ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ④
ᠨᠡᠶ᠋ᠢᠲᠡᠯᠡᠭᠰᠡᠨ ᠴᠠᠭ᠄ 2023-07-24


      ᠵᠣᠨ᠎ᠤ ᠠᠮᠠᠷᠠᠯᠲᠠ ᠵᠢᠨ ᠬᠤᠭᠤᠴᠠᠭ᠋ᠠᠨ᠎ᠳᠤ ᠬᠡᠦᠬᠡᠳ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨᠴᠢ᠎ᠪᠠᠷ ᠨᠢᠳᠦ᠎ᠪᠠᠨ ᠬᠡᠷᠡᠭᠯᠡᠬᠦ᠂ ᠵᠢᠮ᠎ᠡ ᠶᠣᠰᠣ᠎ᠲᠠᠢ ᠠᠵᠢᠯᠯᠠᠵᠤ ᠠᠮᠠᠷᠠᠬᠤ ᠵᠢ ᠬᠥᠲᠥᠯᠥᠨ ᠵᠢᠯᠣᠭᠣᠳᠴᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠰᠡᠷᠭᠡᠶ᠋ᠢᠯᠡᠨ ᠡᠵᠡᠮᠳᠡᠬᠦ ᠵᠢᠨ ᠲᠥᠯᠥᠭᠡ᠂ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠤᠬᠠᠭᠤᠯᠤᠨ ᠲᠠᠶ᠋ᠢᠯᠪᠤᠷᠢᠯᠠᠬᠤ ᠪᠦᠯᠬᠦᠮ᠎ᠤᠨ ᠡᠨᠡ ᠵᠢᠯ᠎ᠤᠨ 1 ᠰᠠᠷ᠎ᠠ᠎ᠳᠤ ᠨᠡᠶ᠋ᠢᠲᠡᠯᠡᠭᠰᠡᠨ 《ᠡᠪᠦᠯ᠎ᠤᠨ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠠᠰᠠᠭᠤᠯᠲᠠ ᠬᠠᠷᠢᠭᠤᠯᠲᠠ》 ᠵᠢᠨ ᠰᠠᠭᠤᠷᠢᠨ ᠳᠡᠭᠡᠷ᠎ᠡ 《2023 ᠣᠨ᠎ᠤ ᠵᠣᠨ᠎ᠤ ᠠᠮᠠᠷᠠᠯᠲᠠ ᠵᠢᠨ ᠣᠯᠠᠨ ᠪᠠᠢ᠌ᠳᠠᠯ᠎ᠳᠠᠬᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠬᠣᠷᠢᠨ ᠠᠰᠠᠭᠤᠯᠲᠠ ᠬᠠᠷᠢᠭᠤᠯᠲᠠ》᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠡᠦᠬᠡᠳ ᠵᠠᠯᠠᠭᠤᠴᠤᠳ ᠪᠠᠭ᠋ᠠᠴᠤᠳ ᠪᠣᠯᠤᠨ ᠬᠡᠷ᠎ᠤᠨ ᠠᠬᠠᠮᠠᠳ᠎ᠤᠨ ᠮᠠᠲᠠᠭ᠎ᠢ ᠳᠡᠶ᠋ᠢᠯᠵᠦ᠂ ᠵᠢᠯᠣᠭᠣᠳᠣᠯᠭ᠎ᠠ ᠬᠠᠩᠭ᠋ᠠᠪᠠ᠃ ᠬᠠᠮᠲᠤ᠎ᠳᠤ᠎ᠪᠠᠨ ᠣᠢ᠌ᠯᠠᠭ᠋ᠠᠵᠠᠭ᠋ᠠᠶ᠎ᠠ!


      ᠡᠯᠧᠺᠲᠷᠣᠨ ᠪᠥᠲᠦᠭᠡᠭᠳᠡᠭᠦᠨ᠄
      ᠳᠡᠯᠭᠡᠴᠡ ᠰᠣᠩᠭᠤᠬᠤ᠂ ᠴᠠᠭ᠎ᠤᠨ ᠤᠷᠲᠤ ᠵᠢ ᠡᠵᠡᠮᠳᠡᠬᠦ
      ᠠᠷᠪᠠᠨ ᠨᠢᠭᠡ᠂ ᠵᠤᠨ᠎ᠤ ᠠᠮᠠᠷᠠᠯᠲᠠ᠎ᠳᠤ ᠭᠡᠷ᠎ᠲᠤ᠎ᠪᠠᠨ ᠳᠡᠯᠭᠡᠴᠡ ᠵᠢᠨ ᠴᠠᠭ᠎ᠢ

      ᠬᠡᠳᠦᠢ ᠤᠷᠲᠤ ᠪᠠᠢ᠌ᠯᠭ᠋ᠠᠪᠠᠯ ᠵᠣᠬᠢᠰᠲᠠᠢ ᠪᠣᠶ?
      ᠲᠧᠯᠸᠢᠰ᠎ᠤᠨ ᠳᠡᠯᠭᠡᠴᠡ ᠵᠢᠨ ᠲᠥᠷᠥᠯ᠎ᠤᠨ ᠡᠯᠧᠺᠲᠷᠣᠨ ᠪᠥᠲᠦᠭᠡᠭᠳᠡᠭᠦᠨ᠎ᠢ ᠬᠡᠷᠡᠭᠯᠡᠬᠦ ᠴᠠᠭ᠎ᠢ ᠤᠬᠠᠮᠰᠠᠷ᠎ᠠᠴᠠ᠎ᠪᠠᠨ ᠡᠵᠡᠮᠳᠡᠵᠦ᠂ ᠰᠤᠷᠤᠯᠴᠠᠬᠤ ᠵᠣᠷᠢᠯᠭ᠎ᠠ ᠵᠢᠨ ᠪᠣᠰᠤ ᠲᠧᠯᠸᠢᠰ᠎ᠤᠨ ᠳᠡᠯᠭᠡᠴᠡ ᠵᠢᠨ ᠲᠥᠷᠥᠯ᠎ᠤᠨ ᠡᠯᠧᠺᠲᠷᠣᠨ ᠪᠥᠲᠦᠭᠡᠭᠳᠡᠭᠦᠨ᠎ᠢ ᠬᠡᠷᠡᠭᠯᠡᠬᠦ ᠵᠢ ᠪᠠᠭ᠋ᠠᠰᠬᠠᠨ᠎ᠠ᠃ 0 — 3 ᠨᠠᠰᠤᠨ᠎ᠤ ᠬᠡᠦᠬᠡᠳ ᠭᠠᠷ ᠤᠲᠠᠰᠤ᠂ ᠺᠣᠮᠫᠢᠦ᠋ᠲ᠋ᠧᠷ ᠵᠡᠷᠭᠡ ᠲᠧᠯᠸᠢᠰ᠎ᠤᠨ ᠲᠥᠷᠥᠯ᠎ᠤᠨ ᠡᠯᠧᠺᠲᠷᠣᠨ ᠪᠥᠲᠦᠭᠡᠭᠳᠡᠭᠦᠨ ᠬᠡᠷᠡᠭᠯᠡᠬᠦ ᠥᠬᠡᠶ᠂ 3 — 6 ᠨᠠᠰᠤᠨ᠎ᠤ ᠬᠡᠦᠬᠡᠳ ᠠᠯᠢ ᠴᠢᠳᠠᠬᠤ᠎ᠪᠠᠷ   ᠤᠢ᠌ᠷᠠᠳᠬᠤ ᠪᠤᠶᠤ ᠬᠡᠷᠡᠭᠯᠡᠬᠦ᠎ᠠᠴᠠ ᠵᠠᠢ᠌ᠯᠠᠰᠬᠢᠨ᠎ᠠ᠃ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠷᠤᠯᠴᠠᠬᠤ ᠵᠣᠷᠢᠯᠭ᠎ᠠ ᠥᠬᠡᠶ ᠡᠯᠧᠺᠲᠷᠣᠨ   ᠪᠥᠲᠦᠭᠡᠭᠳᠡᠭᠦᠨ᠎ᠢ ᠬᠡᠷᠡᠭᠯᠡᠬᠦ᠎ᠳᠤ ᠨᠢᠭᠡ ᠤᠳᠠᠭ᠎ᠠ᠎ᠳᠤ 15 ᠮᠢᠨᠦ᠋ᠲ᠎ᠠᠴᠠ ᠬᠡᠲᠦᠷᠡᠭᠦᠯᠵᠦ ᠪᠣᠯᠬᠤ ᠥᠬᠡᠶ᠂ ᠡᠳᠦᠷ ᠪᠦᠷᠢ 1 ᠴᠠᠭ᠎ᠠᠴᠠ ᠬᠡᠲᠦᠷᠡᠭᠦᠯᠵᠦ ᠪᠣᠯᠬᠤ ᠥᠬᠡᠶ᠃ ᠡᠯᠧᠺᠲᠷᠣᠨ ᠪᠦᠲᠦᠭᠡᠭᠳᠡᠬᠦᠨ᠎ᠢ ᠬᠡᠷᠡᠭᠯᠡᠨ 30 — 40 ᠮᠢᠨᠦ᠋ᠲ ᠰᠤᠷᠤᠯᠴᠠᠭᠰᠠᠨ᠎ᠤ ᠳᠠᠷᠠᠭ᠎ᠠ᠂ ᠬᠣᠯᠠ᠎ᠢ ᠬᠠᠷᠠᠵᠤ 10 ᠮᠢᠨᠦ᠋ᠲ ᠠᠮᠠᠷᠠᠪᠠᠯ ᠵᠣᠬᠢᠨ᠎ᠠ᠃ ᠨᠠᠰᠤ ᠤᠯᠠᠮ ᠪᠠᠭ᠎ᠠ ᠪᠣᠯ ᠦᠷᠭᠦᠯᠵᠢᠯᠡᠨ ᠡᠯᠧᠺᠲᠷᠣᠨ ᠪᠦᠲᠦᠭᠡᠭᠳᠡᠬᠦᠨ ᠬᠡᠷᠡᠭᠯᠡᠬᠦ ᠴᠠᠭ᠎ᠨᠢ᠎ᠢ ᠤᠯᠠᠮ ᠣᠬᠣᠷ ᠪᠠᠢ᠌ᠯᠭ᠋ᠠᠨ᠎ᠠ᠃
      ᠠᠷᠪᠠᠨ ᠬᠣᠶᠠᠷ᠂ ᠡᠯᠧᠺᠲᠷᠣᠨ ᠪᠥᠲᠦᠭᠡᠭᠳᠡᠭᠦᠨ᠎ᠢ ᠰᠣᠩᠭᠣᠬᠤ᠎ᠳᠤ ᠶᠠᠭᠤ ᠵᠢ

      ᠠᠩᠬᠠᠷᠬᠤ ᠪᠤᠢ?
      ᠨᠥᠬᠥᠴᠡᠯ᠎ᠲᠠᠢ ᠪᠣᠯ ᠠᠯᠢ ᠴᠢᠳᠠᠬᠤ᠎ᠪᠠᠷ ᠳᠡᠯᠭᠡᠴᠡ᠎ᠨᠢ ᠨᠡᠯᠢᠶᠡᠳ ᠶᠡᠬᠡ ᠮᠥᠷᠲᠡᠭᠡᠨ ᠢᠯᠭ᠋ᠠᠮᠵᠢ᠎ᠨᠢ ᠨᠡᠯᠢᠶᠡᠳ ᠥᠨᠳᠥᠷ ᠡᠯᠧᠺᠲᠷᠣᠨ ᠪᠥᠲᠦᠭᠡᠭᠳᠡᠭᠦᠨ᠎ᠢ ᠰᠣᠩᠭᠣᠵᠤ᠂ ᠳᠤᠰᠬᠠᠬᠤ ᠬᠡᠮᠵᠢᠭᠦᠷᠯᠢᠭ᠂ ᠲᠧᠯᠸᠢᠰ᠂ ᠺᠣᠮᠫᠢᠦ᠋ᠲ᠋ᠧᠷ᠂ ᠬᠠᠪᠲᠠᠰᠤᠨ ᠺᠣᠮᠫᠢᠦ᠋ᠲ᠋ᠧᠷ᠂ ᠭᠠᠷ ᠤᠲᠠᠰᠤ ᠭᠡᠬᠦ ᠳᠠᠷᠠᠭ᠋ᠠᠯᠠᠯ ᠵᠶ᠋ᠠᠷ ᠬᠡᠷᠡᠭᠯᠡᠬᠦ ᠵᠢ ᠰᠠᠨᠠᠭᠤᠯᠤᠶ᠎ᠠ᠃ ᠳᠡᠯᠭᠡᠴᠡ᠎ᠨᠢ ᠤᠯᠠᠮ ᠶᠡᠬᠡ᠂ ᠢᠯᠭ᠋ᠠᠮᠵᠢ᠎ᠨᠢ ᠤᠯᠠᠮ ᠥᠨᠳᠥᠷ ᠪᠣᠯ ᠤᠯᠠᠮ ᠰᠠᠶ᠋ᠢᠨ᠂ ᠣᠷᠴᠢᠨ ᠲᠣᠭᠣᠷᠢᠨ᠎ᠢ ᠦᠨᠳᠦᠰᠦᠯᠡᠨ ᠭᠡᠷᠡᠯᠲᠦᠴᠡ ᠵᠢ ᠲᠣᠬᠢᠷᠠᠭᠤᠯᠤᠨ᠎ᠠ᠃ ᠣᠷᠴᠢᠨ ᠲᠣᠭᠣᠷᠢᠨ ᠬᠠᠷᠠᠩᠭᠤᠶ ᠦᠶᠡᠰ᠂ ᠥᠷᠥᠭᠡᠨ᠎ᠤ ᠳ᠋ᠧᠩ ᠵᠶ᠋ᠠᠨ ᠨᠡᠭᠡᠭᠡᠵᠦ᠂ ᠬᠡᠲᠦᠷᠬᠡᠶ ᠬᠠᠷᠠᠩᠭᠤᠶ ᠣᠷᠴᠢᠨ᠎ᠳᠤ ᠡᠯᠧᠺᠲᠷᠣᠨ ᠪᠦᠲᠦᠭᠡᠭᠳᠡᠬᠦᠨ ᠬᠡᠷᠡᠭᠯᠡᠬᠦ᠎ᠠᠴᠠ ᠵᠠᠢ᠌ᠯᠠᠰᠬᠢᠨ᠎ᠠ᠃
      ᠠᠷᠪᠠᠨ ᠭᠤᠷᠪᠠ᠂ ᠡᠯᠧᠺᠲᠷᠣᠨ ᠪᠦᠲᠦᠭᠡᠭᠳᠡᠬᠦᠨ᠎ᠤ 《ᠨᠢᠳᠦ ᠬᠠᠮᠠᠭ᠋ᠠᠯᠠᠬᠤ ᠵᠠᠭᠪᠤᠷ》

      ᠨᠢᠳᠦ ᠵᠢ ᠬᠠᠮᠠᠭ᠋ᠠᠯᠠᠵᠤ ᠴᠢᠳᠠᠨ᠎ᠠ ᠦᠦ?
     《ᠨᠢᠳᠦ ᠬᠠᠮᠠᠭ᠋ᠠᠯᠠᠬᠤ ᠵᠠᠭᠪᠤᠷ》 ᠪᠣᠯ ᠡᠯᠧᠺᠲᠷᠣᠨ ᠪᠥᠲᠦᠭᠡᠭᠳᠡᠭᠦᠨ᠎ᠤ ᠳᠡᠯᠭᠡᠴᠡ ᠵᠢᠨ ᠳᠤᠯᠠᠭ᠋ᠠᠨ ᠪᠠ ᠭᠡᠷᠡᠯᠲᠦᠴᠡ ᠵᠢ ᠲᠣᠬᠢᠷᠠᠭᠤᠯᠬᠤ᠎ᠪᠠᠷ ᠳᠠᠮᠵᠢᠭᠤᠯᠤᠨ᠂ ᠳᠡᠯᠭᠡᠴᠡ ᠵᠢᠨ ᠬᠡᠷᠡᠯ᠎ᠤᠨ ᠵᠢᠭᠰᠠᠯ᠎ᠢ ᠰᠢᠷ᠎ᠠ ᠥᠩᠭᠡ ᠵᠢᠨ ᠳᠤᠯᠠᠭ᠋ᠠᠨ ᠥᠩᠭᠡ ᠵᠢᠨ ᠰᠢᠰᠲ᠋ᠧᠮ᠎ᠳᠤ ᠲᠣᠬᠢᠷᠠᠭᠤᠯᠵᠤ᠂ ᠳᠡᠯᠭᠡᠴᠡ ᠵᠢᠨ ᠬᠥᠬᠡ ᠬᠡᠷᠡᠯ᠎ᠢ ᠪᠠᠭ᠋ᠠᠰᠬᠠᠨ᠂ ᠳᠡᠯᠭᠡᠴᠡ ᠵᠢ ᠨᠢᠳᠦ ᠭᠢᠯᠠᠰᠤᠮ᠎ᠠ ᠪᠢᠰᠢ ᠪᠣᠯᠭ᠋ᠠᠨ᠎ᠠ᠃ ᠬᠠᠷᠢᠨ ᠡᠯᠧᠺᠲᠷᠣᠨ ᠪᠦᠲᠦᠭᠡᠭᠳᠡᠬᠦᠨ᠎ᠤ ᠨᠢᠳᠦᠨ᠎ᠳᠤ ᠦᠵᠡᠭᠦᠯᠬᠦ ᠬᠠᠮᠤᠭ᠎ᠤᠨ ᠶᠡᠬᠡ ᠬᠤᠤᠷ ᠬᠥᠨᠥᠭᠡᠯ ᠪᠣᠯ ᠤᠷᠲᠤ ᠬᠤᠭᠤᠴᠠᠭ᠎ᠠ ᠣᠢ᠌ᠷ᠎ᠠ ᠵᠠᠶ᠎ᠳᠤ ᠨᠢᠳᠦ᠎ᠪᠠᠨ ᠬᠡᠷᠡᠭᠯᠡᠭᠰᠡᠨ᠎ᠠᠴᠠ ᠪᠣᠯᠤᠭᠰᠠᠨ ᠬᠠᠷᠠᠭ᠋ᠠᠨ᠎ᠤ ᠶᠠᠳᠠᠷᠠᠯ ᠪᠣᠯᠤᠨ᠎ᠠ᠃ ᠡᠶ᠋ᠢᠮᠦ᠎ᠠᠴᠠ᠂ ᠡᠯᠧᠺᠲᠷᠣᠨ ᠪᠥᠲᠦᠭᠡᠭᠳᠡᠭᠦᠨ᠎ᠤ 《ᠨᠢᠳᠦ ᠬᠠᠮᠠᠭ᠋ᠠᠯᠠᠬᠤ ᠵᠠᠭᠪᠤᠷ》᠎ᠢ ᠨᠡᠭᠡᠭᠡᠭᠰᠡᠨ ᠴᠦ᠍ ᠨᠢᠳᠦ ᠬᠠᠮᠠᠭ᠋ᠠᠯᠠᠬᠤ ᠦᠢ᠍ᠯᠡᠳᠦᠯ ᠭᠠᠷᠬᠤ ᠥᠬᠡᠶ ᠶᠤᠮ᠂ ᠨᠠᠩ ᠴᠤ᠌ ᠣᠶ᠋ᠢᠷ᠎ᠠ ᠬᠠᠷᠠᠭ᠎ᠠ᠎ᠲᠠᠢ ᠪᠣᠯᠬᠤ ᠵᠢ ᠰᠡᠷᠭᠡᠶ᠋ᠢᠯᠡᠨ ᠡᠵᠡᠮᠳᠡᠵᠦ ᠴᠢᠳᠠᠬᠤ ᠥᠬᠡᠶ ᠶᠤᠮ᠃
      ᠠᠷᠪᠠᠨ ᠲᠦᠷᠪᠡ᠂ ᠲᠧᠯᠸᠢᠰ ᠪᠠ ᠺᠣᠮᠫᠢᠦ᠋ᠲ᠋ᠧᠷ᠎ᠢ ᠦᠵᠡᠬᠦ᠎ᠳᠤ ᠬᠡᠳᠦᠢ ᠬᠤᠯᠠ

      ᠪᠠᠶ᠋ᠢᠪᠠᠯ ᠵᠣᠬᠢᠬᠤ ᠪᠤᠢ?
      ᠲᠧᠯᠸᠢᠰ ᠦᠵᠡᠬᠦ ᠦᠶᠡᠰ᠂ ᠨᠢᠳᠦ ᠵᠢ ᠲᠧᠯᠸᠢᠰ᠎ᠤᠨ ᠳᠡᠯᠭᠡᠴᠡ᠎ᠠᠴᠠ 3 ᠮᠧᠲᠷ ᠢᠯᠡᠭᠦᠦ ᠪᠤᠶᠤ ᠲᠧᠯᠸᠢᠰ᠎ᠤᠨ ᠳᠡᠯᠭᠡᠴᠡ ᠵᠢᠨ ᠳᠠᠰᠢᠭᠤᠪᠴᠢ ᠱᠤᠭᠤᠮ᠎ᠤᠨ ᠤᠷᠲᠤ᠎ᠠᠴᠠ 6 ᠳᠠᠬᠢᠨ ᠪᠠᠢ᠌ᠯᠭ᠋ᠠᠬᠤ ᠬᠡᠷᠡᠭᠲᠡᠶ᠃ ᠺᠣᠮᠫᠢᠦ᠋ᠲ᠋ᠧᠷ ᠦᠵᠡᠬᠦ ᠦᠶᠡᠰ᠂ ᠨᠢᠳᠦ ᠵᠢ ᠺᠣᠮᠫᠢᠦ᠋ᠲ᠋ᠧᠷ᠎ᠤᠨ ᠳᠡᠯᠭᠡᠴᠡ᠎ᠠᠴᠠ 50 ᠰᠡᠨᠲ᠋ᠢᠮᠧᠲᠷ (ᠪᠠᠷᠤᠭ ᠨᠢᠭᠡ ᠭᠠᠷ᠎ᠤᠨ ᠤᠷᠲᠤ) ᠵᠠᠢ᠌ᠲᠠᠢ ᠪᠠᠢ᠌ᠯᠭ᠋ᠠᠵᠤ᠂ ᠬᠠᠷᠠᠬᠤ᠎ᠳᠤ᠎ᠪᠠᠨ ᠵᠢᠭ᠋ᠠᠬᠠᠨ ᠳᠣᠷᠣᠭᠰᠢ᠎ᠪᠠᠨ ᠬᠠᠨᠳᠤᠵᠤ᠂ ᠺᠣᠮᠫᠢᠦ᠋ᠲ᠋ᠧᠷ᠎ᠤᠨ ᠳᠡᠯᠭᠡᠴᠡ ᠵᠢᠨ ᠭᠣᠣᠯ ᠪᠠᠶ᠋ᠢᠷᠢ ᠵᠢ ᠨᠢᠳᠦᠨ᠎ᠤ ᠬᠠᠷᠠᠭ᠋ᠠᠨ᠎ᠤ ᠳᠣᠣᠷ᠎ᠠ ᠲᠠᠯ᠎ᠠ᠎ᠠᠴᠠ 10 ᠰᠡᠨᠲ᠋ᠢᠮᠧᠲᠷ ᠣᠷᠴᠢᠮ ᠪᠠᠢ᠌ᠯᠭ᠋ᠠᠪᠠᠯ ᠰᠠᠶᠢ ᠬᠠᠷᠠᠭ᠋ᠠᠨ᠎ᠤ ᠶᠠᠳᠠᠷᠠᠯ᠎ᠢ ᠬᠥᠩᠭᠡᠷᠡᠭᠦᠯᠵᠦ ᠴᠢᠳᠠᠨ᠎ᠠ᠃
      ᠠᠷᠪᠠᠨ ᠲᠠᠪᠤ᠂ ᠨᠢᠳᠦ ᠬᠥᠰᠢᠭᠦᠨ ᠰᠠᠨᠠᠭᠳᠠᠵᠤ᠂ ᠶᠠᠳᠠᠷᠠᠪᠠᠯ ᠶᠠᠭ᠋ᠠᠬᠢᠬᠤ ᠪᠣᠶ?
      ᠣᠷᠳᠣ ᠬᠤᠭᠤᠴᠠᠭ᠎ᠠ᠎ᠪᠠᠷ ᠡᠯᠧᠺᠲᠷᠣᠨ ᠪᠥᠲᠦᠭᠡᠭᠳᠡᠭᠦᠨ ᠬᠡᠷᠡᠭᠯᠡᠪᠡᠯ ᠨᠢᠳᠦ ᠠᠮᠠᠷᠬᠠᠨ ᠬᠠᠭᠤᠷᠠᠶ᠋ᠢᠰᠢᠬᠤ᠂ ᠬᠠᠷᠠᠭ᠎ᠠ ᠶᠠᠳᠠᠷᠠᠬᠤ ᠵᠡᠷᠭᠡ ᠡᠪ ᠥᠬᠡᠶ ᠦᠵᠡᠭᠳᠡᠯ ᠭᠠᠷᠴᠤ᠂ ᠠᠮᠠᠷᠠᠬᠤ ᠪᠤᠶᠤ ᠠᠯᠤᠰ᠎ᠢ ᠪᠠᠷᠠᠯᠠᠨ᠂ ᠬᠡᠷ᠎ᠲᠠᠬᠢ ᠳᠤᠯᠠᠭ᠋ᠠᠨ᠎ᠤ ᠬᠡᠮᠵᠢᠶ᠎ᠡ ᠪᠠ ᠴᠢᠭᠢᠭ᠎ᠤᠨ ᠬᠡᠮᠵᠢᠶ᠎ᠡ ᠵᠢ ᠪᠠᠲᠤᠯᠠᠵᠤ᠂ ᠢᠯᠡᠭᠦᠬᠡᠨ ᠨᠢᠳᠦ᠎ᠪᠠᠨ ᠴᠠᠪᠴᠢᠬᠤ ᠪᠤᠶᠤ ᠨᠢᠯᠪᠤᠰᠤ᠎ᠪᠠᠷ ᠭᠦᠢ᠍ᠴᠡᠳ ᠨᠣᠷᠭ᠋ᠠᠵᠤ ᠪᠣᠯᠤᠨ᠎ᠠ᠃ ᠬᠠᠯᠠᠭᠤᠨ ᠵᠢᠩ ᠪᠠᠷᠢᠬᠤ ᠪᠣᠯ ᠨᠢᠳᠦ ᠬᠠᠭᠤᠷᠠᠶ᠋ᠢᠰᠢᠬᠤ ᠪᠠ ᠶᠠᠳᠠᠷᠠᠬᠤ ᠵᠢ ᠨᠠᠮᠳᠠᠭᠤᠯᠬᠤ ᠪᠦᠲᠦᠮᠵᠢᠲᠡᠶ ᠠᠷᠭ᠎ᠠ ᠵᠢᠨ ᠨᠢᠭᠡ ᠶᠤᠮ᠃ ᠨᠢᠳᠦ ᠬᠠᠭᠤᠷᠠᠢ᠌ᠰᠢᠬᠤ᠎ᠨᠢ ᠬᠦᠨᠳᠦ ᠨᠣᠴᠢᠲᠠᠶ ᠪᠣᠯ ᠬᠢᠮᠡᠯ ᠨᠢᠯᠪᠤᠰᠤ᠎ᠪᠠᠷ ᠡᠪᠡᠳᠴᠢᠨ᠎ᠤ ᠪᠠᠶ᠋ᠢᠳᠠᠯ᠎ᠢ ᠨᠠᠮᠳᠠᠭᠤᠯᠵᠤ ᠪᠣᠯᠤᠨ᠎ᠠ᠃ ᠴᠢᠬᠤᠯᠠ᠎ᠲᠠᠢ ᠦᠶ᠎ᠡ᠎ᠳᠤ ᠨᠢᠳᠦᠨ᠎ᠤ ᠭᠠᠳᠠᠷᠭᠤ ᠵᠢᠨ ᠴᠢᠳᠠᠮᠵᠢ ᠵᠢ ᠵᠠᠳᠠᠯᠵᠤ᠂ ᠰᠢᠯᠲᠠᠭ᠋ᠠᠨ᠎ᠢ᠎ᠨᠢ ᠪᠠᠶ᠋ᠢᠴᠠᠭ᠋ᠠᠨ ᠲᠣᠳᠣᠯᠠᠵᠤ᠂ ᠡᠪᠡᠳᠴᠢᠨ᠎ᠳᠤ᠎ᠨᠢ ᠲᠣᠬᠢᠷᠠᠭᠤᠯᠤᠨ ᠡᠮᠨᠡᠨ᠎ᠡ᠃ ᠵᠠᠰᠠᠯᠭ᠎ᠠ᠎ᠨᠢ ᠭᠦᠢ᠍ᠴᠡᠳ ᠪᠤᠰᠤ ᠪᠤᠶᠤ ᠭᠡᠷᠡᠯ᠎ᠤᠨ ᠨᠤᠭᠤᠷᠠᠯᠲᠠ ᠲᠡᠭᠰᠢ ᠪᠤᠰᠤ ᠪᠣᠯ ᠠᠮᠠᠷᠬᠠᠨ ᠬᠠᠷᠠᠭ᠎ᠠ ᠵᠢ ᠶᠠᠳᠠᠷᠠᠭᠤᠯᠤᠨ᠎ᠠ᠂ ᠵᠢᠩᠬᠢᠨᠢ ᠡᠮᠴᠢᠯᠡᠭᠡᠨ᠎ᠤ ᠪᠠᠶ᠋ᠢᠭᠤᠯᠤᠮᠵᠢ᠎ᠳᠤ ᠣᠴᠢᠵᠤ ᠬᠠᠷᠠᠭ᠎ᠠ᠂ ᠭᠡᠷᠡᠯ᠎ᠤᠨ ᠨᠤᠭᠤᠷᠠᠯᠲᠠ ᠵᠢᠨ ᠪᠠᠶ᠋ᠢᠴᠠᠭ᠋ᠠᠯᠲᠠ ᠬᠢᠯᠭᠡᠨ᠂ ᠬᠠᠷᠠᠭ᠋ᠠᠯᠵᠠᠭᠰᠠᠨ ᠲᠡᠭᠰᠢ ᠪᠣᠰᠤ ᠭᠡᠷᠡᠯ᠎ᠤᠨ ᠨᠤᠭᠤᠷᠠᠯᠲᠠ ᠵᠢ ᠵᠠᠰᠠᠨ᠎ᠠ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ⑤
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ⑥
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠳᠤᠤᠷ᠎ᠠ ᠬᠠᠭ᠋ᠠᠰ ᠵᠢᠯ᠎ᠤᠨ ᠪᠥᠬᠥ ᠤᠯᠤᠰ᠎ᠤᠨ ᠶᠡᠬᠡ ᠰᠤᠷᠭ᠋ᠠᠭᠤᠯᠢ ᠵᠢᠨ ᠠᠨᠭ᠌ᠭ᠍ᠯᠢ ᠬᠡᠯᠡᠨ᠎ᠤ ᠳᠥᠷᠪᠡᠳᠦᠭᠡᠷ᠂ ᠵᠢᠷᠭᠤᠳᠤᠭ᠋ᠠᠷ ᠳᠡᠰ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠠᠵᠢᠯ ᠤᠳᠠᠯ ᠥᠬᠡᠶ ᠡᠬᠢᠯᠡᠬᠦ᠎ᠪᠠᠷ ᠪᠣᠶ
2024 ᠣᠨ᠎ᠤ ᠰᠣᠳᠤᠯᠤᠨ ᠰᠤᠷᠤᠭᠴᠢ ᠰᠢᠯᠭ᠋ᠠᠭᠤᠯᠬᠤ ᠴᠠᠭ᠎ᠢ ᠨᠡᠢ᠌ᠲᠡᠯᠡᠵᠦ᠂ ᠠᠩᠬᠠᠨ᠎ᠤ ᠰᠢᠯᠭ᠋ᠠᠯᠲᠠ ᠵᠢ 2023 ᠣᠨ᠎ᠤ 12 ᠰᠠᠷ᠎ᠠ ᠵᠢᠨ 23- 24᠎ᠤ ᠡᠳᠦᠷ ᠶᠠᠪᠤᠭᠳᠠᠭᠤᠯᠬᠤ᠎ᠪᠠᠷ ᠲᠣᠭᠲᠠᠪᠠ
ᠰᠢᠭᠤᠳ ᠨᠡᠪᠲᠡᠷᠡᠭᠦᠯᠭᠡ — ᠥᠨᠥᠳᠦᠷ᠎ᠤᠨ 19᠄ 30! ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠤᠶᠤᠲᠠᠳ᠎ᠤᠨ ᠠᠵᠢᠯ ᠤᠯᠬᠤ ᠴᠢᠳᠠᠪᠤᠷᠢ ᠵᠢ ᠳᠡᠭᠡᠭᠰᠢᠯᠡᠭᠦᠯᠬᠦ ᠭᠤᠤᠯ ᠰᠡᠳᠦᠪᠲᠦ ᠰᠢᠷᠢᠰ ᠨᠡᠶ᠋ᠢᠲᠡ ᠵᠢᠨ ᠠᠰᠠᠷᠠᠮᠵᠢ ᠵᠢᠨ ᠬᠢᠴᠢᠶᠡᠯ ᠡᠬᠢᠯᠡᠪᠡ
 
             蒙ICP备05000248号