ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠬᠡᠦᠬᠡᠳ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨᠴᠢ᠎ᠪᠠᠷ ᠨᠢᠳᠦ᠎ᠪᠠᠨ ᠬᠡᠷᠡᠭᠯᠡᠬᠦ᠂ ᠵᠢᠮ᠎ᠡ ᠶᠣᠰᠣᠲᠠᠢ ᠠᠵᠢᠯᠯᠠᠵᠤ ᠠᠮᠠᠷᠠᠬᠤ ᠵᠢ ᠬᠥᠲᠥᠯᠥᠨ ᠵᠢᠯᠣᠭᠣᠳᠴᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ ᠡᠵᠡᠮᠳᠡᠬᠦ ᠵᠢᠨ ᠲᠥᠯᠥᠭᠡ᠂ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠡᠨᠡ ᠵᠢᠯ᠎ᠤᠨ 1 ᠰᠠᠷ᠎ᠠ᠎ᠳᠤ ᠨᠡᠶ᠋ᠢᠲᠡᠯᠡᠭᠰᠡᠨ 《ᠡᠪᠦᠯ᠎ᠤᠨ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠰᠠᠭᠤᠯᠲᠠ ᠬᠠᠷᠢᠭᠤᠯᠲᠠ》 ᠵᠢᠨ ᠰᠠᠭᠤᠷᠢᠨ ᠳᠡᠭᠡᠷ᠎ᠡ 《2023 ᠣᠨ᠎ᠤ ᠵᠣᠨ᠎ᠤ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠬᠣᠷᠢᠨ ᠠᠰᠠᠭᠤᠯᠲᠠ ᠬᠠᠷᠢᠭᠤᠯᠲᠠ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠡᠦᠬᠡᠳ ᠵᠠᠯᠠᠭᠤᠴᠤᠳ ᠪᠠᠭ᠋ᠠᠴᠤᠳ ᠪᠣᠯᠤᠨ ᠬᠡᠷ᠎ᠤᠨ ᠠᠬᠠᠮᠠᠳ᠎ᠤᠨ ᠮᠠᠲᠠᠭ᠎ᠢ ᠳᠡᠶ᠋ᠢᠯᠵᠦ᠂ ᠵᠢᠯᠣᠭᠣᠳᠣᠯᠭ᠎ᠠ ᠬᠠᠩᠭ᠋ᠠᠪᠠ᠃ ᠬᠠᠮᠲᠤ᠎ᠳᠤ᠎ᠪᠠᠨ ᠣᠢ᠌ᠯᠠᠭ᠋ᠠᠵᠠᠭ᠋ᠠᠶ᠎ᠠ!
ᠵᠢᠮ᠎ᠡ ᠶᠣᠰᠤᠲᠠᠢ ᠠᠵᠢᠯᠯᠠᠵᠤ ᠠᠮᠠᠷᠠᠬᠤ᠄
ᠬᠠᠨᠲᠠᠯ᠎ᠠ ᠤᠨᠲᠠᠵᠤ᠂ ᠢᠳᠡᠰᠢ ᠭᠣᠯᠣᠬᠤ ᠦᠭᠡᠢ
ᠠᠷᠪᠠᠨ ᠵᠢᠷᠭᠤᠭ᠎ᠠ᠂ ᠭᠦᠢ᠍ᠴᠡᠳ ᠤᠨᠲᠠᠬᠤ᠎ᠨᠢ ᠬᠠᠷᠠᠭ᠋ᠠᠨ᠎ᠤ ᠪᠣᠶ᠋ᠢᠵᠢᠯᠲᠠ᠎ᠳᠤ ᠲᠤᠰᠠᠲᠠᠶ ᠦᠦ?
ᠡᠩ᠎ᠤᠨ ᠦᠶ᠎ᠡ᠎ᠳᠤ ᠴᠦ᠍ ᠭᠡᠰᠡᠨ ᠵᠣᠨ᠎ᠤ ᠠᠮᠠᠷᠠᠯᠲᠠ ᠴᠤ᠌ ᠭᠡᠰᠡᠨ ᠭᠦᠢ᠍ᠴᠡᠳ ᠤᠨᠲᠠᠬᠤ᠎ᠨᠢ ᠬᠡᠦᠬᠡᠳ ᠪᠠᠭ᠋ᠠᠴᠤᠳ᠎ᠤᠨ ᠪᠡᠶ᠎ᠡ ᠮᠠᠬᠠᠪᠣᠳ᠎ᠤᠨ ᠪᠣᠶ᠋ᠢᠵᠢᠯᠲᠠ᠎ᠳᠤ ᠮᠠᠰᠢ ᠴᠢᠬᠤᠯᠠ᠎ᠪᠠᠷ ᠪᠠᠷᠠᠬᠤ ᠥᠬᠡᠶ᠂ ᠪᠠᠰᠠ ᠬᠠᠷᠠᠭ᠋ᠠᠨ᠎ᠤ ᠪᠣᠶ᠋ᠢᠵᠢᠯᠲᠠ᠎ᠳᠤ ᠠᠰᠢᠭᠲᠠᠶ ᠪᠠᠶ᠋ᠢᠳᠠᠭ᠃ ᠭᠡᠷ᠎ᠤᠨ ᠠᠬᠠᠮᠠᠳ ᠥᠪᠡᠷ᠎ᠤᠨ ᠪᠡᠶ᠎ᠡ᠎ᠪᠠᠷ ᠬᠡᠪ ᠳᠦᠷᠢᠮ ᠦᠵᠡᠭᠦᠯᠵᠦ᠂ ᠬᠡᠦᠬᠡᠳ᠎ᠢ ᠵᠢᠮ᠎ᠡ ᠶᠣᠰᠣᠲᠠᠢ ᠠᠵᠢᠯᠯᠠᠵᠤ ᠠᠮᠠᠷᠠᠭᠤᠯᠤᠨ᠂ ᠡᠷᠲᠡ ᠤᠨᠲᠠᠵᠤ ᠡᠷᠲᠡ ᠪᠣᠰᠬᠠᠨ ᠰᠥᠨᠢᠵᠢᠨ ᠰᠠᠭᠤᠬᠤ ᠦᠭᠡᠢ ᠪᠠᠶ᠋ᠢᠯᠭ᠋ᠠᠵᠤ᠂ ᠤᠨᠲᠠᠬᠤ ᠴᠠᠭ᠎ᠢ᠎ᠨᠢ ᠭᠦᠢ᠍ᠴᠡᠳ ᠪᠠᠲᠤᠯᠠᠬᠤ ᠬᠡᠷᠡᠭᠲᠡᠢ᠃ ᠨᠢᠯᠬ᠎ᠠ ᠬᠡᠦᠬᠡᠳ ᠪᠣᠯᠤᠨ ᠪᠠᠭ᠎ᠠ ᠰᠤᠷᠭ᠋ᠠᠭᠤᠯᠢ ᠵᠢᠨ ᠰᠤᠷᠤᠭᠴᠢ ᠵᠢᠨ ᠡᠳᠦᠷ ᠪᠦᠷᠢ ᠵᠢᠨ ᠤᠨᠲᠠᠬᠤ ᠴᠠᠭ᠎ᠢ ᠬᠠᠮᠤᠭ ᠪᠠᠭ᠎ᠠ᠎ᠳᠤ᠎ᠪᠠᠨ 10 ᠴᠠᠭ ᠪᠠᠶ᠋ᠢᠯᠭ᠋ᠠᠵᠤ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠤᠨᠲᠠᠬᠤ ᠴᠠᠭ᠎ᠢ ᠬᠠᠮᠤᠭ᠎ᠤᠨ ᠪᠠᠭ᠎ᠠ᠎ᠳᠤ᠎ᠪᠠᠨ 9 ᠴᠠᠭ ᠪᠠᠢ᠌ᠯᠭ᠋ᠠᠨ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠤᠨᠲᠠᠬᠤ ᠴᠠᠭ᠎ᠢ ᠬᠠᠮᠤᠭ᠎ᠤᠨ ᠪᠠᠭ᠎ᠠ᠎ᠳᠤ᠎ᠪᠠᠨ 8 ᠴᠠᠭ ᠪᠠᠶ᠋ᠢᠯᠭ᠋ᠠᠬᠤ ᠬᠡᠷᠡᠭᠲᠡᠶ᠃
ᠠᠷᠪᠠᠨ ᠳᠣᠯᠣᠭ᠎ᠠ᠂ ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠬᠦ᠎ᠳᠤ
ᠢᠳᠡᠰᠢ ᠵᠢᠨ ᠲᠠᠯ᠎ᠠ᠎ᠪᠠᠷ ᠶᠠᠭᠤ ᠵᠢ ᠠᠩᠬᠠᠷᠬᠤ ᠪᠣᠶ?
ᠵᠣᠨ᠎ᠤ ᠠᠭ᠋ᠠᠭᠢᠮ᠎ᠠ ᠬᠠᠯᠠᠭᠤᠨ᠎ᠳᠤ ᠭᠦᠢ᠍ᠴᠡᠳ ᠤᠰᠤ ᠨᠥᠬᠥᠪᠥᠷᠢᠯᠡᠬᠦ ᠵᠢ ᠰᠠᠨᠠᠭᠤᠯᠤᠶ᠎ᠠ᠂ ᠬᠡᠷ᠎ᠤᠨ ᠠᠬᠠᠮᠠᠳ ᠪᠣᠯᠤᠭᠰᠠᠳ ᠢᠳᠡᠭᠡᠨ᠎ᠤ ᠴᠠᠳᠢᠭ᠎ᠢ ᠣᠯᠠᠨ ᠲᠥᠷᠦᠯ᠂ ᠰᠢᠮ᠎ᠡ ᠲᠡᠵᠢᠭᠡᠯ᠎ᠢ ᠲᠡᠩᠴᠡᠭᠦᠷᠢᠲᠡᠶ ᠪᠠᠶ᠋ᠢᠯᠭ᠋ᠠᠵᠤ᠂ ᠬᠡᠦᠬᠡᠳ᠎ᠢ ᠬᠣᠭᠣᠯᠠ ᠭᠣᠯᠣᠬᠤ ᠥᠬᠡᠶ᠂ ᠬᠣᠭᠣᠯᠠ ᠢᠯᠭ᠋ᠠᠬᠤ ᠥᠬᠡᠶ ᠪᠣᠯᠭ᠋ᠠᠨ᠂ ᠢᠳᠡᠰᠢᠨ ᠨᠣᠭᠣᠭ᠎ᠠ ᠵᠢᠮᠢᠰ ᠢᠯᠡᠭᠦᠦ ᠢᠳᠡᠭᠦᠯᠵᠦ᠂ ᠰᠢᠬᠢᠷᠯᠢᠭ ᠢᠳᠡᠭᠡᠨ᠂ ᠰᠢᠬᠢᠷ ᠠᠭᠤᠯᠤᠭᠰᠠᠨ ᠤᠮᠳᠠᠭ᠋ᠠᠨ ᠪᠠ ᠲᠣᠰᠣᠨ᠎ᠳᠤ ᠪᠤᠴᠠᠯᠭ᠋ᠠᠭᠰᠠᠨ ᠢᠳᠡᠭᠡᠨ᠎ᠢ ᠳᠤᠲᠠᠭᠤ ᠢᠳᠡᠭᠦᠯᠬᠦ ᠬᠡᠷᠡᠭᠲᠡᠶ᠃ ᠵᠢᠭ᠋ᠠᠰᠤᠨ᠎ᠤ ᠲᠥᠷᠥᠯ᠂ ᠪᠤᠷᠴᠠᠭ᠎ᠤᠨ ᠢᠳᠡᠭᠡᠨ ᠪᠠ ᠲᠠᠬᠢᠶᠠᠨ ᠥᠨᠳᠡᠭᠡ ᠵᠡᠷᠭᠡ ᠴᠢᠨᠠᠷᠯᠢᠭ ᠤᠭᠤᠷᠠᠭ᠎ᠢ ᠵᠣᠬᠢᠰᠲᠠᠢ ᠢᠳᠡᠭᠦᠯᠬᠦ ᠪᠥᠭᠡᠳ ᠪᠠᠰᠠ ᠬᠤᠯᠤᠤᠪᠠᠩ ᠵᠡᠷᠭᠡ ᠨᠢᠳᠦᠨ᠎ᠳᠤ ᠲᠤᠰᠠᠲᠠᠶ ᠸᠢᠲ᠋ᠠᠮᠢᠨ ᠡᠯᠪᠡᠭ ᠠᠭᠤᠯᠤᠭᠰᠠᠨ ᠢᠳᠡᠭᠡᠨ᠎ᠢ ᠵᠣᠬᠢᠰᠲᠠᠢ ᠢᠳᠡᠭᠦᠯᠦᠨ᠎ᠡ᠃