ᠮᠠᠨ᠎ᠤ ᠣᠷᠣᠨ᠎ᠤ 2023 ᠣᠨ᠎ᠤ ᠳᠤᠤᠷ᠎ᠠ ᠬᠠᠭ᠋ᠠᠰ ᠵᠢᠯ᠎ᠤᠨ ᠪᠥᠬᠥ ᠤᠯᠤᠰ᠎ᠤᠨ ᠶᠡᠬᠡ ᠰᠤᠷᠭ᠋ᠠᠭᠤᠯᠢ ᠵᠢᠨ ᠠᠨᠭ᠌ᠭ᠍ᠯᠢ ᠬᠡᠯᠡᠨ᠎ᠤ ᠳᠥᠷᠪᠡᠳᠦᠭᠡᠷ᠂ ᠵᠢᠷᠭᠤᠳᠤᠭ᠋ᠠᠷ ᠳᠡᠰ᠎ᠤᠨ ᠰᠢᠯᠭ᠋ᠠᠯᠲᠠ ᠵᠢᠨ ᠪᠢᠷ᠎ᠤᠨ ᠰᠢᠯᠭ᠋ᠠᠯᠲᠠ (CET) ᠪᠠ ᠠᠮᠠᠨ ᠰᠢᠯᠭ᠋ᠠᠯᠲᠠ (CET - SET) ᠵᠢᠨ ᠨᠡᠷ᠎ᠡ ᠮᠡᠳᠡᠭᠦᠯᠬᠦ ᠠᠵᠢᠯ ᠤᠳᠠᠯ ᠥᠬᠡᠶ ᠡᠬᠢᠯᠡᠬᠦ ᠭᠡᠵᠦ ᠪᠠᠶ᠋ᠢᠨ᠎ᠠ᠂ ᠡᠳᠦᠭᠡ ᠨᠡᠷ᠎ᠡ ᠮᠡᠳᠡᠭᠦᠯᠬᠦ᠎ᠳᠤ ᠬᠣᠯᠪᠤᠭᠳᠠᠬᠤ ᠵᠦᠢ᠍ᠯ᠎ᠢ ᠮᠡᠳᠡᠭᠳᠡᠪᠡ᠄
ᠨᠢᠭᠡ᠂ ᠰᠢᠯᠭ᠋ᠠᠬᠤ ᠬᠢᠴᠢᠶᠡᠯ ᠵᠢᠴᠢ ᠴᠠᠭ
ᠪᠢᠷ᠎ᠤᠨ ᠰᠢᠯᠭ᠋ᠠᠯᠲᠠ (CET) ᠵᠢᠨ ᠰᠢᠯᠭ᠋ᠠᠬᠤ ᠴᠠᠭ 12 ᠰᠠᠷ᠎ᠠ ᠵᠢᠨ 16᠎ᠤ ᠡᠳᠦᠷ᠂ ᠠᠨᠭ᠌ᠭ᠍ᠯᠢ ᠬᠡᠯᠡᠨ᠎ᠤ ᠳᠥᠷᠪᠡᠳᠦᠭᠡᠷ ᠳᠡᠰ ᠪᠠ ᠵᠢᠷᠭᠤᠳᠤᠭ᠋ᠠᠷ ᠳᠡᠰ ᠪᠣᠯᠤᠨ᠎ᠠ᠃
ᠪᠦᠬᠦ ᠤᠯᠤᠰ᠎ᠤᠨ ᠶᠡᠬᠡ ᠰᠤᠷᠭ᠋ᠠᠭᠤᠯᠢ ᠵᠢᠨ ᠠᠨᠭ᠌ᠭ᠍ᠯᠢ ᠬᠡᠯᠡᠨ᠎ᠤ ᠳᠥᠷᠪᠡᠳᠦᠭᠡᠷ ᠳᠡᠰ᠂ ᠵᠢᠷᠭᠤᠳᠤᠭ᠋ᠠᠷ ᠳᠡᠰ᠎ᠤᠨ ᠠᠮᠠᠨ ᠰᠢᠯᠭ᠋ᠠᠯᠲᠠ (CET-SET ᠭᠡᠵᠦ ᠳᠦᠭᠦᠮᠴᠢᠯᠡᠨ᠎ᠡ) ᠵᠢᠨ ᠰᠢᠯᠭ᠋ᠠᠬᠤ ᠴᠠᠭ 11 ᠰᠠᠷ᠎ᠠ ᠵᠢᠨ 18-19᠎ᠤ ᠡᠳᠦᠷ ᠪᠣᠯᠤᠨ᠎ᠠ᠂ ᠡᠭᠦᠨ᠎ᠳᠤ 18᠎ᠤ ᠡᠳᠦᠷ ᠠᠨᠭ᠌ᠭ᠍ᠯᠢ ᠬᠡᠯᠡᠨ᠎ᠤ ᠶᠠᠷᠢᠶᠠᠨ᠎ᠤ ᠬᠡᠯᠡᠨ᠎ᠤ ᠳᠥᠷᠪᠡᠳᠦᠭᠡᠷ ᠳᠡᠰ᠎ᠢ ᠡᠬᠢᠯᠡᠵᠦ ᠰᠢᠯᠭ᠋ᠠᠨ᠂ 19᠎ᠤ ᠡᠳᠦᠷ ᠠᠨᠭ᠌ᠭ᠍ᠯᠢ ᠬᠡᠯᠡᠨ᠎ᠤ ᠶᠠᠷᠢᠶᠠᠨ᠎ᠤ ᠬᠡᠯᠡᠨ᠎ᠤ ᠵᠢᠷᠭᠤᠳᠤᠭ᠋ᠠᠷ ᠳᠡᠰ᠎ᠢ ᠡᠬᠢᠯᠡᠵᠦ ᠰᠢᠯᠭ᠋ᠠᠨ᠎ᠠ᠃
ᠬᠣᠶᠠᠷ᠂ ᠨᠡᠷ᠎ᠡ ᠮᠡᠳᠡᠭᠦᠯᠬᠦ ᠴᠠᠭ
9 ᠰᠠᠷ᠎ᠠ ᠵᠢᠨ 15᠎ᠤ ᠡᠳᠦᠷ᠎ᠤᠨ 10᠄ 00 - 9 ᠰᠠᠷ᠎ᠠ ᠵᠢᠨ 25᠎ᠤ ᠡᠳᠦᠷ᠎ᠤᠨ 17᠄ 00᠃
ᠭᠤᠷᠪᠠ᠂ ᠨᠡᠷ᠎ᠡ ᠮᠡᠳᠡᠭᠦᠯᠬᠦ ᠱᠠᠭ᠋ᠠᠷᠳᠠᠯᠭ᠎ᠠ
1 . ᠲᠣᠭᠲᠠᠭ᠋ᠠᠯ ᠶᠣᠰᠤ᠎ᠪᠠᠷ᠂ ᠪᠢᠷ᠎ᠤᠨ ᠰᠢᠯᠭ᠋ᠠᠯᠲᠠ (CET)᠎ᠳᠤ ᠨᠡᠷ᠎ᠡ ᠮᠡᠳᠡᠭᠦᠯᠬᠦ᠎ᠳᠤ ᠪᠦᠬᠦᠯᠢ ᠡᠳᠦᠷ᠎ᠤᠨ ᠳᠦᠷᠢᠮᠲᠦ ᠡᠩ᠎ᠤᠨ ᠪᠠ ᠨᠠᠰᠤᠨ᠎ᠳᠤ ᠭᠦᠷᠦᠭᠰᠡᠳ᠎ᠤᠨ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ᠂ ᠲᠤᠰᠬᠠᠶ ᠮᠡᠷᠭᠡᠵᠢᠯ᠎ᠤᠨ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ᠂ ᠰᠤᠷᠭ᠋ᠠᠭᠤᠯᠢ᠎ᠳᠤ ᠪᠠᠶ᠋ᠢᠭ᠎ᠠ ᠰᠣᠳᠤᠯᠬᠤ ᠰᠤᠷᠤᠭᠴᠢ ᠪᠠᠶ᠋ᠢᠬᠤ ᠬᠡᠷᠡᠭᠲᠡᠶ᠃
2 . ᠶᠡᠬᠡ ᠰᠤᠷᠭ᠋ᠠᠭᠤᠯᠢ ᠵᠢᠨ ᠠᠨᠭ᠌ᠭ᠍ᠯᠢ ᠬᠡᠯᠡᠨ᠎ᠤ ᠳᠥᠷᠪᠡᠳᠦᠭᠡᠷ ᠳᠡᠰ᠎ᠤᠨ ᠬᠢᠴᠢᠶᠡᠯ᠎ᠢ ᠰᠤᠷᠴᠤ ᠪᠠᠷᠠᠭᠰᠠᠨ ᠰᠤᠷᠤᠭᠴᠢ ᠠᠨᠭ᠌ᠭ᠍ᠯᠢ ᠬᠡᠯᠡᠨ᠎ᠤ ᠳᠥᠷᠪᠡᠳᠦᠭᠡᠷ ᠳᠡᠰ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠵᠦ ᠪᠣᠯᠤᠨ᠎ᠠ᠂ ᠶᠡᠬᠡ ᠰᠤᠷᠭ᠋ᠠᠭᠤᠯᠢ ᠵᠢᠨ ᠠᠨᠭ᠌ᠭ᠍ᠯᠢ ᠬᠡᠯᠡᠨ᠎ᠤ ᠵᠢᠷᠭᠤᠳᠤᠭ᠋ᠠᠷ ᠳᠡᠰ᠎ᠤᠨ ᠬᠢᠴᠢᠶᠡᠯ᠎ᠢ ᠰᠤᠷᠴᠤ ᠪᠠᠷᠠᠭᠰᠠᠨ ᠮᠥᠷᠲᠡᠭᠡᠨ ᠠᠨᠭ᠌ᠭ᠍ᠯᠢ ᠬᠡᠯᠡᠨ᠎ᠤ ᠳᠥᠷᠪᠡᠳᠦᠭᠡᠷ ᠳᠡᠰ᠎ᠤᠨ ᠬᠢᠷᠢ ᠪᠦᠲᠦᠮᠵᠢ 425 ᠬᠤᠪᠢ ᠵᠢᠴᠢ ᠲᠡᠭᠦᠨ᠎ᠠᠴᠠ ᠳᠡᠭᠡᠭᠰᠢᠬᠢ ᠰᠤᠷᠤᠭᠴᠢ ᠰᠠᠶᠢ ᠠᠨᠭ᠌ᠭ᠍ᠯᠢ ᠬᠡᠯᠡᠨ᠎ᠤ ᠵᠢᠷᠭᠤᠳᠤᠭ᠋ᠠᠷ ᠳᠡᠰ᠎ᠤᠨ ᠰᠢᠢ᠍ᠯᠭ᠋ᠠᠯᠲᠠᠳᠤ ᠨᠡᠷ᠎ᠡ ᠮᠡᠳᠡᠭᠦᠯᠵᠦ ᠪᠣᠯᠤᠨ᠎ᠠ᠃
3 . ᠠᠮᠠᠨ ᠰᠢᠯᠭ᠋ᠠᠯᠲᠠ (CET - SET)᠎ᠳᠤ ᠨᠡᠷ᠎ᠡ ᠮᠡᠳᠡᠭᠦᠯᠬᠦ᠎ᠳᠤ ᠤᠷᠢᠳ ᠵᠶ᠋ᠠᠷ ᠬᠠᠷᠠᠭ᠋ᠠᠯᠵᠠᠭᠰᠠᠨ ᠲᠠᠰ᠎ᠤᠨ ᠪᠢᠷ᠎ᠤᠨ ᠰᠢᠯᠭ᠋ᠠᠯᠲᠠ ᠵᠢᠨ ᠬᠢᠴᠢᠶᠡᠯ ᠲᠥᠷᠥᠯ᠎ᠳᠤ ᠨᠡᠷ᠎ᠡ ᠮᠡᠳᠡᠭᠦᠯᠬᠦ ᠬᠡᠷᠡᠭᠲᠡᠶ᠂ ᠲᠤᠬᠠᠢ᠌ᠯᠠᠪᠠᠯ᠂ ᠡᠨᠡ ᠤᠳᠠᠭ᠋ᠠᠨ᠎ᠤ ᠪᠢᠷ᠎ᠤᠨ ᠰᠢᠯᠭ᠋ᠠᠯᠲᠠ (CET) 4 ᠳ᠋ᠦ᠍ᠭᠡᠷ ᠳᠡᠰ᠎ᠲᠤ ᠨᠡᠷ᠎ᠡ ᠮᠡᠳᠡᠭᠦᠯᠦᠭᠰᠡᠨ᠎ᠤ ᠳᠠᠷᠠᠭ᠎ᠠ ᠠᠮᠠᠨ ᠰᠢᠯᠭ᠋ᠠᠯᠲᠠ (CET-SET) 4 ᠳ᠋ᠦ᠍ᠭᠡᠷ ᠳᠡᠰ᠎ᠲᠤ ᠨᠡᠷ᠎ᠡ ᠮᠡᠳᠡᠭᠦᠯᠦᠨ᠎ᠡ᠂ ᠡᠨᠡ ᠤᠳᠠᠭ᠋ᠠᠨ᠎ᠤ ᠪᠢᠷ᠎ᠤᠨ ᠰᠢᠯᠭ᠋ᠠᠯᠲᠠ (CET) 6 ᠳ᠋ᠤᠭ᠋ᠠᠷ ᠳᠡᠰ᠎ᠲᠤ ᠨᠡᠷ᠎ᠡ ᠮᠡᠳᠡᠭᠦᠯᠦᠭᠰᠡᠨ᠎ᠤ ᠳᠠᠷᠠᠭ᠎ᠠ ᠠᠮᠠᠨ ᠰᠢᠯᠭ᠋ᠠᠯᠲᠠ (CET-SET) 6 ᠳ᠋ᠤᠭ᠋ᠠᠷ ᠳᠡᠰ᠎ᠲᠤ ᠨᠡᠷ᠎ᠡ ᠮᠡᠳᠡᠭᠦᠯᠦᠨ᠎ᠡ᠃ ᠶᠠᠷᠢᠶᠠᠨ᠎ᠤ ᠬᠡᠯᠡ ᠰᠢᠯᠭ᠋ᠠᠭᠤᠯᠬᠤ ᠰᠤᠷᠤᠭᠴᠢᠳ ᠪᠢᠷ᠎ᠤᠨ ᠰᠢᠯᠭ᠋ᠠᠯᠲᠠ ᠵᠢᠨ ᠴᠡᠭ᠎ᠲᠤ ᠨᠡᠷ᠎ᠡ ᠮᠡᠳᠡᠭᠦᠯᠬᠦ ᠬᠡᠷᠡᠭᠲᠡᠶ᠂ ᠵᠠᠷᠴᠢᠮ ᠳᠡᠭᠡᠷ᠎ᠡ᠎ᠪᠠᠨ ᠰᠤᠷᠭ᠋ᠠᠭᠤᠯᠢ ᠠᠯᠤᠰᠯᠠᠨ ᠨᠡᠷ᠎ᠡ ᠮᠡᠳᠡᠭᠦᠯᠵᠦ ᠪᠣᠯᠬᠤ ᠥᠬᠡᠶ᠃
ᠳᠥᠷᠪᠡ᠂ ᠨᠡᠷ᠎ᠡ ᠮᠡᠳᠡᠭᠦᠯᠬᠦ ᠠᠷᠭ᠎ᠠ
ᠪᠥᠬᠥ ᠤᠯᠤᠰ᠎ᠤᠨ ᠰᠦᠯᠵᠢᠶᠡᠨ᠎ᠳᠤ ᠲᠥᠪᠯᠡᠷᠡᠭᠦᠯᠦᠨ ᠨᠡᠷ᠎ᠡ ᠮᠡᠳᠡᠭᠦᠯᠬᠦ ᠠᠷᠭ᠎ᠠ ᠮᠠᠶᠢᠭ᠎ᠢ ᠬᠡᠷᠡᠭᠯᠡᠨ᠂ ᠪᠢᠷ᠎ᠤᠨ ᠰᠢᠯᠭ᠋ᠠᠯᠲᠠ ᠪᠠ ᠶᠠᠷᠢᠶᠠᠨ᠎ᠤ ᠬᠡᠯᠡ ᠵᠡᠷᠭᠡ᠎ᠪᠠᠷ ᠨᠡᠷ᠎ᠡ ᠮᠡᠳᠡᠭᠦᠯᠵᠦ᠂ ᠰᠢᠯᠭ᠋ᠠᠭᠤᠯᠤᠭᠴᠢ ᠰᠦᠯᠵᠢᠶᠡᠨ᠎ᠤ ᠨᠡᠷ᠎ᠡ ᠮᠡᠳᠡᠭᠦᠯᠬᠦ ᠰᠢᠰᠲ᠋ᠧᠮ (http://cet-bm.neea.edu.cn)᠎ᠲᠤ ᠳᠠᠩᠰᠠᠯᠠᠭᠤᠯᠵᠤ᠂ ᠨᠡᠷ᠎ᠡ ᠮᠡᠳᠡᠭᠦᠯᠬᠦ ᠪᠠ ᠰᠦᠢ᠍ᠳᠭᠡᠯ ᠲᠤᠰᠢᠶᠠᠬᠤ ᠵᠢ ᠪᠡᠶᠡᠯᠡᠭᠦᠯᠦᠨ᠎ᠡ᠃ ᠪᠣᠳᠠᠲᠠᠶ ᠱᠠᠭ᠋ᠠᠷᠳᠠᠯᠭ᠎ᠠ ᠵᠢ ᠰᠢᠯᠭ᠋ᠠᠯᠲᠠ ᠵᠢᠨ ᠴᠡᠭ᠎ᠤᠨ ᠮᠡᠳᠡᠭᠳᠡᠯ᠎ᠳᠤ ᠨᠠᠷᠢᠨ ᠦᠵᠡᠭᠡᠷᠡᠶ᠃
ᠲᠠᠪᠤ᠂ ᠬᠢᠷᠢ ᠪᠦᠲᠦᠮᠵᠢ ᠵᠢᠨ ᠮᠡᠳᠡᠭᠦᠯᠦᠯᠲᠡ ᠵᠢᠨ ᠬᠠᠭᠤᠳᠠᠰᠤ
ᠬᠢᠷᠢ ᠪᠦᠲᠦᠮᠵᠢ ᠵᠢ ᠨᠡᠶ᠋ᠢᠲᠡᠯᠡᠭᠰᠡᠨ᠎ᠠᠴᠠ 10 ᠠᠵᠢᠯ᠎ᠤᠨ ᠡᠳᠦᠷ᠎ᠤᠨ ᠳᠠᠷᠠᠭ᠎ᠠ᠂ ᠰᠢᠯᠭ᠋ᠠᠭᠤᠯᠤᠭᠴᠢ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠰᠦᠯᠵᠢᠶ᠎ᠡ (www.neea.edu.cn) ᠠᠴᠠ ᠡᠯᠧᠺᠲᠷᠣᠨ ᠬᠢᠷᠢ ᠪᠦᠲᠦᠮᠵᠢ ᠵᠢᠨ ᠮᠡᠳᠡᠭᠦᠯᠦᠯᠲᠡ ᠵᠢᠨ ᠬᠠᠭᠤᠳᠠᠰᠤ (ᠪᠠᠭ᠎ᠠ ᠬᠡᠯᠡᠨ᠎ᠤ ᠲᠥᠷᠥᠯ᠎ᠤᠨ ᠬᠢᠴᠢᠶᠡᠯ ᠪᠣᠯ ᠡᠯᠧᠺᠲᠷᠣᠨ ᠦᠨᠡᠮᠯᠡᠯ) ᠵᠢ ᠪᠠᠶ᠋ᠢᠴᠠᠭ᠋ᠠᠨ ᠦᠵᠡᠬᠦ ᠵᠢᠨ ᠬᠠᠮᠲᠤ ᠪᠠᠭᠤᠯᠭ᠋ᠠᠨ ᠠᠪᠴᠤ ᠪᠣᠯᠤᠨ᠎ᠠ᠂ ᠬᠢᠷᠢ ᠪᠦᠲᠦᠮᠵᠢ ᠵᠢᠨ ᠡᠯᠧᠺᠲᠷᠣᠨ ᠮᠡᠳᠡᠭᠦᠯᠦᠯᠲᠡ ᠵᠢᠨ ᠬᠠᠭᠤᠳᠠᠰᠤ ᠪᠣᠯ ᠳᠠᠷᠤᠮᠠᠯᠯᠠᠭᠰᠠᠨ ᠬᠢᠷᠢ ᠪᠦᠲᠦᠮᠵᠢ ᠵᠢᠨ ᠮᠡᠳᠡᠭᠦᠯᠦᠯᠲᠡ ᠵᠢᠨ ᠬᠠᠭᠤᠳᠠᠰᠤ᠎ᠲᠠᠢ ᠠᠳᠠᠯᠢᠬᠠᠨ ᠬᠦᠴᠦᠨ᠎ᠲᠠᠢ᠃ ᠳᠠᠷᠤᠮᠠᠯᠯᠠᠭᠰᠠᠨ ᠬᠢᠷᠢ ᠪᠦᠲᠦᠮᠵᠢ ᠵᠢᠨ ᠮᠡᠳᠡᠭᠦᠯᠦᠯᠲᠡ ᠵᠢᠨ ᠬᠠᠭᠤᠳᠠᠰᠤ ᠵᠢ ᠭᠤᠶᠤᠴᠢᠯᠠᠪᠠᠯ ᠳᠠᠷᠤᠮᠠᠯᠯᠠᠨ ᠥᠭᠴᠦ᠂ ᠰᠢᠯᠭ᠋ᠠᠭᠤᠯᠤᠭᠴᠢ ᠨᠡᠷ᠎ᠡ ᠮᠡᠳᠡᠭᠦᠯᠬᠦ ᠬᠤᠭᠤᠴᠠᠭ᠎ᠠ ᠪᠤᠶᠤ ᠬᠢᠷᠢ ᠪᠦᠲᠦᠮᠵᠢ ᠵᠢ ᠨᠡᠶ᠋ᠢᠲᠡᠯᠡᠭᠰᠡᠨ᠎ᠤ ᠳᠠᠷᠠᠭ᠋ᠠᠬᠢ ᠲᠣᠭᠲᠠᠭᠰᠠᠨ ᠴᠠᠭᠳᠤ ᠪᠢᠷ᠎ᠤᠨ ᠰᠢᠯᠭ᠋ᠠᠯᠲᠠ (CET) ᠵᠢᠨ ᠨᠡᠷ᠎ᠡ ᠮᠡᠳᠡᠭᠦᠯᠬᠦ ᠰᠦᠯᠵᠢᠶ᠎ᠡ (cet-bm.neea.edu.cn)᠎ᠳᠤ ᠳᠠᠩᠰᠠᠯᠠᠭᠤᠯᠵᠤ᠂ ᠳᠠᠷᠤᠮᠠᠯᠯᠠᠭᠰᠠᠨ ᠬᠢᠷᠢ ᠪᠦᠲᠦᠮᠵᠢ ᠵᠢᠨ ᠮᠡᠳᠡᠭᠦᠯᠦᠯᠲᠡ ᠵᠢᠨ ᠬᠠᠭᠤᠳᠠᠰᠤ ᠵᠢ ᠬᠡᠷᠡᠭᠰᠡᠬᠦ ᠡᠰᠡᠬᠦ ᠵᠢ ᠰᠣᠩᠭᠣᠵᠤ ᠪᠣᠯᠤᠨ᠎ᠠ; ᠳᠠᠷᠤᠮᠠᠯᠯᠠᠭᠰᠠᠨ ᠬᠢᠷᠢ ᠪᠦᠲᠦᠮᠵᠢ ᠵᠢᠨ ᠮᠡᠳᠡᠭᠦᠯᠦᠯᠲᠡ ᠵᠢᠨ ᠬᠠᠭᠤᠳᠠᠰᠤ ᠵᠢ ᠰᠣᠩᠭᠣᠭᠰᠠᠨ ᠰᠢᠯᠭ᠋ᠠᠭᠤᠯᠤᠭᠰᠠᠳ ᠰᠢᠯᠭ᠋ᠠᠯᠲᠠ ᠵᠢᠨ ᠴᠡᠭ᠎ᠤᠨ ᠳᠣᠭᠲᠠᠭ᠋ᠠᠭᠰᠠᠨ ᠴᠠᠭ ᠵᠢᠴᠢ ᠭᠠᠵᠠᠷ᠎ᠲᠤ ᠲᠥᠯᠦᠪᠦᠷᠢ ᠥᠬᠡᠶ᠎ᠪᠠᠷ ᠠᠪᠴᠤ᠂ ᠬᠢᠷᠢ ᠪᠦᠲᠦᠮᠵᠢ ᠵᠢ ᠨᠡᠶ᠋ᠢᠲᠡᠯᠡᠭᠡᠳ ᠬᠠᠭ᠋ᠠᠰ ᠵᠢᠯ ᠪᠣᠯᠤᠭᠰᠠᠨ᠎ᠤ ᠳᠠᠷᠠᠭ᠎ᠠ ᠠᠪᠤᠭᠰᠠᠨ ᠥᠬᠡᠶ ᠪᠣᠯ ᠠᠶᠠᠨᠳᠠᠭ᠋ᠠᠨ ᠬᠠᠶᠠᠭᠰᠠᠨ ᠵᠶ᠋ᠠᠷ ᠦᠵᠡᠵᠦ᠂ ᠳᠠᠭᠢᠵᠤ ᠨᠥᠬᠥᠵᠦ ᠣᠯᠭᠣᠬᠤ ᠥᠬᠡᠶ᠃