ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠡᠳᠡᠭᠡᠷ ᠲᠠᠯᠠᠪᠤᠷ᠎ᠤᠨ ᠭᠠᠯ ᠰᠡᠷᠭᠡᠶ᠋ᠢᠯᠡᠬᠦ ᠠᠮᠤᠷ ᠲᠦᠪᠰᠢᠨ᠎ᠳᠤ ᠨᠠᠷᠢᠨ ᠨᠢᠮᠪᠠᠢ ᠬᠠᠨᠳᠤᠬᠤ ᠬᠡᠷᠡᠭᠲᠡᠢ
ᠨᠡᠶ᠋ᠢᠲᠡᠯᠡᠭᠰᠡᠨ ᠴᠠᠭ᠄ 2024-01-31

      ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ᠂ ᠬᠥᠮᠦᠨ ᠪᠠ ᠪᠣᠳᠠᠰ᠎ᠤᠨ ᠭᠦᠢ᠍ᠯᠭᠡᠭᠡ ᠨᠢᠭᠲᠠᠷᠠᠵᠤ᠂           《ᠶᠢᠰᠦᠨ ᠵᠢᠵᠢᠭ ᠲᠠᠯᠠᠪᠤᠷ》 ᠵᠶ᠋ᠠᠷ ᠣᠷᠣᠵᠤ ᠭᠠᠷᠬᠤ ᠳᠠᠪᠲᠠᠮᠵᠢ ᠨᠡᠮᠡᠭᠳᠡᠬᠦ ᠪᠣᠯᠤᠨ᠎ᠠ᠃ 《ᠶᠢᠰᠦᠨ ᠵᠢᠵᠢᠭ           ᠲᠠᠯᠠᠪᠤᠷ》 ᠲᠤᠬᠠᠶ᠋ᠢᠯᠠᠪᠠᠯ᠂ ᠵᠢᠵᠢᠭ ᠬᠤᠳᠠᠯᠳᠤᠭ᠋ᠠᠨ᠎ᠤ ᠲᠠᠯᠠᠪᠤᠷ᠂ ᠵᠢᠵᠢᠭ ᠢᠳᠡᠭᠡᠨ ᠤᠮᠳᠠᠭ᠋ᠠᠨ᠎ᠤ ᠭᠠᠵᠠᠷ᠂ ᠵᠢᠵᠢᠭ ᠣᠯᠠᠨ ᠨᠡᠶ᠋ᠢᠲᠡ ᠵᠢᠨ ᠵᠤᠭ᠎ᠠ ᠴᠡᠩᠭᠡᠯ᠎ᠤᠨ ᠲᠠᠯᠠᠪᠤᠷ᠂ ᠵᠢᠵᠢᠭ ᠦᠢ᠍ᠯᠡᠳᠪᠦᠷᠢᠯᠡᠵᠦ ᠪᠣᠯᠪᠠᠰᠤᠷᠠᠭᠤᠯᠬᠤ ᠠᠵᠤ ᠠᠬᠤᠶ᠋ᠢᠯᠠᠯ᠂ ᠵᠢᠵᠢᠭ ᠪᠠᠭᠤᠳᠠᠯ᠂ ᠵᠢᠵᠢᠭ ᠰᠡᠯᠡᠭᠦᠴᠡᠵᠦ ᠪᠡᠶ᠎ᠡ ᠪᠣᠯᠪᠠᠰᠤᠷᠠᠭᠤᠯᠬᠤ ᠲᠠᠯᠠᠪᠤᠷ᠂ ᠵᠢᠵᠢᠭ ᠰᠦᠯᠵᠢᠶᠡᠨ᠎ᠤ ᠪᠠᠭ᠋ᠠᠷ᠂ ᠵᠢᠵᠢᠭ ᠵᠢᠭ᠋ᠠᠨ ᠰᠤᠷᠭ᠋ᠠᠯᠲᠠ ᠵᠢᠨ ᠪᠠᠶ᠋ᠢᠭᠤᠯᠤᠮᠵᠢ᠂ ᠵᠢᠵᠢᠭ ᠡᠮᠨᠡᠯᠭᠡ ᠵᠢᠨ ᠭᠠᠵᠠᠷ ᠪᠣᠯᠤᠨ᠎ᠠ᠃
      《ᠶᠢᠰᠦᠨ ᠵᠢᠵᠢᠭ ᠲᠠᠯᠠᠪᠤᠷ》᠎ᠲᠤ ᠭᠠᠯ ᠰᠡᠷᠭᠡᠢ᠌ᠯᠡᠬᠦ ᠠᠮᠤᠷ ᠲᠦᠪᠰᠢᠨ᠎ᠤ ᠰᠠᠨᠠᠭᠤᠯᠤᠮᠵᠢ
      1. ᠵᠡᠭᠡᠯᠢ ᠳᠠᠭ᠋ᠠᠤ ᠵᠢᠨ ᠡᠭᠦᠳᠡᠨ ᠳᠡᠯᠭᠡᠭᠦᠷ ᠪᠠ 《ᠶᠢᠰᠦᠨ ᠵᠢᠵᠢᠭ ᠲᠠᠯᠠᠪᠤᠷ》᠎ᠲᠤ ᠣᠷᠣᠬᠤ ᠦᠶ᠎ᠡ᠎ᠳᠤ᠂ ᠭᠠᠯ ᠰᠡᠷᠭᠡᠢ᠌ᠯᠡᠬᠦ ᠠᠮᠤᠷ ᠲᠦᠪᠰᠢᠨ᠎ᠢ  ᠠᠩᠬᠠᠷᠬᠤ  ᠬᠡᠷᠡᠭᠲᠡᠢ᠃ ᠲᠠᠮᠠᠬᠢ ᠳᠠᠲᠠᠵᠤ ᠪᠣᠯᠬᠤ ᠦᠭᠡᠢ᠂ ᠢᠯᠡ ᠭᠠᠯ᠎ᠢ ᠬᠡᠷᠡᠭᠯᠡᠵᠦ ᠪᠣᠯᠬᠤ ᠦᠭᠡᠢ᠃
      2. ᠠᠮᠢ ᠵᠢᠭᠤᠲᠠᠬᠤ ᠭᠤᠳᠤᠮ᠂ ᠠᠮᠤᠷ ᠲᠦᠪᠰᠢᠨ ᠭᠠᠷᠤᠴᠠ ᠵᠢᠨ ᠪᠣᠳᠠᠲᠠᠢ ᠣᠷᠣᠨ ᠪᠠᠶ᠋ᠢᠷᠢ ᠵᠢ ᠣᠢ᠌ᠯᠠᠭ᠋ᠠᠵᠤ᠂ ᠬᠡᠷᠪᠡ ᠭᠠᠯ᠎ᠤᠨ ᠠᠶᠤᠯ ᠲᠣᠬᠢᠶᠠᠯᠳᠤᠪᠠᠯ᠂ ᠲᠠᠷᠬᠠᠭ᠋ᠠᠨ ᠵᠠᠢ᠌ᠯᠠᠭᠤᠯᠬᠤ ᠵᠢᠭ᠋ᠠᠯᠲᠠ ᠵᠢᠨ ᠲᠡᠮᠳᠡᠭ ᠪᠣᠯᠤᠨ ᠭᠠᠯ ᠰᠡᠷᠭᠡᠢ᠌ᠯᠡᠵᠦ ᠪᠠᠴᠢᠮ ᠪᠠᠶ᠋ᠢᠳᠠᠯ᠎ᠢ ᠠᠷᠭ᠋ᠠᠴᠠᠬᠤ ᠷᠠᠳᠢᠣ᠋ ᠨᠡᠪᠲᠡᠷᠡᠭᠦᠯᠭᠡ ᠵᠢᠴᠢ ᠠᠬᠤᠢ ᠲᠠᠯᠠᠪᠠᠢ ᠵᠢᠨ ᠠᠵᠢᠯᠲᠠᠨ᠎ᠤ ᠵᠢᠯᠣᠭᠣᠳᠤᠯᠭ᠎ᠠ᠎ᠪᠠᠷ ᠵᠥᠪ᠂ ᠲᠦᠷᠭᠡᠨ᠂ ᠡᠮᠬᠢ ᠵᠢᠷᠤᠮ᠎ᠲᠠᠢ ᠲᠠᠷᠬᠠᠨ ᠵᠠᠢ᠌ᠯᠠᠵᠤ ᠥᠪᠡᠷ᠎ᠢ᠎ᠪᠠᠨ ᠠᠪᠤᠷᠠᠬᠤ ᠬᠡᠷᠡᠭᠲᠡᠢ᠃
      3. ᠭᠠᠯ ᠤᠨᠲᠠᠷᠠᠭ᠋ᠠᠬᠤ ᠪᠡᠯᠡᠳᠬᠡᠮᠵᠢ ᠪᠠᠭ᠋ᠠᠵᠢ ᠬᠡᠷᠡᠭᠰᠡᠯ᠂ ᠠᠮᠢ ᠵᠢᠭᠤᠲᠠᠬᠤ ᠲᠥᠬᠥᠭᠡᠷᠦᠮᠵᠢ ᠵᠢᠨ ᠣᠷᠣᠨ ᠪᠠᠶ᠋ᠢᠷᠢ ᠪᠣᠯᠤᠨ ᠬᠡᠷᠡᠭᠯᠡᠬᠦ ᠠᠷᠭ᠎ᠠ ᠵᠢ ᠣᠢ᠌ᠯᠠᠭ᠋ᠠᠨ  ᠡᠵᠡᠮᠰᠢᠵᠦ᠂ ᠬᠡᠷᠪᠡ ᠭᠠᠯ᠎ᠤᠨ ᠠᠶᠤᠯ ᠲᠣᠬᠢᠶᠠᠯᠳᠤᠪᠠᠯ᠂ ᠵᠥᠪ ᠣᠨᠣᠪᠴᠢᠲᠠᠢ ᠬᠡᠷᠡᠭᠯᠡᠵᠦ᠂ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
      《ᠶᠢᠰᠦᠨ ᠵᠢᠵᠢᠭ ᠲᠠᠯᠠᠪᠤᠷ》᠎ᠲᠤ ᠭᠠᠯ ᠭᠠᠷᠤᠭᠰᠠᠨ᠎ᠤ ᠳᠠᠷᠠᠭ᠎ᠠ ᠶᠠᠭ᠋ᠠᠬᠢᠵᠤ ᠠᠮᠢ ᠵᠢᠭᠤᠲᠠᠬᠤ ᠪᠣᠢ
      ᠲᠣᠭᠲᠠᠭᠤᠨ ᠪᠠᠢ᠌ᠬᠤ ᠬᠡᠷᠡᠭᠲᠡᠢ᠃ ᠭᠠᠯ ᠭᠠᠷᠤᠭᠰᠠᠨ᠎ᠤ ᠳᠠᠷᠠᠭ᠎ᠠ᠂ ᠯᠠᠪᠳᠠᠭᠤᠨ ᠲᠣᠭᠲᠠᠭᠤᠨ ᠪᠠᠶ᠋ᠢᠬᠤ ᠵᠢ ᠪᠠᠲᠤᠯᠠᠵᠤ᠂ ᠵᠥᠪ ᠠᠮᠢ ᠵᠢᠭᠤᠲᠠᠬᠤ ᠵᠠᠮ᠎ᠢ  ᠰᠣᠩᠭᠤᠵᠤ᠂ ᠶᠠᠭ᠋ᠠᠬᠢᠭᠰᠠᠨ ᠴᠤ᠌ ᠰᠣᠬᠣᠷ ᠪᠠᠯᠠᠢ᠎ᠪᠠᠷ ᠰᠠᠨᠳᠤᠷᠴᠤ ᠪᠣᠯᠬᠤ ᠦᠭᠡᠢ᠃
      ᠡᠳ᠋ ᠪᠣᠳᠠᠰ᠎ᠢ ᠪᠢᠲᠡᠭᠡᠢ ᠬᠠᠮᠢᠶᠠᠷ᠃ ᠭᠠᠯ ᠭᠠᠷᠤᠭᠰᠠᠨ ᠭᠠᠵᠠᠷ᠎ᠠᠴᠠ ᠠᠯᠢ ᠴᠢᠳᠠᠬᠤ᠎ᠪᠠᠷ ᠲᠦᠷᠭᠡᠨ ᠵᠠᠶ᠋ᠢᠯᠠᠵᠤ᠂ ᠡᠳ᠋ ᠪᠣᠳᠠᠰ᠎ᠤᠨ ᠲᠥᠯᠦᠭᠡ ᠠᠮᠢ ᠵᠢᠭᠤᠲᠠᠬᠤ ᠴᠠᠭ ᠲᠣᠬᠢᠶᠠᠯ᠎ᠢ ᠠᠯᠳᠠᠵᠤ ᠪᠣᠯᠬᠤ ᠦᠭᠡᠢ᠃ ᠨᠢᠭᠡᠨᠲᠡ ᠭᠠᠯ᠎ᠤᠨ ᠲᠠᠯᠠᠪᠤᠷ᠎ᠠᠴᠠ ᠳᠤᠲᠠᠭ᠋ᠠᠭᠰᠠᠨ ᠬᠥᠮᠦᠰ ᠳᠠᠬᠢᠨ ᠪᠤᠴᠠᠵᠤ ᠪᠣᠯᠬᠤ ᠦᠭᠡᠢ᠃
      ᠤᠲᠤᠭ᠎ᠠ ᠮᠠᠨᠠᠨ᠎ᠠᠴᠠ ᠵᠠᠢ᠌ᠯᠠ᠃ ᠠᠮᠢ ᠵᠢᠭᠤᠲᠠᠬᠤ ᠦᠶᠡᠰ 《ᠭᠠᠯ ᠭᠠᠷᠤᠮᠠᠭᠴᠠ ᠬᠤᠷᠳᠤᠨ           ᠳᠤᠲᠠᠭ᠋ᠠᠬᠤ》 ᠵᠢ ᠪᠠᠲᠤ ᠴᠡᠭᠡᠵᠢᠯᠡᠵᠦ᠂ ᠭᠠᠯ᠎ᠤᠨ ᠠᠶᠤᠯ᠎ᠠᠴᠠ ᠲᠦᠷᠭᠡᠨ ᠵᠠᠢ᠌ᠯᠠᠨ᠎ᠠ᠃ ᠨᠢᠷᠤᠭᠤ᠎ᠪᠠᠨ ᠪᠥᠬᠦᠢ᠌ᠯᠭᠡᠨ ᠣᠴᠣᠢ᠌ᠵᠤ᠂ ᠠᠮᠢᠰᠬᠤᠯ ᠴᠢᠬᠤᠯᠳᠠᠵᠤ ᠪᠠᠢ᠌ᠪᠠᠴᠤ ᠨᠣᠢ᠌ᠲᠠᠨ ᠠᠯᠴᠢᠭᠤᠷ᠎ᠢ ᠠᠮᠠ ᠬᠠᠮᠠᠷ᠎ᠠᠴᠠ᠎ᠪᠠᠨ ᠰᠠᠯᠭ᠋ᠠᠵᠤ ᠪᠣᠯᠬᠤ ᠦᠭᠡᠢ᠃
      ᠠᠶᠤᠯ᠎ᠠᠴᠠ ᠵᠦᠢ ᠵᠣᠬᠢᠰᠲᠠᠢ ᠵᠠᠢ᠌ᠯᠠᠨ᠎ᠠ ᠃ ᠭᠠᠯ᠎ᠤᠨ ᠡᠭᠦᠰᠦᠯ᠎ᠨᠢ ᠳᠡᠭᠡᠷ᠎ᠡ ᠳᠠᠪᠬᠤᠷᠭ᠎ᠠ᠎ᠳᠤ ᠪᠠᠶ᠋ᠢᠬᠤ ᠦᠶ᠎ᠡ᠎ᠳᠤ᠂ ᠠᠰᠠᠷ᠎ᠤᠨ ᠬᠣᠩᠬᠢᠯ᠎ᠳᠤ ᠤᠲᠤᠭ᠎ᠠ ᠦᠭᠡᠢ ᠪᠣᠯ ᠠᠮᠢ ᠵᠢᠭᠤᠳᠠᠬᠤ ᠪᠥᠲᠡᠭᠡᠯᠭᠡ ᠵᠢ ᠳᠥᠭᠥᠮᠬᠡᠨ ᠵᠡᠭᠦᠬᠦ ᠪᠤᠶᠤ ᠨᠣᠶ᠋ᠢᠲᠠᠨ ᠠᠯᠴᠢᠭᠤᠷ ᠵᠶ᠋ᠠᠷ ᠬᠠᠮᠠᠷ ᠵᠶ᠋ᠠᠨ ᠪᠥᠭᠯᠡᠵᠦ᠂ ᠠᠰᠠᠷ᠎ᠤᠨ ᠱᠠᠲᠤ᠎ᠪᠠᠷ ᠳᠣᠷᠣᠭᠰᠢ ᠲᠦᠷᠭᠡᠨ ᠵᠢᠭᠤᠲᠠᠵᠤ᠂ ᠠᠰᠠᠷ᠎ᠤᠨ ᠱᠠᠲᠤ᠎ᠪᠠᠷ ᠥᠩᠭᠡᠷᠡᠬᠦ ᠦᠶ᠎ᠡ᠎ᠳᠤ ᠭᠠᠷ᠎ᠤᠨ ᠠᠶ᠎ᠠ᠎ᠪᠠᠷ ᠭᠠᠯ ᠰᠡᠷᠭᠡᠶ᠋ᠢᠯᠡᠬᠦ ᠡᠭᠦᠳᠡ ᠵᠢ ᠬᠠᠭ᠋ᠠᠵᠤ᠂ ᠴᠠᠬᠢᠯᠭ᠋ᠠᠨ ᠱᠠᠲᠤᠨ᠎ᠳᠤ ᠰᠠᠭᠤᠵᠤ ᠪᠣᠯᠬᠤ ᠦᠭᠡᠢ᠃
      ᠭᠤᠷᠪᠠ ᠵᠢ ᠴᠡᠪᠡᠷᠯᠡᠬᠦ ᠭᠤᠷᠪᠠ ᠵᠢ ᠬᠠᠭ᠋ᠠᠬᠤ ᠭᠤᠷᠪᠠ ᠵᠢ ᠪᠠᠢ᠌ᠴᠠᠭ᠋ᠠᠬᠤ ᠵᠢ ᠰᠠᠶ᠋ᠢᠲᠤᠷ ᠬᠢᠨ᠎ᠡ
      ᠲᠣᠭᠣᠭ᠋ᠠᠨ ᠭᠡᠷ ᠵᠶ᠋ᠠᠨ ᠴᠡᠪᠡᠷᠯᠡᠨ᠎ᠡ᠃ ᠲᠣᠭᠣᠭ᠋ᠠᠨ ᠭᠡᠷ ᠪᠣᠯ ᠭᠡᠷ ᠪᠦᠯᠢ ᠵᠢᠨ ᠬᠠᠮᠤᠭ᠎ᠤᠨ ᠠᠷᠪᠢᠨ ᠭᠠᠯ ᠬᠡᠷᠡᠭᠯᠡᠬᠦ ᠭᠠᠵᠠᠷ ᠪᠠᠶ᠋ᠢᠵᠤ᠂ ᠲᠣᠭᠣᠭ᠋ᠠᠨ ᠭᠡᠷ᠎ᠢ ᠴᠡᠪᠡᠷᠯᠡᠬᠦ ᠵᠢᠨ ᠭᠣᠣᠯᠳᠠᠯᠭ᠎ᠠ᠎ᠨᠢ ᠲᠣᠰᠣ᠂ ᠴᠠᠭ᠋ᠠᠰᠤ᠂ ᠪᠥᠰ ᠵᠡᠷᠭᠡ ᠰᠢᠲᠠᠮᠠᠬᠠᠢ ᠪᠣᠳᠠᠰ᠎ᠢ ᠵᠤᠤᠬ᠎ᠠ ᠵᠡᠷᠭᠡ ᠭᠠᠯ᠎ᠤᠨ ᠡᠬᠢ ᠎ᠠᠴᠠ ᠬᠣᠯᠠ ᠪᠠᠶ᠋ᠢᠯᠭ᠋ᠠᠨ᠎ᠠ᠃ ᠡᠭᠦᠨ᠎ᠤ ᠬᠠᠮᠲᠤ ᠣᠲᠤᠭ᠎ᠠ ᠰᠤᠷᠤᠭᠴᠢ᠂ ᠰᠢᠲᠠᠮᠠᠬᠠᠢ ᠬᠡᠢ ᠵᠢᠨ ᠵᠤᠤᠬ᠎ᠠ ᠵᠢ ᠲᠣᠭᠲᠠᠮᠠᠯ ᠬᠤᠭᠤᠴᠠᠭ᠎ᠠ᠎ᠲᠠᠢ ᠴᠡᠪᠡᠷᠯᠡᠨ᠎ᠡ᠃
      ᠨᠠᠷᠠᠪᠴᠢ᠎ᠪᠠᠨ ᠴᠡᠪᠡᠷᠯᠡᠨ᠎ᠡ᠃ ᠨᠠᠷᠠᠪᠴᠢᠨ ᠳᠡᠭᠡᠷᠡᠬᠢ ᠡᠯᠳᠡᠪ ᠶᠠᠭᠤᠮ᠎ᠠ᠂ ᠣᠨᠴᠠᠭ᠋ᠠᠢ᠌ᠯᠠᠨ ᠴᠠᠭ᠋ᠠᠰᠤᠨ ᠬᠠᠶ᠋ᠢᠷᠴᠠᠭ᠂ ᠴᠠᠭ᠋ᠠᠰᠤ᠂ ᠰᠦᠯᠢᠶᠣᠣ ᠵᠡᠷᠭᠡ ᠨᠣᠴᠣᠮᠠᠲᠠᠭ᠋ᠠᠢ ᠪᠣᠳᠠᠰ᠎ᠢ ᠴᠠᠭ ᠲᠤᠬᠠᠢ ᠎ᠳᠤ᠎ᠨᠢ ᠴᠡᠪᠡᠷᠯᠡᠬᠦ ᠬᠡᠷᠡᠭᠲᠡᠢ᠃ ᠤᠷᠲᠤ ᠬᠤᠭᠤᠴᠠᠭ᠎ᠠ᠎ᠪᠠᠷ ᠭᠠᠳᠠᠭᠰᠢ ᠭᠠᠷᠬᠤ᠎ᠳᠤ᠎ᠪᠠᠨ ᠡᠭᠦᠳᠡ ᠴᠣᠩᠬᠣ᠎ᠪᠠᠨ ᠬᠠᠭ᠋ᠠᠵᠤ᠂ ᠭᠠᠯ᠎ᠤᠨ ᠣᠴᠢ ᠭᠡᠷ᠎ᠲᠤ ᠣᠷᠣᠵᠤ ᠭᠠᠯ᠎ᠤᠨ ᠠᠶᠤᠯ ᠭᠠᠷᠬᠤ᠎ᠠᠴᠠ ᠰᠡᠷᠭᠡᠶ᠋ᠢᠯᠡᠬᠦ ᠬᠡᠷᠡᠭᠲᠡᠢ᠃
      ᠠᠰᠠᠷ᠎ᠤᠨ ᠬᠣᠩᠬᠢᠯ ᠵᠶ᠋ᠡᠨ ᠴᠡᠪᠡᠷᠯᠡᠨ᠎ᠡ᠃ ᠠᠰᠠᠷ᠎ᠤᠨ ᠬᠣᠩᠬᠢᠯ᠂ ᠠᠰᠠᠷ᠎ᠤᠨ ᠱᠠᠲᠤᠨ᠎ᠤ ᠥᠨᠴᠦᠭ ᠪᠤᠯᠤᠩ ᠵᠡᠷᠭᠡ ᠭᠠᠵᠠᠷ᠎ᠲᠤ ᠡᠯᠳᠡᠪ ᠶᠠᠭᠤᠮ᠎ᠠ ᠣᠪᠣᠭ᠋ᠠᠯᠠᠵᠤ ᠪᠣᠯᠬᠤ ᠦᠭᠡᠢ; ᠴᠠᠬᠢᠯᠭ᠋ᠠᠨ ᠬᠥᠳᠡᠯᠭᠡᠭᠦᠷᠲᠦ ᠲᠡᠷᠭᠡ ᠵᠢ ᠠᠰᠠᠷ᠎ᠤᠨ ᠱᠠᠲᠤᠨ᠎ᠤ ᠬᠣᠭᠣᠷᠤᠨᠲᠤ᠂ ᠲᠠᠷᠬᠠᠭ᠋ᠠᠨ ᠵᠠᠢ᠌ᠯᠠᠭᠤᠯᠬᠤ ᠵᠠᠮ᠂ ᠠᠮᠤᠷ ᠲᠦᠪᠰᠢᠨ ᠭᠠᠷᠤᠴᠠ ᠵᠡᠷᠭᠡ ᠭᠠᠵᠠᠷ᠎ᠲᠤ ᠴᠡᠨᠡᠭᠯᠡᠵᠦ ᠪᠣᠯᠬᠤ ᠦᠭᠡᠢ᠂ ᠴᠠᠬᠢᠯᠭ᠋ᠠᠨ ᠴᠡᠨᠡᠭᠯᠡᠬᠦ᠎ᠳᠤ᠎ᠪᠠᠨ ᠴᠠᠭ᠎ᠨᠢ ᠬᠡᠳᠦ ᠤᠷᠲᠤ ᠪᠠᠶ᠋ᠢᠵᠤ ᠪᠣᠯᠬᠤ ᠦᠭᠡᠢ᠂ ᠡᠷᠭᠢᠨ ᠲᠣᠭᠣᠷᠢᠨ᠎ᠳᠤ᠎ᠨᠢ ᠰᠢᠲᠠᠮᠠᠬᠠᠢ ᠪᠣᠳᠠᠰ ᠲᠠᠯᠪᠢᠵᠤ ᠪᠣᠯᠬᠤ ᠦᠭᠡᠢ᠃ ᠭᠠᠯ ᠤᠨᠲᠠᠷᠠᠭ᠋ᠠᠬᠤ ᠨᠡᠪᠲᠡᠷᠡᠬᠦ ᠵᠠᠮ᠂ ᠠᠮᠤᠷ ᠲᠦᠪᠰᠢᠨ ᠭᠠᠷᠤᠴᠠ᠂ ᠲᠠᠷᠬᠠᠭ᠋ᠠᠨ ᠵᠠᠢ᠌ᠯᠠᠭᠤᠯᠬᠤ ᠭᠤᠳᠤᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠵᠤ᠂ ᠴᠠᠬᠢᠯᠭ᠋ᠠᠨ ᠳᠡᠭᠡᠰᠦᠨ ᠬᠤᠳᠳᠤᠭ ᠪᠣᠯᠤᠨ ᠴᠠᠬᠢᠯᠭ᠋ᠠᠨ ᠱᠠᠲᠤᠨ᠎ᠤ ᠬᠠᠰᠢᠯᠭ᠎ᠠ᠎ᠳᠤ ᠡᠯᠳᠡᠪ ᠶᠠᠭᠤᠮ᠎ᠠ ᠣᠪᠤᠭ᠋ᠠᠯᠠᠵᠤ ᠪᠣᠯᠬᠤ ᠦᠭᠡᠢ ᠃
      ᠰᠢᠲᠠᠮᠠᠬᠠᠢ ᠬᠡᠢ ᠵᠢ ᠬᠠᠭ᠋ᠠᠨ᠎ᠠ᠃ ᠰᠢᠲᠠᠮᠠᠬᠠᠢ ᠬᠡᠢ ᠵᠢ ᠬᠡᠷᠡᠭᠯᠡᠭᠰᠡᠨ᠎ᠤ ᠳᠠᠷᠠᠭ᠎ᠠ ᠳᠠᠷᠤᠢ ᠎ᠳᠤ᠎ᠨᠢ ᠬᠡᠢ ᠵᠢᠨ ᠢᠷᠡᠯᠲᠡ ᠵᠢ ᠬᠠᠭ᠋ᠠᠵᠤ᠂ ᠰᠢᠲᠠᠮᠠᠬᠠᠢ ᠬᠡᠢ ᠵᠢᠨ  ᠭᠤᠤᠷᠰᠤ ᠵᠢ ᠳᠤᠷ᠎ᠠ᠎ᠪᠠᠷ ᠵᠶ᠋ᠠᠨ ᠬᠤᠪᠢᠷᠠᠭᠤᠯᠬᠤ ᠦᠭᠡᠢ᠂ ᠰᠢᠲᠠᠮᠠᠬᠠᠢ ᠬᠡᠢ ᠵᠢᠨ ᠵᠥᠭᠡᠯᠡᠨ ᠭᠤᠤᠷᠰᠤ ᠬᠠᠭᠤᠴᠢᠷᠠᠭᠰᠠᠨ᠂ ᠮᠤᠯᠲᠤᠷᠤᠭᠰᠠᠨ᠂ ᠬᠡᠢ ᠭᠠᠷᠤᠭᠰᠠᠨ ᠵᠡᠷᠭᠡ ᠭᠡᠷ ᠪᠦᠯᠢ ᠵᠢᠨ ᠭᠠᠯ᠎ᠤᠨ ᠠᠶᠤᠯ᠎ᠤᠨ ᠳᠠᠯᠳᠠ ᠭᠡᠮ ᠣᠷᠣᠰᠢᠵᠤ ᠪᠠᠶ᠋ᠢᠬᠤ ᠡᠰᠡᠬᠦ ᠵᠢ ᠲᠣᠭᠲᠠᠮᠠᠯ ᠬᠤᠭᠤᠴᠠᠭ᠎ᠠ᠎ᠲᠠᠢ ᠪᠠᠶ᠋ᠢᠴᠠᠭ᠋ᠠᠬᠤ ᠬᠡᠷᠡᠭᠲᠡᠢ᠃
      ᠴᠠᠬᠢᠯᠭ᠋ᠠᠨ᠎ᠢ ᠬᠠᠭ᠋ᠠᠨ᠎ᠠ ᠃ ᠭᠡᠷ᠎ᠤᠨ ᠡᠯ᠎ᠡ ᠵᠦᠢ᠍ᠯ᠎ᠤᠨ ᠴᠠᠬᠢᠯᠭ᠋ᠠᠨ ᠬᠡᠷᠡᠭᠰᠡᠯ ᠰᠠᠭᠤᠭ᠋ᠠᠯᠢ ᠠᠷᠠᠳ᠎ᠲᠤ ᠳᠥᠭᠥᠮ ᠦᠵᠡᠭᠦᠯᠬᠦ ᠵᠢᠨ ᠬᠠᠮᠲᠤ ᠪᠠᠰᠠ ᠵᠣᠬᠢᠬᠤ ᠳᠠᠯᠳᠠ ᠭᠡᠮ ᠣᠷᠣᠰᠢᠳᠠᠭ᠂ ᠰᠠᠭᠤᠭ᠋ᠠᠯᠢ ᠠᠷᠠᠳ ᠡᠷᠬᠡᠪᠰᠢ ᠬᠡᠷᠡᠭᠯᠡᠬᠦ ᠴᠠᠭ ᠪᠠ ᠬᠡᠷᠡᠭᠯᠡᠬᠦ ᠠᠷᠭ᠎ᠠ ᠵᠢ ᠠᠩᠬᠠᠷᠴᠤ᠂ ᠬᠡᠷᠡᠭᠯᠡᠬᠦ ᠦᠭᠡᠢ ᠦᠶ᠎ᠡ᠎ᠳᠤ ᠳᠠᠷᠦ᠋ᠢ᠍ᠬᠠᠨ ᠴᠠᠬᠢᠯᠭ᠋ᠠᠨ ᠡᠭᠦᠰᠭᠡᠭᠴᠢ᠎ᠠᠴᠠ ᠰᠠᠯᠭ᠋ᠠᠬᠤ ᠬᠡᠷᠡᠭᠲᠡᠢ᠃
      ᠭᠠᠯ᠎ᠢ ᠤᠨᠲᠠᠷᠠᠭ᠋ᠠᠨ᠎ᠠ ᠃ ᠣᠷᠣ ᠳᠡᠭᠡᠷ᠎ᠡ ᠪᠤᠶᠤ ᠱᠠᠹᠠ ᠳᠡᠭᠡᠷ᠎ᠡ ᠬᠡᠪᠲᠡᠭᠡᠳ ᠲᠠᠮᠠᠬᠢ ᠲᠠᠲᠠᠬᠤ ᠦᠭᠡᠢ᠂ ᠨᠣᠴᠣᠭ᠋ᠠᠭᠤᠷ ᠵᠡᠷᠭᠡ ᠵᠢ ᠬᠡᠦᠬᠡᠳ᠎ᠤᠨ ᠭᠠᠷ ᠬᠦᠷᠬᠦ ᠦᠭᠡᠢ ᠭᠠᠵᠠᠷ ᠲᠠᠯᠪᠢᠵᠤ᠂ ᠰᠫᠢᠷᠲ ᠵᠤᠤᠬ᠎ᠠ ᠵᠡᠷᠭᠡ ᠢᠯᠡ ᠭᠠᠯ᠎ᠢ ᠬᠡᠷᠡᠭᠯᠡᠵᠦ ᠪᠠᠷᠠᠪᠠᠯ ᠬᠠᠭ᠋ᠠᠨ᠎ᠠ᠃
      ᠡᠬᠢ ᠡᠭᠦᠰᠦᠯ᠎ᠢ ᠪᠠᠢ᠌ᠴᠠᠭ᠋ᠠᠨ᠎ᠠ᠃ ᠴᠠᠬᠢᠯᠭ᠋ᠠᠨ ᠬᠡᠷᠡᠭᠰᠡᠯ᠎ᠤᠨ ᠲᠥᠬᠥᠭᠡᠷᠦᠮᠵᠢ᠎ᠠᠴᠠ ᠭᠠᠯ ᠭᠠᠷᠬᠤ᠂ ᠬᠡᠦᠬᠡᠳ ᠭᠠᠯ ᠵᠶ᠋ᠠᠷ ᠨᠠᠭ᠋ᠠᠳᠬᠤ ᠵᠡᠷᠭᠡ ᠪᠣᠯ ᠭᠡᠷ ᠪᠦᠯᠢ ᠵᠢᠨ ᠭᠠᠯ᠎ᠤᠨ ᠠᠶᠤᠯ᠎ᠢ ᠡᠭᠦᠰᠭᠡᠬᠦ ᠴᠢᠬᠤᠯᠠ ᠰᠢᠯᠲᠠᠭ᠋ᠠᠨ᠎ᠤ ᠨᠢᠭᠡ ᠮᠥᠨ᠂ ᠬᠡᠦᠬᠡᠳ᠎ᠢ ᠭᠠᠯ ᠵᠶ᠋ᠠᠷ ᠨᠠᠭ᠋ᠠᠳᠴᠤ ᠪᠣᠯᠬᠤ ᠦᠭᠡᠢ ᠭᠡᠵᠦ ᠬᠥᠮᠥᠵᠢᠭᠦᠯᠵᠦ ᠰᠠᠨᠠᠭᠤᠯᠤᠨ᠎ᠠ᠃ ᠡᠭᠦᠨ᠎ᠤ ᠬᠠᠮᠲᠤ ᠴᠠᠬᠢᠯᠭ᠋ᠠᠨ᠎ᠤ ᠵᠠᠮ᠎ᠢ ᠲᠣᠭᠲᠠᠮᠠᠯ ᠬᠤᠭᠤᠴᠠᠭ᠎ᠠ᠎ᠲᠠᠢ ᠪᠠᠶ᠋ᠢᠴᠠᠭ᠋ᠠᠨ ᠵᠠᠰᠠᠵᠤ᠂ ᠭᠠᠯ᠎ᠤᠨ ᠠᠶᠤᠯ᠎ᠤᠨ ᠳᠠᠯᠳᠠ ᠭᠡᠮ᠎ᠢ ᠡᠬᠢ ᠡᠭᠦᠰᠦᠯ᠎ᠠᠴᠠ᠎ᠨᠢ ᠪᠠᠭ᠋ᠠᠰᠬᠠᠨ᠎ᠠ᠃
      ᠳᠠᠯᠳᠠ ᠭᠡᠮ᠎ᠢ ᠪᠠᠢ᠌ᠴᠠᠭ᠋ᠠᠨ᠎ᠠ ᠃ ᠴᠢᠨᠠᠷ ᠮᠠᠭᠤᠲᠠᠢ᠂ 《ᠭᠤᠷᠪᠠ ᠦᠭᠡᠢ》 ᠶᠡᠬᠡ ᠴᠢᠳᠠᠮᠵᠢᠲᠤ ᠴᠠᠬᠢᠯᠭ᠋ᠠᠨ ᠬᠡᠷᠡᠭᠰᠡᠯ᠎ᠤᠨ ᠦᠢ᠍ᠯᠡᠳᠬᠦᠨ᠎ᠢ ᠬᠡᠷᠡᠭᠯᠡᠬᠦ ᠦᠭᠡᠢ᠂  ᠳᠤᠯᠠᠭ᠋ᠠᠯᠠᠬᠤ ᠲᠥᠬᠥᠭᠡᠷᠦᠮᠵᠢ ᠪᠠ ᠨᠣᠴᠣᠮᠠᠲᠠᠭ᠋ᠠᠢ ᠪᠣᠳᠠᠰ᠎ᠤᠨ ᠠᠮᠤᠷ ᠲᠦᠪᠰᠢᠨ᠎ᠤ ᠵᠠᠢ ᠵᠢ ᠪᠠᠲᠤᠯᠠᠬᠤ ᠬᠡᠷᠡᠭᠲᠡᠢ᠃ ᠣᠷᠣᠨ ᠳᠡᠭᠡᠷ᠎ᠡ ᠲᠠᠮᠠᠬᠢ ᠲᠠᠲᠠᠬᠤ ᠦᠭᠡᠢ᠂ ᠲᠠᠮᠠᠬᠢᠨ ᠶᠣᠵᠤᠭᠤᠷ ᠵᠶ᠋ᠠᠨ ᠬᠠᠮᠢᠶ᠎ᠠ ᠦᠭᠡᠢ ᠬᠠᠶᠠᠬᠤ ᠦᠭᠡᠢ᠃ ᠡᠳᠦᠷ ᠲᠤᠲᠤᠮ᠎ᠤᠨ ᠠᠷᠢᠭᠤᠳᠬᠠᠯ ᠬᠢᠬᠦ᠎ᠳᠤ ᠤᠭᠯᠠᠭᠤᠷᠭ᠎ᠠ᠂ ᠴᠠᠬᠢᠯᠭ᠋ᠠᠨ ᠬᠡᠷᠡᠭᠰᠡᠯ ᠵᠡᠷᠭᠡ ᠴᠠᠬᠢᠯᠭ᠋ᠠᠨ᠎ᠲᠠᠢ ᠲᠥᠬᠥᠭᠡᠷᠦᠮᠵᠢ᠎ᠳᠤ ᠠᠷᠢᠭᠤᠳᠬᠠᠬᠤ ᠰᠢᠩᠭᠡᠨ ᠪᠡᠶᠡᠲᠦ ᠵᠢ ᠬᠡᠲᠦ ᠰᠠᠴᠤᠵᠤ ᠪᠣᠯᠬᠤ ᠦᠭᠡᠢ᠃
      ᠴᠢᠳᠠᠪᠤᠷᠢ ᠵᠢ ᠪᠠᠢ᠌ᠴᠠᠭ᠋ᠠᠨ᠎ᠠ᠃ ᠭᠠᠯ᠎ᠤᠨ ᠠᠶᠤᠯ᠎ᠠᠴᠠ ᠠᠮᠢ ᠵᠢᠭᠤᠲᠠᠵᠤ ᠥᠪᠡᠷ᠎ᠢ᠎ᠪᠠᠨ ᠠᠪᠤᠷᠠᠬᠤ ᠶᠡᠷᠦ ᠵᠢᠨ ᠮᠡᠳᠡᠯᠭᠡ ᠵᠢ ᠢᠳᠡᠪᠬᠢᠲᠡᠢ ᠰᠤᠷᠤᠯᠴᠠᠨ ᠡᠵᠡᠮᠰᠢᠵᠦ᠂ ᠭᠠᠯ᠎ᠤᠨ ᠠᠶᠤᠯ ᠎ᠳᠤ ᠲᠣᠬᠢᠶᠠᠯᠳᠤᠪᠠᠯ ᠯᠠᠪᠳᠠᠭᠤᠨ ᠲᠣᠭᠲᠠᠭᠤᠨ ᠪᠠᠶ᠋ᠢᠵᠤ᠂ ᠶᠠᠭ᠋ᠠᠷᠠᠵᠤ ᠰᠠᠨᠳᠤᠷᠬᠤ ᠪᠤᠶᠤ ᠡᠳ᠋ ᠪᠣᠳᠠᠰ᠎ᠳᠤ ᠰᠢᠨᠤᠬᠠᠶ᠋ᠢᠷᠠᠵᠤ ᠪᠣᠯᠬᠤ ᠦᠭᠡᠢ᠂ ᠵᠥᠪ ᠣᠨᠣᠪᠴᠢᠲᠠᠢ ᠠᠮᠢ ᠵᠢᠭᠤᠲᠠᠬᠤ ᠠᠷᠭ᠎ᠠ᠎ᠪᠠᠷ ᠠᠯᠢ ᠲᠦᠷᠭᠡᠨ ᠵᠶ᠋ᠠᠷ ᠠᠮᠢ ᠵᠢᠭᠤᠲᠠᠬᠤ ᠪᠤᠶᠤ ᠠᠪᠤᠷᠠᠨ ᠲᠤᠰᠠᠯᠠᠬᠤ ᠵᠢ ᠬᠦᠯᠢᠶᠡᠬᠦ ᠬᠡᠷᠡᠭᠲᠡᠢ᠃


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠤᠨᠲᠠᠯᠭ᠎ᠠ》᠎ᠳᠤ ᠬᠣᠯᠪᠤᠭᠳᠠᠬᠤ ᠠᠩᠬᠠᠷᠤᠭᠤᠰᠢᠲᠠᠢ ᠵᠦᠢ᠍ᠯ ᠄ ᠡᠳᠡᠭᠡᠷ ᠪᠠᠶ᠋ᠢᠷᠢ ᠵᠢᠨ ᠠᠮᠤᠷ ᠲᠦᠪᠰᠢᠨ᠎ᠳᠤ ᠬᠣᠯᠪᠤᠭᠳᠠᠬᠤ ᠠᠩᠬᠠᠷᠬᠤ ᠵᠦᠢ᠍ᠯ᠎ᠢ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ
ᠤᠳᠠᠯ ᠦᠭᠡᠢ ᠰᠤᠷᠭ᠋ᠠᠭᠤᠯᠢ ᠡᠬᠢᠯᠡᠬᠦ ᠭᠡᠵᠦ ᠪᠠᠢ᠌ᠭ᠎ᠠ ᠳᠤᠮᠳᠠᠳᠤ ᠪᠠᠭ᠎ᠠ ᠰᠤᠷᠭ᠋ᠠᠭᠤᠯᠢ᠎ᠳᠤ ᠥᠭᠬᠦ ᠰᠠᠨᠠᠭᠤᠯᠤᠮᠵᠢ
ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠨᠢᠭᠡᠨ ᠤᠳᠠᠭ᠋ᠠᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠴᠢᠶᠡᠯ
ᠪᠦᠬᠦ ᠣᠷᠣᠨ᠎ᠤ ᠬᠣᠣᠷᠠᠲᠤ ᠡᠳ᠋᠎ᠢ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠬᠢᠴᠢᠶᠡᠯ᠎ᠤᠨ ᠫᠷᠣᠭ᠌ᠷᠠᠮ᠎ᠢ ᠴᠤᠭᠯᠠᠭᠤᠯᠵᠤ ᠰᠢᠯᠭ᠋ᠠᠷᠠᠭᠤᠯᠬᠤ ᠠᠵᠢᠯᠯᠠᠭ᠎ᠠ ᠡᠬᠢᠯᠡᠪᠡ!
ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠴᠤᠤᠷᠬᠠᠯ᠎ᠢ ᠨᠢᠴᠤᠭ᠋ᠠᠬᠤ ᠲᠠᠪᠴᠠᠩ ᠵᠢᠩᠬᠢᠨᠢ᠎ᠪᠠᠷ ᠰᠦᠯᠵᠢᠶᠡᠨ᠎ᠳᠤ ᠭᠠᠷᠪᠠ
 
             蒙ICP备05000248号