ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠨᠢᠭᠡᠨ ᠤᠳᠠᠭ᠋ᠠᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠢᠴᠢᠶᠡᠯ
ᠨᠡᠶ᠋ᠢᠲᠡᠯᠡᠭᠰᠡᠨ ᠴᠠᠭ᠄ 2024-02-26

      ᠰᠢᠨ᠎ᠡ ᠰᠤᠷᠤᠯᠭ᠎ᠠ ᠵᠢᠨ ᠬᠤᠭᠤᠴᠠᠭ᠎ᠠ᠂ ᠰᠢᠨ᠎ᠡ ᠭᠠᠷᠤᠭ᠎ᠠ᠃ ᠠᠮᠤᠷ ᠲᠦᠪᠰᠢᠨ ᠪᠣᠯ ᠪᠠᠶᠠᠷ ᠬᠦᠷ᠎ᠲᠠᠢ ᠥᠰᠦᠨ ᠪᠣᠶ᠋ᠢᠵᠢᠬᠤ ᠡᠬᠢ ᠰᠤᠷᠪᠤᠯᠵᠢ ᠮᠥᠨ᠂ ᠵᠠᠮ ᠶᠠᠪᠤᠬᠤ᠎ᠳᠤ᠎ᠪᠠᠨ ᠠᠶᠤᠯ ᠲᠦᠭᠰᠢᠭᠦᠷᠢ᠎ᠠᠴᠠ ᠵᠠᠶ᠋ᠢᠯᠠᠬᠤ ᠵᠢ ᠰᠤᠷᠴᠤ᠂ ᠥᠪᠡᠷ᠎ᠢ ᠵᠶ᠋ᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠠᠴᠠ ᠬᠠᠮᠠᠭ᠋ᠠᠯᠠᠬᠤ ᠪᠣᠯ ᠬᠡᠦᠬᠡᠳ ᠪᠠ ᠭᠡᠷ᠎ᠤᠨ ᠠᠬᠠᠮᠠᠳ ᠨᠢᠭᠡ ᠪᠦᠷᠢ ᠵᠢᠨ ᠵᠠᠪᠠᠯ ᠰᠤᠷᠬᠤ ᠬᠢᠴᠢᠶᠡᠯ ᠮᠥᠨ᠃

 
      ᠰᠤᠷᠤᠭᠴᠢ ᠵᠠᠮ ᠶᠠᠪᠤᠬᠤ᠎ᠳᠤ᠎ᠪᠠᠨ ᠠᠩᠬᠠᠷᠬᠤ ᠵᠦᠢ᠍ᠯ
      1. ᠶᠠᠪᠠᠭ᠋ᠠᠨ ᠶᠠᠪᠤᠬᠤ
      ᠵᠠᠮ ᠶᠠᠪᠤᠬᠤ᠎ᠳᠤ᠎ᠪᠠᠨ ᠠᠩᠬᠠᠷᠤᠯ ᠵᠶ᠋ᠠᠨ ᠲᠥᠪᠯᠡᠷᠡᠭᠦᠯᠦᠨ᠂ ᠲᠣᠯᠤᠭ᠋ᠠᠢ ᠪᠥᠬᠦᠢ᠌ᠨ ᠭᠠᠷ ᠤᠲᠠᠰᠤ ᠵᠡᠷᠭᠡ ᠵᠢ ᠣᠷᠣᠯᠳᠤᠵᠤ ᠪᠣᠯᠬᠤ ᠬᠡᠷᠡᠭᠲᠡᠢ;
      ᠵᠠᠮ ᠣᠭᠲᠣᠯᠬᠤ᠎ᠳᠤ᠎ᠪᠠᠨ ᠶᠠᠪᠠᠭ᠋ᠠᠨ ᠬᠥᠮᠦᠨ᠎ᠳᠤ ᠵᠣᠷᠢᠭᠤᠯᠤᠭᠰᠠᠨ ᠵᠠᠮ ᠵᠶ᠋ᠠᠷ ᠥᠩᠭᠡᠷᠡᠬᠦ ᠬᠡᠷᠡᠭᠲᠡᠢ;
      ᠮᠠᠰᠢᠨ ᠲᠡᠷᠭᠡᠨ᠎ᠤ ᠡᠮᠦᠨᠡᠭᠦᠷ ᠭᠡᠨᠡᠳᠲᠡ ᠵᠠᠮ ᠣᠭᠲᠤᠯᠵᠤ ᠪᠣᠯᠬᠤ ᠦᠭᠡᠢ᠃
      ᠲᠤᠰᠠᠭ᠋ᠠᠷᠯᠠᠬᠤ ᠬᠡᠷᠡᠰᠬᠡ ᠵᠢ ᠳᠠᠪᠠᠵᠤ ᠪᠣᠯᠬᠤ ᠦᠭᠡᠢ᠃

   

1.jpg


      2. ᠲᠡᠷᠭᠡᠨ᠎ᠳᠤ ᠰᠠᠭᠤᠬᠤ
      ᠲᠡᠷᠭᠡᠨ᠎ᠳᠤ ᠰᠠᠭᠤᠬᠤ᠎ᠳᠤ᠎ᠪᠠᠨ ᠠᠮᠤᠷ ᠲᠦᠪᠰᠢᠨ᠎ᠤ ᠪᠦᠰᠡ ᠵᠢ ᠰᠠᠶ᠋ᠢᠲᠤᠷ ᠪᠦᠰᠡᠯᠡᠵᠦ᠂ ᠯᠠᠪᠳᠠᠭᠤᠨ ᠰᠠᠭᠤᠬᠤ ᠬᠡᠷᠡᠭᠲᠡᠢ;
      ᠲᠡᠷᠭᠡᠨ ᠳᠡᠭᠡᠷ᠎ᠡ ᠠᠯᠢᠶᠠᠯᠠᠨ ᠨᠠᠭ᠋ᠠᠳᠬᠤ ᠦᠭᠡᠢ ᠪᠠᠢ᠌ᠵᠤ᠂ ᠵᠢᠯᠣᠭᠣᠴᠢ ᠵᠢᠨ ᠬᠡᠪ᠎ᠤᠨ ᠲᠡᠷᠭᠡ ᠵᠢᠯᠣᠭᠣᠳᠬᠤ ᠵᠢ ᠨᠥᠯᠥᠭᠡᠯᠡᠬᠦ᠎ᠠᠴᠠ ᠰᠡᠷᠭᠡᠢ᠌ᠯᠡᠬᠦ ᠬᠡᠷᠡᠭᠲᠡᠢ᠃

   

2.jpg


      3. ᠳᠤᠭᠤᠢ ᠲᠡᠷᠭᠡ ᠤᠨᠤᠬᠤ
      ᠪᠦᠬᠦᠯᠢ 12 ᠨᠠᠰᠤ ᠬᠦᠷᠦᠭᠰᠡᠨ ᠬᠡᠦᠬᠡᠳ ᠳᠤᠭᠤᠢ ᠲᠡᠷᠭᠡ ᠤᠨᠤᠵᠤ ᠪᠣᠯᠤᠨ᠎ᠠ᠃
      ᠪᠦᠬᠦᠯᠢ 16 ᠨᠠᠰᠤ ᠬᠦᠷᠦᠭᠰᠡᠨ ᠵᠠᠯᠠᠭᠤᠴᠤᠳ ᠪᠠᠭ᠋ᠠᠴᠤᠳ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠤᠨᠤᠵᠤ ᠪᠣᠯᠤᠨ᠎ᠠ᠃
      ᠠᠮᠤᠷ ᠲᠦᠪᠰᠢᠨ ᠵᠠᠮ ᠶᠠᠪᠤᠵᠤ᠂ ᠵᠠᠮ ᠬᠠᠷᠢᠯᠴᠠᠭ᠋ᠠᠨ᠎ᠤ ᠳᠦᠷᠢᠮ᠎ᠢ ᠵᠢᠷᠤᠮᠯᠠᠬᠤ ᠬᠡᠷᠡᠭᠲᠡᠢ᠃

   

3.jpg


      ᠭᠡᠷ᠎ᠤᠨ ᠠᠬᠠᠮᠠᠳ ᠲᠣᠰᠴᠤ ᠬᠦᠷᠭᠡᠬᠦ᠎ᠳᠤ᠎ᠪᠠᠨ ᠠᠩᠬᠠᠷᠬᠤ ᠵᠦᠢ᠍ᠯ
      1. ᠠᠮᠤᠷ ᠲᠦᠪᠰᠢᠨ᠎ᠤ ᠳᠤᠭᠤᠯᠠᠭ᠎ᠠ ᠵᠡᠭᠦᠪᠡᠯ᠂ ᠦᠷᠭᠦᠯᠵᠢ ᠠᠮᠤᠷ ᠲᠦᠪᠰᠢᠨ
      ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ᠎ᠪᠠᠷ ᠬᠡᠦᠬᠡᠳ ᠵᠶ᠋ᠠᠨ ᠲᠣᠰᠴᠤ ᠬᠦᠷᠭᠡᠬᠦ ᠦᠶ᠎ᠡ᠎ᠳᠤ ᠭᠡᠷ᠎ᠤᠨ ᠠᠬᠠᠮᠠᠳ ᠪᠣᠯᠤᠨ ᠬᠡᠦᠬᠡᠳ ᠴᠥᠮ ᠠᠮᠤᠷ ᠲᠦᠪᠰᠢᠨ᠎ᠤ ᠳᠤᠭᠤᠯᠠᠭ᠎ᠠ ᠵᠡᠭᠦᠬᠦ ᠬᠡᠷᠡᠭᠲᠡᠢ᠃
      ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ᠎ᠳᠤ ᠵᠥᠪᠬᠡᠨ ᠨᠢᠭᠡ ᠯᠡ ᠪᠡᠶ᠎ᠡ ᠵᠢᠨ ᠥᠨᠳᠥᠷ᠎ᠨᠢ 1.2 ᠮᠧᠲᠷ᠎ᠠᠴᠠ ᠳᠣᠷᠣᠭᠰᠢ ᠬᠡᠦᠬᠡᠳ᠎ᠢ ᠰᠠᠭᠤᠯᠭ᠋ᠠᠵᠤ ᠪᠣᠯᠤᠨ᠎ᠠ᠃
      ᠡᠷᠬᠡᠪᠰᠢ ᠥᠪᠡᠷ ᠥᠪᠡᠷ᠎ᠤᠨ ᠵᠠᠮ ᠵᠶ᠋ᠠᠷ ᠶᠠᠪᠤᠵᠤ᠂ ᠤᠯᠠᠭ᠋ᠠᠨ ᠳ᠋ᠧᠩ᠎ᠢ ᠵᠥᠷᠢᠴᠡᠬᠦ ᠦᠭᠡᠢ᠂ ᠰᠦᠷᠴᠦ ᠶᠠᠪᠤᠬᠤ ᠦᠭᠡᠢ᠂ ᠲᠣᠮᠣ ᠬᠡᠯᠪᠡᠷᠢᠲᠦ ᠲᠡᠷᠭᠡᠨ᠎ᠤ ᠪᠠᠯᠠᠢ ᠣᠷᠣᠨ᠎ᠠᠴᠠ ᠬᠣᠯᠠ ᠪᠠᠶ᠋ᠢᠬᠤ ᠬᠡᠷᠡᠭᠲᠡᠢ᠃
   

4.jpg



      ᠮᠠᠰᠢᠨ ᠲᠡᠷᠭᠡ᠎ᠪᠠᠷ ᠬᠡᠦᠬᠡᠳ ᠵᠶ᠋ᠠᠨ ᠲᠣᠰᠴᠤ ᠬᠦᠷᠭᠡᠬᠦ ᠦᠶ᠎ᠡ᠎ᠳᠤ᠂ ᠪᠦᠬᠦ ᠬᠥᠮᠦᠰ ᠠᠮᠤᠷ ᠲᠦᠪᠰᠢᠨ᠎ᠤ ᠪᠦᠰᠡ ᠵᠢ ᠪᠦᠬᠦ ᠶᠠᠪᠤᠴᠠ᠎ᠳᠤ ᠰᠠᠶ᠋ᠢᠲᠤᠷ ᠪᠦᠰᠡᠯᠡᠬᠦ ᠵᠢᠨ ᠬᠠᠮᠲᠤ ᠬᠡᠦᠬᠡᠳ᠎ᠲᠤ ᠠᠮᠤᠷ ᠲᠦᠪᠰᠢᠨ᠎ᠤ ᠰᠠᠭᠤᠳᠠᠯ ᠲᠣᠬᠢᠷᠠᠭᠤᠯᠵᠤ ᠥᠭᠬᠦ ᠬᠡᠷᠡᠭᠲᠡᠢ᠃
       ᠲᠡᠷᠭᠡᠨ᠎ᠠᠴᠠ ᠪᠠᠭᠤᠬᠤ ᠪᠠ ᠲᠡᠷᠭᠡᠨ ᠡᠭᠦᠳᠡᠨ᠎ᠤ ᠠᠮᠤᠷ ᠲᠦᠪᠰᠢᠨ᠎ᠢ ᠠᠩᠬᠠᠷᠬᠤ ᠬᠡᠷᠡᠭᠲᠡᠢ᠃


5.jpg


  

      2. ᠬᠢᠨᠠᠨ ᠬᠠᠮᠠᠭ᠋ᠠᠯᠠᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠠᠮᠤᠷ ᠲᠦᠪᠰᠢᠨ᠎ᠤ ᠬᠥᠮᠦᠵᠢᠯ᠎ᠢ ᠰᠠᠶ᠋ᠢᠲᠤᠷ ᠬᠢᠬᠦ ᠬᠡᠷᠡᠭᠲᠡᠢ
      ᠭᠡᠷ᠎ᠤᠨ ᠠᠬᠠᠮᠠᠳ ᠠᠮᠤᠷ ᠲᠦᠪᠰᠢᠨ᠎ᠤ ᠬᠢᠨᠠᠨ ᠬᠠᠮᠠᠭ᠋ᠠᠯᠠᠬᠤ ᠬᠠᠷᠢᠭᠤᠴᠠᠯᠭ᠎ᠠ ᠵᠢ ᠡᠭᠦᠷᠭᠡᠯᠡᠵᠦ᠂ ᠬᠡᠦᠬᠡᠳ᠎ᠲᠤ᠎ᠪᠠᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢ ᠰᠤᠷᠭ᠋ᠠᠵᠤ᠂ ᠰᠤᠷᠭ᠋ᠠᠭᠤᠯᠢ᠎ᠳᠤ ᠣᠴᠢᠬᠤ ᠪᠠ ᠰᠤᠷᠭ᠋ᠠᠭᠤᠯᠢ ᠲᠠᠷᠬᠠᠬᠤ ᠦᠶ᠎ᠡ ᠵᠢᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠠᠩᠬᠠᠷᠬᠤ ᠬᠡᠷᠡᠭᠲᠡᠢ᠃
      ᠵᠠᠮ ᠶᠠᠪᠤᠬᠤ ᠦᠶ᠎ᠡ᠎ᠳᠤ᠂ ᠭᠡᠷ᠎ᠤᠨ ᠠᠬᠠᠮᠠᠳ ᠵᠠᠮ ᠬᠠᠷᠢᠯᠴᠠᠭ᠋ᠠᠨ᠎ᠤ ᠬᠠᠤᠯᠢ ᠳᠦᠷᠢᠮ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠬᠡᠦᠬᠡᠳ᠎ᠲᠤ ᠵᠥᠪ ᠦᠯᠢᠭᠡᠷ ᠳᠠᠭᠤᠷᠢᠶᠠᠯ ᠪᠣᠯᠵᠤ᠂ ᠬᠡᠦᠬᠡᠳ᠎ᠲᠠᠢ᠎ᠪᠠᠨ ᠬᠠᠮᠲᠤ ᠪᠣᠯᠪᠠᠰᠤᠨ ᠵᠠᠮ ᠶᠠᠪᠤᠬᠤ ᠵᠢ ᠦᠢ᠍ᠯᠡᠳᠦᠯᠭᠡᠵᠢᠭᠦᠯᠬᠦ ᠬᠡᠷᠡᠭᠲᠡᠢ᠃

   

6.png



ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠬᠣᠣᠷᠠᠲᠤ ᠡᠳ᠋᠎ᠢ ᠴᠠᠭ᠋ᠠᠵᠠᠯᠠᠬᠤ ᠤᠬᠠᠭᠤᠯᠭ᠎ᠠ ᠬᠥᠮᠦᠵᠢᠯ᠎ᠤᠨ ᠬᠢᠴᠢᠶᠡᠯ᠎ᠤᠨ ᠫᠷᠣᠭ᠌ᠷᠠᠮ᠎ᠢ ᠴᠤᠭᠯᠠᠭᠤᠯᠵᠤ ᠰᠢᠯᠭ᠋ᠠᠷᠠᠭᠤᠯᠬᠤ ᠠᠵᠢᠯᠯᠠᠭ᠎ᠠ ᠡᠬᠢᠯᠡᠪᠡ!
ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠴᠤᠤᠷᠬᠠᠯ᠎ᠢ ᠨᠢᠴᠤᠭ᠋ᠠᠬᠤ ᠲᠠᠪᠴᠠᠩ ᠵᠢᠩᠬᠢᠨᠢ᠎ᠪᠠᠷ ᠰᠦᠯᠵᠢᠶᠡᠨ᠎ᠳᠤ ᠭᠠᠷᠪᠠ
2024 ᠣᠨ᠎ᠤ ᠥᠪᠥᠷ ᠮᠣᠩᠭᠣᠯ᠎ᠤᠨ 《ᠰᠦᠯᠵᠢᠶᠡᠨ᠎ᠳᠤ ᠦᠷᠡᠭᠳᠡᠭᠰᠡᠨ ᠪᠠᠭ᠋ᠠᠲᠤᠷᠴᠤᠳ ᠵᠶ᠋ᠠᠨ ᠲᠤᠷᠠᠰᠬᠠᠬᠤ》 ᠠᠵᠢᠯᠯᠠᠭ᠎ᠠ ᠡᠬᠢᠯᠡᠪᠡ
2024 ᠣᠨ᠎ᠤ ᠪᠦᠬᠦ ᠣᠷᠣᠨ᠎ᠤ ᠳᠦᠷᠢᠮᠵᠢᠭᠦᠯᠦᠭᠰᠡᠨ ᠬᠢᠲᠠᠳ ᠦᠰᠦᠭ᠎ᠢ ᠰᠣᠨᠣᠰᠴᠤ ᠪᠢᠴᠢᠬᠦ ᠤᠷᠤᠯᠳᠤᠭ᠋ᠠᠨ ᠡᠬᠢᠯᠡᠪᠡ
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ①
 
             蒙ICP备05000248号