᠦᠭᠦᠯᠬᠦ ᠬᠡᠷᠡᠭᠲᠡᠢ᠂ ᠭᠡᠪᠡᠴᠦ ᠭᠡᠷᠡᠯ ᠰᠢᠷᠡᠭᠡᠨ ᠳᠡᠭᠡᠷ᠎ᠡ ᠰᠢᠭᠤᠳ ᠲᠤᠰᠬᠤ ᠵᠢ ᠬᠢᠴᠢᠶᠡᠨ᠎ᠡ᠃ ᠣᠷᠣᠶ ᠰᠤᠷᠤᠯᠴᠠᠬᠤ ᠦᠶ᠎ᠡ ᠲᠠᠯᠪᠢᠭᠤᠷ ᠳ᠋ᠧᠩ᠎ᠤᠨ ᠭᠡᠷᠡᠯᠲᠦᠭᠦᠯᠭᠡ᠎ᠠᠴᠠ ᠭᠠᠳᠠᠨ᠎ᠠ ᠬᠡᠷ᠎ᠤᠨ ᠣᠷᠴᠢᠨ᠎ᠢ ᠪᠥᠬᠦᠨ᠎ᠢ ᠭᠡᠷᠡᠯᠲᠦᠭᠦᠯᠬᠦ ᠳ᠋ᠧᠩ᠎ᠢ ᠬᠡᠷᠡᠭᠯᠡᠵᠦ᠂ ᠬᠡᠷ ᠳᠣᠲᠣᠷᠠᠬᠢ ᠭᠡᠷᠡᠯ᠎ᠤᠨ ᠢᠯᠡ ᠳᠠᠯᠳᠠ ᠵᠢᠨ ᠵᠥᠷᠢᠶ᠎ᠡ ᠵᠢ ᠪᠠᠭ᠋ᠠᠰᠬᠠᠨ᠂ ᠰᠢᠷᠡᠭᠡᠨ ᠨᠢᠭᠤᠷ᠎ᠤᠨ ᠬᠡᠷᠡᠯ᠎ᠢ ᠡᠷᠬᠢᠨ ᠲᠣᠭᠣᠷᠢᠨ᠎ᠤ ᠣᠷᠴᠢᠨ᠎ᠲᠠᠢ ᠵᠣᠬᠢᠴᠠᠭᠤᠯᠤᠨ᠎ᠠ᠃ ᠲᠠᠯᠪᠢᠭᠤᠷ ᠳ᠋ᠧᠩ᠎ᠢ ᠪᠦᠷᠬᠦᠭᠦᠯ᠎ᠲᠠᠢ ᠪᠠᠢ᠌ᠯᠭ᠋ᠠᠨ᠂ ᠦᠰᠦᠭ ᠪᠢᠴᠢᠬᠦ ᠭᠠᠷᠤᠨ ᠡᠰᠡᠷᠭᠦ ᠲᠠᠯ᠎ᠠ ᠵᠢᠨ ᠡᠮᠦᠨ᠎ᠡ ᠲᠠᠯ᠎ᠠ᠎ᠳᠤ ᠲᠠᠯᠪᠢᠨ᠎ᠠ᠃ ᠬᠡᠷᠡᠯᠲᠦᠭᠦᠯᠭᠡ ᠵᠢ ᠨᠢᠳᠤᠨ᠎ᠳᠤ ᠰᠢᠭᠤᠳ ᠲᠤᠰᠬᠠᠵᠤ ᠪᠣᠯᠬᠤ ᠦᠭᠡᠢ᠂ ᠨᠢᠳᠦ ᠡᠷᠢᠶᠡᠯᠵᠡᠬᠦ᠎ᠠᠴᠠ ᠵᠠᠢ᠌ᠯᠠᠰᠬᠢᠬᠤ ᠬᠡᠷᠡᠭᠲᠡᠢ᠃