2024 ᠣᠨ᠎ᠤ ᠳᠣᠣᠷ᠎ᠠ ᠬᠠᠭ᠋ᠠᠰ ᠵᠢᠯ᠎ᠤᠨ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠨᠢᠭᠤᠷᠳᠠᠨ ᠰᠢᠯᠭ᠋ᠠᠯᠲᠠ (ᠳᠣᠷᠣᠭᠰᠢ ᠨᠢᠭᠤᠷᠳᠠᠨ ᠰᠢᠯᠭ᠋ᠠᠯᠲᠠ ᠭᠡᠵᠦ ᠳᠦᠭᠦᠮᠴᠢᠯᠡᠨ᠎ᠡ) ᠵᠢ 12 ᠳ᠋ᠤᠭ᠋ᠠᠷ ᠰᠠᠷ᠎ᠠ ᠵᠢᠨ 7 - 8᠎ᠤ ᠡᠳᠦᠷ (ᠬᠡᠰᠡᠭ ᠰᠢᠯᠭ᠋ᠠᠯᠲᠠ ᠵᠢᠨ ᠴᠡᠭ ᠪᠣᠳᠠᠲᠠᠢ ᠪᠠᠶ᠋ᠢᠳᠠᠯ ᠵᠶ᠋ᠠᠨ ᠦᠨᠳᠦᠰᠦᠯᠡᠨ ᠵᠣᠬᠢᠰᠲᠠᠢ ᠤᠷᠲᠤᠳᠬᠠᠵᠤ ᠪᠣᠯᠤᠨ᠎ᠠ) ᠶᠠᠪᠤᠭᠳᠠᠭᠤᠯᠤᠨ᠎ᠠ᠃ ᠡᠳᠦᠭᠡ ᠨᠢᠭᠤᠷᠳᠠᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠬᠣᠯᠪᠣᠭᠳᠠᠯ ᠪᠦᠬᠦᠢ ᠵᠦᠢ᠍ᠯ᠎ᠢ ᠳᠣᠣᠷᠠᠬᠢ ᠮᠡᠲᠦ ᠢᠯᠡ ᠨᠡᠢ᠌ᠲᠡᠯᠡᠪᠡ᠄
ᠨᠢᠭᠡ᠂ ᠴᠠᠭ ᠬᠤᠭᠤᠴᠠᠭ᠋ᠠᠨ᠎ᠤ ᠲᠣᠬᠢᠷᠠᠭᠤᠯᠤᠯᠲᠠ
1. ᠰᠦᠯᠵᠢᠶᠡᠨ᠎ᠳᠤ ᠨᠡᠷ᠎ᠡ ᠮᠡᠳᠡᠭᠦᠯᠬᠦ
11 ᠳ᠋ᠦ᠍ᠭᠡᠷ ᠰᠠᠷ᠎ᠠ ᠵᠢᠨ 8᠎ᠤ ᠡᠳᠦᠷ᠎ᠤᠨ 10᠄ 00 - 11᠎ᠤ ᠡᠳᠦᠷ᠎ᠤᠨ 17᠄ 00
2. ᠰᠦᠯᠵᠢᠶᠡᠨ᠎ᠳᠤ ᠬᠢᠨᠠᠨ ᠪᠠᠢ᠌ᠴᠠᠭ᠋ᠠᠬᠤ
11 ᠳ᠋ᠦ᠍ᠭᠡᠷ ᠰᠠᠷ᠎ᠠ ᠵᠢᠨ 8᠎ᠤ ᠡᠳᠦᠷ᠎ᠤᠨ 10᠄ 00 - 13᠎ᠤ ᠡᠳᠦᠷ᠎ᠤᠨ 12᠄ 00 (ᠬᠢᠨᠠᠨ ᠪᠠᠢ᠌ᠴᠠᠭ᠋ᠠᠬᠤ᠎ᠳᠤ ᠬᠢᠷᠢ ᠲᠡᠩᠴᠡᠭᠰᠡᠨ ᠦᠭᠡᠢ ᠰᠢᠯᠭ᠋ᠠᠭᠤᠯᠤᠭᠴᠢ ᠵᠢᠨ ᠳᠠᠬᠢᠨ ᠨᠡᠷ᠎ᠡ ᠮᠡᠳᠡᠭᠦᠯᠵᠦ ᠮᠡᠳᠡᠭᠡ ᠵᠠᠩᠭᠢ᠎ᠪᠠᠨ ᠳᠤᠰᠢᠶᠠᠬᠤ ᠪᠠ ᠬᠢᠨᠠᠨ ᠪᠠᠢ᠌ᠴᠠᠭ᠋ᠠᠵᠤ ᠳᠠᠭᠤᠰᠬᠤ ᠴᠠᠭ᠄ 11 ᠳ᠋ᠦ᠍ᠭᠡᠷ ᠰᠠᠷ᠎ᠠ ᠵᠢᠨ 13᠎ᠤ ᠡᠳᠦᠷ᠎ᠤᠨ 12᠄ 00)
3. ᠰᠦᠯᠵᠢᠶᠡᠨ᠎ᠳᠤ ᠰᠦᠢ᠍ᠳᠬᠡᠯ ᠳᠤᠰᠢᠶᠠᠬᠤ
11 ᠰᠠᠷ᠎ᠠ ᠵᠢᠨ 8᠎ᠤ ᠡᠳᠦᠷ᠎ᠤᠨ 10:00-13᠄ 00
4. ᠰᠢᠯᠭ᠋ᠠᠬᠤ ᠲᠡᠮᠳᠡᠭ᠎ᠢ ᠳᠠᠷᠤᠮᠠᠯᠯᠠᠬᠤ
12 ᠰᠠᠷ᠎ᠠ ᠵᠢᠨ 3 - 8᠎ᠤ ᠡᠳᠦᠷ
5. ᠨᠢᠭᠤᠷᠳᠠᠨ ᠰᠢᠯᠭ᠋ᠠᠬᠤ
12 ᠳ᠋ᠤᠭ᠋ᠠᠷ ᠰᠠᠷ᠎ᠠ ᠵᠢᠨ 7- 8᠎ᠤ ᠡᠳᠦᠷ (ᠣᠨᠴᠠ ᠵᠠᠷᠢᠮ ᠰᠢᠯᠭ᠋ᠠᠯᠲᠠ ᠵᠢᠨ ᠲᠣᠭᠣᠷᠢᠭ᠎ᠨᠢ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ ᠰᠢᠯᠭ᠋ᠠᠯᠲᠠ ᠵᠢᠨ ᠴᠠᠭ᠎ᠢ ᠨᠡᠮᠡᠵᠦ ᠪᠣᠯᠤᠨ᠎ᠠ᠂ ᠪᠣᠳᠠᠲᠠᠢ ᠴᠠᠭ᠂ ᠭᠠᠵᠠᠷ᠎ᠢ ᠰᠢᠯᠭ᠋ᠠᠬᠤ ᠲᠡᠮᠳᠡᠭ ᠵᠶ᠋ᠠᠷ ᠪᠠᠷᠢᠮᠵᠢᠶ᠎ᠠ ᠪᠣᠯᠭ᠋ᠠᠨ᠎ᠠ)
6. ᠬᠢᠷᠢ ᠪᠦᠲᠦᠮᠵᠢ ᠵᠢ ᠨᠡᠶ᠋ᠢᠲᠡᠯᠡᠬᠦ ᠴᠠᠭ
2025 ᠣᠨ᠎ᠤ 1 ᠰᠠᠷ᠎ᠠ ᠵᠢᠨ 7᠎ᠤ ᠡᠳᠦᠷ
ᠬᠣᠶᠠᠷ᠂ ᠨᠡᠷ᠎ᠡ ᠮᠡᠳᠡᠭᠦᠯᠬᠦ ᠱᠠᠭ᠋ᠠᠷᠳᠠᠯᠭ᠎ᠠ
ᠰᠢᠯᠭ᠋ᠠᠭᠤᠯᠤᠭᠴᠢ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠰᠦᠯᠵᠢᠶ᠎ᠡ (ᠰᠦᠯᠵᠢᠶᠡᠨ ᠬᠠᠶᠢᠭ᠄ https://ntce.neea.edu.cn)᠎ᠳᠤ ᠣᠷᠣᠵᠤ᠂ ᠲᠣᠭᠲᠠᠭᠰᠠᠨ ᠴᠠᠭ᠎ᠲᠤ ᠰᠦᠯᠵᠢᠶᠡᠨ᠎ᠳᠤ ᠨᠡᠷ᠎ᠡ ᠮᠡᠳᠡᠭᠦᠯᠦᠨ ᠪᠠ ᠰᠦᠢ᠍ᠳᠬᠡᠯ ᠳᠤᠰᠢᠶᠠᠨ᠎ᠠ᠃ ᠰᠢᠯᠭ᠋ᠠᠭᠤᠯᠤᠭᠴᠢ ᠥᠪᠡᠷ᠎ᠤᠨ ᠰᠤᠷᠤᠭᠰᠠᠨ ᠲᠤᠰᠬᠠᠢ ᠮᠡᠷᠭᠡᠵᠢᠯ ᠵᠶ᠋ᠠᠨ ᠦᠨᠳᠦᠰᠦᠯᠡᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠵᠢᠨ ᠬᠠᠮᠲᠤ ᠪᠢᠴᠢᠭ᠎ᠤᠨ ᠰᠢᠯᠭ᠋ᠠᠯᠲᠠ᠎ᠲᠠᠢ ᠬᠠᠷᠠᠭ᠋ᠠᠯᠵᠠᠭᠰᠠᠨ ᠨᠢᠭᠤᠷᠳᠠᠨ ᠰᠢᠯᠭ᠋ᠠᠯᠲᠠ ᠵᠢᠨ ᠰᠤᠷᠤᠯᠭ᠎ᠠ ᠵᠢᠨ ᠱᠠᠲᠤᠨ᠎ᠤ ᠲᠥᠷᠥᠯ ᠪᠠ ᠬᠢᠴᠢᠶᠡᠯ ᠲᠥᠷᠦᠯ᠎ᠢ ᠰᠣᠩᠭᠤᠨ᠎ᠠ᠃ ᠨᠡᠷ᠎ᠡ ᠮᠡᠳᠡᠭᠦᠯᠬᠦ ᠨᠥᠬᠥᠴᠡᠯ᠂ ᠨᠡᠷ᠎ᠡ ᠮᠡᠳᠡᠭᠦᠯᠬᠦ ᠴᠤᠪᠤᠷᠠᠯ ᠵᠡᠷᠭᠡ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠥᠪᠥᠷ ᠮᠣᠩᠭᠣᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠮᠡᠳᠡᠭᠡ ᠵᠠᠩᠭᠢ ᠵᠢᠨ ᠰᠦᠯᠵᠢᠶ᠎ᠡ - 《ᠪᠠᠭᠰᠢ ᠵᠢᠨ ᠬᠢᠷᠢ ᠭᠡᠮ᠎ᠤᠨ ᠰᠢᠯᠭ᠋ᠠᠯᠲᠠ》 ᠭᠡᠬᠦ ᠪᠤᠯᠤᠩ᠎ᠤᠨ ᠬᠠᠮᠢᠶ᠎ᠠ ᠪᠦᠬᠦᠢ ᠠᠯᠪᠠᠨ ᠵᠠᠷᠯᠠᠯ (https://www.nm.zsks.cn/kszs/jszgks/)᠎ᠠᠴᠠ ᠪᠠᠢ᠌ᠴᠠᠭ᠋ᠠᠨ ᠯᠠᠪᠯᠠᠨ᠎ᠠ᠃ ᠣᠨᠴᠠᠭ᠋ᠠᠶ᠋ᠢᠯᠠᠨ ᠰᠠᠨᠠᠭᠤᠯᠬᠤ᠎ᠨᠢ᠂ ᠳᠣᠣᠷᠠᠬᠢ ᠬᠥᠮᠦᠰ ᠰᠢᠯᠭ᠋ᠠᠯᠲᠠ᠎ᠳᠤ ᠨᠡᠷ᠎ᠡ ᠮᠡᠳᠡᠭᠦᠯᠵᠦ ᠪᠣᠯᠬᠤ ᠦᠭᠡᠢ᠄ ᠪᠠᠭᠰᠢ ᠵᠢᠨ ᠬᠢᠷᠢ ᠭᠡᠮ ᠵᠶ᠋ᠠᠨ ᠬᠠᠰᠤᠭᠤᠯᠤᠭᠰᠠᠨ ᠬᠥᠮᠦᠰ᠂ 5 ᠵᠢᠯ᠎ᠤᠨ ᠳᠣᠲᠣᠷ᠎ᠠ ᠰᠢᠯᠭ᠋ᠠᠯᠲᠠ᠎ᠳᠤ ᠨᠡᠷ᠎ᠡ ᠮᠡᠳᠡᠭᠦᠯᠦᠨ ᠣᠷᠣᠯᠴᠠᠵᠤ ᠪᠣᠯᠬᠤ ᠦᠭᠡᠢ; ᠤᠯᠤᠰ ᠲᠥᠷᠥ ᠵᠢᠨ ᠡᠷᠬᠡ᠎ᠪᠠᠨ ᠬᠠᠰᠤᠭᠤᠯᠤᠭᠰᠠᠨ᠂ ᠡᠰᠡᠬᠦᠯ᠎ᠡ ᠵᠣᠷᠢᠭᠤᠳᠠ ᠶᠠᠯ᠎ᠠ ᠬᠢᠵᠦ ᠬᠤᠭᠤᠴᠠᠭ᠎ᠠ᠎ᠲᠠᠢ ᠬᠣᠷᠢᠬᠤ᠎ᠠᠴᠠ ᠳᠡᠭᠡᠭᠰᠢᠬᠢ ᠡᠷᠡᠭᠦᠦ ᠵᠢᠨ ᠬᠡᠷᠡᠭ ᠵᠶ᠋ᠠᠷ ᠰᠢᠢ᠍ᠳᠬᠡᠭᠳᠡᠭᠰᠡᠨ ᠬᠥᠮᠦᠰ ᠰᠢᠯᠭ᠋ᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠬᠤ ᠦᠭᠡᠢ; ᠥᠩᠭᠡᠷᠡᠭᠰᠡᠨ᠎ᠳᠤ ᠪᠠᠭᠰᠢ ᠵᠢᠨ ᠬᠢᠷᠢ ᠭᠡᠮ᠎ᠤᠨ ᠰᠢᠯᠭ᠋ᠠᠯᠲᠠ᠎ᠳᠤ ᠣᠷᠣᠯᠴᠠᠬᠤ᠎ᠳᠤ᠎ᠪᠠᠨ ᠭᠡᠮ ᠬᠢᠭᠰᠡᠨ᠎ᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ ᠵᠢᠨ ᠵᠠᠰᠠᠪᠤᠷᠢ ᠣᠷᠣᠭᠤᠯᠤᠭᠰᠠᠨ ᠲᠥᠰᠦᠯ (ᠶᠢᠰᠦ)》᠂ 《ᠪᠠᠭᠰᠢ ᠵᠢᠨ ᠬᠢᠷᠢ ᠭᠡᠮ᠎ᠤᠨ ᠳᠦᠷᠢᠮ》᠂ 《ᠤᠯᠤᠰ᠎ᠤᠨ ᠰᠤᠷᠭ᠋ᠠᠨ ᠬᠥᠮᠦᠵᠢᠯ᠎ᠤᠨ ᠰᠢᠯᠭ᠋ᠠᠯᠲᠠ ᠵᠢᠨ ᠲᠣᠭᠲᠠᠭ᠋ᠠᠯ᠎ᠠᠴᠠ ᠵᠥᠷᠢᠴᠡᠭᠰᠡᠨ᠎ᠢ ᠰᠢᠢ᠍ᠳᠪᠦᠷᠢᠯᠡᠬᠦ ᠠᠷᠭ᠎ᠠ》᠂ 《ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ ᠵᠢᠨ ᠰᠢᠯᠭ᠋ᠠᠯᠲᠠ᠎ᠳᠤ ᠭᠡᠮ ᠬᠢᠬᠦ ᠵᠢ ᠵᠣᠬᠢᠶᠠᠨ ᠪᠠᠢ᠌ᠭᠤᠯᠬᠤ ᠵᠡᠷᠭᠡ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠳᠣᠬᠢᠷᠠᠬᠤ ᠬᠠᠤᠯᠢ ᠴᠠᠭ᠋ᠠᠵᠠ ᠵᠢᠨ ᠵᠠᠷᠢᠮ ᠠᠰᠠᠭᠤᠳᠠᠯ ᠤᠨ ᠲᠤᠬᠠᠢ ᠲᠠᠢ᠌ᠯᠪᠤᠷᠢ》 ᠵᠡᠷᠭᠡ ᠬᠠᠮᠢᠶ᠎ᠠ ᠪᠥᠬᠦᠢ ᠳᠣᠭᠲᠠᠭ᠋ᠠᠯ ᠶᠣᠰᠤᠭ᠋ᠠᠷ᠂ 3 ᠵᠢᠯ ᠰᠢᠯᠭ᠋ᠠᠯᠲᠠ᠎ᠳᠤ ᠣᠷᠣᠯᠴᠠᠬᠤ ᠵᠢ ᠵᠣᠭᠰᠤᠭ᠋ᠠᠭᠰᠠᠨ ᠪᠤᠶᠤ ᠰᠢᠯᠭ᠋ᠠᠯᠲᠠ᠎ᠳᠤ ᠨᠡᠷ᠎ᠡ ᠮᠡᠳᠡᠭᠦᠯᠬᠦ ᠬᠢᠷᠢ ᠭᠡᠮ ᠵᠶ᠋ᠠᠨ ᠬᠠᠰᠤᠭᠤᠯᠤᠭᠰᠠᠨ ᠬᠥᠮᠦᠰ ᠰᠢᠯᠭ᠋ᠠᠯᠲᠠ᠎ᠳᠤ ᠣᠷᠣᠯᠴᠠᠵᠤ ᠪᠣᠯᠬᠤ ᠦᠭᠡᠢ᠃
ᠭᠤᠷᠪᠠ᠂ ᠰᠢᠯᠭ᠋ᠠᠯᠲᠠ ᠵᠢᠨ ᠲᠣᠭᠣᠷᠢᠭ᠎ᠤᠨ ᠪᠠᠶ᠋ᠢᠷᠢᠯᠠᠭᠤᠯᠤᠯᠲᠠ
ᠡᠨᠡ ᠤᠳᠠᠭ᠋ᠠᠨ᠎ᠤ ᠨᠢᠭᠤᠷᠳᠠᠨ ᠰᠢᠯᠭ᠋ᠠᠯᠲᠠ᠎ᠳᠤ ᠬᠥᠬᠡᠬᠣᠲᠠ᠂ ᠪᠤᠭᠤᠲᠤ ᠬᠣᠲᠠ᠂ ᠪᠠᠶᠠᠨᠨᠠᠭᠤᠷ ᠬᠣᠲᠠ᠂ ᠤᠯᠠᠭ᠋ᠠᠨᠬᠠᠳᠠ ᠬᠣᠲᠠ᠂ ᠲᠦᠩᠯᠢᠶᠣᠤ ᠬᠣᠲᠠ ᠪᠠ ᠬᠥᠯᠥᠨ ᠪᠤᠶ᠋ᠢᠷ ᠬᠣᠲᠠ ᠵᠡᠷᠭᠡ 6 ᠰᠢᠯᠭ᠋ᠠᠯᠲᠠ ᠵᠢᠨ ᠲᠣᠭᠣᠷᠢᠭ ᠢ ᠳᠣᠭᠢᠷᠠᠭᠤᠯᠵᠤ᠂ ᠰᠢᠯᠭ᠋ᠠᠭᠤᠯᠤᠭᠴᠢ ᠣᠶ᠋ᠢᠷ᠎ᠠ ᠬᠠᠪᠢ ᠵᠢᠨ ᠰᠢᠯᠭ᠋ᠠᠯᠲᠠ ᠵᠢᠨ ᠲᠣᠭᠣᠷᠢᠭ᠎ᠢ ᠰᠣᠩᠭᠤᠨ᠎ᠠ᠃ ᠪᠣᠳᠠᠲᠠᠢ ᠨᠢᠭᠤᠷᠳᠠᠨ ᠰᠢᠯᠭ᠋ᠠᠬᠤ ᠴᠡᠭ᠎ᠢ ᠰᠢᠯᠭ᠋ᠠᠬᠤ ᠲᠡᠮᠳᠡᠭ᠎ᠲᠤ ᠨᠡᠢ᠌ᠲᠡᠯᠡᠭᠰᠡᠨ ᠮᠡᠳᠡᠭᠡ ᠵᠠᠩᠭᠢ᠎ᠪᠠᠷ ᠪᠠᠷᠢᠮᠵᠢᠶ᠎ᠠ ᠪᠣᠯᠭ᠋ᠠᠨ᠎ᠠ᠃ ᠳᠣᠣᠷᠠᠬᠢ ᠬᠢᠴᠢᠶᠡᠯ ᠲᠥᠷᠥᠯ᠎ᠨᠢ ᠵᠥᠪᠬᠡᠨ ᠬᠥᠬᠡᠬᠣᠲᠠ ᠪᠠ ᠲᠦᠩᠯᠢᠶᠣᠤ ᠬᠣᠲᠠ᠎ᠳᠤ ᠰᠢᠯᠭ᠋ᠠᠯᠲᠠ ᠵᠢᠨ ᠲᠣᠭᠣᠷᠢᠭ ᠭᠠᠷᠭ᠋ᠠᠨ᠎ᠠ᠄ ᠪᠠᠭ᠎ᠠ ᠰᠤᠷᠭ᠋ᠠᠭᠤᠯᠢ ᠵᠢᠨ ᠰᠤᠷᠤᠯᠭ᠎ᠠ ᠵᠢᠨ ᠱᠠᠲᠤᠨ᠎ᠤ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠂ ᠮᠡᠳᠡᠭᠡ ᠵᠠᠩᠭᠢ ᠵᠢᠨ ᠮᠡᠷᠭᠡᠵᠢᠯ᠂ ᠪᠠᠭ᠎ᠠ ᠰᠤᠷᠭ᠋ᠠᠭᠤᠯᠢ ᠵᠢᠨ ᠶᠡᠷᠦᠩᠬᠡᠢ᠌ᠯᠡᠭᠰᠡᠨ ᠬᠢᠴᠢᠶᠡᠯ ᠲᠥᠷᠦᠯ᠂ ᠣᠨᠴᠠᠭ᠋ᠠᠢ ᠰᠤᠷᠭ᠋ᠠᠨ ᠬᠥᠮᠦᠵᠢᠯ; ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠡᠯ᠎ᠡ ᠰᠤᠷᠤᠯᠭ᠎ᠠ ᠵᠢᠨ ᠱᠠᠲᠤᠨ᠎ᠤ ᠰᠡᠳᠬᠢᠴᠡ ᠵᠢᠨ ᠡᠷᠡᠭᠦᠯ ᠮᠡᠨᠳᠦ ᠵᠢᠨ ᠬᠥᠮᠦᠵᠢᠯ᠂ ᠶᠠᠫᠣᠨ ᠬᠡᠯᠡ᠂ ᠣᠷᠣᠰ ᠬᠡᠯᠡ᠂ ᠣᠨᠴᠠᠭ᠋ᠠᠢ ᠰᠤᠷᠭ᠋ᠠᠨ ᠬᠥᠮᠦᠵᠢᠯ; ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠳᠤᠰᠬᠠᠢ ᠮᠡᠷᠭᠡᠵᠢᠯ ᠤᠨ ᠬᠢᠴᠢᠶᠡᠯ ᠪᠠ ᠳᠠᠳᠤᠯᠭ᠎ᠠ ᠵᠢ ᠵᠢᠯᠣᠭᠣᠳᠬᠤ ᠬᠢᠴᠢᠶᠡᠯ ᠪᠣᠯᠤᠨ᠎ᠠ᠃
ᠳᠥᠷᠪᠡ᠂ ᠠᠩᠬᠠᠷᠬᠤ ᠵᠦᠢ᠍ᠯ
01. ᠰᠢᠯᠭ᠋ᠠᠭᠤᠯᠤᠭᠴᠢ ᠰᠢᠯᠭ᠋ᠠᠯᠲᠠ᠎ᠳᠤ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠ ᠭᠡᠷᠡᠯ ᠵᠢᠷᠤᠭ᠎ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠎ᠲᠤ ᠬᠠᠷᠢᠭᠤᠴᠠᠨ᠎ᠠ᠃ ᠬᠡᠷᠪᠡ ᠲᠤᠰ ᠬᠥᠮᠦᠨ ᠲᠠᠭᠯᠠᠭᠰᠠᠨ ᠦᠭᠡᠢ ᠪᠤᠶᠤ ᠱᠠᠭ᠋ᠠᠷᠳᠠᠯᠭ᠎ᠠ ᠶᠣᠰᠣᠭ᠋ᠠᠷ ᠲᠠᠭᠯᠠᠨ ᠮᠡᠳᠡᠭᠦᠯᠦᠭᠰᠡᠨ ᠦᠭᠡᠢ᠂ ᠣᠪᠣᠭ ᠨᠡᠷ᠎ᠡ᠂ ᠪᠡᠶ᠎ᠡ ᠵᠢᠨ ᠦᠨᠡᠮᠯᠡᠯ᠎ᠤᠨ ᠨᠣᠮᠧᠷ᠂ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠵᠡᠷᠭᠡ᠎ᠳᠤ ᠠᠯᠳᠠᠭ᠎ᠠ ᠭᠠᠷᠤᠭᠰᠠᠨ ᠪᠤᠶᠤ ᠭᠡᠷᠡᠯ ᠵᠢᠷᠤᠭ᠎ᠨᠢ ᠱᠠᠭ᠋ᠠᠷᠳᠠᠯᠭ᠎ᠠ᠎ᠳᠤ ᠨᠡᠢ᠌ᠴᠡᠭᠰᠡᠨ ᠦᠭᠡᠢ᠎ᠠᠴᠠ ᠪᠣᠯᠵᠤ ᠪᠠᠭᠰᠢ ᠵᠢᠨ ᠬᠢᠷᠢ ᠭᠡᠮ᠎ᠤᠨ ᠰᠢᠯᠭ᠋ᠠᠯᠲᠠ ᠵᠢᠨ ᠨᠢᠭᠤᠷᠳᠠᠨ ᠰᠢᠯᠭ᠋ᠠᠯᠲᠠ᠎ᠳᠤ ᠬᠡᠪ᠎ᠤᠨ ᠶᠣᠰᠤᠭ᠋ᠠᠷ ᠣᠷᠣᠵᠤ ᠳᠡᠢ᠌ᠯᠬᠦ ᠦᠭᠡᠢ ᠪᠣᠯᠤᠭᠰᠠᠨ ᠪᠤᠶᠤ ᠪᠠᠭᠰᠢ ᠵᠢᠨ ᠬᠢᠷᠢ ᠬᠡᠮ᠎ᠢ ᠨᠣᠲᠠᠯᠠᠵᠤ ᠳᠡᠶ᠋ᠢᠯᠬᠦ ᠦᠭᠡᠢ ᠪᠣᠯᠤᠭᠰᠠᠨ; ᠡᠰᠡᠬᠦᠯ᠎ᠡ ᠨᠡᠷ᠎ᠡ ᠮᠡᠳᠡᠭᠦᠯᠬᠦ ᠨᠥᠬᠥᠴᠡᠯ᠎ᠳᠤ ᠨᠡᠶ᠋ᠢᠴᠡᠬᠦ ᠦᠭᠡᠢ᠎ᠪᠠᠷ ᠵᠣᠷᠢᠭᠤᠳᠠ ᠬᠤᠳᠠᠯ ᠵᠶ᠋ᠠᠷ ᠵᠣᠬᠢᠶᠠᠨ ᠨᠢᠭᠤᠷᠳᠠᠨ ᠰᠢᠯᠭ᠋ᠠᠯᠲᠠ᠎ᠳᠤ ᠣᠷᠣᠯᠴᠠᠬᠤ ᠬᠢᠷᠢ ᠭᠡᠮ᠎ᠢ ᠣᠯᠤᠭᠰᠠᠨ᠎ᠠᠴᠠ ᠪᠣᠯᠤᠭᠰᠠᠨ ᠦᠷ᠎ᠡ ᠳ᠋ᠦᠩ᠎ᠢ ᠴᠥᠮ ᠰᠢᠯᠭ᠋ᠠᠭᠤᠯᠤᠭᠴᠢ ᠥᠪᠡᠰᠦᠪᠡᠨ ᠬᠠᠷᠢᠭᠤᠴᠠᠨ᠎ᠠ᠃
02. ᠰᠢᠯᠭ᠋ᠠᠭᠤᠯᠤᠭᠴᠢ ᠨᠡᠷ᠎ᠡ ᠮᠡᠳᠡᠭᠦᠯᠬᠦ ᠦᠶ᠎ᠡ᠎ᠳᠤ ᠳᠡᠭᠡᠭᠰᠢ ᠳᠠᠮᠵᠢᠭᠤᠯᠬᠤ ᠭᠡᠷᠡᠯ ᠵᠢᠷᠤᠭ᠎ᠨᠢ ᠵᠢᠰᠦ ᠭᠣᠶᠣᠯᠠᠬᠤ ᠴᠢᠳᠠᠮᠵᠢ ᠵᠢ ᠬᠡᠷᠡᠭᠯᠡᠵᠦ ᠵᠠᠰᠠᠯᠲᠠ ᠣᠷᠣᠭᠤᠯᠵᠤ ᠪᠣᠯᠬᠤ ᠦᠭᠡᠢ᠂ ᠬᠡᠷᠪᠡ ᠬᠠᠷᠭᠤᠭᠤᠯᠤᠭ᠋ᠠᠳ ᠠᠳᠠᠯᠢ ᠦᠭᠡᠢ ᠪᠣᠯ᠂ ᠬᠢᠨᠠᠨ ᠪᠠᠢ᠌ᠴᠠᠭ᠋ᠠᠬᠤ᠎ᠳᠤ ᠬᠢᠷᠢ ᠲᠡᠩᠴᠡᠬᠦ ᠦᠭᠡᠢ᠂ ᠰᠢᠯᠭ᠋ᠠᠯᠲᠠ ᠵᠢᠨ ᠲᠠᠯᠠᠪᠠᠢ᠎ᠳᠤ ᠣᠷᠣᠬᠤ ᠦᠶ᠎ᠡ᠎ᠳᠤ ᠨᠢᠭᠤᠷ᠎ᠤᠨ ᠰᠢᠯᠭ᠋ᠠᠨ ᠪᠠᠢ᠌ᠴᠠᠭ᠋ᠠᠯᠲᠠ ᠵᠢ ᠥᠩᠭᠡᠷᠡᠭᠡᠵᠦ ᠳᠡᠢ᠌ᠯᠬᠦ ᠦᠭᠡᠢ ᠪᠣᠯᠤᠨ᠎ᠠ᠃
03. ᠡᠯ᠎ᠡ ᠰᠢᠯᠭ᠋ᠠᠯᠲᠠ ᠵᠢᠨ ᠲᠣᠭᠣᠷᠢᠭ ᠬᠢᠨᠠᠨ ᠪᠠᠢ᠌ᠴᠠᠭ᠋ᠠᠬᠤ᠎ᠠᠴᠠ ᠡᠮᠦᠨ᠎ᠡ᠂ ᠰᠢᠯᠭ᠋ᠠᠭᠤᠯᠤᠭᠴᠢ ᠥᠪᠡᠷ᠎ᠤᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ᠎ᠳᠤ᠎ᠪᠠᠨ ᠵᠠᠰᠠᠪᠤᠷᠢ ᠣᠷᠣᠭᠤᠯᠵᠤ ᠪᠣᠯᠤᠨ᠎ᠠ᠂ ᠬᠢᠨᠠᠨ ᠪᠠᠢ᠌ᠴᠠᠭ᠋ᠠᠬᠤ᠎ᠪᠠᠷ ᠳᠠᠮᠵᠢᠨ ᠬᠢᠷᠢ ᠲᠡᠩᠴᠡᠭᠰᠡᠨ᠎ᠤ ᠳᠠᠷᠠᠭ᠎ᠠ᠂ ᠪᠥᠬᠥ ᠮᠡᠳᠡᠭᠡ ᠵᠠᠩᠭᠢ᠎ᠳᠤ ᠵᠠᠰᠠᠪᠤᠷᠢ ᠣᠷᠣᠭᠤᠯᠵᠤ ᠪᠣᠯᠬᠤ ᠦᠭᠡᠢ᠃
04. ᠲᠣᠭᠲᠠᠭᠰᠠᠨ ᠬᠤᠭᠤᠴᠠᠭ᠋ᠠᠨ᠎ᠳᠤ ᠰᠦᠯᠵᠢᠶᠡᠨ᠎ᠳᠤ ᠰᠢᠯᠭ᠋ᠠᠯᠲᠠ ᠵᠢᠨ ᠰᠦᠢ᠍ᠳᠬᠡᠯ ᠵᠶ᠋ᠠᠨ ᠳᠤᠰᠢᠶᠠᠭᠰᠠᠨ ᠦᠭᠡᠢ ᠰᠢᠯᠭ᠋ᠠᠭᠤᠯᠤᠭᠰᠠᠳᠢ ᠨᠡᠷ᠎ᠡ ᠮᠡᠳᠡᠭᠦᠯᠬᠦ ᠰᠢᠰᠲ᠋ᠧᠮ ᠰᠢᠯᠭ᠋ᠠᠯᠲᠠ ᠵᠢ ᠲᠠᠶᠠᠭᠳᠠᠭᠰᠠᠨ ᠵᠶ᠋ᠠᠷ ᠪᠣᠳᠣᠨ᠎ᠠ᠃ ᠰᠦᠢ᠍ᠳᠬᠡᠯ ᠲᠤᠰᠢᠶᠠᠵᠤ ᠪᠠᠷᠠᠪᠠᠯ ᠰᠠᠶᠢ ᠨᠡᠷ᠎ᠡ ᠮᠡᠳᠡᠭᠦᠯᠵᠦ ᠳᠠᠭᠤᠰᠤᠨ᠎ᠠ᠂ ᠨᠡᠷ᠎ᠡ ᠮᠡᠳᠡᠭᠦᠯᠦᠭᠰᠡᠨ᠎ᠤ ᠳᠠᠷᠠᠭ᠎ᠠ ᠰᠢᠯᠭ᠋ᠠᠯᠲᠠ᠎ᠳᠤ ᠣᠷᠣᠯᠴᠠᠬᠤ ᠦᠭᠡᠢ ᠪᠣᠯ ᠰᠢᠯᠭ᠋ᠠᠯᠲᠠ ᠵᠢᠨ ᠵᠠᠷᠤᠳᠠᠯ᠎ᠢ ᠪᠤᠴᠠᠭ᠋ᠠᠬᠤ ᠦᠭᠡᠢ᠃
ᠲᠠᠪᠤ᠂ ᠡᠯ᠎ᠡ ᠰᠢᠯᠭ᠋ᠠᠯᠲᠠ ᠵᠢᠨ ᠲᠣᠭᠣᠷᠢᠭ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ
ᠪᠠᠶ᠋ᠢᠭᠤᠯᠤᠮᠵᠢ ᠵᠢᠨ ᠬᠠᠶᠢᠭ ᠵᠢᠴᠢ ᠵᠦᠪᠯᠡᠯᠭᠡ ᠥᠭᠬᠦ ᠤᠲᠠᠰᠤ
1. ᠬᠥᠬᠡᠬᠣᠲᠠ ᠵᠢᠨ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠲᠥᠪ
ᠬᠠᠶᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 9 ᠳ᠋ᠦ᠍ᠭᠡᠷ ᠨᠣᠮᠧᠷ
ᠤᠲᠠᠰᠤ᠄ 0471 - 3390486
2. ᠪᠤᠭᠤᠲᠤ ᠬᠣᠲᠠ ᠵᠢᠨ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠲᠥᠪ
ᠬᠠᠶᠢᠭ᠄ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ ᠬᠥᠳᠡᠯᠮᠦᠷᠢ ᠶᠡᠬᠡ ᠵᠡᠭᠡᠯᠢ ᠵᠢᠨ 28 ᠳ᠋ᠤᠭ᠋ᠠᠷ ᠨᠣᠮᠧᠷ
ᠤᠲᠠᠰᠤ᠄ 0472 - 5154401 5102131
3. ᠪᠠᠶᠠᠨᠨᠠᠭᠤᠷ ᠬᠣᠲᠠ ᠵᠢᠨ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠲᠥᠪ
ᠬᠠᠶᠢᠭ᠄ ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ᠎ᠤᠨ ᠵᠢᠨ ᠱᠠ ᠵᠠᠮ᠎ᠤᠨ ᠰᠤᠷᠭ᠋ᠠᠨ ᠬᠥᠮᠦᠵᠢᠯ᠎ᠤᠨ ᠲᠣᠮᠣ ᠠᠰᠠᠷ (ᠳ᠋ᠦᠩ ᠮᠧᠨ)᠎ᠤᠨ ᠬᠣᠶᠠᠳᠤᠭ᠋ᠠᠷ ᠳᠠᠪᠬᠤᠷ
ᠤᠲᠠᠰᠤ᠄ 0478 - 7909952
4. ᠤᠯᠠᠭ᠋ᠠᠨᠬᠠᠳᠠ ᠬᠣᠲᠠ ᠵᠢᠨ ᠰᠤᠷᠭ᠋ᠠᠨ ᠬᠥᠮᠦᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠪ
ᠬᠠᠶᠢᠭ᠄ ᠤᠯᠠᠭ᠋ᠠᠨᠬᠠᠳᠠ ᠬᠣᠲᠠ ᠵᠢᠨ ᠰᠢᠨ᠎ᠡ ᠬᠣᠲᠠ ᠲᠣᠭᠣᠷᠢᠭ᠎ᠤᠨ ᠳ᠋ᠠ ᠮᠢᠩ ᠵᠡᠭᠡᠯᠢ ᠵᠢᠨ ᠬᠣᠶ᠋ᠢᠲᠤ ᠰᠠᠯᠪᠤᠷᠢ ᠬᠣᠶᠠᠳᠤᠭ᠋ᠠᠷ ᠵᠠᠮ᠎ᠤᠨ ᠪᠠᠷᠠᠭᠤᠨ ᠲᠠᠯ᠎ᠠ
ᠤᠲᠠᠰᠤ᠄ 0476 - 8330204
5. ᠲᠦᠩᠯᠢᠶᠣᠤ ᠬᠣᠲᠠ ᠵᠢᠨ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠲᠥᠪ
ᠬᠠᠶᠢᠭ᠄ ᠲᠦᠩᠯᠢᠶᠣᠤ ᠬᠣᠲᠠ ᠵᠢᠨ ᠬᠣᠷᠴᠢᠨ ᠲᠣᠭᠣᠷᠢᠭ᠎ᠤᠨ ᠾᠧ ᠫᠢᠩ ᠵᠠᠮ᠎ᠤᠨ 31 ᠳ᠋ᠦ᠍ᠭᠡᠷ ᠨᠣᠮᠧᠷ ᠠᠵᠢᠯᠴᠢᠨ᠎ᠤ ᠡᠪᠯᠡᠯ᠎ᠤᠨ ᠲᠣᠮᠣ ᠠᠰᠠᠷ 14 ᠳ᠋ᠦ᠍ᠭᠡᠷ ᠳᠠᠪᠬᠤᠷ
ᠤᠲᠠᠰᠤ᠄ 0475 - 8212578
6. ᠬᠥᠯᠥᠨ ᠪᠤᠶ᠋ᠢᠷ ᠬᠣᠲᠠ ᠵᠢᠨ ᠰᠤᠷᠭ᠋ᠠᠨ ᠬᠥᠮᠦᠵᠢᠯ᠎ᠤᠨ ᠰᠤᠷᠤᠭᠴᠢ ᠡᠯᠰᠡᠬᠦ ᠰᠢᠯᠭ᠋ᠠᠯᠲᠠ ᠵᠢᠨ ᠲᠥᠪ
ᠬᠠᠶᠢᠭ᠄ ᠬᠥᠯᠥᠨ ᠪᠤᠶ᠋ᠢᠷ ᠬᠣᠲᠠ ᠵᠢᠨ ᠡᠸᠡᠩᠬᠢ ᠬᠣᠰᠢᠭᠤᠨ᠎ᠤ ᠪᠠᠶᠠᠨᠲᠣᠬᠣᠢ ᠪᠠᠯᠭ᠋ᠠᠰᠤᠨ᠎ᠤ ᠾᠧ ᠰᠢ ᠰᠢᠨ᠎ᠡ ᠲᠣᠭᠣᠷᠢᠭ᠎ᠤᠨ ᠠᠨᠳᠠ ᠶᠡᠬᠡ ᠵᠡᠭᠡᠯᠢ ᠵᠢᠨ 8 ᠳ᠋ᠤᠭ᠋ᠠᠷ ᠨᠣᠮᠧᠷ
ᠤᠲᠠᠰᠤ᠄ 0470 - 8314788