ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
2024 ᠣᠨ᠎ᠤ ᠪᠦᠬᠦ ᠣᠷᠣᠨ᠎ᠤ ᠳᠦᠷᠢᠮᠵᠢᠭᠦᠯᠦᠭᠰᠡᠨ ᠬᠢᠲᠠᠳ ᠦᠰᠦᠭ᠎ᠢ ᠰᠣᠨᠣᠰᠴᠤ ᠪᠢᠴᠢᠬᠦ ᠤᠷᠤᠯᠳᠤᠭ᠋ᠠᠨ ᠡᠬᠢᠯᠡᠪᠡ
ᠨᠡᠶ᠋ᠢᠲᠡᠯᠡᠭᠰᠡᠨ ᠴᠠᠭ᠄ 2024-04-24

      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠰᠣᠩᠭᠣᠳᠠᠭ ᠵᠣᠬᠢᠶᠠᠯ᠎ᠢ ᠤᠶᠠᠩᠭ᠋ᠠᠯᠠᠨ ᠤᠩᠰᠢᠬᠤ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠨ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠡᠷᠴᠢᠮ᠎ᠢ ᠴᠢᠩᠭ᠋ᠠᠷᠠᠭᠤᠯᠵᠤ᠂ ᠳᠤᠮᠳᠠᠳᠤ ᠵᠢᠨ ᠰᠢᠯᠢᠳᠡᠭ ᠦᠭᠡ ᠬᠡᠯᠡ ᠰᠣᠶᠣᠯ᠎ᠢ ᠤᠯᠠᠮᠵᠢᠯᠠᠨ ᠪᠠᠳᠠᠷᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《2024 ᠣᠨ᠎ᠤ ᠪᠦᠬᠦ ᠣᠷᠣᠨ᠎ᠤ  ᠳᠦᠷᠢᠮᠵᠢᠭᠦᠯᠦᠭᠰᠡᠨ ᠬᠢᠲᠠᠳ ᠦᠰᠦᠭ᠎ᠢ ᠰᠣᠨᠣᠰᠴᠤ ᠪᠢᠴᠢᠬᠦ ᠤᠷᠤᠯᠳᠤᠭ᠋ᠠᠨ》᠎ᠢ ᠡᠷᠬᠢᠯᠡᠬᠦ᠎ᠪᠠᠷ ᠪᠣᠢ᠃
      ᠤᠷᠤᠯᠳᠤᠭ᠋ᠠᠨ᠎ᠳᠤ ᠣᠷᠣᠯᠴᠠᠬᠤ ᠡᠲᠡᠭᠡᠳ ᠵᠢᠴᠢ ᠳᠤᠭᠤᠶ᠋ᠢᠯᠠᠩ
      ᠤᠷᠤᠯᠳᠤᠭ᠋ᠠᠨ᠎ᠳᠤ ᠣᠷᠣᠯᠴᠠᠬᠤ ᠡᠲᠡᠭᠡᠳ ᠪᠣᠯ ᠪᠦᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠰᠤᠷᠤᠭᠴᠢ ᠪᠠ ᠶᠡᠬᠡ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ ᠪᠣᠯᠤᠨ᠎ᠠ᠃
      ᠤᠷᠤᠯᠳᠤᠭ᠋ᠠᠨ᠎ᠢ ᠪᠠᠭ᠎ᠠ ᠰᠤᠷᠭ᠋ᠠᠭᠤᠯᠢ (4 - 6 ᠣᠨ) ᠵᠢᠨ ᠰᠤᠷᠤᠭᠴᠢ ᠵᠢᠨ ᠳᠤᠭᠤᠶ᠋ᠢᠯᠠᠩ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ᠂ ᠡᠩ᠎ᠤᠨ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ᠂ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ᠂ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ᠂ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠳᠤᠭᠤᠶ᠋ᠢᠯᠠᠩ ᠭᠡᠵᠦ 7 ᠳᠤᠭᠤᠶ᠋ᠢᠯᠠᠩ ᠬᠤᠪᠢᠶᠠᠨ᠎ᠠ᠃
      ᠤᠷᠤᠯᠳᠤᠭ᠋ᠠᠨ᠎ᠤ ᠬᠡᠯᠪᠡᠷᠢ
      ᠤᠷᠤᠯᠳᠤᠭ᠋ᠠᠨ᠎ᠢ ᠠᠩᠬᠠᠨ᠎ᠤ ᠤᠷᠤᠯᠳᠤᠭ᠋ᠠᠨ᠂ ᠬᠣᠶᠠᠳᠠᠬᠢ ᠤᠷᠤᠯᠳᠤᠭ᠋ᠠᠨ ᠪᠠ ᠰᠢᠢ᠍ᠳᠪᠦᠷᠢᠲᠦ ᠤᠷᠤᠯᠳᠤᠭ᠋ᠠᠨ ᠭᠡᠵᠦ ᠬᠤᠪᠢᠶᠠᠨ᠎ᠠ᠃
      ᠠᠩᠬᠠᠨ᠎ᠤ ᠤᠷᠤᠯᠳᠤᠭ᠋ᠠᠨ᠎ᠢ ᠡᠯ᠎ᠡ ᠠᠶ᠋ᠢᠮᠠᠭ ᠬᠣᠲᠠ ᠪᠠ ᠶᠡᠬᠡ ᠳᠡᠭᠡᠳᠦ ᠰᠤᠷᠭ᠋ᠠᠭᠤᠯᠢ᠎ᠠᠴᠠ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠶ᠋ᠢᠮᠠᠭ ᠬᠣᠲᠠ ᠪᠠ ᠶᠡᠬᠡ ᠳᠡᠭᠡᠳᠦ ᠰᠤᠷᠭ᠋ᠠᠭᠤᠯᠢ᠎ᠪᠠᠷ ᠨᠢᠭᠡᠴᠢ ᠪᠣᠯᠭ᠋ᠠᠨ᠂ ᠳᠤᠭᠤᠶ᠋ᠢᠯᠠᠩ ᠬᠤᠪᠢᠶᠠᠨ ᠰᠢᠯᠭ᠋ᠠᠷᠠᠭᠤᠯᠤᠭᠰᠠᠨ ᠠᠩᠬᠠᠨ᠎ᠤ ᠤᠷᠤᠯᠳᠤᠭ᠋ᠠᠨ ᠎ᠤ ᠰᠢᠯᠢᠳᠡᠭ ᠳᠤᠭᠤᠢ᠌ᠯᠠᠩ᠎ᠢ ᠥᠪᠡᠷᠲᠡᠭᠡᠨ ᠵᠠᠰᠠᠬᠤ ᠣᠷᠣᠨ᠎ᠤ ᠰᠢᠢ᠍ᠳᠪᠦᠷᠢᠲᠦ ᠤᠷᠤᠯᠳᠤᠭ᠋ᠠᠨ ᠎ᠳᠤ ᠣᠷᠣᠯᠴᠠᠭᠤᠯᠤᠨ᠎ᠠ᠃ ᠳᠤᠭᠤᠢ᠌ᠯᠠᠩ ᠪᠦᠷᠢ 3 ᠣᠷᠣᠯᠴᠠᠭᠴᠢ᠎ᠪᠠᠷ ᠪᠦᠷᠢᠯᠳᠦᠨ᠂ ᠳᠤᠭᠤᠢ᠌ᠯᠠᠩ ᠪᠦᠷᠢ᠎ᠳᠤ 1 ᠵᠢᠯᠣᠭᠣᠳᠬᠤ ᠪᠠᠭᠰᠢ ᠵᠢ ᠲᠣᠭᠲᠠᠭ᠋ᠠᠵᠤ᠂ ᠰᠤᠷᠭ᠋ᠠᠭᠤᠯᠢ ᠠᠯᠤᠰᠯᠠᠨ ᠳᠤᠭᠤᠶ᠋ᠢᠯᠠᠩ 《ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ᠂ ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ᠎ᠢ ᠪᠠᠭᠲᠠᠭ᠋ᠠᠬᠤ ᠦᠭᠡᠢ) ᠵᠣᠬᠢᠶᠠᠨ ᠪᠠᠢ᠌ᠭᠤᠯᠬᠤ ᠵᠢ ᠵᠦᠪᠰᠢᠶᠡᠷᠡᠨ᠎ᠡ᠃ ᠠᠩᠬᠠᠨ᠎ᠤ ᠤᠷᠤᠯᠳᠤᠭ᠋ᠠᠨ᠎ᠢ 5 ᠰᠠᠷ᠎ᠠ ᠵᠢᠨ 23᠎ᠤ ᠡᠳᠦᠷ᠎ᠠᠴᠠ ᠡᠮᠦᠨ᠎ᠡ ᠳᠠᠭᠤᠰᠬᠠᠨ᠎ᠠ᠃
      ᠬᠣᠶᠠᠳᠠᠬᠢ ᠤᠷᠤᠯᠳᠤᠭ᠋ᠠᠨ ᠪᠠ ᠰᠢᠢ᠍ᠳᠪᠦᠷᠢᠲᠦ ᠤᠷᠤᠯᠳᠤᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠳᠡᠭᠡᠳᠦ ᠵᠡᠷᠭᠡ ᠵᠢᠨ ᠠᠵᠢᠯ ᠮᠡᠷᠭᠡᠵᠢᠯ (ᠲᠤᠰᠬᠠᠢ ᠮᠡᠷᠭᠡᠵᠢᠯ)᠎ᠤᠨ ᠰᠤᠷᠭ᠋ᠠᠭᠤᠯᠢ ᠵᠢᠨ ᠰᠤᠷᠤᠭᠴᠢ  ᠵᠢᠨ ᠳᠤᠭᠤᠶ᠋ᠢᠯᠠᠩ᠂ ᠵᠢᠩᠬᠢᠨᠢ  ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠰᠤᠷᠤᠭᠴᠢ ᠵᠢᠨ ᠳᠤᠭᠤᠶ᠋ᠢᠯᠠᠩ᠎ᠤᠨ ᠨᠡᠷ᠎ᠡ ᠮᠡᠳᠡᠭᠦᠯᠦᠭᠰᠡᠨ ᠤᠷᠤᠯᠳᠤᠭ᠋ᠠᠨ᠎ᠳᠤ ᠣᠷᠣᠯᠴᠠᠬᠤ ᠳᠤᠭᠤᠢ᠌ᠯᠠᠩ᠎ᠤᠨ ᠲᠣᠭ᠎ᠠ ᠵᠢ ᠦᠵᠡᠵᠦ ᠬᠣᠶᠠᠳᠠᠬᠢ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠡᠰᠡᠬᠦ ᠵᠢ ᠳᠣᠭᠲᠠᠭ᠋ᠠᠨ᠎ᠠ᠂ ᠤᠷᠤᠯᠳᠤᠭ᠋ᠠᠨ᠎ᠳᠤ ᠣᠷᠣᠯᠴᠠᠬᠤ ᠳᠤᠭᠤᠢ᠌ᠯᠠᠩ᠎ᠤᠨ ᠲᠣᠭ᠎ᠠ 12᠎ᠠᠴᠠ  ᠢᠯᠡᠭᠦᠦ ᠦᠶ᠎ᠡ᠎ᠳᠤ᠂ ᠤᠷᠢᠳ ᠵᠶ᠋ᠠᠷ ᠬᠣᠶᠠᠳᠠᠬᠢ ᠤᠷᠤᠯᠳᠤᠭ᠋ᠠᠨ᠎ᠢ ᠵᠣᠬᠢᠶᠠᠨ ᠪᠠᠢ᠌ᠭᠤᠯᠤᠨ᠂ 12᠎ᠢ ᠰᠢᠯᠭ᠋ᠠᠷᠠᠭᠤᠯᠵᠤ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠭᠤᠯᠵᠤ᠂ ᠤᠷᠤᠯᠳᠤᠭ᠋ᠠᠨ᠎ᠳᠤ ᠣᠷᠣᠯᠴᠠᠬᠤ ᠳᠣᠭᠤᠢ᠌ᠯᠠᠩ᠎ᠤᠨ ᠲᠣᠭ᠎ᠠ 12᠎ᠠᠴᠠ ᠪᠠᠭ᠎ᠠ ᠦᠶ᠎ᠡ᠎ᠳᠤ ᠬᠣᠶᠠᠳᠠᠬᠢ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠦᠭᠡᠢ᠂ ᠰᠢᠢ᠍ᠳᠪᠦᠷᠢᠲᠦ ᠤᠷᠤᠯᠳᠤᠭ᠋ᠠᠨ᠎ᠢ ᠰᠢᠭᠤᠳ ᠶᠠᠪᠤᠭᠳᠠᠭᠤᠯᠤᠨ᠎ᠠ᠃ ᠪᠤᠰᠤᠳ ᠳᠤᠭᠤᠢ᠌ᠯᠠᠩ ᠵᠥᠪᠬᠡᠨ ᠰᠢᠢ᠍ᠳᠪᠦᠷᠢᠲᠦ ᠤᠷᠤᠯᠳᠤᠭ᠋ᠠᠨ ᠬᠢᠨ᠎ᠡ᠃ ᠱᠠᠭ᠋ᠠᠷᠳᠠᠯᠭ᠎ᠠ ᠶᠣᠰᠣᠭ᠋ᠠᠷ ᠳᠤᠭᠤᠢ᠌ᠯᠠᠩ ᠵᠣᠬᠢᠶᠠᠨ ᠪᠠᠢ᠌ᠭᠤᠯᠤᠭᠰᠠᠨ ᠦᠭᠡᠢ ᠪᠣᠯ ᠬᠣᠶᠠᠳᠠᠬᠢ ᠤᠷᠤᠯᠳᠤᠭ᠋ᠠᠨ ᠪᠠ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠬᠤ ᠬᠢᠷᠢ ᠭᠡᠮ᠎ᠢ ᠬᠦᠴᠦᠨ ᠦᠭᠡᠢ ᠪᠣᠯᠭ᠋ᠠᠨ᠎ᠠ᠃ ᠤᠷᠤᠯᠳᠤᠭ᠋ᠠᠨ᠎ᠢ ᠠᠬᠤᠢ ᠲᠠᠯᠠᠪᠠᠢ᠎ᠳᠤ ᠬᠤᠪᠢ ᠥᠭᠬᠦ ᠠᠷᠭ᠎ᠠ ᠮᠠᠶᠢᠭ ᠵᠶ᠋ᠠᠷ ᠶᠠᠪᠤᠭᠳᠠᠭᠤᠯᠤᠨ᠎ᠠ᠃
      ᠬᠣᠶᠠᠳᠠᠬᠢ ᠤᠷᠤᠯᠳᠤᠭ᠋ᠠᠨ ᠪᠠ ᠰᠢᠢ᠍ᠳᠪᠦᠷᠢᠲᠦ ᠤᠷᠤᠯᠳᠤᠭ᠋ᠠᠨ᠎ᠤ ᠪᠣᠳᠠᠲᠠᠢ ᠵᠦᠢ᠍ᠯ᠎ᠢ ᠠᠰ ᠎ᠲᠤ᠎ᠨᠢ           ᠮᠡᠳᠡᠭᠳᠡᠨ᠎ᠡ᠃
      ᠤᠷᠤᠯᠳᠤᠭ᠋ᠠᠨ᠎ᠤ ᠳᠦᠷᠢᠮ
      ᠤᠷᠤᠯᠳᠤᠭ᠋ᠠᠨ᠎ᠤ ᠰᠢᠯᠭ᠋ᠠᠯᠲᠠ ᠵᠢᠨ ᠰᠡᠳᠦᠪ᠎ᠢ 2013 ᠣᠨ᠎ᠳᠤ ᠨᠡᠶ᠋ᠢᠲᠡᠯᠡᠭᠰᠡᠨ ᠤᠯᠤᠰ᠎ᠤᠨ 《ᠨᠡᠶ᠋ᠢᠳᠡᠮ ᠬᠡᠷᠡᠭᠯᠡᠬᠦ ᠳᠦᠷᠢᠮᠵᠢᠭᠦᠯᠦᠭᠰᠡᠨ ᠬᠢᠲᠠᠳ ᠦᠰᠦᠭ᠎ᠤᠨ ᠬᠦᠰᠦᠨᠦᠭᠲᠦ》᠎ᠪᠠᠷ ᠰᠠᠭᠤᠷᠢ ᠪᠣᠯᠭ᠋ᠠᠵᠤ᠂ ᠳᠤᠮᠳᠠᠳᠤ ᠵᠢᠨ ᠰᠣᠩᠭᠣᠳᠠᠭ ᠨᠡᠷᠡᠲᠦ ᠵᠣᠬᠢᠶᠠᠯ᠂ ᠰᠢᠯᠦᠭ ᠳᠠᠭᠤᠯᠠᠯ᠎ᠤᠨ ᠬᠣᠯᠪᠣᠭᠳᠠᠯ ᠪᠦᠬᠦᠢ ᠠᠭᠤᠯᠭ᠎ᠠ᠎ᠲᠠᠢ ᠤᠶᠠᠯᠳᠤᠭᠤᠯᠤᠨ ᠰᠤᠳᠤᠯᠤᠨ ᠦᠢ᠍ᠯᠡᠳᠪᠡ᠃
      ᠰᠡᠳᠦᠪ ᠬᠠᠷᠢᠭᠤᠯᠬᠤ ᠬᠡᠯᠪᠡᠷᠢ᠎ᠳᠤ ᠪᠢᠴᠢᠬᠦ ᠪᠠ ᠰᠢᠭᠤᠳ ᠬᠠᠷᠢᠭᠤᠯᠬᠤ ᠵᠢ ᠪᠠᠭᠲᠠᠭ᠋ᠠᠨ᠎ᠠ᠃ ᠪᠢᠴᠢᠬᠦ ᠰᠢᠯᠭ᠋ᠠᠯᠲᠠ᠎ᠳᠤ ᠬᠠᠪᠲᠠᠭ᠋ᠠᠢ ᠡᠯᠧᠺᠲᠷᠣᠨ ᠲᠥᠬᠥᠭᠡᠷᠦᠮᠵᠢ ᠵᠢ ᠬᠡᠷᠡᠭᠯᠡᠵᠦ᠂ ᠤᠷᠤᠯᠳᠤᠭ᠋ᠠᠨ᠎ᠳᠤ ᠣᠷᠣᠯᠴᠠᠭᠰᠠᠳ ᠡᠷᠬᠡᠪᠰᠢ ᠳᠦᠷᠢᠮᠵᠢᠭᠦᠯᠦᠭᠰᠡᠨ ᠬᠢᠲᠠᠳ ᠦᠰᠦᠭ᠎ᠢ ᠪᠢᠴᠢᠵᠦ᠂ ᠵᠢᠷᠤᠯᠭ᠎ᠠ ᠵᠢᠨ ᠳᠡᠰ ᠳᠠᠷᠠᠭ᠋ᠠᠯᠠᠯ ᠳᠦᠷᠢᠮᠵᠢᠯ᠎ᠳᠤ ᠨᠡᠶ᠋ᠢᠴᠡᠵᠦ᠂ ᠦᠰᠦᠭ᠎ᠤᠨ ᠲᠢᠭ ᠬᠢᠴᠢᠶᠡᠩᠭᠦᠢ ᠦᠰᠦᠭ ᠪᠠᠢ᠌ᠬᠤ ᠬᠡᠷᠡᠭᠲᠡᠢ; ᠰᠢᠭᠤᠳ ᠬᠠᠷᠢᠭᠤᠯᠬᠤ           ᠰᠡᠳᠦᠪ᠎ᠲᠤ ᠡᠷᠬᠡᠪᠰᠢ ᠨᠡᠶ᠋ᠢᠲᠡᠯᠢᠭ ᠬᠡᠯᠡ ᠵᠢ ᠬᠡᠷᠡᠭᠯᠡᠵᠦ᠂ ᠠᠪᠢᠶ᠎ᠠ ᠲᠣᠳᠣᠷᠬᠠᠢ᠂ ᠳᠦᠷᠢᠮᠵᠢᠯ᠎ᠲᠠᠢ ᠪᠠᠶ᠋ᠢᠬᠤ           ᠬᠡᠷᠡᠭᠲᠡᠢ᠃ ᠬᠢᠵᠠᠭ᠋ᠠᠷᠯᠠᠭᠰᠠᠨ ᠴᠠᠭ ᠎ᠤᠨ ᠳᠣᠲᠤᠷ᠎ᠠ᠂ ᠣᠷᠣᠯᠴᠠᠭᠰᠠᠳ ᠰᠡᠳᠦᠪ᠎ᠤᠨ ᠠᠭᠤᠯᠭ᠎ᠠ᠎ᠳᠤ ᠵᠠᠰᠠᠪᠤᠷᠢ ᠣᠷᠣᠭᠤᠯᠬᠤ ᠪᠤᠶᠤ ᠳᠠᠬᠢᠨ ᠬᠠᠷᠢᠭᠤᠯᠵᠤ ᠪᠣᠯᠤᠨ᠎ᠠ᠃
      ᠱᠠᠩᠨᠠᠯ᠎ᠤᠨ ᠲᠣᠬᠢᠷᠠᠭᠤᠯᠤᠯᠲᠠ
      ᠡᠯ᠎ᠡ ᠳᠤᠭᠤᠶ᠋ᠢᠯᠠᠩ᠎ᠤᠨ ᠰᠢᠢ᠍ᠳᠪᠦᠷᠢᠲᠦ ᠤᠷᠤᠯᠳᠤᠭ᠋ᠠᠨ᠎ᠤ ᠳᠠᠷᠠᠭ᠎ᠠ᠂  ᠮᠠᠩᠯᠠᠢ ᠳᠤᠭᠤᠢ᠌ᠯᠠᠩ 1᠂           ᠳᠡᠳ᠋ ᠳᠤᠭᠤᠢ᠌ᠯᠠᠩ 2᠂  ᠭᠤᠲᠠᠭ᠋ᠠᠷ ᠳᠤᠭᠤᠢ᠌ᠯᠠᠩ 3 ᠵᠢ ᠰᠢᠯᠭ᠋ᠠᠷᠠᠭᠤᠯᠵᠤ᠂ ᠤᠷᠤᠯᠳᠤᠭ᠋ᠠᠨ᠎ᠳᠤ ᠣᠷᠣᠯᠴᠠᠭᠰᠠᠨ             ᠪᠤᠰᠤᠳ ᠳᠤᠭᠤᠢ᠌ᠯᠠᠩ ᠰᠢᠯᠢᠳᠡᠭ ᠱᠠᠩᠨᠠᠯ ᠭᠦᠷᠲᠡᠨ᠎ᠡ; ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠬᠤ ᠳᠤᠭᠤᠢ᠌ᠯᠠᠩ᠎ᠤᠨ ᠲᠣᠭ᠎ᠠ 12 ᠬᠦᠷᠬᠦ ᠦᠭᠡᠢ ᠪᠣᠯ᠂ ᠮᠠᠩᠯᠠᠢ ᠳᠤᠭᠤᠢ᠌ᠯᠠᠩ 1 ᠵᠢ ᠰᠢᠯᠭ᠋ᠠᠷᠠᠭᠤᠯᠵᠤ᠂ ᠳᠡᠳ᠋ ᠳᠤᠭᠤᠢ᠌ᠯᠠᠩ ᠪᠠ ᠭᠤᠲᠠᠭ᠋ᠠᠷ ᠳᠤᠭᠤᠢ᠌ᠯᠠᠩ ᠎ᠢ ᠰᠢᠢ᠍ᠳᠪᠦᠷᠢᠲᠦ ᠤᠷᠤᠯᠳᠤᠭ᠋ᠠᠨ᠎ᠳᠤ ᠣᠷᠣᠯᠴᠠᠬᠤ ᠳᠤᠭᠤᠢ᠌ᠯᠠᠩ᠎ᠤᠨ ᠲᠣᠭ᠋ᠠᠨ᠎ᠤ ᠬᠠᠷᠢᠴᠠᠯ᠎ᠤᠨ 20% ᠪᠠ 25% ᠵᠶ᠋ᠠᠷ ᠰᠢᠯᠭ᠋ᠠᠷᠠᠭᠤᠯᠤᠨ᠎ᠠ (ᠲᠡᠭᠰᠢ ᠲᠣᠭ᠎ᠠ ᠪᠢᠰᠢ ᠪᠣᠯ ᠲᠥᠷᠪᠡ             ᠵᠢ  ᠬᠠᠶᠠᠵᠤ ᠲᠠᠪᠤ ᠵᠢ ᠳᠡᠪᠰᠢᠭᠦᠯᠬᠦ᠎ᠪᠠᠷ ᠪᠥᠳᠦᠨ ᠲᠣᠭ᠎ᠠ ᠵᠢ ᠦᠯᠡᠳᠡᠭᠡᠨ᠎ᠡ)᠃ ᠤᠷᠤᠯᠳᠤᠭ᠋ᠠᠨ᠎ᠳᠤ           ᠣᠷᠣᠯᠴᠠᠭᠰᠠᠨ ᠳᠤᠭᠤᠢ᠌ᠯᠠᠩ᠎ᠤᠨ ᠣᠯᠤᠭᠰᠠᠨ ᠬᠤᠪᠢ ᠵᠢ ᠥᠨᠳᠥᠷ᠎ᠠᠴᠠ ᠳᠣᠣᠷ᠎ᠠ ᠲᠡᠢ᠌ᠰᠢ ᠵᠢᠭᠰᠠᠭ᠋ᠠᠵᠤ ᠰᠢᠯᠭ᠋ᠠᠷᠠᠭᠤᠯᠤᠨ᠎ᠠ᠃ ᠮᠠᠩᠯᠠᠶ᠋ᠢᠯᠠᠭᠰᠠᠨ ᠳᠤᠭᠤᠢ᠌ᠯᠠᠩ᠎ᠢ ᠵᠢᠯᠣᠭᠣᠳᠤᠭᠰᠠᠨ ᠪᠠᠭᠰᠢ ᠰᠢᠯᠢᠳᠡᠭ ᠵᠢᠯᠣᠭᠣᠳᠤᠭᠰᠠᠨ ᠪᠠᠭᠰᠢ ᠵᠢᠨ ᠱᠠᠩᠨᠠᠯ ᠭᠦᠷᠲᠡᠨ᠎ᠡ᠃
      ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠱᠠᠩᠨᠠᠯ ᠣᠯᠤᠭᠰᠠᠨ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢᠴᠢ ᠣᠷᠣᠯᠴᠠᠭᠴᠢ᠂  ᠵᠢᠯᠣᠭᠣᠳᠤᠭᠰᠠᠨ ᠪᠠᠭᠰᠢ᠎ᠳᠤ ᠱᠠᠩᠨᠠᠯ᠎ᠤᠨ ᠮᠧᠳᠠᠯ ᠪᠠ ᠦᠨᠡᠮᠯᠡᠯ ᠣᠯᠭᠣᠨ᠎ᠠ᠃
      ᠠᠵᠢᠯ᠎ᠤᠨ ᠱᠠᠭ᠋ᠠᠷᠳᠠᠯᠭ᠎ᠠ
       ᠡᠨᠡ ᠤᠳᠠᠭ᠋ᠠᠨ᠎ᠤ ᠰᠣᠨᠣᠰᠴᠤ ᠪᠢᠴᠢᠬᠦ ᠤᠷᠤᠯᠳᠤᠭ᠋ᠠᠨ᠎ᠢ ᠡᠷᠬᠢᠯᠡᠵᠦ ᠪᠠᠢ᠌ᠭ᠎ᠠ ᠪᠣᠯ ᠮᠠᠨ᠎ᠤ ᠣᠷᠣᠨ ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠦᠭᠡ ᠬᠡᠯᠡ ᠦᠰᠦᠭ ᠪᠢᠴᠢᠭ᠎ᠤᠨ ᠵᠥᠪᠯᠡᠯ᠎ᠤᠨ ᠳᠠᠷᠤᠮᠠᠯᠯᠠᠨ ᠲᠠᠷᠬᠠᠭ᠋ᠠᠭᠰᠠᠨ 《ᠳᠤᠮᠳᠠᠳᠤ ᠵᠢᠨ ᠰᠣᠩᠭᠣᠳᠠᠭ ᠵᠣᠬᠢᠶᠠᠯ᠎ᠢ ᠤᠶᠠᠩᠭ᠋ᠠᠯᠠᠨ ᠤᠩᠰᠢᠬᠤ ᠢᠨᠵᠧᠨᠧᠷᠢᠩ᠎ᠤᠨ ᠬᠡᠷᠡᠭᠵᠢᠭᠦᠯᠬᠦ           ᠲᠥᠰᠦᠯ》᠎ᠢ  ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠪᠠᠶ᠋ᠢᠵᠤ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠤᠨ᠂ ᠮᠠᠨ᠎ᠤ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠪᠠᠭᠰᠢ ᠰᠤᠷᠤᠭᠴᠢᠳ᠎ᠤᠨ ᠬᠢᠲᠠᠳ ᠦᠰᠦᠭ᠎ᠢ ᠰᠣᠨᠣᠰᠴᠤ ᠪᠢᠴᠢᠬᠦ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠴᠢᠨᠠᠷᠯᠢᠭ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠵᠢᠨ ᠰᠢᠯᠢᠳᠡᠭ ᠦᠭᠡ ᠬᠡᠯᠡ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠢᠨ ᠲᠥᠯᠥᠭᠡ ᠶᠤᠮ᠃
      ᠡᠯ᠎ᠡ ᠭᠠᠵᠠᠷ᠎ᠤᠨ ᠡᠯ᠎ᠡ ᠰᠤᠷᠭ᠋ᠠᠭᠤᠯᠢ ᠳᠦᠷᠢᠮᠵᠢᠭᠦᠯᠦᠭᠰᠡᠨ ᠬᠢᠲᠠᠳ ᠦᠰᠦᠭ᠎ᠢ ᠰᠣᠨᠣᠰᠴᠤ ᠪᠢᠴᠢᠬᠦ ᠤᠷᠤᠯᠳᠤᠭ᠋ᠠᠨ᠎ᠢ ᠥᠷᠨᠢᠭᠦᠯᠬᠦ ᠠᠵᠢᠯᠯᠠᠭ᠎ᠠ ᠪᠣᠯ ᠥᠷᠭᠡᠨ ᠣᠯᠠᠨ ᠪᠠᠭᠰᠢ ᠰᠤᠷᠤᠭᠴᠢ ᠵᠢᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠴᠢᠳᠠᠪᠤᠷᠢ ᠪᠠ ᠦᠭᠡ ᠬᠡᠯᠡ ᠰᠣᠶᠣᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠭᠡᠳᠡᠭ᠎ᠢ ᠭᠦᠢ᠍ᠴᠡᠳ ᠲᠠᠨᠢᠵᠤ᠂ ᠤᠳᠤᠷᠢᠳᠤᠯᠭ᠎ᠠ᠎ᠪᠠᠨ ᠴᠢᠩᠭ᠋ᠠᠳᠬᠠᠨ᠂ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ ᠲᠤᠰ ᠭᠠᠵᠠᠷ ᠣᠷᠣᠨ᠂ ᠰᠤᠷᠭ᠋ᠠᠭᠤᠯᠢ ᠵᠢᠨ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠠᠵᠢᠯ᠎ᠢ ᠨᠠᠷᠢᠨ ᠬᠢᠨᠠᠮᠠᠭ᠋ᠠᠢ ᠰᠠᠶ᠋ᠢᠲᠤᠷ ᠬᠢᠬᠦ ᠬᠡᠷᠡᠭᠲᠡᠢ᠃ ᠤᠷᠤᠯᠳᠤᠭ᠋ᠠᠨ ᠪᠣᠯᠤᠨ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢ ᠣᠷᠭ᠋ᠠᠨᠢᠭ ᠵᠶ᠋ᠠᠷ ᠠᠭᠤᠰᠬᠠᠵᠤ᠂ ᠬᠠᠷᠢᠯᠴᠠᠨ ᠠᠬᠢᠭᠤᠯᠬᠤ ᠵᠢ ᠴᠢᠬᠤᠯᠠᠴᠢᠯᠠᠵᠤ᠂ ᠤᠷᠤᠯᠳᠤᠭ᠋ᠠᠨ ᠵᠶ᠋ᠠᠷ ᠳᠠᠮᠵᠢᠭᠤᠯᠤᠨ ᠪᠠᠭᠰᠢ ᠰᠤᠷᠤᠭᠴᠢᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠰᠠᠨᠠᠭ᠋ᠠᠴᠢᠯᠠᠭ᠋ᠠᠲᠤ ᠴᠢᠨᠠᠷ ᠪᠣᠯᠤᠨ ᠢᠳᠡᠪᠬᠢᠵᠢᠯ᠎ᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ  ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠢ᠃ ᠰᠤᠷᠤᠭᠴᠢᠳ ᠰᠠᠶ᠋ᠢᠨ ᠳᠤᠷ᠎ᠠ᠎ᠠᠴᠠ᠎ᠪᠠᠨ ᠪᠤᠶᠤ ᠬᠡᠪ᠎ᠤᠨ ᠰᠤᠷᠤᠯᠭ᠎ᠠ᠎ᠪᠠᠨ ᠨᠥᠯᠥᠭᠡᠯᠡᠬᠦ ᠦᠭᠡᠢ ᠪᠠᠶ᠋ᠢᠬᠤ ᠤᠷᠢᠲᠠᠯ ᠳᠣᠣᠷ᠎ᠠ ᠠᠩᠬᠠᠨ᠎ᠤ ᠤᠷᠤᠯᠳᠤᠭ᠋ᠠᠨ᠎ᠢ ᠵᠣᠬᠢᠶᠠᠨ ᠪᠠᠶ᠋ᠢᠭᠤᠯᠵᠤ᠂ ᠬᠢᠴᠢᠶᠡᠯ ᠵᠣᠭᠰᠣᠵᠤ ᠪᠣᠯᠪᠠᠰᠤᠷᠠᠭᠤᠯᠬᠤ ᠪᠠ ᠥᠨᠳᠥᠷ ᠬᠦᠴᠦᠯᠡᠴᠡ᠎ᠲᠠᠢ ᠲᠥᠪᠯᠡᠷᠡᠭᠦᠯᠦᠨ ᠪᠣᠯᠪᠠᠰᠤᠷᠠᠭᠤᠯᠬᠤ ᠵᠢ ᠴᠢᠩᠭ᠎ᠠ ᠬᠣᠷᠢᠭᠯᠠᠵᠤ᠂ ᠰᠤᠷᠤᠭᠴᠢᠳ᠎ᠠᠴᠠ ᠶᠠᠮᠠᠷ ᠪᠠ ᠰᠦᠢ᠍ᠳᠬᠡᠯ ᠬᠤᠷᠢᠶᠠᠬᠤ ᠵᠢ ᠴᠢᠩᠭ᠎ᠠ ᠬᠣᠷᠢᠭᠯᠠᠬᠤ ᠬᠡᠷᠡᠭᠲᠡᠢ᠃ ᠤᠷᠤᠯᠳᠤᠭ᠋ᠠᠨ᠎ᠢ ᠵᠣᠬᠢᠶᠠᠨ ᠪᠠᠢ᠌ᠭᠤᠯᠬᠤ ᠤᠬᠠᠭᠤᠯᠭ᠎ᠠ ᠵᠢ ᠰᠠᠶ᠋ᠢᠲᠤᠷ ᠬᠢᠵᠦ᠂ ᠤᠷᠤᠯᠳᠤᠭ᠋ᠠᠨ᠎ᠤ ᠠᠵᠢᠯᠯᠠᠭ᠎ᠠ ᠵᠢᠨ ᠦᠰᠦᠭ ᠪᠢᠴᠢᠭ᠂ ᠭᠡᠷᠡᠯ ᠵᠢᠷᠤᠭ᠂ ᠸᠢᠳᠢᠣ᠋ ᠵᠡᠷᠭᠡ ᠮᠠᠲ᠋ᠧᠷᠢᠶᠠᠯ᠎ᠢ ᠴᠤᠭᠯᠠᠭᠤᠯᠬᠤ ᠵᠢ ᠴᠢᠬᠤᠯᠠᠴᠢᠯᠠᠵᠤ᠂ ᠬᠣᠯᠪᠣᠭᠳᠠᠯ ᠪᠦᠬᠦᠢ ᠵᠠᠭᠤᠴᠢᠯᠠᠭᠤᠷ᠎ᠲᠠᠢ ᠢᠳᠡᠪᠬᠢᠲᠡᠢ ᠬᠠᠷᠢᠯᠴᠠᠵᠤ ᠤᠷᠤᠯᠳᠤᠭ᠋ᠠᠨ᠎ᠤ ᠠᠵᠢᠯᠯᠠᠭ᠎ᠠ ᠵᠢ ᠤᠬᠠᠭᠤᠯᠤᠨ ᠮᠡᠳᠡᠭᠡᠯᠡᠬᠦ ᠠᠵᠢᠯ᠎ᠢ ᠰᠠᠶ᠋ᠢᠲᠤᠷ ᠬᠢᠵᠦ᠂ ᠨᠡᠶ᠋ᠢᠭᠡᠮ᠎ᠤᠨ ᠨᠥᠯᠥᠭᠡᠯᠡᠬᠦ ᠬᠦᠴᠦᠨ᠎ᠢ ᠥᠷᠭᠡᠳᠬᠡᠬᠦ ᠬᠡᠷᠡᠭᠲᠡᠢ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ①
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ②
ᠪᠥᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ③
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ④
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑤
 
             蒙ICP备05000248号