ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
@ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠬᠠᠨᠳᠤᠭᠤᠯᠤᠭᠰᠠᠨ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠵᠤᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ 36 ᠵᠤᠷᠪᠤᠰ
ᠨᠡᠶ᠋ᠢᠲᠡᠯᠡᠭᠰᠡᠨ ᠴᠠᠭ᠄ 2023-07-04


     2023 ᠣᠨ᠎ᠤ ᠵᠣᠨ᠎ᠤ ᠠᠮᠠᠷᠠᠯᠲᠠ ᠬᠦᠷᠴᠦ ᠢᠷᠡᠯ᠎ᠡ᠂ ᠰᠤᠷᠤᠭᠴᠢᠳ᠎ᠤᠨ ᠡᠯ᠎ᠡ ᠵᠦᠢ᠍ᠯ᠎ᠤᠨ ᠡᠨᠳᠡᠯ᠎ᠢ ᠰᠡᠷᠭᠡᠶ᠋ᠢᠯᠡᠬᠦ ᠵᠢᠨ ᠲᠥᠯᠥᠭᠡ᠂ 《2023 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠵᠣᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ》 ᠵᠢ ᠨᠡᠶ᠋ᠢᠲᠡᠯᠡᠪᠡ᠃ ᠬᠡᠷ᠎ᠤᠨ ᠠᠬᠠᠮᠠᠳ ᠪᠣᠯᠤᠨ ᠪᠢᠴᠢᠬᠠᠨ ᠨᠠᠶ᠋ᠢᠵᠠ ᠨᠠᠷ ᠨᠠᠷᠢᠨ ᠬᠢᠨᠠᠮᠠᠭ᠋ᠠᠶ ᠤᠩᠰᠢᠭ᠋ᠠᠷᠠᠶ!
     2023 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠵᠣᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ
     01 . ᠤᠰᠤᠨ᠎ᠤ ᠡᠨᠳᠡᠯ᠎ᠢ ᠤᠷᠢᠳᠴᠢᠯᠠᠨ ᠰᠡᠷᠭᠡᠶ᠋ᠢᠯᠡᠨ᠎ᠡ
     1 . ᠭᠣᠣᠯ᠎ᠤᠨ ᠬᠥᠪᠡᠭᠡ᠂ ᠤᠰᠤ ᠬᠥᠪᠡᠭᠡᠳᠡᠭᠰᠡᠨ ᠲᠠᠪᠴᠠᠩ᠂ ᠤᠰᠤᠨ ᠴᠥᠭᠥᠷᠥᠮ ᠵᠡᠷᠭᠡ ᠭᠠᠵᠠᠷ ᠨᠠᠭ᠋ᠠᠳᠬᠤ ᠦᠭᠡᠢ᠃
     2᠂ ᠭᠣᠣᠯ ᠵᠡᠷᠭᠡ ᠤᠰᠤᠨ ᠣᠷᠣᠨ᠎ᠳᠤ ᠤᠨᠠᠭᠰᠠᠨ ᠡᠳ᠋᠎ᠢ ᠲᠡᠭᠦᠬᠦ ᠦᠭᠡᠢ᠃
     3 . ᠭᠣᠣᠯ᠎ᠳᠤ ᠶᠠᠭᠤᠮ᠎ᠠ ᠤᠬᠢᠶᠠᠬᠤ ᠦᠭᠡᠢ᠂ ᠵᠢᠭ᠋ᠠᠰᠤ ᠰᠠᠮ ᠬᠣᠷᠣᠬᠠᠢ ᠵᠡᠷᠭᠡ ᠵᠢ ᠭᠦᠬᠢᠳᠡᠬᠦ ᠦᠭᠡᠢ  ᠃
     4 . ᠭᠤᠤᠯ᠂ ᠨᠠᠭᠤᠷ ᠴᠥᠭᠥᠷᠥᠮ ᠵᠡᠷᠭᠡ ᠤᠰᠤᠨ ᠣᠷᠣᠨ᠎ᠳᠤ ᠣᠴᠢᠵᠤ ᠤᠮᠪᠠᠬᠤ ᠥᠬᠡᠶ᠃
     5 . ᠤᠮᠪᠠᠯᠲᠠ ᠵᠢᠨ ᠴᠥᠭᠥᠷᠥᠮ᠎ᠳᠤ ᠠᠯᠢᠶᠠᠷᠬᠠᠵᠤ ᠨᠠᠭ᠋ᠠᠳᠬᠤ ᠦᠭᠡᠢ᠃
     6 . ᠤᠰᠤᠨ᠎ᠳᠤ ᠤᠨᠠᠭᠰᠠᠳ᠎ᠢ ᠣᠯᠵᠤ ᠮᠡᠳᠡᠪᠡᠯ᠂ ᠳᠠᠷᠤᠶ᠎ᠳᠤ᠎ᠨᠢ ᠲᠣᠮᠣ ᠬᠥᠮᠦᠨ᠎ᠤ ᠬᠠᠪᠰᠤᠷᠤᠯᠭ᠎ᠠ ᠵᠢ ᠡᠷᠢᠬᠦ ᠵᠢᠨ ᠬᠠᠮᠲᠤ ᠤᠰᠤᠨ᠎ᠳᠤ ᠤᠨᠠᠭᠰᠠᠳ᠎ᠲᠤ ᠠᠪᠤᠷᠠᠬᠤ ᠴᠠᠭ᠋ᠠᠷᠢᠭ᠂ ᠬᠥᠭᠡᠰᠦᠲᠦ ᠬᠠᠪᠲᠠᠰᠤ᠂ ᠠᠪᠤᠷᠠᠬᠤ ᠳᠡᠭᠡᠰᠦ ᠵᠡᠷᠭᠡ ᠵᠢ ᠬᠠᠶᠠᠵᠤ ᠥᠭᠭᠦᠨ᠎ᠡ᠂ ᠬᠠᠷᠢᠨ ᠰᠣᠬᠣᠷ ᠪᠠᠯᠠᠶ᠎ᠪᠠᠷ ᠠᠪᠤᠷᠠᠵᠤ ᠪᠣᠯᠬᠤ ᠦᠭᠡᠢ᠃
     02 . ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠠᠩᠬᠠᠷᠤᠨ᠎ᠠ
     7 . ᠵᠠᠮ ᠬᠠᠷᠢᠯᠴᠠᠭ᠋ᠠᠨ᠎ᠤ ᠬᠠᠤᠯᠢ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠡᠯ᠎ᠡ ᠵᠦᠢ᠍ᠯ᠎ᠤᠨ ᠬᠣᠷᠢᠭ᠎ᠠ ᠵᠠᠷᠯᠢᠭ᠎ᠤᠨ ᠲᠡᠮᠳᠡᠭ᠎ᠢ ᠵᠥᠷᠢᠴᠡᠬᠦ ᠥᠬᠡᠶ ᠪᠠᠶ᠋ᠢᠬᠤ ᠬᠡᠷᠡᠭᠲᠡᠶ᠃
     8 . ᠪᠦᠬᠦᠯᠢ 12 ᠨᠠᠰᠤ ᠬᠦᠷᠦᠭᠡᠳᠦᠢ ᠪᠣᠯ ᠳᠤᠭᠤᠶ ᠲᠡᠷᠭᠡ ᠤᠨᠤᠬᠤ ᠥᠬᠡᠶ᠂ ᠪᠦᠬᠦᠯᠢ 16 ᠨᠠᠰᠤ ᠬᠦᠷᠦᠭᠡᠳᠦᠢ ᠪᠣᠯ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ ᠤᠨᠤᠬᠤ ᠥᠬᠡᠶ᠃
     9 . ᠠᠯᠬᠤᠬᠤ ᠪᠤᠶᠤ ᠳᠤᠭᠤᠶ ᠤᠨᠤᠬᠤ᠎ᠳᠤ᠎ᠪᠠᠨ ᠭᠠᠷ ᠤᠲᠠᠰᠤ ᠦᠵᠡᠬᠦ ᠥᠬᠡᠶ᠂ ᠳᠠᠭᠤᠤ ᠬᠥᠭᠵᠢᠮ ᠰᠣᠨᠣᠰᠬᠤ ᠥᠬᠡᠶ᠂ ᠠᠯᠢᠶᠠᠷᠬᠠᠵᠤ ᠨᠠᠭ᠋ᠠᠳᠬᠤ ᠥᠬᠡᠶ᠃ ᠬᠡᠷᠪᠡ ᠣᠨᠴᠠᠭ᠋ᠠᠢ ᠴᠠᠭ ᠠᠭᠤᠷ ᠲᠣᠬᠢᠶᠠᠯᠳᠤᠪᠠᠯ᠂ ᠢᠯᠡ ᠥᠩᠭᠡ᠎ᠲᠠᠢ ᠬᠤᠪᠴᠠᠰᠤ ᠡᠮᠦᠰᠴᠦ᠂ ᠵᠠᠷ᠎ᠤᠨ ᠫᠠᠶ᠋ᠢᠰᠠ᠂ ᠬᠦᠴᠦᠳᠡᠯ ᠥᠭᠡᠷᠡᠴᠢᠯᠡᠭᠴᠢ᠂ ᠴᠠᠬᠢᠯᠭ᠋ᠠᠨ ᠲᠦᠭᠡᠭᠡᠬᠦ ᠬᠠᠶ᠋ᠢᠷᠴᠠᠭ᠂ ᠥᠨᠳᠥᠷ ᠬᠦᠴᠦᠳᠡᠯᠲᠦ ᠴᠠᠬᠢᠯᠭ᠋ᠠᠨ ᠤᠲᠠᠰᠤ ᠵᠡᠷᠭᠡ ᠠᠶᠤᠯᠲᠤ ᠪᠣᠳᠠᠰ᠎ᠠᠴᠠ ᠵᠠᠶ᠋ᠢᠯᠠᠬᠤ ᠵᠢ ᠠᠩᠬᠠᠷᠬᠤ ᠬᠡᠷᠡᠭᠲᠡᠶ᠃
     10 . ᠮᠠᠰᠢᠨ ᠲᠡᠷᠭᠡᠨ᠎ᠤ ᠣᠷᠣᠵᠤ ᠭᠠᠷᠬᠤ ᠡᠭᠦᠳᠡ᠂ ᠵᠠᠮ᠎ᠤᠨ ᠬᠠᠵᠠᠭᠤ ᠪᠤᠶᠤ ᠲᠡᠷᠭᠡ ᠤᠨᠤᠭ᠋ᠠᠨ᠎ᠤ ᠪᠠᠯᠠᠶ ᠣᠷᠣᠨ᠎ᠳᠤ ᠠᠯᠢᠶᠠᠷᠬᠠᠵᠤ ᠨᠠᠭ᠋ᠠᠳᠬᠤ ᠦᠭᠡᠶ᠃
     11 . ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠡᠷᠭᠡᠨ᠎ᠳᠤ ᠰᠠᠭᠤᠬᠤ᠎ᠳᠤ᠎ᠪᠠᠨ ᠳᠦᠷᠢᠮ᠎ᠢ ᠤᠬᠠᠮᠰᠠᠷ᠎ᠠᠴᠠ᠎ᠪᠠᠨ ᠵᠢᠷᠤᠮᠯᠠᠬᠤ ᠬᠡᠷᠡᠭᠲᠡᠶ᠃
     12 . ᠲᠡᠮᠦᠷ ᠵᠠᠮ᠎ᠢ ᠳᠤᠷ᠎ᠠ᠎ᠪᠠᠷ ᠥᠩᠭᠡᠷᠡᠬᠦ ᠦᠭᠡᠢ᠂ ᠲᠡᠮᠦᠷ ᠵᠠᠮ᠎ᠤᠨ ᠬᠠᠵᠠᠭᠤ᠎ᠳᠤ ᠠᠯᠬᠤᠬᠤ ᠦᠭᠡᠢ ᠪᠤᠶᠤ ᠲᠡᠮᠦᠷ ᠵᠠᠮ᠎ᠤᠨ ᠠᠭᠤᠯᠵᠠᠷ᠎ᠳᠤ ᠨᠠᠭ᠋ᠠᠳᠬᠤ ᠦᠭᠡᠢ᠃
     03 . ᠭᠡᠷ᠎ᠲᠤ ᠰᠠᠭᠤᠬᠤ ᠠᠮᠤᠷ ᠲᠦᠪᠰᠢᠨ᠎ᠢ ᠠᠩᠬᠠᠷᠤᠨ᠎ᠠ
     13 . ᠬᠥᠪᠦᠮᠡᠯ ᠴᠣᠩᠬᠣ ᠪᠤᠶᠤ ᠨᠠᠷᠠᠪᠴᠢᠨ ᠳᠡᠭᠡᠷ᠎ᠡ ᠨᠠᠭ᠋ᠠᠳᠬᠤ ᠦᠭᠡᠢ᠃
     14 . ᠨᠣᠢ᠌ᠲᠠᠨ ᠭᠠᠷ ᠪᠤᠶᠤ ᠨᠣᠢ᠌ᠲᠠᠨ ᠪᠥᠰ ᠵᠶ᠋ᠠᠷ ᠭᠡᠷ᠎ᠤᠨ ᠴᠠᠬᠢᠯᠭ᠋ᠠᠨ ᠬᠡᠷᠡᠭᠰᠡᠯ᠎ᠳᠤ ᠬᠦᠷᠦᠯᠴᠡᠬᠦ     ᠦᠭᠡᠢ᠃
     15 . ᠲᠠᠨᠢᠬᠤ ᠦᠭᠡᠶ ᠬᠥᠮᠦᠨ᠎ᠳᠤ ᠡᠭᠦᠳᠡ ᠨᠡᠭᠡᠭᠡᠵᠦ ᠥᠭᠬᠦ ᠦᠭᠡᠶ᠃
     16 . ᠴᠣᠩᠬᠤ᠎ᠪᠠᠷ ᠶᠠᠭᠤᠮ᠎ᠠ ᠬᠠᠶᠠᠬᠤ ᠦᠭᠡᠢ᠃
     17 . ᠰᠢᠲᠠᠮᠠᠬᠠᠶ ᠬᠡᠢ ᠵᠢᠨ ᠲᠥᠬᠥᠭᠡᠷᠦᠮᠵᠢ᠂ ᠢᠷᠲᠦ ᠪᠠᠭ᠋ᠠᠵᠢ ᠵᠡᠷᠭᠡ ᠵᠢ ᠡᠮᠬᠢ ᠵᠢᠷᠤᠮ᠎ᠲᠠᠢ ᠬᠡᠷᠡᠭᠯᠡᠨ᠎ᠡ᠃
     18 . ᠭᠠᠯ ᠵᠶ᠋ᠠᠷ ᠨᠠᠭ᠋ᠠᠳᠬᠤ ᠦᠭᠡᠢ᠂ ᠭᠠᠯ ᠭᠠᠷᠤᠭᠰᠠᠨ᠎ᠢ ᠣᠯᠵᠤ ᠮᠡᠳᠡᠪᠡᠯ᠂ ᠳᠠᠷᠤᠢ᠎ᠳᠤ᠎ᠨᠢ 119᠎ᠳᠤ ᠤᠲᠠᠰᠤᠳᠠᠨ᠎ᠠ᠃
     04 . ᠰᠦᠯᠵᠢᠶ᠎ᠡ ᠵᠢ ᠠᠮᠤᠷ ᠲᠦᠪᠰᠢᠨ ᠬᠡᠷᠡᠭᠯᠡᠨ᠎ᠡ
     19 . ᠭᠠᠷ ᠤᠲᠠᠰᠤ᠂ ᠺᠣᠮᠫᠢᠦ᠋ᠲ᠋ᠧᠷ ᠵᠡᠷᠭᠡ ᠡᠯᠧᠺᠲᠷᠣᠨ ᠦᠢ᠍ᠯᠡᠳᠭᠦᠨ᠎ᠤ ᠬᠡᠷᠡᠭᠯᠡᠬᠦ ᠴᠠᠭ᠎ᠢ ᠡᠵᠡᠮᠳᠡᠵᠦ᠂ ᠰᠦᠯᠵᠢᠶᠡᠨ᠎ᠳᠤ ᠰᠢᠨᠤᠬᠤ ᠥᠬᠡᠶ᠃
     20 . ᠬᠤᠪᠢ ᠬᠥᠮᠦᠨ᠂ ᠬᠡᠷ᠎ᠤᠨ ᠬᠥᠮᠦᠨ ᠵᠢᠴᠢ ᠪᠤᠰᠤᠳ ᠬᠥᠮᠦᠨ᠎ᠤ ᠬᠤᠪᠢ ᠬᠥᠮᠦᠨ᠎ᠤ ᠮᠡᠳᠡᠭᠡ ᠵᠠᠩᠭᠢ ᠵᠢ ᠰᠦᠯᠵᠢᠶᠡᠨ᠎ᠳᠤ ᠳᠠᠮᠵᠢᠭᠤᠯᠬᠤ ᠥᠬᠡᠶ᠃
     21 . ᠬᠦᠴᠦᠷᠬᠡᠭᠯᠡᠯ᠂ ᠱᠠᠯᠢᠭ ᠵᠠᠪᠬᠠᠶ ᠵᠡᠷᠭᠡ ᠪᠡᠶ᠎ᠡ ᠰᠡᠳᠬᠢᠯ᠎ᠤᠨ ᠡᠷᠡᠭᠦᠯ ᠮᠡᠨᠳᠦ᠎ᠳᠤ ᠬᠤᠤᠷᠲᠠᠶ ᠰᠦᠯᠵᠢᠶᠡᠨ᠎ᠤ ᠲᠣᠭᠯᠠᠭ᠋ᠠᠮ ᠨᠠᠭ᠋ᠠᠳᠬᠤ ᠥᠬᠡᠶ᠃
     22 . ᠰᠦᠯᠵᠢᠶᠡᠨ᠎ᠤ ᠳᠣᠷᠣᠮᠵᠢᠯᠠᠯ ᠶᠠᠪᠤᠭᠤᠯᠬᠤ ᠦᠭᠡᠶ᠃
     23 . ᠰᠦᠯᠵᠢᠶᠡᠨ ᠨᠠᠶ᠋ᠢᠵᠠ᠎ᠲᠠᠢ ᠲᠠᠨᠢᠯᠴᠠᠬᠤ᠎ᠳᠤ᠎ᠪᠠᠨ ᠪᠣᠯᠭᠣᠮᠵᠢᠲᠠᠶ ᠪᠠᠢ᠌ᠵᠤ᠂ ᠰᠦᠯᠵᠢᠶᠡᠨ ᠨᠠᠶ᠋ᠢᠵᠠ᠎ᠲᠠᠢ ᠠᠭᠤᠯᠵᠠᠬᠤ᠎ᠳᠤ᠎ᠪᠠᠨ ᠪᠣᠯᠭᠣᠮᠵᠢᠲᠠᠶ ᠪᠠᠢ᠌ᠬᠤ ᠬᠡᠷᠡᠭᠲᠡᠢ᠃ ᠪᠡᠯᠡᠨ ᠵᠣᠭᠣᠰ ᠨᠡᠮᠡᠬᠦ᠂ 《ᠪᠡᠯᠡᠭ》 ᠬᠤᠳᠠᠯᠳᠤᠨ ᠠᠪᠬᠤ᠂ ᠰᠦᠯᠵᠢᠶᠡᠨ᠎ᠳᠤ ᠲᠣᠭ᠋ᠠᠴᠠᠭ᠎ᠠ ᠬᠢᠬᠦ ᠵᠡᠷᠭᠡ ᠡᠯ᠎ᠡ ᠲᠥᠷᠥᠯ᠎ᠤᠨ ᠱᠠᠩᠨᠠᠯᠲᠤ ᠦᠢ᠍ᠯᠡᠴᠢᠯᠡᠭᠡ᠎ᠳᠤ ᠣᠷᠣᠯᠴᠠᠬᠤ ᠥᠬᠡᠶ ᠪᠠᠶ᠋ᠢᠵᠤ᠂ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠨ᠎ᠡ᠃
     24 . ᠪᠡᠶ᠎ᠡ ᠰᠡᠳᠬᠢᠯ᠎ᠤᠨ ᠡᠷᠡᠭᠦᠯ ᠮᠡᠨᠳᠦ᠎ᠳᠤ ᠬᠤᠤᠷ ᠬᠥᠨᠥᠭᠡᠯ᠎ᠲᠠᠢ ᠰᠦᠯᠵᠢᠶᠡᠨ᠎ᠤ ᠦᠢ᠍ᠯᠡᠳᠭᠦᠨ ᠪᠤᠶᠤ ᠰᠦᠯᠵᠢᠶᠡᠨ᠎ᠤ ᠦᠢ᠍ᠯᠡᠴᠢᠯᠡᠭᠡ ᠵᠢ ᠣᠯᠵᠤ ᠮᠡᠳᠡᠪᠡᠯ ᠳᠠᠷᠤᠢ᠎ᠳᠤ᠎ᠨᠢ ᠵᠠᠭ᠋ᠠᠯᠳᠤᠵᠤ᠂ ᠢᠯᠡᠴᠢᠯᠡᠨ ᠮᠡᠳᠡᠭᠦᠯᠬᠦ ᠬᠡᠷᠡᠭᠲᠡᠶ᠃
     05 . ᠵᠢᠭᠤᠯᠴᠢᠯᠠᠯ᠎ᠤᠨ ᠠᠮᠤᠷ ᠲᠦᠪᠰᠢᠨ᠎ᠢ ᠴᠢᠬᠤᠯᠠᠴᠢᠯᠠᠨ᠎ᠠ
     25 . 《ᠵᠢᠭᠤᠯᠴᠢᠯᠠᠯ》 ᠪᠤᠶᠤ ᠪᠠᠷᠲᠠᠭ᠎ᠠ ᠬᠠᠶ᠋ᠢᠬᠤ ᠵᠢᠭᠤᠯᠴᠢᠯᠠᠯ᠎ᠳᠤ ᠣᠷᠣᠯᠴᠠᠬᠤ ᠦᠭᠡᠶ᠃
     26 . ᠭᠠᠵᠠᠷ᠎ᠤᠨ ᠭᠠᠮᠰᠢᠭ ᠣᠯᠠᠨ ᠭᠠᠷᠳᠠᠭ ᠣᠷᠣᠨ᠎ᠳᠤ ᠣᠴᠢᠵᠤ ᠵᠢᠭᠤᠯᠴᠢᠯᠠᠬᠤ ᠦᠭᠡᠶ᠃ ᠣᠨᠴᠠᠭ᠋ᠠᠢ ᠠᠭᠤᠷ ᠠᠮᠢᠰᠬᠤᠯ ᠲᠣᠬᠢᠶᠠᠯᠳᠤᠪᠠᠯ᠂ ᠠᠭᠤᠯᠠᠷᠬᠠᠭ ᠣᠷᠣᠨ᠂ ᠭᠣᠣᠯ᠎ᠤᠨ ᠬᠥᠨᠳᠡᠶ ᠵᠡᠷᠭᠡ ᠠᠶᠤᠯ ᠲᠦᠭᠰᠢᠭᠦᠷᠢᠲᠦ ᠭᠠᠵᠠᠷ ᠣᠷᠣᠨ ᠵᠶ᠋ᠠᠷ ᠵᠤᠭ᠋ᠠᠴᠠᠬᠤ ᠦᠭᠡᠶ᠂ ᠤᠰᠤ ᠵᠢ ᠪᠣᠯᠤᠮᠵᠢ ᠦᠭᠡᠶ ᠬᠡᠲᠦᠯᠬᠦ ᠦᠭᠡᠶ᠃
     27 . ᠨᠡᠶ᠋ᠢᠲᠡ ᠵᠢᠨ ᠮᠠᠰᠢᠨ ᠲᠡᠷᠭᠡ᠂ ᠵᠤᠭ᠋ᠠᠴᠠᠯ᠎ᠤᠨ ᠣᠩᠭᠣᠴᠠ᠂ ᠨᠢᠰᠬᠡᠯ ᠵᠡᠷᠭᠡ᠎ᠳᠤ ᠰᠠᠭᠤᠬᠤ᠎ᠳᠤ᠎ᠪᠠᠨ ᠠᠮᠤᠷ ᠲᠦᠪᠰᠢᠨ᠎ᠤ ᠪᠦᠰᠡ ᠵᠢ ᠤᠬᠠᠮᠰᠠᠷ᠎ᠠᠴᠠ᠎ᠪᠠᠨ ᠪᠦᠰᠡᠯᠡᠬᠦ ᠬᠡᠷᠡᠭᠲᠡᠶ᠃
     28 . ᠪᠠᠭᠤᠳᠠᠯ᠎ᠳᠤ ᠣᠷᠣᠪᠠᠯ᠂ ᠭᠠᠯ ᠤᠨᠲᠠᠷᠠᠭ᠋ᠠᠬᠤ ᠵᠠᠮ ᠵᠢᠴᠢ ᠠᠮᠤᠷ ᠲᠦᠪᠰᠢᠨ᠎ᠤ ᠭᠠᠷᠬᠤ ᠡᠭᠦᠳᠡ ᠵᠢ ᠳᠠᠷᠤᠢ᠎ᠳᠤ᠎ᠨᠢ ᠣᠢ᠌ᠯᠠᠭ᠋ᠠᠵᠤ ᠠᠪᠬᠤ ᠬᠡᠷᠡᠭᠲᠡᠶ᠃
     29 . ᠠᠶᠤᠯᠲᠠᠢ ᠭᠡᠬᠦ ᠲᠡᠮᠳᠡᠭ ᠲᠠᠯᠪᠢᠭᠰᠠᠨ ᠭᠠᠵᠠᠷ᠎ᠲᠤ ᠵᠣᠭᠰᠣᠬᠤ ᠦᠭᠡᠢ᠂ ᠰᠡᠭᠦᠳᠡᠷᠯᠡᠬᠦ ᠵᠢ ᠬᠣᠷᠢᠭᠯᠠᠭᠰᠠᠨ ᠭᠠᠵᠠᠷ᠎ᠲᠤ ᠭᠡᠷᠡᠯ ᠵᠢᠷᠤᠭ ᠠᠪᠬᠤ ᠦᠭᠡᠢ᠂ ᠵᠢᠷᠤᠭ ᠲᠥᠷᠰᠦ ᠰᠢᠩᠭᠡᠭᠡᠬᠦ ᠦᠭᠡᠢ᠃
     30 . ᠬᠡᠷᠪᠡ ᠭᠡᠨᠡᠳᠲᠡ ᠵᠢᠨ ᠬᠡᠷᠡᠭ ᠲᠣᠬᠢᠶᠠᠯᠳᠤᠪᠠᠯ᠂ ᠵᠢᠯᠣᠭᠣᠳᠤᠯᠭ᠎ᠠ ᠵᠢ ᠳᠠᠭ᠋ᠠᠵᠤ᠂ ᠯᠠᠪᠳᠠᠭᠤᠨ ᠲᠣᠭᠲᠠᠭᠤᠨ ᠠᠷᠭ᠋ᠠᠴᠠᠨ᠎ᠠ᠃
     06 . ᠰᠡᠳᠬᠢᠴᠡ ᠵᠢᠨ ᠠᠮᠤᠷ ᠲᠦᠪᠰᠢᠨ᠎ᠢ ᠴᠢᠩᠭ᠋ᠠᠳᠬᠠᠨ᠎ᠠ
     31 . ᠣᠶᠤᠨᠴᠢ ᠡᠶᠡᠯᠳᠡᠭ ᠰᠡᠳᠬᠢᠴᠡ᠎ᠪᠠᠷ ᠳᠡᠷᠭᠡᠳᠡᠬᠢ ᠬᠥᠮᠦᠨ ᠪᠤᠶᠤ ᠬᠡᠷᠡᠭ᠎ᠲᠤ ᠬᠠᠨᠳᠤᠨ᠎ᠠ᠃
     32 . ᠪᠤᠬᠢᠨᠢᠳᠤᠬᠤ ᠦᠶᠡᠰ᠂ ᠬᠥᠳᠡᠯᠭᠡᠭᠡᠨ ᠬᠢᠬᠦ᠂ ᠰᠣᠯᠢᠯᠴᠠᠬᠤ᠂ ᠠᠭᠤᠵᠢᠷᠠᠲᠠᠯ᠎ᠠ ᠶᠠᠷᠢᠬᠤ ᠵᠡᠷᠭᠡ᠎ᠪᠠᠷ ᠳᠠᠮᠵᠢᠨ ᠪᠣᠬᠢᠨᠢᠳᠤᠯ ᠵᠶ᠋ᠠᠨ ᠠᠷᠢᠯᠭ᠋ᠠᠨ᠎ᠠ᠃
     33 . ᠰᠡᠳᠬᠢᠯ ᠲᠣᠭᠲᠠᠪᠤᠷᠢ ᠦᠭᠡᠢ ᠦᠶᠡᠰ᠂ ᠭᠡᠷ᠎ᠤᠨ ᠠᠬᠠᠮᠠᠳ᠂ ᠪᠠᠭᠰᠢ᠂ ᠲᠣᠭᠣᠷᠢᠭ᠎ᠤᠨ ᠰᠡᠳᠬᠢᠴᠡ ᠵᠢᠨ ᠲᠥᠪ᠎ᠤᠨ 24 ᠴᠠᠭ᠎ᠤᠨ ᠬᠠᠯᠠᠮᠰᠢᠯ ᠤᠲᠠᠰᠤ ᠪᠤᠶᠤ 12355᠂ 962525 ᠰᠡᠳᠬᠢᠴᠡ ᠵᠢᠨ ᠬᠠᠯᠠᠮᠰᠢᠯ ᠤᠲᠠᠰᠤ ᠵᠡᠷᠭᠡ ᠵᠢᠨ ᠬᠠᠪᠰᠤᠷᠤᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠷᠢᠨ᠎ᠡ᠃
     34 . ᠨᠤᠭᠤᠷᠠᠯ ᠪᠦᠳᠦᠷᠢᠯ᠎ᠳᠤ ᠤᠴᠠᠷᠠᠪᠠᠯ᠂ ᠢᠳᠡᠪᠬᠢᠲᠡᠢ ᠰᠡᠳᠬᠢᠴᠡ ᠵᠢᠨ ᠳᠣᠬᠢᠯᠲᠠ᠎ᠪᠠᠷ ᠥᠪᠡᠷ᠎ᠤᠨ ᠢᠲᠡᠭᠡᠯ ᠵᠣᠷᠢᠭ ᠵᠶ᠋ᠠᠨ ᠬᠥᠭᠵᠢᠭᠡᠨ᠎ᠡ᠃    
     35 . ᠥᠪᠡᠷ᠎ᠤᠨ ᠴᠢᠷᠮᠠᠶ᠋ᠢᠯᠭ᠎ᠠ᠎ᠪᠠᠨ ᠮᠡᠳᠡᠷᠡᠵᠦ᠂ ᠰᠢᠯᠭ᠋ᠠᠯᠲᠠ ᠵᠢᠨ ᠦᠷ᠎ᠡ ᠳ᠋ᠦᠩ᠎ᠢ ᠬᠦᠯᠢᠶᠡᠨ ᠠᠪᠤᠨ᠎ᠠ᠃  
     36 . ᠤᠷᠮ᠎ᠠ ᠰᠡᠳᠬᠢᠯᠭᠡ᠎ᠪᠠᠨ ᠡᠵᠡᠮᠳᠡᠬᠦ ᠵᠢ ᠰᠤᠷᠴᠤ᠂ ᠪᠠᠶᠠᠷ ᠬᠥᠷᠲᠡᠢ᠎ᠪᠠᠷ ᠡᠳᠦᠷ ᠪᠦᠷᠢ ᠵᠢ ᠥᠩᠭᠡᠷᠡᠭᠦᠯᠦᠨ᠎ᠡ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠤᠰᠤᠨ᠎ᠤ ᠡᠨᠳᠡᠯ᠎ᠢ ᠰᠡᠷᠭᠡᠶ᠋ᠢᠯᠡᠬᠦ᠂ ᠨᠠᠷᠠᠰᠢᠬᠤ ᠵᠢ ᠰᠡᠷᠭᠡᠶ᠋ᠢᠯᠡᠬᠦ ᠁ ᠵᠣᠨ᠎ᠤ ᠠᠮᠠᠷᠠᠯᠲᠠ ᠵᠢᠨ ᠠᠮᠤᠷ ᠲᠦᠪᠰᠢᠨ᠎ᠤ ᠠᠷᠭ᠎ᠠ ᠪᠣᠳᠣᠯᠭ᠎ᠠ — ᠵᠤᠨ᠎ᠤ ᠠᠮᠠᠷᠠᠯᠲᠠ᠎ᠪᠠᠨ ᠠᠮᠤᠷ ᠲᠦᠪᠰᠢᠨ ᠪᠠᠶᠠᠷ ᠬᠥᠷᠲᠡᠢ ᠥᠩᠭᠡᠷᠡᠭᠦᠯᠦᠶ᠎ᠡ
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ①
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ②
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ③
ᠵᠣᠨ᠎ᠤ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ᠎ᠳᠤ ᠶᠠᠭᠤ ᠵᠢ ᠠᠩᠬᠠᠷᠬᠤ ᠪᠣᠶ? ④
 
             蒙ICP备05000248号