ᠰᠤᠷᠭ᠋ᠠᠭᠤᠯᠢ ᠡᠬᠢᠯᠡᠬᠦ ᠪᠣᠯᠤᠯ᠎ᠠ᠂ ᠰᠤᠷᠤᠭᠴᠢᠳ ᠵᠠᠯᠭ᠋ᠠᠭ᠎ᠠ᠎ᠪᠠᠷ ᠰᠤᠷᠭ᠋ᠠᠭᠤᠯᠢ᠎ᠳᠤ᠎ᠪᠠᠨ ᠪᠤᠴᠠᠵᠠᠭ᠋ᠠᠨᠠ᠃ ᠪᠠᠶ᠋ᠢᠷᠢ ᠵᠢᠨ ᠭᠡᠷ᠎ᠤᠨ ᠴᠠᠬᠢᠯᠭ᠋ᠠᠨ ᠬᠡᠷᠡᠭᠯᠡᠬᠦ ᠠᠮᠤᠷ ᠲᠦᠪᠰᠢᠨ᠎ᠢ ᠴᠢᠩᠭ᠋ᠠᠳᠬᠠᠵᠤ᠂ ᠬᠣᠯᠪᠣᠭᠳᠠᠯ ᠪᠦᠬᠦᠢ ᠠᠮᠤᠷ ᠲᠦᠪᠰᠢᠨ᠎ᠤ ᠮᠡᠳᠡᠯᠭᠡ ᠵᠢ ᠣᠶ᠋ᠢᠯᠠᠭ᠋ᠠᠬᠤ᠎ᠨᠢ ᠰᠤᠷᠭ᠋ᠠᠭᠤᠯᠢ ᠵᠢᠨ ᠬᠦᠷᠢᠶᠡᠨ᠎ᠤ ᠭᠠᠯ᠎ᠤᠨ ᠠᠶᠤᠯ᠎ᠢ ᠰᠡᠷᠭᠡᠶ᠋ᠢᠯᠡᠬᠦ᠂ ᠰᠤᠷᠤᠭᠴᠢᠳ᠎ᠤᠨ ᠪᠡᠶ᠎ᠡ ᠵᠢᠨ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠳᠤ ᠲᠤᠶ᠋ᠢᠯ᠎ᠤᠨ ᠴᠢᠬᠤᠯᠠ ᠦᠢ᠍ᠯᠡᠳᠦᠯ᠎ᠲᠠᠢ ᠶᠤᠮ᠃ ᠬᠠᠮᠲᠤ᠎ᠳᠤ᠎ᠪᠠᠨ ᠪᠠᠶ᠋ᠢᠷᠢ ᠵᠢᠨ ᠠᠮᠤᠷ ᠲᠦᠪᠰᠢᠨ᠎ᠳᠤ ᠬᠣᠯᠪᠤᠭᠳᠠᠬᠤ ᠠᠩᠬᠠᠷᠬᠤ ᠵᠦᠢ᠍ᠯ᠎ᠢ ᠰᠤᠷᠤᠯᠴᠠᠵᠠᠭ᠋ᠠᠶᠠ᠃
ᠨᠢᠭᠡ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ
1. ᠲᠣᠭᠲᠠᠭ᠋ᠠᠯ᠎ᠠᠴᠠ ᠵᠥᠷᠢᠴᠡᠭᠰᠡᠨ ᠴᠠᠬᠢᠯᠭ᠋ᠠᠨ ᠬᠡᠷᠡᠭᠰᠡᠯ᠎ᠢ ᠬᠡᠷᠡᠭᠯᠡᠬᠦ ᠦᠭᠡᠢ᠃ ᠲᠣᠭᠲᠠᠭ᠋ᠠᠯ᠎ᠠᠴᠠ ᠵᠥᠷᠢᠴᠡᠭᠰᠡᠨ ᠴᠠᠬᠢᠯᠭ᠋ᠠᠨ ᠬᠡᠷᠡᠭᠰᠡᠯ ᠪᠣᠯ ᠰᠤᠷᠤᠭᠴᠢ ᠵᠢᠨ ᠪᠠᠶ᠋ᠢᠷᠢ᠎ᠳᠤ ᠭᠠᠯ᠎ᠤᠨ ᠠᠶᠤᠯ ᠡᠭᠦᠰᠭᠡᠬᠦ ᠲᠡᠷᠢᠭᠦᠨ ᠴᠢᠬᠤᠯᠠ ᠳᠠᠯᠳᠠ ᠭᠡᠮ ᠪᠣᠯᠤᠨ᠎ᠠ᠃ ᠲᠣᠭᠲᠠᠭ᠋ᠠᠯ᠎ᠠᠴᠠ ᠵᠥᠷᠢᠴᠡᠭᠰᠡᠨ ᠴᠠᠬᠢᠯᠭ᠋ᠠᠨ ᠬᠡᠷᠡᠭᠰᠡᠯ ᠭᠡᠳᠡᠭ᠎ᠨᠢ ᠶᠡᠬᠡ ᠴᠢᠳᠠᠮᠵᠢᠲᠤ ᠪᠤᠶᠤ ᠠᠮᠤᠷ ᠲᠦᠪᠰᠢᠨ᠎ᠤ ᠪᠠᠲᠤᠯᠠᠭ᠎ᠠ ᠦᠭᠡᠢ ᠴᠠᠬᠢᠯᠭ᠋ᠠᠨ ᠬᠡᠷᠡᠭᠰᠡᠯ᠎ᠢ ᠵᠢᠭ᠋ᠠᠵᠤ ᠪᠤᠢ᠂ ᠵᠢᠱ᠌ᠢᠶᠡᠯᠡᠪᠡᠯ ᠴᠠᠬᠢᠯᠭ᠋ᠠᠨ ᠬᠠᠯᠠᠭ᠋ᠠᠭᠤᠷ᠂ ᠴᠠᠬᠢᠯᠭ᠋ᠠᠨ ᠲᠣᠭᠣᠭ᠎ᠠ᠂ ᠴᠠᠬᠢᠯᠭ᠋ᠠᠨ ᠳᠡᠪᠦᠷ᠎ᠡ᠂ ᠦᠯᠢᠶᠡᠭᠦᠷ᠂ ᠴᠠᠬᠢᠯᠭ᠋ᠠᠨ ᠳᠠᠩᠰᠠ ᠵᠡᠷᠭᠡ ᠪᠣᠢ᠂ ᠪᠠᠶ᠋ᠢᠷᠢ᠎ᠳᠤ ᠶᠡᠬᠡ ᠴᠢᠳᠠᠮᠵᠢᠲᠤ ᠴᠠᠬᠢᠯᠭ᠋ᠠᠨ ᠬᠡᠷᠡᠭᠰᠡᠯ᠎ᠢ ᠬᠡᠷᠡᠭᠯᠡᠪᠡᠯ ᠴᠠᠬᠢᠯᠭ᠋ᠠᠨ ᠤᠲᠠᠰᠤᠨ᠎ᠤ ᠳᠠᠭ᠋ᠠᠭ᠋ᠠᠴᠠ ᠬᠡᠲᠦᠷᠡᠬᠦ ᠪᠤᠶᠤ ᠴᠠᠬᠢᠯᠭ᠋ᠠᠨ ᠬᠡᠯᠬᠢᠶᠡᠨ᠎ᠤ ᠲᠦᠳᠡᠯᠡᠯᠠᠴᠠ ᠪᠣᠯᠵᠤ ᠭᠠᠯ᠎ᠤᠨ ᠠᠶᠤᠯ ᠡᠭᠦᠰᠦᠨ᠎ᠡ᠃
2. ᠥᠪᠡᠰᠦᠪᠡᠨ ᠴᠠᠬᠢᠯᠭ᠋ᠠᠨ ᠤᠲᠠᠰᠤ ᠵᠠᠯᠭ᠋ᠠᠬᠤ ᠪᠤᠶᠤ ᠳᠤᠷ᠎ᠠ᠎ᠪᠠᠷ ᠵᠶ᠋ᠠᠨ ᠴᠠᠬᠢᠯᠭ᠋ᠠᠨ ᠤᠲᠠᠰᠤ ᠲᠠᠲᠠᠨ ᠬᠡᠷᠡᠭᠯᠡᠵᠦ ᠪᠣᠯᠬᠤ ᠦᠭᠡᠢ᠃ ᠴᠠᠬᠢᠯᠭ᠋ᠠᠨ ᠤᠲᠠᠰᠤᠨ᠎ᠤ ᠱᠤᠭᠤᠮ᠎ᠢ ᠵᠢᠷᠤᠮᠵᠢᠭᠤᠯᠬᠤ᠎ᠳᠤ᠂ ᠴᠠᠬᠢᠯᠭ᠋ᠠᠨ ᠤᠲᠠᠰᠤ ᠵᠢ ᠰᠢᠲᠠᠮᠠᠬᠠᠢ ᠪᠣᠳᠠᠰ᠎ᠤᠨ ᠳᠤᠮᠳᠠᠭᠤᠷ ᠨᠡᠪᠲᠡᠷᠡᠭᠦᠯᠬᠦ ᠠᠴᠠ ᠵᠠᠢ᠌ᠯᠠᠰᠬᠢᠬᠤ ᠬᠡᠷᠡᠭᠲᠡᠢ; ᠤᠯᠤᠰ᠎ᠤᠨ ᠠᠮᠤᠷ ᠲᠦᠪᠰᠢᠨ᠎ᠤ ᠴᠢᠨᠠᠷ ᠴᠢᠨᠰᠠᠭ᠋ᠠᠨ᠎ᠤ ᠪᠠᠷᠢᠮᠵᠢᠶ᠎ᠠ᠎ᠳᠤ ᠨᠡᠶ᠋ᠢᠴᠡᠭᠰᠡᠨ ᠤᠭᠯᠠᠭᠤᠷᠭ᠎ᠠ᠂ ᠵᠢᠭᠢᠷᠢᠭ ᠤᠭᠯᠠᠭᠤᠷᠭ᠎ᠠ ᠵᠢ ᠬᠡᠷᠡᠭᠯᠡᠵᠦ᠂ ᠤᠭᠯᠠᠭᠤᠷᠭ᠎ᠠ ᠳᠡᠭᠡᠷᠡᠬᠢ ᠡᠯ᠎ᠡ ᠲᠥᠷᠥᠯ᠎ᠤᠨ ᠴᠠᠬᠢᠯᠭ᠋ᠠᠨ ᠤᠭᠯᠠᠭᠤᠷᠢ ᠰᠠᠶ᠋ᠢᠲᠤᠷ ᠠᠩᠬᠠᠷᠴᠤ᠂ ᠡᠪᠳᠡᠷᠡᠭᠰᠡᠨ ᠪᠣᠯ ᠴᠠᠭ ᠲᠤᠬᠠᠢᠳᠤᠨᠢ ᠰᠣᠯᠢᠵᠤ᠂ ᠴᠠᠬᠢᠯᠭ᠋ᠠᠨ ᠬᠡᠯᠬᠢᠶᠡᠨ᠎ᠤ ᠳᠥᠲᠡᠯᠡᠯ ᠪᠤᠶᠤ ᠵᠥᠪ ᠪᠣᠰᠤ ᠵᠠᠯᠭ᠋ᠠᠯᠲᠠ᠎ᠠᠴᠠ ᠪᠣᠯᠵᠤ ᠭᠠᠯ᠎ᠤᠨ ᠠᠶᠤᠯ ᠡᠭᠦᠰᠬᠦ᠎ᠠᠴᠠ ᠵᠠᠢ᠌ᠯᠠᠰᠬᠢᠬᠤ ᠬᠡᠷᠡᠭᠲᠡᠢ᠃
3. ᠢᠯᠡ ᠭᠠᠯ᠎ᠢ ᠬᠡᠷᠡᠭᠯᠡᠬᠦ ᠦᠭᠡᠢ᠃ ᠪᠠᠶ᠋ᠢᠷᠢ᠎ᠳᠤ ᠯᠠ᠂ ᠰᠢᠮᠠᠭᠤᠯ ᠤᠲᠤᠬᠤ ᠬᠦᠵᠢ ᠠᠰᠠᠭ᠋ᠠᠬᠤ᠂ ᠶᠠᠭᠤᠮ᠎ᠠ ᠰᠢᠲᠠᠭ᠋ᠠᠬᠤ᠂ ᠬᠤᠸᠠᠷ ᠫᠤᠤᠵᠢᠩ ᠲᠠᠯᠪᠢᠬᠤ ᠵᠢ ᠴᠢᠩᠭ᠎ᠠ ᠬᠣᠷᠢᠭᠯᠠᠨ᠎ᠠ᠃
4. ᠭᠠᠳᠠᠭᠰᠢ ᠭᠠᠷᠬᠤ᠎ᠳᠤ᠎ᠪᠠᠨ ᠴᠠᠬᠢᠯᠭ᠋ᠠᠨ ᠡᠭᠦᠰᠭᠡᠭᠴᠢ ᠵᠢ ᠬᠠᠭ᠋ᠠᠨ᠎ᠠ᠃ ᠪᠠᠶ᠋ᠢᠷᠢ᠎ᠠᠴᠠ ᠰᠠᠯᠬᠤ᠎ᠠᠴᠠ ᠡᠮᠦᠨ᠎ᠡ ᠡᠷᠬᠡᠪᠰᠢ ᠴᠠᠬᠢᠯᠭ᠋ᠠᠨ ᠳ᠋ᠧᠩ᠂ ᠴᠠᠬᠢᠯᠭ᠋ᠠᠨ ᠴᠡᠨᠡᠭᠯᠡᠭᠦᠷ ᠵᠡᠷᠭᠡ ᠴᠠᠬᠢᠯᠭ᠋ᠠᠨ ᠲᠥᠬᠥᠭᠡᠷᠦᠮᠵᠢ ᠵᠢᠨ ᠴᠠᠬᠢᠯᠭ᠋ᠠᠨ ᠡᠭᠦᠰᠭᠡᠭᠴᠢ ᠵᠢ ᠪᠠᠶ᠋ᠢᠴᠠᠭ᠋ᠠᠬᠤ ᠵᠢᠨ ᠬᠠᠮᠲᠤ ᠬᠠᠭ᠋ᠠᠵᠤ᠂ ᠴᠠᠬᠢᠯᠭ᠋ᠠᠨ ᠬᠡᠷᠡᠭᠰᠡᠯ᠎ᠢ ᠪᠠᠢ᠌ᠩᠭᠤ ᠴᠠᠬᠢᠯᠭ᠋ᠠᠨ ᠨᠡᠪᠲᠡᠷᠡᠭᠰᠡᠨ ᠪᠠᠶ᠋ᠢᠳᠠᠯ᠎ᠳᠤ ᠲᠠᠯᠪᠢᠬᠤ᠎ᠠᠴᠠ ᠪᠣᠯᠤᠭᠰᠠᠨ ᠭᠠᠯ᠎ᠤᠨ ᠠᠶᠤᠯ ᠡᠭᠦᠰᠬᠦ᠎ᠠᠴᠠ ᠰᠡᠷᠭᠡᠢ᠌ᠯᠡᠨ᠎ᠡ᠃
5. ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠲᠠᠷᠬᠠᠭ᠋ᠠᠨ ᠵᠠᠢ᠌ᠯᠠᠭᠤᠯᠬᠤ ᠭᠤᠳᠤᠮᠢ ᠡᠵᠡᠯᠡᠨ ᠬᠡᠷᠡᠭᠯᠡᠬᠦ ᠦᠭᠡᠢ᠂ ᠪᠥᠭᠯᠡᠬᠦ ᠦᠭᠡᠢ᠃ ᠠᠮᠤᠷ ᠲᠦᠪᠰᠢᠨ᠎ᠤ ᠭᠠᠷᠴᠠ ᠪᠣᠯᠤᠨ ᠲᠠᠷᠬᠠᠭ᠋ᠠᠨ ᠵᠠᠢ᠌ᠯᠠᠭᠤᠯᠬᠤ ᠭᠤᠳᠤᠮ ᠪᠣᠯ 《ᠠᠮᠢ ᠨᠠᠰᠤᠨ᠎ᠤ ᠨᠡᠪᠲᠡᠷᠡᠬᠦ ᠵᠠᠮ》 ᠪᠣᠯᠤᠨ᠎ᠠ᠃ ᠪᠠᠶ᠋ᠢᠷᠢ ᠵᠢᠨ ᠭᠡᠷ᠎ᠲᠤ ᠶᠠᠭᠤᠮ᠎ᠠ ᠲᠠᠯᠪᠢᠬᠤ᠎ᠳᠤ᠎ᠪᠠᠨ ᠡᠭᠦᠳᠡ ᠵᠢ ᠪᠥᠭᠯᠡᠬᠦ ᠦᠭᠡᠢ᠂ ᠴᠣᠩᠬᠣ ᠵᠢ ᠪᠥᠭᠯᠡᠬᠦ ᠦᠭᠡᠢ᠂ ᠬᠣᠩᠭᠢᠯ᠂ ᠬᠣᠩᠬᠢᠯ ᠵᠠᠮ ᠳᠡᠭᠡᠷ᠎ᠡ ᠡᠯᠳᠡᠪ ᠶᠠᠭᠤᠮ᠎ᠠ ᠣᠪᠣᠭ᠋ᠠᠯᠠᠬᠤ ᠦᠭᠡᠢ ᠪᠠᠢ᠌ᠵᠤ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠲᠠᠷᠬᠠᠭ᠋ᠠᠨ ᠵᠠᠢ᠌ᠯᠠᠭᠤᠯᠬᠤ ᠭᠤᠳᠤᠮ᠎ᠤᠨ ᠰᠠᠭ᠋ᠠᠳ ᠦᠭᠡᠢ ᠨᠡᠪᠲᠡᠷᠡᠬᠦ ᠵᠢ ᠡᠷᠬᠡᠪᠰᠢ ᠪᠠᠲᠤᠯᠠᠬᠤ ᠬᠡᠷᠡᠭᠲᠡᠢ᠃
ᠬᠣᠶᠠᠷ᠂ ᠬᠤᠯᠠᠭ᠋ᠠᠢ ᠵᠢ ᠰᠡᠷᠭᠡᠶ᠋ᠢᠯᠡᠬᠦ ᠠᠮᠤᠷ ᠲᠦᠪᠰᠢᠨ
ᠪᠠᠶ᠋ᠢᠷᠢ ᠵᠢᠨ ᠠᠰᠠᠷ ᠪᠣᠯ ᠰᠤᠷᠤᠭᠴᠢᠳ᠎ᠤᠨ ᠬᠠᠮᠲᠤ ᠵᠢᠨ ᠠᠮᠢᠳᠤᠷᠠᠯ᠎ᠤᠨ ᠭᠣᠣᠯ ᠲᠠᠯᠠᠪᠤᠷ ᠪᠣᠯᠤᠭᠰᠠᠨ᠎ᠤ ᠬᠤᠪᠢ᠎ᠳᠤ᠂ ᠣᠷᠣᠵᠤ ᠭᠠᠷᠬᠤ ᠬᠥᠮᠦᠨ ᠣᠯᠠᠨ ᠮᠥᠷᠲᠡᠭᠡᠨ ᠡᠮᠬᠢ ᠵᠠᠮᠪᠠᠷᠠᠭ᠎ᠠ ᠦᠭᠡᠢ ᠪᠠᠶ᠋ᠢᠵᠤ᠂ ᠰᠤᠷᠤᠭᠴᠢᠳ ᠪᠠᠶ᠋ᠢᠷᠢ ᠵᠢᠨ ᠠᠮᠤᠷ ᠲᠦᠪᠰᠢᠨ᠎ᠢ ᠤᠬᠠᠮᠰᠠᠷ᠎ᠠᠴᠠ᠎ᠪᠠᠨ ᠬᠠᠮᠠᠭ᠋ᠠᠯᠠᠵᠤ᠂ ᠠᠮᠤᠷ ᠲᠦᠪᠰᠢᠨ᠎ᠤ ᠤᠬᠠᠮᠰᠠᠷ ᠪᠠ ᠬᠠᠤᠯᠢ ᠳᠦᠷᠢᠮ᠎ᠤᠨ ᠦᠵᠡᠯᠲᠡ᠎ᠪᠠᠨ ᠴᠢᠩᠭ᠋ᠠᠳᠬᠠᠨ᠂ ᠰᠡᠷᠭᠡᠶ᠋ᠢᠯᠡᠬᠦ ᠵᠢᠴᠢ ᠥᠪᠡᠷ᠎ᠢ᠎ᠪᠠᠨ ᠬᠠᠮᠢᠶᠠᠷᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠪᠠᠶ᠋ᠢᠷᠢ ᠵᠢᠨ ᠠᠮᠤᠷ ᠲᠦᠪᠰᠢᠨ᠎ᠢ ᠬᠣᠬᠢᠷᠠᠭᠤᠯᠬᠤ ᠮᠠᠭᠤ ᠦᠢ᠍ᠯᠡ ᠠᠵᠢᠯᠯᠠᠭ᠎ᠠ ᠵᠢ ᠴᠠᠭ ᠲᠤᠬᠠᠢᠳᠤᠨᠢ ᠢᠳᠬᠠᠨ ᠬᠣᠷᠢᠭᠯᠠᠵᠤ᠂ ᠬᠣᠷᠢᠭᠯᠠᠨ ᠵᠣᠭᠰᠣᠭ᠋ᠠᠵᠤ᠂ ᠪᠠᠶ᠋ᠢᠷᠢ ᠵᠢᠨ ᠭᠡᠷ᠎ᠲᠤ ᠣᠷᠣᠵᠤ ᠭᠠᠷᠬᠤ ᠭᠠᠳᠠᠨ᠎ᠠ᠎ᠠᠴᠠ ᠢᠷᠡᠭᠰᠡᠨ ᠬᠥᠮᠦᠰ᠎ᠢ ᠠᠩᠬᠠᠷᠤᠨ᠂ ᠰᠡᠵᠢᠭᠯᠡᠯᠲᠡᠢ ᠪᠠᠶ᠋ᠢᠳᠠᠯ ᠲᠣᠬᠢᠶᠠᠯᠳᠤᠪᠠᠯ᠂ ᠰᠤᠷᠤᠭᠴᠢᠳ ᠰᠠᠨᠠᠭ᠋ᠠᠴᠢᠯᠠᠭ᠎ᠠ᠎ᠠᠴᠠ᠎ᠪᠠᠨ ᠪᠠᠶ᠋ᠢᠴᠠᠭ᠋ᠠᠨ ᠠᠰᠠᠭᠤᠬᠤ ᠵᠢᠨ ᠬᠠᠮᠲᠤ ᠵᠢᠵᠢᠭᠦᠷᠯᠡᠭᠴᠢ᠂ ᠠᠮᠤᠷ᠎ᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠬᠦ ᠬᠡᠷᠡᠭᠲᠡᠢ᠃
1. ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠤᠬᠠᠮᠰᠠᠷ᠎ᠢ ᠪᠣᠢ ᠪᠣᠯᠭ᠋ᠠᠨ᠎ᠠ᠃ ᠰᠡᠷᠭᠡᠶ᠋ᠢᠯᠡᠬᠦ ᠤᠬᠠᠮᠰᠠᠷ᠎ᠢ ᠰᠠᠨᠠᠭ᠋ᠠᠴᠢᠯᠠᠭ᠎ᠠ᠎ᠠᠴᠠ᠎ᠪᠠᠨ ᠪᠣᠢ ᠪᠣᠯᠭ᠋ᠠᠵᠤ᠂ ᠬᠤᠯᠠᠭ᠋ᠠᠢ ᠵᠢ ᠰᠡᠷᠭᠡᠶ᠋ᠢᠯᠡᠬᠦ ᠠᠮᠤᠷ ᠲᠦᠪᠰᠢᠨ᠎ᠢ ᠠᠩᠬᠠᠷᠴᠤ᠂ ᠡᠭᠦᠳᠡ᠎ᠪᠠᠨ ᠣᠨᠢᠰᠤᠯᠠᠬᠤ᠂ ᠴᠣᠩᠬᠣ᠎ᠪᠠᠨ ᠬᠠᠭ᠋ᠠᠬᠤ ᠰᠠᠶ᠋ᠢᠨ ᠰᠠᠢ᠌ᠬᠠᠨ ᠳᠠᠳᠬᠠᠯ᠎ᠢ ᠪᠣᠢ ᠪᠣᠯᠭ᠋ᠠᠨ᠂ ᠬᠥᠮᠦᠨ ᠦᠭᠡᠢ ᠦᠶ᠎ᠡ᠎ᠳᠤ ᠡᠭᠦᠳᠡ᠎ᠪᠠᠨ ᠬᠠᠭ᠋ᠠᠵᠤ᠂ ᠭᠠᠳᠠᠭᠰᠢ ᠭᠠᠷᠬᠤ᠂ ᠤᠨᠲᠠᠬᠤ᠎ᠠᠴᠠ᠎ᠪᠠᠨ ᠡᠮᠦᠨ᠎ᠡ ᠡᠭᠦᠳᠡ ᠴᠣᠩᠬᠣ᠎ᠪᠠᠨ ᠰᠠᠶ᠋ᠢᠲᠤᠷ ᠬᠠᠭ᠋ᠠᠨ᠂ ᠨᠢᠭᠡᠳᠦᠭᠡᠷ ᠳᠡᠭᠳᠡᠷ᠎ᠲᠤ ᠰᠠᠭᠤᠵᠤ ᠪᠠᠶ᠋ᠢᠭ᠎ᠠ ᠰᠤᠷᠤᠭᠴᠢᠳ ᠬᠤᠪᠴᠠᠰᠤ ᠬᠤᠨᠠᠷ᠂ ᠪᠢᠴᠢᠭ ᠤᠨ ᠪᠣᠭᠴᠣ ᠵᠢᠴᠢ ᠪᠤᠰᠤᠳ ᠶᠠᠭᠤᠮ᠎ᠠ᠎ᠪᠠᠨ ᠴᠣᠩᠬᠣᠨ ᠳᠡᠭᠡᠷ᠎ᠡ ᠲᠠᠯᠪᠢᠵᠤ ᠪᠣᠯᠬᠤ ᠦᠭᠡᠢ᠂ ᠪᠠᠢ᠌ᠷᠢ᠎ᠳᠤ᠎ᠪᠠᠨ ᠣᠷᠣᠢ ᠬᠠᠷᠢᠬᠤ ᠰᠤᠷᠤᠭᠴᠢ ᠬᠥᠮᠦᠨ ᠳᠠᠭ᠋ᠠᠵᠤ ᠪᠠᠶ᠋ᠢᠬᠤ ᠡᠰᠡᠬᠦ ᠵᠢ ᠠᠩᠬᠠᠷᠬᠤ ᠬᠡᠷᠡᠭᠲᠡᠢ᠃
2. ᠥᠪᠡᠷ᠎ᠤᠨ ᠶᠠᠭᠤᠮ᠎ᠠ᠎ᠪᠠᠨ ᠵᠦᠢ ᠵᠣᠬᠢᠰᠲᠠᠢ ᠬᠠᠳᠠᠭ᠋ᠠᠯᠠᠨ᠎ᠠ᠃ ᠰᠠᠨᠠᠭ᠋ᠠᠨ᠎ᠳᠤ ᠦᠭᠡᠢ ᠤᠴᠢᠷ ᠭᠠᠷᠬᠤ᠎ᠠᠴᠠ ᠰᠡᠷᠭᠡᠶ᠋ᠢᠯᠡᠬᠦ ᠵᠢᠨ ᠲᠥᠯᠥᠭᠡ᠂ ᠰᠤᠷᠤᠭᠴᠢᠳ ᠥᠪᠡᠷ᠎ᠤᠨ ᠶᠠᠭᠤᠮ᠎ᠠ᠎ᠪᠠᠨ ᠵᠦᠢ ᠵᠣᠬᠢᠰᠲᠠᠢ ᠬᠠᠳᠠᠭ᠋ᠠᠯᠠᠵᠤ ᠬᠠᠮᠢᠶᠠᠷᠤᠭ᠋ᠠᠷᠠᠢ; ᠪᠠᠢ᠌ᠷᠢ᠎ᠳᠤ᠎ᠪᠠᠨ ᠠᠷᠪᠢᠨ ᠪᠡᠯᠡᠨ ᠵᠣᠭᠣᠰ ᠲᠠᠯᠪᠢᠬᠤ ᠦᠭᠡᠢ; ᠪᠠᠩᠬᠢ ᠵᠢᠨ ᠬᠠᠳᠠᠭ᠋ᠠᠯᠠᠮᠵᠢ᠎ᠳᠤ ᠡᠷᠬᠡᠪᠰᠢ ᠬᠤᠪᠢ ᠬᠥᠮᠦᠨ᠎ᠤ ᠨᠢᠭᠤᠴᠠ ᠨᠣᠮᠧᠷ᠎ᠢ ᠬᠡᠷᠡᠭᠯᠡᠵᠦ᠂ ᠮᠥᠩᠭᠥᠨ ᠭᠦᠢ᠍ᠯᠭᠡᠭᠡᠨ᠎ᠤ ᠺᠠᠷᠲ ᠪᠠ ᠪᠡᠶ᠎ᠡ ᠵᠢᠨ ᠦᠨᠡᠮᠯᠡᠯ᠎ᠢ ᠰᠠᠯᠭ᠋ᠠᠨ ᠬᠠᠳᠠᠭ᠋ᠠᠯᠠᠵᠤ᠂ ᠬᠠᠭᠤᠷᠮᠠᠭᠯᠠᠨ ᠠᠪᠬᠤ᠎ᠠᠴᠠ ᠰᠡᠷᠭᠡᠶ᠋ᠢᠯᠡᠬᠦ ᠬᠡᠷᠡᠭᠲᠡᠢ᠃
3. ᠪᠠᠢ᠌ᠷᠢ ᠵᠢᠨ ᠲᠦᠯᠬᠢᠭᠦᠷ᠎ᠢ ᠠᠮᠤᠷ ᠲᠦᠪᠰᠢᠨ ᠬᠡᠷᠡᠭᠯᠡᠨ᠎ᠡ᠃ ᠡᠭᠦᠳᠡ ᠪᠣᠯ ᠪᠠᠶ᠋ᠢᠷᠢ ᠵᠢᠨ ᠠᠰᠠᠷ᠎ᠤᠨ ᠠᠮᠤᠷ ᠲᠦᠪᠰᠢᠨ᠎ᠢ ᠬᠠᠮᠠᠭ᠋ᠠᠯᠠᠬᠤ ᠬᠠᠯᠬᠠᠪᠴᠢ ᠮᠥᠨ᠂ ᠰᠤᠷᠤᠭᠴᠢᠳ ᠥᠪᠡᠷ᠎ᠤᠨ ᠪᠠᠶ᠋ᠢᠷᠢ ᠵᠢᠨ ᠲᠦᠯᠬᠢᠭᠦᠷ ᠵᠶ᠋ᠠᠨ ᠰᠠᠶ᠋ᠢᠲᠤᠷ ᠬᠠᠳᠠᠭ᠋ᠠᠯᠠᠵᠤ᠂ ᠲᠦᠯᠬᠢᠭᠦᠷ ᠪᠤᠶᠤ ᠰᠤᠷᠭ᠋ᠠᠭᠤᠯᠢ ᠵᠢᠨ ᠬᠦᠷᠢᠶᠡᠨ᠎ᠤ ᠺᠠᠷᠲ᠎ᠢ ᠳᠤᠷ᠎ᠠ᠎ᠪᠠᠷ ᠵᠶ᠋ᠠᠨ ᠥᠭᠡᠷ᠎ᠡ ᠬᠥᠮᠦᠨ᠎ᠳᠤ ᠵᠢᠭᠡᠯᠡᠭᠦᠯᠬᠦ ᠪᠤᠶᠤ ᠪᠤᠰᠤᠳ ᠬᠥᠮᠦᠨ ᠵᠶ᠋ᠠᠷ ᠬᠠᠮᠢᠶᠠᠷᠤᠭᠤᠯᠬᠤ ᠦᠭᠡᠢ᠃ ᠵᠠᠪᠠᠯ ᠰᠤᠷᠭ᠋ᠠᠭᠤᠯᠢ ᠵᠢᠨ ᠨᠢᠭᠡᠳᠦᠯᠲᠡᠢ ᠲᠣᠬᠢᠷᠠᠭᠤᠯᠤᠭᠰᠠᠨ ᠬᠤᠯᠠᠭ᠋ᠠᠢ ᠵᠢ ᠰᠡᠷᠭᠡᠶ᠋ᠢᠯᠡᠬᠦ ᠣᠨᠢᠰᠤ ᠵᠢ ᠬᠡᠷᠡᠭᠯᠡᠵᠦ᠂ ᠡᠭᠦᠳᠡᠨ᠎ᠤ ᠣᠨᠢᠰᠤ ᠪᠤᠶᠤ ᠣᠨᠳᠣᠤ ᠡᠭᠦᠳᠡᠨ᠎ᠤ ᠣᠨᠢᠰᠤ ᠨᠡᠮᠡᠬᠦ ᠵᠢ ᠴᠢᠩᠭ᠎ᠠ ᠬᠣᠷᠢᠭᠯᠠᠨ᠎ᠠ᠃
4. ᠵᠢᠵᠢᠭ ᠬᠤᠳᠠᠯᠳᠤᠭ᠋ᠠᠴᠢᠨ᠎ᠢ ᠴᠢᠩᠭ᠎ᠠ ᠰᠡᠷᠭᠡᠢ᠌ᠯᠡᠨ᠎ᠡ᠃ ᠰᠤᠷᠤᠭᠴᠢ ᠶᠠᠭᠤᠮ᠎ᠠ᠎ᠪᠠᠨ ᠭᠡᠭᠡᠬᠦ ᠪᠤᠶᠤ ᠮᠡᠬᠡᠯᠡᠭᠳᠡᠬᠦ ᠵᠡᠷᠭᠡ ᠦᠵᠡᠭᠳᠡᠯ ᠭᠠᠷᠬᠤ᠎ᠠᠴᠠ ᠰᠡᠷᠭᠡᠶ᠋ᠢᠯᠡᠬᠦ ᠵᠢᠨ ᠲᠥᠯᠥᠭᠡ᠂ ᠪᠠᠶ᠋ᠢᠷᠢ ᠵᠢᠨ ᠠᠰᠠᠷ᠎ᠲᠤ ᠡᠯ᠎ᠡ ᠲᠥᠷᠥᠯ᠎ᠤᠨ ᠵᠢᠵᠢᠭ ᠬᠤᠳᠠᠯᠳᠤᠭ᠋ᠠᠴᠢᠨ ᠶᠠᠭᠤᠮ᠎ᠠ (ᠣᠨᠴᠠᠭ᠋ᠠᠢ᠌ᠯᠠᠨ ᠬᠠᠭᠤᠷᠮᠠᠭ ᠮᠠᠭᠤ ᠪᠠᠷᠠᠭ᠎ᠠ) ᠪᠣᠷᠣᠯᠠᠭᠤᠯᠬᠤ ᠵᠢ ᠴᠢᠩᠭ᠎ᠠ ᠬᠣᠷᠢᠭᠯᠠᠨ᠎ᠠ᠂ ᠵᠢᠱ᠌ᠢᠶᠡᠯᠡᠪᠡᠯ ᠪᠠᠶ᠋ᠢᠷᠢ ᠵᠢᠨ ᠠᠰᠠᠷ᠎ᠲᠤ ᠵᠢᠵᠢᠭ ᠬᠤᠳᠠᠯᠳᠤᠭ᠋ᠠᠴᠢᠨ ᠪᠤᠶᠤ ᠳᠠᠮᠵᠢᠭᠤᠯᠤᠨ ᠪᠣᠷᠣᠯᠠᠭᠤᠯᠤᠭᠴᠢ ᠶᠠᠭᠤᠮ᠎ᠠ ᠬᠤᠳᠠᠯᠳᠤᠵᠤ ᠪᠠᠢ᠌ᠭ᠎ᠠ ᠵᠢ ᠣᠯᠵᠤ ᠮᠡᠳᠡᠪᠡᠯ᠂ ᠲᠡᠳᠡᠨ᠎ᠤ ᠪᠠᠶ᠋ᠢᠷᠢ᠎ᠳᠤ ᠣᠷᠣᠬᠤ ᠵᠢ ᠵᠥᠪᠰᠢᠶᠡᠷᠡᠬᠦ ᠦᠭᠡᠢ ᠪᠥᠭᠡᠳ ᠪᠠᠶ᠋ᠢᠷᠢ ᠵᠢᠨ ᠠᠰᠠᠷ᠎ᠤᠨ ᠵᠢᠵᠢᠭᠦᠷᠯᠡᠭᠴᠢ᠎ᠳᠤ ᠴᠠᠭ ᠲᠤᠬᠠᠢᠳᠤᠨᠢ ᠮᠡᠳᠡᠭᠦᠯᠬᠦ ᠪᠤᠶᠤ ᠰᠤᠷᠭ᠋ᠠᠭᠤᠯᠢ ᠵᠢᠨ ᠠᠮᠤᠷ᠎ᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠨ᠎ᠡ᠃
5. ᠭᠠᠳᠠᠨ᠎ᠠ ᠵᠢᠨ ᠬᠥᠮᠦᠨ᠎ᠢ ᠪᠠᠢ᠌ᠷᠢ᠎ᠳᠤ ᠬᠣᠨᠣᠭᠤᠯᠬᠤ ᠦᠭᠡᠢ᠃ ᠡᠯ᠎ᠡ ᠰᠤᠷᠭ᠋ᠠᠭᠤᠯᠢ ᠥᠪᠡᠷ᠎ᠤᠨ ᠣᠷᠣ᠎ᠪᠠᠨ ᠪᠤᠰᠤᠳ᠎ᠲᠤ ᠳᠤᠷ᠎ᠠ᠎ᠪᠠᠷ ᠵᠶ᠋ᠠᠨ ᠵᠢᠭᠡᠯᠡᠭᠦᠯᠦᠨ ᠬᠡᠷᠡᠭᠯᠡᠭᠦᠯᠬᠦ ᠵᠢ ᠴᠢᠩᠭ᠎ᠠ ᠬᠣᠷᠢᠭᠯᠠᠵᠤ᠂ ᠲᠤᠰ ᠪᠠᠶ᠋ᠢᠷᠢ ᠵᠢᠨ ᠪᠤᠰᠤ ᠬᠥᠮᠦᠨ᠎ᠢ ᠳᠤᠷ᠎ᠠ᠎ᠪᠠᠷ ᠵᠶ᠋ᠠᠨ ᠪᠠᠢ᠌ᠷᠢ᠎ᠳᠤ ᠦᠯᠡᠳᠡᠭᠡᠨ ᠬᠣᠨᠣᠭᠤᠯᠵᠤ ᠪᠣᠯᠬᠤ ᠦᠭᠡᠢ᠂ ᠪᠥᠭᠦᠳᠡᠭᠡᠷ ᠵᠶ᠋ᠡᠨ ᠡᠭᠦᠨ᠎ᠳᠤ ᠬᠠᠷᠢᠯᠴᠠᠨ ᠬᠢᠨᠠᠯᠲᠠ ᠲᠠᠯᠪᠢᠵᠤ ᠪᠣᠯᠤᠨ᠎ᠠ᠃
ᠭᠤᠷᠪᠠ᠂ ᠲᠥᠬᠦᠭᠡᠷᠦᠮᠵᠢ ᠵᠢᠨ ᠠᠮᠤᠷ ᠲᠦᠪᠰᠢᠨ
1. ᠣᠷᠣᠨ ᠳᠡᠭᠡᠷ᠎ᠡ᠎ᠪᠠᠨ ᠭᠠᠷᠬᠤ ᠪᠤᠶᠤ ᠣᠷᠣᠨ᠎ᠠᠴᠠ ᠪᠠᠭᠤᠬᠤ ᠦᠶ᠎ᠡ ᠠᠯᠢᠶᠠᠯᠠᠵᠤ ᠨᠠᠭ᠋ᠠᠳᠬᠤ ᠦᠭᠡᠢ᠃ ᠣᠷᠣᠨ ᠳᠡᠭᠡᠷ᠎ᠡ᠎ᠪᠠᠨ ᠭᠠᠷᠬᠤ ᠪᠤᠶᠤ ᠣᠷᠣᠨ᠎ᠠᠴᠠ ᠪᠠᠭᠤᠬᠤ ᠦᠶ᠎ᠡ ᠳᠤ᠂ ᠭᠤᠯᠭᠤᠷᠢᠬᠤ᠂ ᠯᠠᠪᠳᠠᠭᠤᠨ ᠪᠠᠷᠢᠭᠰᠠᠨ ᠦᠭᠡᠢ ᠵᠡᠷᠭᠡ ᠰᠢᠯᠲᠠᠭ᠋ᠠᠨ᠎ᠠᠴᠠ ᠪᠣᠯᠵᠤ ᠣᠢ᠌ᠴᠢᠵᠤ ᠮᠡᠳᠡᠨ᠎ᠡ (ᠣᠷᠣᠨ ᠳᠡᠭᠡᠷ᠎ᠡ᠎ᠪᠠᠨ ᠭᠠᠷᠬᠤ ᠪᠤᠶᠤ ᠣᠷᠣᠨ᠎ᠠᠴᠠ ᠪᠠᠭᠤᠬᠤ ᠦᠶ᠎ᠡ᠎ᠳᠤ ᠯᠠᠪᠳᠠᠭᠤᠨ ᠪᠠᠷᠢᠵᠤ᠂ ᠬᠥᠨᠵᠢᠯᠡ ᠳᠡᠪᠢᠰᠬᠡᠷ ᠵᠡᠷᠭᠡ ᠲᠣᠭᠲᠠᠮᠠᠯ ᠪᠤᠰᠤ ᠡᠳ᠋ ᠪᠣᠳᠠᠰ᠎ᠠᠴᠠ ᠪᠢᠲᠡᠭᠡᠢ ᠪᠡᠷᠢ)᠂ ᠣᠷᠣᠨ ᠳᠡᠭᠡᠷ᠎ᠡ᠎ᠪᠠᠨ ᠭᠠᠷᠬᠤ ᠪᠤᠶᠤ ᠣᠷᠣᠨ ᠪᠠᠭᠤᠬᠤ ᠦᠶ᠎ᠡ᠎ᠳᠤ ᠬᠠᠮᠲᠤ ᠰᠤᠷᠤᠭᠴᠢ᠎ᠲᠠᠢ᠎ᠪᠠᠨ ᠠᠯᠢᠶᠠᠯᠠᠵᠤ ᠨᠠᠭ᠋ᠠᠳᠬᠤ ᠦᠭᠡᠢ ᠪᠠᠢ᠌ᠵᠤ᠂ ᠣᠷᠣᠨ᠎ᠠᠴᠠ᠎ᠪᠠᠨ ᠣᠢ᠌ᠴᠢᠵᠤ ᠰᠢᠷᠬᠠᠲᠤᠬᠤ᠎ᠠᠴᠠ ᠰᠡᠷᠭᠡᠶ᠋ᠢᠯᠡᠬᠦ ᠬᠡᠷᠡᠭᠲᠡᠢ᠃
2. ᠬᠠᠯᠲᠤᠷᠢᠭ᠎ᠠ ᠦᠭᠡᠢ ᠣᠯᠪᠣᠭᠢ ᠰᠠᠶ᠋ᠢᠲᠤᠷ ᠬᠡᠷᠡᠭᠯᠡᠨ᠎ᠡ᠃ ᠣᠷᠣ ᠵᠢᠨ ᠲᠦᠰᠢᠯᠭᠡ᠂ ᠠᠰᠠᠷ᠎ᠤᠨ ᠱᠠᠲᠤᠨ᠎ᠳᠤ ᠬᠠᠯᠲᠤᠷᠢᠬᠤ᠎ᠠᠴᠠ ᠰᠡᠷᠭᠡᠶ᠋ᠢᠯᠡᠵᠦ᠂ ᠣᠷᠣ ᠵᠢᠨ ᠲᠦᠰᠢᠯᠭᠡ ᠪᠠ ᠠᠰᠠᠷ᠎ᠤᠨ ᠱᠠᠲᠤᠨ᠎ᠤ ᠬᠠᠯᠲᠤᠷᠢᠭ᠎ᠠ ᠦᠭᠡᠢ ᠣᠯᠪᠣᠭᠢ ᠨᠡᠮᠡᠭᠳᠡᠭᠦᠯᠵᠦ᠂ ᠭᠠᠷ ᠬᠥᠯ ᠪᠠ ᠪᠠᠷᠢᠭᠤᠯ᠂ ᠠᠰᠠᠷ᠎ᠤᠨ ᠱᠠᠲᠤᠨ᠎ᠤ ᠦᠷᠦᠯᠳᠦᠬᠦ ᠬᠦᠴᠦ ᠵᠢ ᠨᠡᠮᠡᠭᠳᠡᠭᠦᠯᠵᠦ ᠬᠠᠯᠲᠤᠷᠢᠬᠤ᠎ᠠᠴᠠ ᠵᠠᠢ᠌ᠯᠠᠭᠤᠯᠤᠨ᠎ᠠ᠃
3. ᠰᠥᠨᠢ ᠣᠷᠣᠨ ᠳᠡᠭᠡᠷ᠎ᠡ᠎ᠪᠠᠨ ᠭᠠᠷᠬᠤ ᠪᠤᠶᠤ ᠣᠷᠣᠨ᠎ᠠᠴᠠ ᠪᠠᠭᠤᠬᠤ᠎ᠳᠤ ᠭᠡᠷᠡᠯᠲᠦᠭᠦᠯᠭᠡ ᠬᠡᠷᠡᠭᠯᠡᠨ᠎ᠡ ᠃ ᠰᠥᠨᠢ ᠪᠠᠢ᠌ᠷᠢ ᠵᠢᠨ ᠳ᠋ᠧᠩ᠎ᠢ ᠤᠨᠲᠠᠷᠠᠭ᠋ᠠᠨᠠ᠂ ᠬᠡᠷᠪᠡ ᠰᠥᠨᠢ ᠣᠷᠣᠨ ᠳᠡᠭᠡᠷ᠎ᠡ᠎ᠪᠠᠨ ᠭᠠᠷᠬᠤ ᠪᠤᠶᠤ ᠣᠷᠣᠨ᠎ᠠᠴᠠ ᠪᠠᠭᠤᠬᠤ ᠴᠢᠬᠤᠯᠠᠲᠠᠢ ᠪᠣᠯ᠂ ᠭᠠᠷ ᠤᠲᠠᠰᠤ ᠪᠤᠶᠤ ᠭᠠᠷ ᠳ᠋ᠧᠩ ᠵᠡᠷᠭᠡ ᠭᠡᠷᠡᠯᠲᠦᠭᠦᠯᠭᠡ᠎ᠪᠠᠨ ᠨᠡᠭᠡᠭᠡᠵᠦ᠂ ᠬᠠᠷᠠᠩᠭᠤᠢ᠎ᠠᠴᠠ ᠪᠣᠯᠵᠤ ᠬᠣᠭᠣᠰᠣᠨ ᠭᠢᠰᠬᠢᠬᠦ᠎ᠠᠴᠠ ᠵᠠᠢ᠌ᠯᠠᠰᠬᠢᠨ᠎ᠠ᠃
4. ᠬᠡᠲᠦ ᠵᠤᠵᠠᠭ᠋ᠠᠨ ᠣᠷᠣ ᠳᠡᠪᠢᠰᠬᠡᠷ᠎ᠢ ᠬᠡᠷᠡᠭᠯᠡᠬᠦ ᠦᠭᠡᠢ᠃ ᠪᠠᠢ᠌ᠷᠢ ᠵᠢᠨ ᠣᠷᠣᠨ ᠳᠤ᠎ᠪᠠᠨ ᠬᠡᠲᠦ ᠵᠤᠵᠠᠭ᠋ᠠᠨ ᠣᠷᠣ ᠳᠡᠪᠢᠰᠴᠦ ᠪᠣᠯᠬᠤ ᠦᠭᠡᠢ᠂ ᠬᠡᠳᠦ ᠵᠤᠵᠠᠭ᠋ᠠᠨ ᠣᠷᠣᠨ᠎ᠢ ᠣᠷᠣ ᠳᠡᠪᠢᠰᠭᠡᠷ᠎ᠤᠨ ᠬᠠᠮᠠᠭ᠋ᠠᠯᠠᠯᠲᠠ ᠵᠢᠨ ᠬᠠᠰᠢᠯᠭ᠎ᠠ ᠵᠢᠨ ᠦᠢ᠍ᠯᠡᠳᠦᠯ᠎ᠢ ᠪᠠᠭᠤᠷᠠᠭᠤᠯᠵᠤ᠂ ᠠᠮᠤᠷ ᠲᠦᠪᠰᠢᠨ᠎ᠤ ᠳᠠᠯᠳᠠ ᠭᠡᠮ᠎ᠢ ᠪᠣᠢ ᠪᠣᠯᠭ᠋ᠠᠨ᠎ᠠ᠃
5. ᠣᠷᠣᠨ ᠳᠡᠭᠡᠷ᠎ᠡ᠎ᠠᠴᠠ ᠰᠢᠭᠤᠳ ᠣᠷᠣᠨ᠎ᠤ ᠳᠣᠣᠷᠠᠬᠢ ᠪᠣᠳᠠᠰ᠎ᠢ ᠠᠪᠬᠤ ᠦᠭᠡᠢ᠃ ᠣᠷᠣᠨ ᠳᠡᠭᠡᠷ᠎ᠡ ᠠᠮᠠᠷᠠᠬᠤ ᠦᠶ᠎ᠡ᠎ᠳᠤ᠂ ᠬᠡᠷᠪᠡ ᠣᠷᠣᠨ ᠳᠣᠣᠷᠠᠬᠢ ᠶᠠᠭᠤᠮ᠎ᠠ ᠵᠢ ᠠᠪᠬᠤ ᠴᠢᠬᠤᠯᠠᠲᠠᠢ ᠪᠣᠯ᠂ ᠣᠷᠣᠨ᠎ᠠᠴᠠ᠎ᠪᠠᠨ ᠪᠠᠭᠤᠭ᠋ᠠᠳ ᠠᠪᠤᠭ᠋ᠠᠷᠠᠢ᠂ ᠪᠢᠲᠡᠭᠡᠢ ᠶᠠᠷᠰᠢᠭᠲᠠᠢ ᠭᠡᠵᠦ ᠳᠥᠭᠦᠮᠢ ᠪᠣᠳᠣᠨ ᠣᠷᠣᠨ ᠳᠡᠭᠡᠷ᠎ᠡ᠎ᠪᠠᠨ ᠪᠠᠢ᠌ᠵᠤ ᠪᠠᠢ᠌ᠭ᠋ᠠᠳ ᠶᠠᠭᠤᠮ᠎ᠠ᠎ᠪᠠᠨ ᠠᠪ᠂ ᠣᠢ᠌ᠴᠢᠬᠤ ᠠᠶᠤᠯᠲᠠᠢ᠃ ᠣᠨᠴᠠᠭ᠋ᠠᠶ᠋ᠢᠯᠠᠨ ᠰᠠᠨᠠᠭᠤᠯᠬᠤ᠎ᠨᠢ᠄ ᠪᠠᠶ᠋ᠢᠷᠢ ᠵᠢᠨ ᠭᠡᠷ᠎ᠤᠨ ᠶᠠᠮᠠᠷ ᠨᠢᠭᠡᠨ ᠲᠥᠬᠥᠭᠡᠷᠦᠮᠵᠢ ᠡᠪᠳᠡᠷᠡᠬᠦ᠎ᠳᠤ ᠬᠦᠷᠪᠡᠯ᠂ ᠰᠤᠷᠤᠭᠴᠢᠳ ᠴᠠᠭ ᠲᠤᠬᠠᠢᠳᠤᠨᠢ ᠪᠠᠶ᠋ᠢᠷᠢ ᠬᠠᠮᠢᠶᠠᠷᠤᠭᠴᠢ ᠵᠢᠨ ᠲᠡᠨᠳᠡ ᠬᠦᠷᠴᠦ ᠵᠠᠰᠠᠭᠤᠯᠬᠤ᠎ᠪᠠᠷ ᠮᠡᠳᠡᠭᠦᠯᠵᠦ᠂ ᠬᠡᠪ᠎ᠤᠨ ᠠᠮᠢᠳᠤᠷᠠᠯ᠎ᠢ ᠪᠠᠲᠤᠯᠠᠬᠤ ᠬᠡᠷᠡᠭᠲᠡᠢ᠃