3 ᠰᠠᠷ᠎ᠠ ᠵᠢᠨ 21᠎ᠤ ᠡᠳᠦᠷ᠂ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠴᠤᠤᠷᠬᠠᠯ ᠢ ᠨᠢᠴᠤᠭ᠋ᠠᠬᠤ ᠲᠠᠪᠴᠠᠩ (http://jypy.jyb.cn) ᠵᠢᠩᠬᠢᠨᠢ᠎ᠪᠠᠷ ᠰᠦᠯᠵᠢᠶᠡᠨ᠎ᠳᠤ ᠭᠠᠷᠪᠠ᠃ ᠲᠠᠪᠴᠠᠩ ᠪᠣᠯ ᠰᠤᠷᠭ᠋ᠠᠨ ᠬᠥᠮᠦᠵᠢᠯ᠎ᠤᠨ ᠬᠦᠷᠢᠶᠡᠨ᠎ᠤ ᠴᠤᠤᠷᠬᠠᠯ᠎ᠢ ᠢᠯᠡᠷᠡᠭᠦᠯᠬᠦ᠂ ᠴᠤᠤᠷᠬᠠᠯ᠎ᠢ ᠪᠠᠶ᠋ᠢᠴᠠᠭ᠋ᠠᠨ ᠲᠣᠳᠣᠯᠠᠬᠤ᠂ ᠴᠤᠤᠷᠬᠠᠯ᠎ᠢ ᠲᠣᠳᠣᠷᠬᠠᠶ᠋ᠢᠯᠠᠬᠤ ᠡᠷᠬᠡ ᠰᠦᠷᠲᠦ ᠠᠷᠭ᠎ᠠ ᠵᠠᠮ ᠮᠥᠨ᠂ ᠪᠦᠬᠦ ᠤᠯᠤᠰ᠎ᠤᠨ ᠰᠦᠯᠵᠢᠶᠡᠨ᠎ᠤ ᠴᠤᠤᠷᠬᠠᠯ᠎ᠢ ᠨᠢᠴᠤᠭ᠋ᠠᠬᠤ ᠬᠣᠯᠪᠤᠯᠳᠤᠨ ᠬᠥᠳᠡᠯᠦᠯᠴᠡᠬᠦ ᠲᠣᠭᠲᠠᠴᠠ᠎ᠳᠤ ᠲᠦᠰᠢᠭᠯᠡᠨ᠂ ᠳᠤᠮᠳᠠᠳᠤ ᠤᠯᠤᠰ᠎ᠤᠨ ᠢᠨᠲ᠋ᠧᠷ ᠰᠦᠯᠵᠢᠶᠡᠨ᠎ᠤ ᠬᠣᠯᠪᠤᠭ᠋ᠠᠲᠤ ᠴᠤᠤᠷᠬᠠᠯ᠎ᠢ ᠨᠢᠴᠤᠭ᠋ᠠᠬᠤ ᠲᠠᠪᠴᠠᠩ᠂ ᠲᠥᠪ᠎ᠤᠨ ᠭᠣᠣᠯᠳᠠᠯᠭ᠎ᠠ᠎ᠲᠠᠢ ᠰᠣᠨᠢᠨ ᠮᠡᠳᠡᠭᠡᠨ ᠤ ᠰᠦᠯᠵᠢᠶ᠎ᠡ ᠪᠠ ᠣᠷᠣᠨ ᠨᠤᠲᠤᠭ᠎ᠤᠨ ᠴᠤᠤᠷᠬᠠᠯ᠎ᠢ ᠨᠢᠴᠤᠭ᠋ᠠᠬᠤ ᠲᠠᠪᠴᠠᠩ᠂ ᠠᠯᠪᠠᠨ᠎ᠤ ᠰᠦᠯᠵᠢᠶ᠎ᠡ ᠵᠢᠴᠢ ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠶᠡᠬᠡ ᠳᠡᠭᠡᠳᠦ ᠰᠤᠷᠭ᠋ᠠᠭᠤᠯᠢ ᠵᠡᠷᠭᠡ ᠬᠠᠮᠵᠢᠨ ᠬᠥᠳᠡᠯᠦᠯᠴᠡᠵᠦ᠂ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠰᠦᠯᠵᠢᠶᠡᠨ᠎ᠤ ᠴᠤᠤᠷᠬᠠᠯ᠎ᠢ 《ᠬᠣᠯᠪᠣᠭ᠋ᠠᠯᠠᠨ ᠬᠥᠳᠡᠯᠦᠯᠴᠡᠵᠦ ᠢᠯᠡᠴᠢᠯᠡᠬᠦ᠂ ᠬᠣᠯᠪᠣᠭ᠋ᠠᠯᠠᠨ ᠬᠥᠳᠡᠯᠦᠯᠴᠡᠵᠦ ᠪᠠᠶ᠋ᠢᠴᠠᠭ᠋ᠠᠨ ᠲᠣᠳᠤᠯᠠᠬᠤ᠂ ᠬᠣᠯᠪᠣᠭ᠋ᠠᠯᠠᠨ ᠬᠥᠳᠡᠯᠦᠯᠴᠡᠵᠦ ᠴᠤᠤᠷᠬᠠᠯ᠎ᠢ ᠨᠢᠴᠤᠭ᠋ᠠᠬᠤ》 ᠠᠵᠢᠯ᠎ᠤᠨ ᠵᠠᠭᠪᠤᠷ᠎ᠢ ᠪᠠᠶ᠋ᠢᠭᠤᠯᠵᠤ᠂ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠰᠠᠢ᠌ᠨ ᠰᠠᠢ᠌ᠠᠬᠠᠨ ᠰᠦᠯᠵᠢᠶᠡᠨ᠎ᠤ ᠣᠷᠣᠨ ᠵᠠᠢ ᠵᠢ ᠪᠣᠢ ᠪᠣᠯᠭ᠋ᠠᠬᠤ᠎ᠳᠤ ᠢᠳᠡᠪᠬᠢᠲᠡᠢ ᠬᠦᠴᠦᠨ ᠨᠡᠮᠡᠷᠢᠯᠡᠨ᠎ᠡ᠃
ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠴᠤᠤᠷᠬᠠᠯ᠎ᠢ ᠨᠢᠴᠤᠭ᠋ᠠᠬᠤ ᠲᠠᠪᠴᠠᠩ 《ᠲᠠᠪᠤᠨ ᠲᠠᠪᠴᠠᠩ ᠨᠢᠭᠡ ᠰᠠᠮᠪᠠᠷ᠎ᠠ》 ᠵᠢ ᠪᠠᠢ᠌ᠭᠤᠯᠵᠤ᠂ ᠢᠯᠡᠴᠢᠯᠡᠬᠦ ᠲᠠᠪᠴᠠᠩ᠂ ᠬᠠᠷᠢᠭᠤ ᠪᠤᠴᠠᠭ᠋ᠠᠬᠤ ᠲᠠᠪᠴᠠᠩ᠂ ᠰᠠᠨᠠᠭᠤᠯᠬᠤ ᠳᠠᠪᠴᠠᠩ᠂ ᠰᠤᠷᠤᠯᠴᠠᠬᠤ ᠲᠠᠪᠴᠠᠩ᠂ ᠪᠠᠶ᠋ᠢᠴᠠᠭ᠋ᠠᠨ ᠲᠣᠳᠤᠯᠠᠬᠤ ᠲᠠᠪᠴᠠᠩ ᠪᠠ ᠴᠤᠤᠷᠬᠠᠯ᠎ᠢ ᠨᠢᠴᠤᠭ᠋ᠠᠬᠤ ᠰᠠᠮᠪᠠᠷ᠎ᠠ ᠵᠢ ᠪᠠᠭᠲᠠᠭ᠋ᠠᠨ᠂ ᠡᠯ᠎ᠡ ᠲᠥᠷᠥᠯ᠎ᠤᠨ ᠰᠤᠷᠭ᠋ᠠᠨ ᠬᠥᠮᠦᠵᠢᠯ᠎ᠤᠨ ᠴᠤᠤᠷᠬᠠᠯ᠎ᠢ ᠴᠠᠭ ᠲᠤᠬᠠᠢᠳᠤᠨᠢ ᠨᠢᠴᠤᠭ᠋ᠠᠵᠤ᠂ ᠴᠠᠭ ᠲᠤᠬᠠᠢᠳᠤᠨᠢ ᠢᠯᠡᠴᠢᠯᠡᠨ᠎ᠡ᠃ ᠢᠯᠡᠴᠢᠯᠡᠬᠦ ᠳᠠᠪᠴᠠᠩ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠡᠯ᠎ᠡ ᠲᠥᠷᠥᠯ᠎ᠤᠨ ᠴᠤᠤᠷᠬᠠᠯ᠎ᠢ ᠨᠢᠴᠤᠭ᠋ᠠᠬᠤ ᠮᠡᠳᠡᠭᠡ ᠵᠠᠩᠭᠢ ᠵᠢ ᠴᠠᠭ ᠲᠤᠬᠠᠢᠳᠤᠨᠢ ᠨᠡᠢ᠌ᠲᠡᠯᠡᠨ᠎ᠡ; ᠬᠠᠷᠢᠭᠤ ᠪᠤᠴᠠᠭ᠋ᠠᠬᠤ ᠲᠠᠪᠴᠠᠩ ᠰᠤᠷᠭ᠋ᠠᠨ ᠬᠥᠮᠦᠵᠢᠯ᠎ᠤᠨ ᠡᠷᠬᠡ ᠰᠦᠷᠲᠦ ᠰᠠᠯᠠᠭ᠎ᠠ ᠮᠥᠴᠢᠷ᠎ᠤᠨ ᠬᠠᠯᠠᠮᠰᠢᠯ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠠᠷᠢᠭᠤ ᠪᠤᠴᠠᠭ᠋ᠠᠬᠤ ᠮᠡᠳᠡᠭᠡ ᠵᠠᠩᠭᠢ᠎ᠳᠤ ᠠᠩᠬᠠᠷᠤᠯ ᠵᠶ᠋ᠠᠨ ᠲᠥᠪᠯᠡᠷᠡᠭᠦᠯᠪᠡ; ᠰᠠᠨᠠᠭᠤᠯᠬᠤ ᠳᠠᠪᠴᠠᠩ ᠰᠡᠷᠡᠮᠵᠢᠯᠡᠭᠦᠯᠵᠦ ᠰᠠᠨᠠᠭᠤᠯᠬᠤ ᠮᠡᠳᠡᠭᠡ ᠵᠠᠩᠭᠢ ᠵᠢ ᠴᠤᠭᠯᠠᠭᠤᠯᠵᠤ᠂ ᠣᠯᠠᠨ᠎ᠢ ᠬᠠᠪᠰᠤᠷᠤᠨ ᠴᠤᠤᠷᠬᠠᠯ᠎ᠢ ᠨᠠᠷᠢᠯᠢᠭ ᠣᠨᠣᠴᠠᠲᠠᠢ ᠲᠠᠨᠢᠭᠤᠯᠤᠨ᠎ᠠ; ᠰᠤᠷᠤᠯᠴᠠᠬᠤ ᠳᠠᠪᠴᠠᠩ ᠰᠦᠯᠵᠢᠶᠡᠨ᠎ᠤ ᠴᠤᠤᠷᠬᠠᠯ᠎ᠢ ᠴᠡᠴᠡᠭᠯᠡᠨ ᠵᠠᠰᠠᠬᠤ ᠵᠢ ᠴᠢᠩᠭ᠋ᠠᠳᠬᠠᠬᠤ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠂ ᠰᠣᠨᠢᠨ ᠮᠡᠳᠡᠭᠡᠨ᠎ᠤ ᠬᠠᠨᠳᠤᠰᠢ ᠵᠡᠷᠭᠡ ᠵᠢ ᠰᠢᠩᠭᠡᠭᠡᠨ ᠣᠷᠣᠭᠤᠯᠪᠠ; ᠪᠠᠶ᠋ᠢᠴᠠᠭ᠋ᠠᠨ ᠲᠣᠳᠣᠯᠠᠬᠤ ᠳᠠᠪᠴᠠᠩ 《ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ》᠂ 《ᠰᠤᠷᠭ᠋ᠠᠭᠤᠯᠢ ᠵᠢᠨ ᠬᠦᠷᠢᠶᠡᠨ᠎ᠤ ᠬᠠᠮᠢᠶᠠᠷᠤᠯᠲᠠ》᠂ 《ᠵᠢᠭ᠋ᠠᠬᠤ ᠮᠠᠲ᠋ᠧᠷᠢᠶᠠᠯ ᠬᠢᠴᠢᠶᠡᠯ》᠂ 《ᠰᠢᠯᠭ᠋ᠠᠯᠲᠠ᠎ᠪᠠᠷ ᠰᠤᠷᠤᠭᠴᠢ ᠡᠯᠰᠡᠬᠦ》᠂ 《ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯ》 ᠵᠡᠷᠭᠡ ᠵᠠᠩᠭᠢᠯᠠᠭ᠎ᠠ ᠵᠢᠨ ᠦᠭᠡ᠎ᠪᠠᠷ ᠴᠤᠤᠷᠬᠠᠯ᠎ᠢ ᠲᠥᠷᠥᠯ ᠬᠤᠪᠢᠶᠠᠵᠤ᠂ ᠣᠯᠠᠨ᠎ᠤ ᠪᠠᠶ᠋ᠢᠴᠠᠭ᠋ᠠᠨ ᠲᠣᠳᠤᠯᠠᠬᠤ᠎ᠳᠤ ᠳᠥᠭᠥᠮ ᠦᠵᠡᠭᠦᠯᠪᠡ; ᠴᠤᠤᠷᠬᠠᠯ᠎ᠢ ᠨᠢᠴᠤᠭ᠋ᠠᠬᠤ ᠰᠠᠮᠪᠠᠷ᠎ᠠ᠎ᠳᠤ ᠠᠩᠬᠠᠷᠤᠯ᠎ᠤᠨ ᠬᠡᠮᠵᠢᠶ᠎ᠡ ᠶᠡᠬᠡ ᠰᠤᠷᠭ᠋ᠠᠨ ᠬᠥᠮᠦᠵᠢᠯ᠎ᠤᠨ ᠴᠤᠤᠷᠬᠠᠯ᠎ᠤᠨ ᠮᠡᠳᠡᠭᠡ ᠵᠠᠩᠭᠢ ᠵᠢ ᠨᠠᠷᠢᠯᠢᠭ ᠰᠣᠩᠭᠣᠵᠤ ᠭᠡᠷᠡᠯ ᠵᠢᠷᠤᠭ ᠪᠤᠶᠤ ᠣᠬᠣᠷ ᠸᠢᠳᠢᠣ᠋ ᠵᠢᠨ ᠬᠡᠯᠪᠡᠷᠢ᠎ᠪᠠᠷ ᠰᠠᠷ᠎ᠠ ᠪᠣᠯᠭ᠋ᠠᠨ ᠠᠵᠢᠯᠯᠠᠭ᠎ᠠ ᠥᠷᠨᠢᠭᠦᠯᠪᠡ᠃
ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠴᠤᠤᠷᠬᠠᠯ᠎ᠢ ᠨᠢᠴᠤᠭ᠋ᠠᠬᠤ ᠲᠠᠪᠴᠠᠩ᠎ᠢ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ᠎ᠤᠨ ᠰᠣᠨᠢᠨ ᠮᠡᠳᠡᠭᠡᠨ᠎ᠤ ᠰᠦᠯᠵᠢᠶ᠎ᠡ ᠳᠠᠭ᠋ᠠᠭ᠋ᠠᠴᠢᠯᠠᠨ ᠡᠷᠬᠢᠯᠡᠪᠡ᠃ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ᠎ᠤᠨ ᠰᠣᠨᠢᠨ ᠮᠡᠳᠡᠭᠡᠨ᠎ᠤ ᠰᠦᠯᠵᠢᠶ᠎ᠡ ᠲᠤᠰᠬᠠᠢ ᠪᠤᠯᠤᠩ ᠭᠠᠷᠭ᠋ᠠᠭᠰᠠᠨ᠎ᠠᠴᠠ ᠭᠠᠳᠠᠨ᠎ᠠ᠂ ᠰᠤᠷᠭ᠋ᠠᠨ ᠬᠥᠮᠦᠵᠢᠯ᠎ᠤᠨ ᠶᠠᠮᠤᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠸᠢᠴᠠᠲ᠎ᠤᠨ ᠰᠤᠷᠭ᠋ᠠᠨ ᠬᠥᠮᠦᠵᠢᠯ᠂ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ᠎ᠤᠨ ᠬᠡᠷᠡᠭᠯᠡᠭᠴᠢ ᠵᠢᠨ ᠦᠵᠦᠭᠦᠷ ᠵᠢᠴᠢ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ᠎ᠤᠨ ᠰᠣᠨᠢᠨ᠎ᠤ ᠸᠢᠴᠠᠲ᠂ ᠸᠧᠢ ᠪᠥᠸᠧ᠂ ᠬᠡᠷᠡᠭᠯᠡᠭᠴᠢ ᠵᠢᠨ ᠦᠵᠦᠭᠦᠷ ᠵᠡᠷᠭᠡ ᠴᠦ᠍ ᠵᠡᠷᠭᠡ᠎ᠪᠠᠷ ᠲᠤᠰᠬᠠᠢ ᠪᠤᠯᠤᠩ ᠭᠠᠷᠭ᠋ᠠᠵᠤ᠂ ᠡᠯ᠎ᠡ ᠲᠥᠷᠥᠯ᠎ᠤᠨ ᠴᠤᠤᠷᠬᠠᠯ᠎ᠢ ᠨᠢᠴᠤᠭ᠋ᠠᠬᠤ ᠮᠡᠳᠡᠭᠡ ᠵᠠᠩᠭᠢ ᠵᠢ ᠭᠣᠣᠯᠳᠠᠯᠭ᠎ᠠ᠎ᠲᠠᠢ ᠬᠦᠷᠭᠡᠬᠦ ᠪᠣᠯᠤᠨ᠎ᠠ᠃
ᠵᠡᠭᠦᠨ ᠲᠠᠯ᠎ᠠ ᠵᠢᠨ ᠳᠣᠣᠷ᠎ᠠ ᠥᠨᠴᠥᠭ᠎ᠤᠨ 《ᠤᠭ ᠵᠣᠬᠢᠶᠠᠯ᠎ᠢ ᠤᠩᠰᠢᠬᠤ》 ᠵᠢ ᠳᠣᠶᠢᠵᠤ᠂ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠴᠤᠤᠷᠬᠠᠯ᠎ᠢ ᠨᠢᠴᠤᠭ᠋ᠠᠬᠤ ᠲᠠᠪᠴᠠᠩ᠎ᠳᠤ ᠣᠷᠣᠨ᠎ᠠ᠂ ᠡᠰᠡᠬᠦᠯ᠎ᠡ 《ᠸᠢᠴᠠᠲ᠎ᠤᠨ ᠰᠤᠷᠭ᠋ᠠᠨ ᠬᠥᠮᠦᠵᠢᠯ》᠎ᠤᠨ ᠸᠢᠴᠠᠲ᠎ᠢ ᠠᠩᠬᠠᠷᠴᠤ᠂ ᠣᠯᠠᠨ ᠨᠡᠶ᠋ᠢᠲᠡ ᠵᠢᠨ ᠲᠠᠪᠴᠠᠩ᠎ᠤᠨ ᠲᠡᠷᠢᠭᠦᠨ ᠨᠢᠭᠤᠷ᠎ᠤᠨ 《ᠦᠢ᠍ᠯᠡᠴᠢᠯᠡᠭᠡ》 ᠵᠢ ᠳᠣᠶᠢᠵᠤ᠂ 《ᠴᠤᠤᠷᠬᠠᠯ᠎ᠢ ᠨᠢᠴᠤᠭ᠋ᠠᠬᠤ ᠲᠠᠪᠴᠠᠩ》᠎ᠢ ᠰᠣᠩᠭᠤᠨ ᠣᠷᠣᠵᠤ ᠪᠣᠯᠤᠨ᠎ᠠ᠃