ᠨᠢᠭᠡ᠂ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢᠨ ᠲᠣᠳᠣᠷᠬᠠᠶ᠋ᠢᠯᠠᠯᠲᠠ
(ᠨᠢᠭᠡ) ᠡᠯ᠎ᠡ ᠰᠢᠯᠭ᠋ᠠᠯᠲᠠ ᠵᠢᠨ ᠬᠢᠴᠢᠶᠡᠯ ᠲᠥᠷᠥᠯ᠎ᠳᠤ ᠵᠠᠭᠤᠨ᠎ᠤ ᠬᠤᠪᠢ ᠵᠢᠨ ᠳᠦᠷᠢᠮ ᠵᠶ᠋ᠠᠷ ᠬᠤᠪᠢ ᠥᠭᠴᠦ᠂ ᠬᠢᠷᠢ ᠪᠦᠲᠦᠮᠵᠢ ᠵᠢ ᠬᠠᠷᠠᠭ᠋ᠠᠯᠵᠠᠭᠰᠠᠨ ᠨᠣᠭᠳᠠᠬᠤ ᠬᠤᠪᠢ ᠵᠢᠨ ᠬᠠᠷᠢᠴᠠᠯ ᠵᠶ᠋ᠠᠷ ᠨᠤᠭᠤᠯᠤᠨ ᠪᠣᠳᠣᠭᠰᠠᠨᠤ ᠳᠠᠷᠠᠭ᠎ᠠ 2 ᠣᠷᠣᠨᠲᠤ ᠪᠠᠭ᠎ᠠ ᠲᠣᠭ᠎ᠠ ᠵᠢ ᠦᠯᠡᠳᠡᠭᠡᠵᠦ᠂ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢᠨ ᠶᠡᠷᠦᠩᠬᠡᠢ ᠬᠤᠪᠢ᠎ᠨᠢ 2 ᠣᠷᠣᠨᠲᠤ ᠪᠠᠭ᠎ᠠ ᠲᠣᠭ᠎ᠠ ᠵᠢ ᠦᠯᠡᠳᠡᠭᠡᠨ᠎ᠡ᠃
(ᠬᠣᠶᠠᠷ) ᠤᠷᠠᠯᠢᠭ᠎ᠤᠨ ᠲᠥᠷᠥᠯ᠎ᠤᠨ ᠨᠢᠭᠡᠳᠦᠯᠲᠡᠢ ᠰᠢᠯᠭ᠋ᠠᠯᠲᠠ ᠵᠢᠨ ᠲᠥᠷᠥᠯ᠎ᠤᠨ ᠡᠯ᠎ᠡ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠬᠢᠷᠢ ᠪᠦᠲᠦᠮᠵᠢ ᠵᠢ ᠨᠤᠭᠤᠯᠤᠨ ᠪᠣᠳᠣᠬᠤ ᠠᠷᠭ᠎ᠠ
1. ᠳᠠᠭᠤᠤ ᠬᠥᠭᠵᠢᠮ᠎ᠤᠨ ᠲᠥᠷᠥᠯ
(1) ᠨᠡᠶ᠋ᠢᠲᠡᠯᠡᠭᠰᠡᠨ ᠬᠥᠭᠵᠢᠮ᠎ᠤᠨ ᠣᠨᠣᠯ᠎ᠤᠨ ᠬᠢᠷᠢ ᠪᠦᠲᠦᠮᠵᠢ = ᠬᠥᠭᠵᠢᠮ᠎ᠤᠨ ᠣᠨᠣᠯ᠎ᠳᠤ ᠥᠭᠭᠦᠭᠰᠡᠨ ᠨᠣᠭᠳᠠᠬᠤ ᠬᠤᠪᠢ × 0.15
(2) ᠨᠡᠶ᠋ᠢᠲᠡᠯᠡᠭᠰᠡᠨ ᠰᠣᠨᠣᠰᠴᠤ ᠪᠢᠴᠢᠭᠰᠡᠨ ᠬᠢᠷᠢ ᠪᠦᠲᠦᠮᠵᠢ = ᠰᠣᠨᠣᠰᠴᠤ ᠪᠢᠴᠢᠬᠦ᠎ᠳᠤ ᠥᠭᠭᠦᠭᠰᠡᠨ ᠨᠣᠭᠳᠠᠬᠤ ᠬᠤᠪᠢ × 0.3
(3) ᠨᠡᠶ᠋ᠢᠲᠡᠯᠡᠭᠰᠡᠨ ᠨᠣᠲᠯᠠᠵᠤ ᠳᠠᠭᠤᠯᠠᠭᠰᠠᠨ ᠬᠢᠷᠢ ᠪᠦᠲᠦᠮᠵᠢ = ᠨᠣᠲᠯᠠᠵᠤ ᠳᠠᠭᠤᠯᠠᠬᠤ᠎ᠳᠤ ᠥᠭᠭᠦᠭᠰᠡᠨ ᠨᠣᠭᠳᠠᠬᠤ ᠬᠤᠪᠢ × 0.15
(4) ᠨᠡᠶ᠋ᠢᠲᠡᠯᠡᠭᠰᠡᠨ ᠳᠠᠭᠤᠯᠠᠬᠤᠢ (ᠬᠥᠭᠵᠢᠮ) ᠵᠢᠨ ᠬᠢᠷᠢ ᠪᠦᠲᠦᠮᠵᠢ = ᠳᠠᠭᠤᠯᠠᠬᠤᠢ (ᠬᠥᠭᠵᠢᠮ)᠎ᠳᠤ ᠥᠭᠭᠦᠭᠰᠡᠨ ᠨᠣᠭᠳᠠᠬᠤ ᠬᠤᠪᠢ × 2.4
(5) ᠨᠡᠶ᠋ᠢᠲᠡᠯᠡᠭᠰᠡᠨ ᠳᠠᠭᠤᠯᠠᠬᠤᠢ (ᠬᠥᠭᠵᠢᠮ) ᠵᠢᠨ ᠭᠣᠣᠯ ᠲᠥᠷᠦᠯ᠎ᠤᠨ ᠬᠢᠷᠢ ᠪᠦᠲᠦᠮᠵᠢ = ᠳᠠᠭᠤᠯᠠᠬᠤᠢ (ᠬᠥᠭᠵᠢᠮ) ᠵᠢᠨ ᠭᠣᠣᠯ ᠲᠥᠷᠦᠯ᠎ᠳᠤ ᠥᠭᠭᠦᠭᠰᠡᠨ ᠨᠣᠭᠳᠠᠬᠤ ᠬᠤᠪᠢ × 1.65
(6) ᠨᠡᠶ᠋ᠢᠲᠡᠯᠡᠭᠰᠡᠨ ᠳᠠᠭᠤᠯᠠᠬᠤᠢ (ᠬᠥᠭᠵᠢᠮ) ᠵᠢᠨ ᠳᠡᠳ᠋ ᠲᠥᠷᠦᠯ᠎ᠤᠨ ᠬᠢᠷᠢ ᠪᠥᠲᠦᠮᠵᠢ = ᠳᠠᠭᠤᠯᠠᠬᠤᠢ (ᠬᠥᠭᠵᠢᠮ) ᠵᠢᠨ ᠳᠡᠳ᠋ ᠲᠥᠷᠦᠯ᠎ᠳᠤ ᠥᠭᠭᠦᠭᠰᠡᠨ ᠨᠣᠭᠳᠠᠬᠤ ᠬᠤᠪᠢ × 0.75
(7) ᠳᠠᠭᠤᠤ ᠬᠥᠭᠵᠢᠮ᠎ᠤᠨ ᠰᠤᠷᠭ᠋ᠠᠨ ᠬᠥᠮᠦᠵᠢᠯ᠎ᠤᠨ ᠲᠥᠷᠦᠯ᠎ᠢ ᠳᠠᠭᠤᠤ ᠬᠥᠭᠵᠢᠮ ᠤᠨ ᠲᠣᠭᠯᠠᠯᠲᠠ ᠵᠢᠨ ᠲᠥᠷᠥᠯ᠎ᠲᠠᠢ ᠬᠠᠪᠰᠤᠷᠭ᠋ᠠᠨ ᠮᠡᠳᠡᠭᠦᠯᠬᠦ ᠦᠶ᠎ᠡ᠎ᠳᠤ᠂ ᠨᠡᠶ᠋ᠢᠲᠡᠯᠡᠭᠰᠡᠨ ᠳᠠᠭᠤᠯᠠᠬᠤᠢ (ᠬᠥᠭᠵᠢᠮ) ᠵᠢᠨ ᠬᠠᠪᠰᠤᠷᠭ᠋ᠠᠨ ᠮᠡᠳᠡᠭᠦᠯᠦᠭᠰᠡᠨ ᠬᠢᠷᠢ ᠪᠥᠲᠦᠮᠵᠢ = ᠳᠠᠭᠤᠤ ᠬᠥᠭᠵᠢᠮ᠎ᠤᠨ ᠰᠤᠷᠭ᠋ᠠᠨ ᠬᠥᠮᠦᠵᠢᠯ᠎ᠤᠨ ᠲᠥᠷᠥᠯ᠎ᠤᠨ ᠳᠠᠭᠤᠯᠠᠬᠤᠢ (ᠬᠥᠭᠵᠢᠮ)᠎ᠳᠤ ᠥᠭᠭᠦᠭᠰᠡᠨ ᠨᠣᠭᠳᠠᠬᠤ ᠬᠤᠪᠢ × 2.4
2 . ᠪᠥᠵᠢᠭ᠎ᠤᠨ ᠲᠥᠷᠥᠯ
(1) ᠨᠡᠶ᠋ᠢᠲᠡᠯᠡᠭᠰᠡᠨ ᠪᠥᠵᠢᠭ᠎ᠤᠨ ᠦᠨᠳᠦᠰᠦᠨ ᠮᠡᠷᠭᠡᠵᠢᠯ᠎ᠤᠨ ᠬᠢᠷᠢ ᠪᠥᠲᠦᠮᠵᠢ = ᠪᠥᠵᠢᠭ᠎ᠤᠨ ᠦᠨᠳᠦᠰᠦᠨ ᠮᠡᠷᠭᠡᠵᠢᠯ᠎ᠳᠤ ᠥᠭᠭᠦᠭᠰᠡᠨ ᠨᠣᠭᠳᠠᠬᠤ ᠬᠤᠪᠢ × 1.2
(2) ᠨᠡᠶ᠋ᠢᠲᠡᠯᠡᠭᠰᠡᠨ ᠪᠥᠵᠢᠭ᠎ᠤᠨ ᠳᠠᠷᠤᠢ᠎ᠳᠤ᠎ᠨᠢ ᠲᠣᠭᠯᠠᠭᠰᠠᠨ ᠬᠢᠷᠢ ᠪᠦᠲᠦᠮᠵᠢ = ᠪᠥᠵᠢᠭ᠎ᠢ ᠳᠠᠷᠤᠢ᠎ᠳᠤ᠎ᠨᠢ ᠲᠣᠭᠯᠠᠬᠤ᠎ᠳᠤ ᠥᠭᠭᠦᠭᠰᠡᠨ ᠨᠣᠭᠳᠠᠬᠤ ᠬᠤᠪᠢ × 0.3
(3) ᠨᠡᠶ᠋ᠢᠲᠡᠯᠡᠭᠰᠡᠨ ᠪᠥᠵᠢᠭ᠎ᠤᠨ ᠲᠣᠭᠯᠠᠯᠲᠠ ᠵᠢᠨ ᠬᠢᠷᠢ ᠪᠦᠲᠦᠮᠵᠢ = ᠪᠥᠵᠢᠭ᠎ᠤᠨ ᠲᠣᠭᠯᠠᠯᠲᠠ᠎ᠳᠤ ᠥᠭᠭᠦᠭᠰᠡᠨ ᠨᠣᠭᠳᠠᠬᠤ ᠬᠤᠪᠢ × 1.5
3 . ᠲᠣᠭᠯᠠᠬᠤ (ᠤᠳᠤᠷᠢᠳᠬᠤ) ᠲᠥᠷᠥᠯ᠎ᠤᠨ ᠰᠢ ᠵᠦᠴᠦᠭᠡ ᠺᠢᠨᠣ᠋ ᠲᠧᠯᠸᠢᠰ᠎ᠤᠨ ᠲᠣᠭᠯᠠᠯᠲᠠ ᠵᠢᠨ ᠴᠢᠭᠯᠡᠯ
(1) ᠨᠡᠶ᠋ᠢᠲᠡᠯᠡᠭᠰᠡᠨ ᠤᠳᠬ᠎ᠠ ᠵᠣᠬᠢᠶᠠᠯ᠎ᠤᠨ ᠪᠥᠲᠦᠭᠡᠯ᠎ᠢ ᠣᠩᠰᠢᠭᠰᠠᠨ ᠬᠢᠷᠢ ᠪᠦᠲᠦᠮᠵᠢ = ᠤᠳᠬ᠎ᠠ ᠵᠣᠬᠢᠶᠠᠯ᠎ᠤᠨ ᠪᠦᠲᠦᠭᠡᠯ᠎ᠢ ᠣᠩᠰᠢᠬᠤ᠎ᠳᠤ ᠥᠭᠭᠦᠭᠰᠡᠨ ᠨᠣᠭᠳᠠᠬᠤ ᠬᠤᠪᠢ
(2) ᠨᠡᠶ᠋ᠢᠲᠡᠯᠡᠭᠰᠡᠨ ᠭᠠᠷᠴᠠᠭ ᠥᠭᠴᠦ ᠳᠠᠷᠤᠢ᠎ᠳᠤ᠎ᠨᠢ ᠲᠣᠭᠯᠠᠭᠰᠠᠨ ᠬᠢᠷᠢ ᠪᠦᠲᠦᠮᠵᠢ = ᠭᠠᠷᠴᠠᠭ ᠥᠭᠴᠦ ᠳᠠᠷᠤᠢ᠎ᠳᠤ ᠲᠣᠭᠯᠠᠬᠤ᠎ᠳᠤ ᠥᠭᠭᠦᠭᠰᠡᠨ ᠨᠣᠭᠳᠠᠬᠤ ᠬᠤᠪᠢ
(3) ᠨᠡᠶ᠋ᠢᠲᠡᠯᠡᠭᠰᠡᠨ ᠥᠪᠡᠰᠦᠪᠡᠨ ᠰᠣᠩᠭᠣᠭᠰᠠᠨ ᠳᠠᠭᠤᠤ ᠵᠢ ᠳᠠᠭᠤᠯᠠᠭᠰᠠᠨ ᠬᠢᠷᠢ ᠪᠦᠲᠦᠮᠵᠢ = ᠥᠪᠡᠰᠦᠪᠡᠨ ᠰᠣᠩᠭᠣᠭᠰᠠᠨ ᠳᠠᠭᠤᠤ ᠵᠢ ᠳᠠᠭᠤᠯᠠᠬᠤ᠎ᠳᠤ ᠥᠭᠭᠦᠭᠰᠡᠨ ᠨᠣᠭᠳᠠᠬᠤ ᠬᠤᠪᠢ × 0.5
(4) ᠨᠡᠶ᠋ᠢᠲᠡᠯᠡᠭᠰᠡᠨ ᠬᠥᠳᠡᠯᠦᠯ ᠪᠠᠷᠢᠯ᠎ᠤᠨ ᠮᠡᠷᠭᠡᠵᠢᠯ᠎ᠢ ᠬᠠᠷᠠᠭᠤᠯᠤᠭᠰᠠᠨ ᠬᠢᠷᠢ ᠪᠦᠲᠦᠮᠵᠢ = ᠬᠥᠳᠡᠯᠦᠯ ᠪᠠᠷᠢᠯ᠎ᠤᠨ ᠮᠡᠷᠭᠡᠵᠢᠯ᠎ᠢ ᠬᠠᠷᠠᠭᠤᠯᠬᠤ᠎ᠳᠤ ᠥᠭᠭᠦᠭᠰᠡᠨ ᠨᠣᠭᠳᠠᠬᠤ ᠬᠤᠪᠢ × 0.5
4 . ᠲᠣᠭᠯᠠᠬᠤ (ᠤᠳᠤᠷᠢᠳᠬᠤ) ᠲᠥᠷᠥᠯ᠎ᠤᠨ ᠬᠤᠪᠴᠠᠰᠤ ᠬᠤᠨᠠᠷ ᠵᠢᠷᠤᠵᠤ ᠲᠥᠯᠦᠪᠯᠡᠬᠦ ᠪᠠ ᠲᠣᠭᠯᠠᠯᠲᠠ ᠵᠢᠨ ᠴᠢᠭᠯᠡᠯ
(1) ᠨᠡᠶ᠋ᠢᠲᠡᠯᠡᠭᠰᠡᠨ ᠪᠡᠶ᠎ᠡ ᠪᠠᠢ᠌ᠳᠠᠯ ᠳᠦᠷᠢ ᠲᠥᠷᠬᠦ ᠵᠢ ᠠᠵᠢᠭᠯᠠᠵᠤ ᠰᠢᠯᠭ᠋ᠠᠭᠰᠠᠨ ᠬᠢᠷᠢ ᠪᠦᠲᠦᠮᠵᠢ = ᠪᠡᠶ᠎ᠡ ᠪᠠᠢ᠌ᠳᠠᠯ ᠳᠦᠷᠢ ᠲᠥᠷᠬᠦ ᠵᠢ ᠠᠵᠢᠭᠯᠠᠵᠤ ᠰᠢᠯᠭ᠋ᠠᠬᠤ᠎ᠳᠤ ᠥᠭᠭᠦᠭᠰᠡᠨ ᠨᠣᠭᠳᠠᠬᠤ ᠬᠤᠪᠢ × 1.5
(2) ᠨᠡᠶ᠋ᠢᠲᠡᠯᠡᠭᠰᠡᠨ ᠵᠥᠴᠦᠭᠡ ᠵᠢᠨ ᠠᠯᠬᠤᠯᠲᠠ ᠵᠢ ᠦᠵᠡᠭᠦᠯᠦᠭᠰᠡᠨ ᠬᠢᠷᠢ ᠪᠦᠲᠦᠮᠵᠢ = ᠵᠥᠴᠦᠭᠡ ᠵᠢᠨ ᠠᠯᠬᠤᠯᠲᠠ ᠵᠢ ᠦᠵᠡᠭᠦᠯᠬᠦ᠎ᠳᠤ ᠥᠭᠭᠦᠭᠰᠡᠨ ᠨᠣᠭᠳᠠᠬᠤ ᠬᠤᠪᠢ × 1.2
(3) ᠨᠡᠶ᠋ᠢᠲᠡᠯᠡᠭᠰᠡᠨ ᠤᠷᠠᠨ ᠮᠡᠷᠭᠡᠰᠢᠯ᠎ᠢ ᠦᠵᠡᠭᠦᠯᠦᠭᠰᠡᠨ ᠬᠢᠷᠢ ᠪᠦᠲᠦᠮᠵᠢ = ᠤᠷᠠᠨ ᠮᠡᠷᠭᠡᠰᠢᠯ᠎ᠢ ᠦᠵᠡᠭᠦᠯᠬᠦ᠎ᠳᠤ ᠥᠭᠭᠦᠭᠰᠡᠨ ᠨᠣᠭᠳᠠᠬᠤ ᠬᠤᠪᠢ × 0.3
5 . ᠲᠣᠭᠯᠠᠬᠤ (ᠤᠳᠤᠷᠢᠳᠬᠤ) ᠲᠥᠷᠥᠯ᠎ᠤᠨ ᠰᠢ ᠵᠦᠴᠦᠭᠡ ᠺᠢᠨᠣ᠋ ᠲᠧᠯᠸᠢᠰ᠎ᠤᠨ ᠲᠣᠭᠯᠠᠯᠲᠠ ᠵᠢᠨ ᠴᠢᠭᠯᠡᠯ
(1) ᠨᠡᠶ᠋ᠢᠲᠡᠯᠡᠭᠰᠡᠨ ᠤᠳᠬ᠎ᠠ ᠵᠣᠬᠢᠶᠠᠯ᠎ᠤᠨ ᠪᠥᠲᠦᠭᠡᠯ᠎ᠢ ᠣᠩᠰᠢᠭᠰᠠᠨ ᠬᠢᠷᠢ ᠪᠦᠲᠦᠮᠵᠢ = ᠤᠳᠬ᠎ᠠ ᠵᠣᠬᠢᠶᠠᠯ᠎ᠤᠨ ᠪᠦᠲᠦᠭᠡᠯ᠎ᠢ ᠣᠩᠰᠢᠬᠤ᠎ᠳᠤ ᠥᠭᠭᠦᠭᠰᠡᠨ ᠨᠣᠭᠳᠠᠬᠤ ᠬᠤᠪᠢ × 0.5
(2) ᠨᠡᠶ᠋ᠢᠲᠡᠯᠡᠭᠰᠡᠨ ᠭᠠᠷᠴᠠᠭ ᠥᠭᠴᠦ ᠳᠠᠷᠤᠢ᠎ᠳᠤ᠎ᠨᠢ ᠲᠣᠭᠯᠠᠭᠰᠠᠨ ᠬᠢᠷᠢ ᠪᠦᠲᠦᠮᠵᠢ = ᠭᠠᠷᠴᠠᠭ ᠥᠭᠴᠦ ᠳᠠᠷᠤᠢ᠎ᠳᠤ᠎ᠨᠢ ᠲᠣᠭᠯᠠᠬᠤ᠎ᠳᠤ ᠥᠭᠭᠦᠭᠰᠡᠨ ᠨᠣᠭᠳᠠᠬᠤ ᠬᠤᠪᠢ × 0.5
(3) ᠨᠡᠶ᠋ᠢᠲᠡᠯᠡᠭᠰᠡᠨ ᠬᠦᠦᠷᠨᠢᠯ᠎ᠤᠨ ᠴᠢᠨᠠᠷᠲᠠᠢ ᠵᠣᠬᠢᠶᠠᠯ᠎ᠢ ᠵᠣᠬᠢᠶᠠᠨ ᠪᠢᠴᠢᠭᠰᠡᠨ ᠬᠢᠷᠢ ᠪᠦᠲᠦᠮᠵᠢ = ᠬᠦᠦᠷᠨᠢᠯ᠎ᠤᠨ ᠴᠢᠨᠠᠷᠲᠠᠢ ᠵᠣᠬᠢᠶᠠᠯ᠎ᠢ ᠵᠣᠬᠢᠶᠠᠨ ᠪᠢᠴᠢᠬᠦ᠎ᠳᠤ ᠥᠭᠭᠦᠭᠰᠡᠨ ᠨᠣᠭᠳᠠᠬᠤ ᠬᠤᠪᠢ × 2
6 . ᠨᠡᠪᠲᠡᠷᠡᠭᠦᠯᠬᠦ ᠪᠠ ᠬᠥᠲᠦᠯᠬᠦ ᠲᠥᠷᠦᠯ
(1) ᠨᠡᠶ᠋ᠢᠲᠡᠯᠡᠭᠰᠡᠨ ᠵᠣᠬᠢᠶᠠᠯ᠎ᠢ ᠣᠩᠰᠢᠭᠰᠠᠨ ᠬᠢᠷᠢ ᠪᠦᠲᠦᠮᠵᠢ = ᠵᠣᠬᠢᠶᠠᠯ᠎ᠢ ᠣᠩᠰᠢᠬᠤ᠎ᠳᠤ ᠥᠭᠭᠦᠭᠰᠡᠨ ᠨᠣᠭᠳᠠᠬᠤ ᠬᠤᠪᠢ
(2) ᠨᠡᠶ᠋ᠢᠲᠡᠯᠡᠭᠰᠡᠨ ᠰᠣᠨᠢᠨ ᠮᠡᠳᠡᠭᠡ ᠨᠡᠪᠲᠡᠷᠡᠭᠦᠯᠦᠨ ᠮᠡᠳᠡᠭᠡᠯᠡᠭᠰᠡᠨ ᠬᠢᠷᠢ ᠪᠦᠲᠦᠮᠵᠢ = ᠰᠣᠨᠢᠨ ᠮᠡᠳᠡᠭᠡ ᠨᠡᠪᠲᠡᠷᠡᠭᠦᠯᠦᠨ ᠮᠡᠳᠡᠭᠡᠯᠡᠬᠦ᠎ᠳᠤ ᠥᠭᠭᠦᠭᠰᠡᠨ ᠨᠣᠭᠳᠠᠬᠤ ᠬᠤᠪᠢ
(3) ᠨᠡᠶ᠋ᠢᠲᠡᠯᠡᠭᠰᠡᠨ ᠶᠠᠷᠢᠶᠠᠨ᠎ᠤ ᠰᠡᠳᠦᠪ᠎ᠢ ᠦᠨᠡᠯᠡᠭᠰᠡᠨ ᠬᠢᠷᠢ ᠪᠦᠲᠦᠮᠵᠢ = ᠶᠠᠷᠢᠶᠠᠨ᠎ᠤ ᠰᠡᠳᠦᠪ᠎ᠢ ᠦᠨᠡᠯᠡᠬᠦ᠎ᠳᠤ ᠥᠭᠭᠦᠭᠰᠡᠨ ᠨᠣᠭᠳᠠᠬᠤ ᠬᠤᠪᠢ
7 . ᠤᠷᠠᠨ ᠵᠢᠷᠤᠭ ᠪᠠ ᠵᠢᠷᠤᠭ ᠲᠥᠯᠦᠪᠯᠡᠭᠡ ᠵᠢᠨ ᠲᠥᠷᠥᠯ
(1) ᠨᠡᠶ᠋ᠢᠲᠡᠯᠡᠭᠰᠡᠨ ᠪᠣᠷᠣ ᠵᠢᠷᠤᠭ᠎ᠤᠨ ᠬᠢᠷᠢ ᠪᠦᠲᠦᠮᠵᠢ = ᠪᠣᠷᠣ ᠵᠢᠷᠤᠭᠲᠤ ᠥᠭᠭᠦᠭᠰᠡᠨ ᠨᠣᠭᠳᠠᠬᠤ ᠬᠤᠪᠢ
(2) ᠨᠡᠶ᠋ᠢᠲᠡᠯᠡᠭᠰᠡᠨ ᠥᠩᠭᠡ ᠪᠤᠳᠤᠭ᠎ᠤᠨ ᠬᠢᠷᠢ ᠪᠦᠲᠦᠮᠵᠢ = ᠥᠩᠭᠡ ᠪᠤᠳᠤᠭᠲᠤ ᠥᠭᠭᠦᠭᠰᠡᠨ ᠨᠣᠭᠳᠠᠬᠤ ᠬᠤᠪᠢ
(3) ᠨᠡᠶ᠋ᠢᠲᠡᠯᠡᠭᠰᠡᠨ ᠳᠠᠲᠠᠯᠠᠭ᠋ᠠᠨ ᠵᠢᠷᠤᠭ (ᠶᠡᠷᠦᠩᠬᠡᠢ᠌ᠯᠡᠭᠰᠡᠨ ᠴᠢᠳᠠᠪᠤᠷᠢ)᠎ᠤᠨ ᠬᠢᠷᠢ ᠪᠥᠲᠦᠮᠵᠢ = ᠳᠠᠲᠠᠯᠠᠭ᠋ᠠᠨ ᠵᠢᠷᠤᠭ (ᠶᠡᠷᠦᠩᠬᠡᠢ᠌ᠯᠡᠭᠰᠡᠨ ᠴᠢᠳᠠᠪᠤᠷᠢ)᠎ᠲᠤ ᠥᠭᠭᠦᠭᠰᠡᠨ ᠨᠣᠭᠳᠠᠬᠤ ᠬᠤᠪᠢ
8 . ᠤᠷᠠᠨ ᠪᠢᠴᠢᠯᠭᠡ ᠵᠢᠨ ᠲᠥᠷᠥᠯ
(1) ᠨᠡᠶ᠋ᠢᠲᠡᠯᠡᠭᠰᠡᠨ ᠤᠷᠠᠨ ᠪᠢᠴᠢᠯᠭᠡ ᠵᠢ ᠳᠠᠭᠤᠷᠢᠶᠠᠨ ᠪᠢᠴᠢᠭᠰᠡᠨ ᠬᠢᠷᠢ ᠪᠦᠲᠦᠮᠵᠢ = ᠤᠷᠠᠨ ᠪᠢᠴᠢᠯᠭᠡ ᠵᠢ ᠳᠠᠭᠤᠷᠢᠶᠠᠨ ᠪᠢᠴᠢᠬᠦ᠎ᠳᠤ ᠥᠭᠭᠦᠭᠰᠡᠨ ᠨᠣᠭᠳᠠᠬᠤ ᠬᠤᠪᠢ × 1.5
(2) ᠨᠡᠶ᠋ᠢᠲᠡᠯᠡᠭᠰᠡᠨ ᠤᠷᠠᠨ ᠪᠢᠴᠢᠯᠭᠡ ᠵᠢ ᠵᠣᠬᠢᠶᠠᠨ ᠪᠥᠲᠦᠭᠡᠭᠰᠡᠨ ᠬᠢᠷᠢ ᠪᠦᠲᠦᠮᠵᠢ = ᠤᠷᠠᠨ ᠪᠢᠴᠢᠯᠭᠡ ᠵᠢ ᠵᠣᠬᠢᠶᠠᠨ ᠪᠥᠲᠦᠭᠡᠬᠦ᠎ᠳᠤ ᠥᠭᠭᠦᠭᠰᠡᠨ ᠨᠣᠭᠳᠠᠬᠤ ᠬᠤᠪᠢ × 1.5
(ᠭᠤᠷᠪᠠ) ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ᠎ᠪᠠᠷ ᠨᠡᠶ᠋ᠢᠲᠡᠯᠡᠭᠰᠡᠨ ᠬᠢᠷᠢ ᠪᠦᠲᠦᠮᠵᠢ᠎ᠳᠤ᠂ - 1᠎ᠨᠢ ᠰᠢᠯᠭ᠋ᠠᠯᠲᠠ᠎ᠳᠤ ᠣᠷᠣᠯᠴᠠᠭᠰᠠᠨ ᠦᠭᠡᠢ ᠵᠢ ᠢᠯᠡᠳᠭᠡᠵᠦ᠂ - 2᠎ᠨᠢ ᠲᠣᠭᠲᠠᠭ᠋ᠠᠯ᠎ᠠᠴᠠ ᠵᠥᠷᠢᠴᠡᠭᠰᠡᠨ᠎ᠢ ᠢᠯᠡᠳᠬᠡᠨ᠎ᠡ᠃
(ᠲᠦᠷᠪᠡ) ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢᠨ ᠶᠡᠷᠦᠩᠬᠡᠢ ᠬᠤᠪᠢ ᠪᠣᠯ ᠡᠯ᠎ᠡ ᠲᠥᠷᠥᠯ᠎ᠤᠨ ᠬᠠᠷᠠᠭ᠋ᠠᠯᠵᠠᠭᠰᠠᠨ ᠰᠢᠯᠭ᠋ᠠᠯᠲᠠ ᠵᠢᠨ ᠬᠢᠴᠢᠶᠡᠯ ᠲᠥᠷᠥᠯ᠎ᠤᠨ ᠨᠡᠢ᠌ᠲᠡᠯᠡᠭᠰᠡᠨ ᠬᠢᠷᠢ ᠪᠦᠲᠦᠮᠵᠢ ᠵᠢᠨ ᠶᠡᠷᠦᠩᠬᠡᠢ ᠬᠤᠪᠢ ᠪᠣᠯᠤᠨ᠎ᠠ᠃
(ᠲᠠᠪᠤ) ᠬᠡᠷᠪᠡ ᠰᠢᠯᠭ᠋ᠠᠭᠤᠯᠤᠭᠴᠢ ᠳᠠᠭᠤᠤ ᠬᠥᠭᠵᠢᠮ᠎ᠤᠨ ᠰᠤᠷᠭ᠋ᠠᠨ ᠬᠥᠮᠦᠵᠢᠯ᠎ᠤᠨ ᠲᠥᠷᠥᠯ᠎ᠳᠤ ᠨᠡᠷ᠎ᠡ ᠮᠡᠳᠡᠭᠦᠯᠦᠭᠰᠡᠨ ᠪᠣᠯ᠂ ᠬᠠᠷᠠᠭ᠋ᠠᠯᠵᠠᠭᠰᠠᠨ ᠭᠣᠣᠯ ᠲᠥᠷᠥᠯ᠂ ᠳᠡᠳ᠋ ᠲᠥᠷᠥᠯ᠎ᠤᠨ ᠰᠢᠯᠭ᠋ᠠᠯᠲᠠ᠎ᠳᠤ ᠴᠥᠮ ᠣᠷᠣᠯᠴᠠᠨ᠎ᠠ᠂ ᠦᠭᠡᠢ ᠪᠣᠯ ᠳᠠᠭᠤᠤ ᠬᠥᠭᠵᠢᠮ᠎ᠤᠨ ᠰᠤᠷᠭ᠋ᠠᠨ ᠬᠥᠮᠦᠵᠢᠯ᠎ᠤᠨ ᠲᠥᠷᠥᠯ᠎ᠤᠨ ᠰᠢᠯᠭ᠋ᠠᠯᠲᠠ ᠵᠢᠨ ᠲᠤᠰᠬᠠᠢ ᠮᠡᠷᠭᠡᠵᠢᠯ᠎ᠤᠨ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢᠨ ᠶᠡᠷᠦᠩᠬᠡᠢ ᠬᠤᠪᠢ ᠲᠡᠭ ᠪᠣᠯᠤᠨ᠎ᠠ᠃
ᠬᠣᠶᠠᠷ᠂ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ
ᠰᠢᠯᠭ᠋ᠠᠭᠤᠯᠤᠭᠴᠢ ᠥᠪᠥᠷ ᠮᠣᠩᠭᠣᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ (https://www.nm.zsks.cn)᠎ᠳᠤ ᠳᠠᠩᠰᠠᠯᠠᠭᠤᠯᠵᠤ᠂ 《ᠰᠢᠯᠭ᠋ᠠᠯᠲᠠ᠎ᠪᠠᠷ ᠰᠤᠷᠤᠭᠴᠢ ᠡᠯᠰᠡᠬᠦ》 — 《ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ》 — 《ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠬᠤ》 ᠵᠢ ᠳᠡᠰ ᠳᠠᠷᠠᠭ᠋ᠠᠯᠠᠨ ᠳᠣᠶᠢᠵᠤ᠂ 《2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ》 ᠲᠥᠷᠥᠯ ᠵᠦᠢ᠍ᠯ᠎ᠢ ᠰᠣᠩᠭᠣᠵᠤ ᠪᠠᠶ᠋ᠢᠴᠠᠭ᠋ᠠᠨ ᠯᠠᠪᠯᠠᠨ᠎ᠠ᠃
ᠭᠤᠷᠪᠠ᠂ ᠨᠢᠭᠡᠳᠦᠯᠲᠡᠢ ᠰᠢᠯᠭ᠋ᠠᠯᠲᠠ᠎ᠳᠤ ᠬᠢᠷᠢ ᠲᠡᠩᠴᠡᠬᠦ ᠬᠢᠵᠠᠭ᠋ᠠᠷ ᠬᠤᠪᠢ

ᠨᠢᠭᠡᠳᠦᠯᠲᠡᠢ ᠰᠢᠯᠭ᠋ᠠᠭᠰᠠᠨ᠎ᠳᠤ ᠬᠢᠷᠢ ᠲᠡᠩᠴᠡᠬᠦ ᠬᠢᠵᠠᠭ᠋ᠠᠷ ᠬᠤᠪᠢ ᠵᠢ ᠵᠢᠩᠬᠢᠨᠢ ᠠᠩᠭᠢ ᠪᠠ ᠲᠤᠰᠬᠠᠢ ᠮᠡᠷᠭᠡᠵᠢᠯ᠎ᠤᠨ ᠠᠩᠭᠢ ᠭᠡᠵᠦ ᠬᠤᠪᠢᠶᠠᠬᠤ ᠦᠭᠡᠢ᠂ ᠰᠢᠯᠭ᠋ᠠᠭᠤᠯᠤᠭᠴᠢ ᠵᠢᠨ ᠬᠠᠷᠠᠭ᠋ᠠᠯᠵᠠᠭᠰᠠᠨ ᠤᠷᠠᠯᠢᠭ᠎ᠤᠨ ᠲᠥᠷᠥᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ᠎ᠨᠢ ᠳᠡᠭᠡᠷ᠎ᠡ ᠳᠤᠷᠠᠳᠤᠭᠰᠠᠨ ᠬᠢᠷᠢ ᠲᠡᠩᠴᠡᠬᠦ ᠬᠢᠵᠠᠭ᠋ᠠᠷ ᠬᠤᠪᠢ᠎ᠳᠤ ᠬᠦᠷᠪᠡᠯ᠂ ᠳᠠᠷᠤᠢ ᠬᠠᠷᠠᠭ᠋ᠠᠯᠵᠠᠭᠰᠠᠨ ᠤᠷᠠᠯᠢᠭ᠎ᠤᠨ ᠲᠥᠷᠥᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ᠎ᠳᠤ ᠬᠢᠷᠢ ᠲᠡᠩᠴᠡᠭᠰᠡᠨ ᠰᠤᠷᠤᠭᠴᠢ ᠵᠢᠨ ᠢᠷᠡᠯᠲᠡ ᠪᠣᠯᠤᠨ᠎ᠠ᠃ ᠬᠠᠷᠠᠭ᠋ᠠᠯᠵᠠᠭᠰᠠᠨ ᠤᠷᠠᠯᠢᠭ᠎ᠤᠨ ᠲᠥᠷᠥᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ᠎ᠳᠤ ᠬᠢᠷᠢ ᠲᠡᠩᠴᠡᠭᠰᠡᠨ ᠰᠢᠯᠭ᠋ᠠᠭᠤᠯᠤᠭᠴᠢ ᠡᠩ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠰᠢᠯᠭ᠋ᠠᠯᠲᠠ ᠵᠢᠨ ᠬᠢᠷᠢ ᠭᠡᠮ᠎ᠲᠠᠢ ᠳᠡᠭᠡᠳᠦ ᠰᠤᠷᠭ᠋ᠠᠭᠤᠯᠢ ᠵᠢᠨ ᠡᠷᠬᠢᠯᠡᠭᠰᠡᠨ ᠬᠠᠷᠠᠭ᠋ᠠᠯᠵᠠᠭᠰᠠᠨ ᠲᠥᠷᠥᠯ᠎ᠤᠨ ᠰᠤᠷᠭ᠋ᠠᠭᠤᠯᠢ ᠵᠢᠨ ᠰᠢᠯᠭ᠋ᠠᠯᠲᠠ᠎ᠳᠤ ᠣᠷᠣᠯᠴᠠᠵᠤ ᠪᠣᠯᠤᠨ᠎ᠠ᠃ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ ᠤᠨ ᠬᠢᠴᠢᠶᠡᠯ᠎ᠤᠨ ᠬᠢᠷᠢ ᠪᠦᠲᠦᠮᠵᠢ ᠵᠢ ᠨᠡᠶ᠋ᠢᠲᠡᠯᠡᠬᠦ ᠦᠶ᠎ᠡ᠎ᠳᠤ᠂ ᠲᠣᠭᠲᠠᠭ᠋ᠠᠭᠰᠠᠨ ᠰᠤᠷᠤᠭᠴᠢ ᠡᠯᠰᠡᠬᠦ ᠲᠥᠯᠥᠪᠯᠡᠭᠡ᠎ᠲᠠᠢ ᠤᠶᠠᠯᠳᠤᠭᠤᠯᠤᠨ ᠤᠷᠠᠯᠢᠭ᠎ᠤᠨ ᠲᠥᠷᠥᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠣᠶᠣᠯ ᠤᠨ ᠬᠢᠴᠢᠶᠡᠯ᠎ᠤᠨ ᠰᠤᠷᠤᠭᠴᠢ ᠡᠯᠰᠡᠬᠦ ᠵᠢ ᠡᠵᠡᠮᠳᠡᠬᠦ ᠬᠢᠵᠠᠭ᠋ᠠᠷ ᠬᠤᠪᠢ ᠪᠠ ᠤᠷᠠᠯᠢᠭ᠎ᠤᠨ ᠲᠥᠷᠥᠯ ᠤᠨ ᠲᠤᠰᠬᠠᠢ ᠮᠡᠷᠭᠡᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ᠎ᠪᠠᠷ ᠰᠤᠷᠤᠭᠴᠢ ᠡᠯᠰᠡᠬᠦ ᠵᠢ ᠡᠵᠡᠮᠳᠡᠬᠦ ᠬᠢᠵᠠᠭ᠋ᠠᠷ ᠬᠤᠪᠢ ᠵᠢ ᠳᠠᠬᠢᠨ ᠨᠢᠭᠡᠳᠦᠯᠲᠡᠢ ᠲᠣᠭᠲᠠᠭ᠋ᠠᠨ᠎ᠠ᠃
ᠳᠥᠷᠪᠡ᠂ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠳᠠᠬᠢᠨ ᠬᠢᠨᠠᠬᠤ
ᠬᠢᠷᠢ ᠪᠦᠲᠦᠮᠵᠢ ᠵᠢ ᠳᠠᠬᠢᠨ ᠬᠢᠨᠠᠬᠤ ᠵᠢ 《2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢ ᠡᠯᠰᠡᠬᠦ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ ᠵᠢᠨ ᠬᠢᠷᠢ ᠪᠦᠲᠦᠮᠵᠢ ᠵᠢ ᠳᠠᠬᠢᠨ ᠬᠢᠨᠠᠬᠤ ᠲᠤᠬᠠᠢ ᠠᠯᠪᠠᠨ ᠵᠠᠷᠯᠠᠯ》 ᠶᠣᠰᠣᠭ᠋ᠠᠷ ᠬᠡᠷᠡᠭᠵᠢᠭᠦᠯᠦᠨ᠎ᠡ᠃