ᠬᠠᠩᠰᠢ ᠵᠢᠨ ᠡᠳᠦᠷ ᠬᠦᠷᠴᠦ ᠢᠷᠡᠬᠦ ᠲᠠᠰᠢᠷᠠᠮ ᠵᠶ᠋ᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ ᠠᠯᠪᠠᠨ ᠭᠡᠷ᠂ ᠦᠢ᠍ᠯᠡᠳᠦᠯᠭᠡ ᠰᠡᠳᠬᠦᠯ᠎ᠤᠨ ᠬᠣᠷᠢᠶ᠎ᠠ᠂ ᠥᠪᠥᠷ ᠮᠣᠩᠭᠣᠯ᠎ᠤᠨ ᠪᠣᠯᠪᠠᠰᠤᠨ ᠰᠦᠯᠵᠢᠶ᠎ᠡ᠎ᠲᠠᠢ ᠬᠠᠮᠲᠤᠷᠠᠨ 《ᠬᠠᠩᠰᠢ ᠵᠢᠨ ᠡᠳᠦᠷ ᠦᠷᠡᠭᠳᠡᠭᠰᠡᠨ ᠪᠠᠭ᠋ᠠᠲᠤᠷᠴᠤᠳ ᠵᠶ᠋ᠠᠨ ᠳᠠᠬᠢᠵᠤ᠂ ᠳᠤᠮᠳᠠᠳᠤ ᠵᠢᠨ ᠰᠦᠭ᠎ᠢ ᠬᠠᠮᠲᠤ᠎ᠳᠤ᠎ᠪᠠᠨ ᠪᠡᠬᠢᠵᠢᠭᠦᠯᠬᠦ》᠎ᠪᠠᠷ ᠭᠣᠣᠯ ᠰᠡᠳᠦᠪ ᠪᠣᠯᠭ᠋ᠠᠭᠰᠠᠨ 《ᠰᠦᠯᠵᠢᠶᠡᠨ᠎ᠳᠤ ᠦᠷᠡᠭᠳᠡᠭᠰᠡᠨ ᠪᠠᠭ᠋ᠠᠲᠤᠷᠴᠤᠳ ᠵᠶ᠋ᠠᠨ ᠲᠠᠬᠢᠬᠤ》 ᠠᠵᠢᠯᠯᠠᠭ᠎ᠠ ᠵᠢ ᠥᠷᠨᠢᠭᠦᠯᠪᠡ᠃ ᠲᠡᠦᠬᠡ ᠵᠢ ᠪᠠᠲᠤ ᠴᠡᠭᠡᠵᠢᠯᠡᠵᠦ᠂ ᠦᠷᠡᠭᠳᠡᠭᠰᠡᠨ ᠪᠠᠭ᠋ᠠᠲᠤᠷᠴᠤᠳ ᠵᠶ᠋ᠠᠨ ᠳᠤᠷᠠᠰᠤᠨ ᠰᠠᠨᠠᠭ᠋ᠠᠯᠵᠠᠵᠤ᠂ ᠬᠤᠪᠢᠰᠬᠠᠯᠲᠤ ᠦᠷᠡᠭᠳᠡᠭᠰᠡᠨ ᠪᠠᠭ᠋ᠠᠲᠤᠷᠴᠤᠳ᠎ᠤᠨ ᠡᠷᠬᠢᠮ ᠳᠡᠭᠡᠳᠦ ᠵᠣᠷᠢᠭ ᠰᠠᠨᠠᠭ᠎ᠠ᠎ᠪᠠᠷ ᠰᠡᠳᠬᠢᠯ ᠵᠶ᠋ᠠᠨ ᠤᠮᠳᠠᠯᠠᠵᠤ᠂ ᠦᠷᠡᠭᠳᠡᠭᠰᠡᠨ ᠪᠠᠭ᠋ᠠᠲᠤᠷᠴᠤᠳ᠎ᠤᠨ ᠨᠤᠭᠤᠷᠠᠰᠢ ᠦᠭᠡᠢ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠦᠷᠡᠭᠳᠡᠬᠦ᠎ᠠᠴᠠ ᠠᠶᠤᠬᠤ ᠦᠭᠡᠢ᠂ ᠬᠠᠷᠠᠮ ᠦᠭᠡᠢ ᠵᠣᠷᠢᠭᠤᠯᠬᠤ ᠬᠤᠪᠢᠰᠬᠠᠯᠲᠤ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠶᠡᠬᠡ ᠡᠭᠦᠷᠭᠡ ᠵᠢ ᠡᠭᠦᠷᠭᠡᠯᠡᠬᠦ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠦᠨ᠎ᠡ᠃
ᠳᠣᠣᠷᠠᠬᠢ ᠬᠣᠶᠠᠷ ᠬᠡᠮᠵᠢᠯᠳᠦ ᠺᠣᠳ᠋᠎ᠢ ᠰᠢᠷᠪᠢᠵᠦ
ᠡᠰᠡᠬᠦᠯ᠎ᠡ ᠵᠡᠭᠦᠨ ᠳᠣᠣᠷ᠎ᠠ ᠥᠨᠴᠥᠭ᠎ᠤᠨ 《ᠤᠭ ᠵᠣᠬᠢᠶᠠᠯ᠎ᠢ ᠤᠩᠰᠢᠬᠤ》᠎ᠢ ᠳᠣᠶᠢᠵᠤ
2024 ᠣᠨ᠎ᠤ ᠬᠠᠩᠰᠢ ᠵᠢᠨ ᠡᠳᠦᠷ ᠦᠷᠡᠭᠳᠡᠭᠰᠡᠨ ᠪᠠᠭ᠋ᠠᠲᠤᠷᠴᠤᠳ ᠵᠶ᠋ᠠᠨ
ᠳᠠᠬᠢᠬᠤ ᠠᠵᠢᠯᠯᠠᠭ᠎ᠠ ᠭᠡᠬᠦ ᠨᠢᠭᠤᠷ᠎ᠲᠤ ᠣᠷᠣᠵᠤ
ᠦᠷᠡᠭᠳᠡᠭᠰᠡᠨ ᠪᠠᠭ᠋ᠠᠲᠤᠷᠴᠤᠳ᠎ᠲᠤ᠎ᠪᠠᠨ ᠴᠡᠴᠡᠭ ᠬᠦᠷᠭᠡᠵᠦ ᠬᠦᠨᠳᠦᠳᠬᠡᠯ ᠳᠡᠪᠰᠢᠭᠦᠯᠰᠦᠭᠡᠢ
