ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠥᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ③
ᠨᠡᠶ᠋ᠢᠲᠡᠯᠡᠭᠰᠡᠨ ᠴᠠᠭ᠄ 2024-04-29

      ᠣᠨᠴᠠᠭ᠋ᠠᠢ ᠴᠠᠭ ᠠᠭᠤᠷ
      1. ᠣᠳᠣᠬᠠᠨ᠎ᠳᠤ ᠠᠭ᠋ᠠᠳᠠᠷ ᠪᠣᠷᠣᠭ᠋ᠠᠨ᠂ ᠠᠶᠤᠩᠭ᠎ᠠ ᠴᠠᠬᠢᠯᠭ᠋ᠠᠨ ᠵᠡᠷᠭᠡ ᠣᠨᠴᠠᠭ᠋ᠠᠢ ᠴᠠᠭ ᠠᠭᠤᠷ᠎ᠤᠨ ᠦᠵᠡᠭᠳᠡᠯ ᠣᠯᠠᠨ ᠡᠭᠦᠰᠴᠦ ᠪᠣᠢ᠂ ᠠᠮᠠᠷᠠᠯᠲᠠ ᠵᠢᠨ ᠬᠤᠭᠤᠴᠠᠭ᠋ᠠᠨ᠎ᠳᠤ ᠭᠡᠷ᠎ᠤᠨ ᠠᠬᠠᠮᠠᠳ ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠪᠠ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ  ᠢᠮᠠᠭᠲᠠ ᠠᠩᠬᠠᠷᠴᠤ᠂ ᠬᠡᠦᠬᠡᠳ ᠵᠶ᠋ᠠᠨ ᠠᠭ᠋ᠠᠳᠠᠷ ᠪᠣᠷᠣᠭ᠋ᠠᠨ᠂ ᠠᠶᠤᠩᠭ᠎ᠠ ᠴᠠᠬᠢᠯᠬᠤ ᠦᠶ᠎ᠡ᠎ᠳᠤ ᠭᠠᠳᠠᠭᠰᠢ ᠭᠠᠷᠴᠤ ᠪᠣᠯᠬᠤ ᠦᠭᠡᠢ ᠭᠡᠵᠦ ᠰᠤᠷᠭ᠋ᠠᠨ᠎ᠠ᠃
      2. ᠠᠶᠤᠩᠭ᠋ᠠᠲᠤ ᠪᠣᠷᠣᠭ᠋ᠠᠨ᠎ᠳᠤ ᠥᠨᠳᠥᠷ ᠪᠠᠷᠢᠯᠭ᠎ᠠ ᠪᠠ ᠴᠠᠬᠢᠯᠭ᠋ᠠᠨ ᠬᠠᠩᠭ᠋ᠠᠬᠤ ᠲᠥᠬᠥᠭᠡᠷᠦᠮᠵᠢ᠎ᠠᠴᠠ ᠬᠣᠯᠠ ᠵᠠᠢ᠌ᠯᠠᠵᠤ᠂ ᠬᠣᠲᠣᠭᠣᠷ ᠭᠠᠵᠠᠷ᠂ ᠴᠥᠭᠥᠷᠥᠮ᠂ ᠤᠰᠤᠨ ᠴᠥᠭᠥᠷᠥᠮ ᠵᠡᠷᠭᠡ ᠠᠶᠤᠯ᠎ᠲᠠᠢ ᠣᠷᠣᠨ᠎ᠳᠤ ᠣᠴᠢᠭᠤᠯᠬᠤ ᠦᠭᠡᠢ ᠪᠠᠢ᠌ᠵᠤ᠂ ᠦᠶᠡᠷ᠂ ᠠᠶᠤᠩᠭ᠎ᠠ ᠲᠠᠭ᠋ᠠᠷᠢᠬᠤ᠂ ᠰᠢᠪᠠᠷ ᠴᠢᠯᠠᠭᠤᠨ᠎ᠤ ᠤᠷᠤᠰᠬᠠᠯ ᠪᠤᠶᠤ ᠠᠭᠤᠯᠠ ᠶᠡᠭᠦᠷᠡᠬᠦ ᠵᠡᠷᠭᠡ ᠠᠶᠤᠯ᠎ᠠᠴᠠ ᠰᠡᠷᠭᠡᠶ᠋ᠢᠯᠡᠬᠦ ᠬᠡᠷᠡᠭᠲᠡᠢ᠃
      3. ᠬᠡᠷᠪᠡ ᠭᠠᠳᠠᠭᠰᠢ ᠭᠠᠷᠬᠤ ᠦᠶ᠎ᠡ᠎ᠳᠤ ᠰᠢᠷᠦᠭᠦᠨ ᠪᠣᠷᠣᠭ᠋ᠠᠨ ᠲᠣᠬᠢᠶᠠᠯᠳᠤᠪᠠᠯ᠂ ᠦᠶᠡᠷ᠎ᠢ ᠰᠡᠷᠭᠡᠶ᠋ᠢᠯᠡᠬᠦ ᠠᠮᠤᠷ ᠲᠦᠪᠰᠢᠨ᠎ᠤ ᠰᠡᠷᠡᠮᠵᠢ ᠵᠢᠨ ᠳᠣᠬᠢᠶ᠎ᠠ ᠵᠢ ᠠᠩᠬᠠᠷᠴᠤ᠂ ᠤᠰᠤ ᠵᠠᠯᠠᠬᠤ ᠬᠤᠳᠳᠤᠭ᠂ ᠰᠤᠪᠠᠭ ᠪᠠ ᠤᠰᠤ ᠬᠠᠳᠠᠭ᠋ᠠᠯᠠᠬᠤ ᠭᠠᠵᠠᠷ᠎ᠠᠴᠠ ᠬᠣᠯᠠ ᠵᠠᠶ᠋ᠢᠯᠠᠵᠤ᠂ ᠣᠶ᠋ᠢᠷ᠎ᠠ ᠬᠠᠪᠢ᠎ᠳᠠᠬᠢ ᠠᠮᠤᠷ ᠲᠦᠪᠰᠢᠨ᠎ᠤ ᠠᠶᠤᠯ᠎ᠠᠴᠠ ᠵᠠᠶ᠋ᠢᠯᠠᠬᠤ ᠲᠠᠯᠠᠪᠤᠷ᠎ᠢ ᠡᠷᠢᠨ᠎ᠡ; ᠪᠠᠴᠢᠮ ᠪᠠᠶ᠋ᠢᠳᠠᠯ ᠲᠣᠬᠢᠶᠠᠯᠳᠤᠪᠠᠯ᠂ ᠳᠠᠷᠤᠢ᠎ᠳᠤ᠎ᠨᠢ 110᠂ 119᠂ 120 ᠵᠡᠷᠭᠡ ᠤᠲᠠᠰᠤᠨ᠎ᠳᠤ ᠤᠲᠠᠰᠤᠳᠠᠵᠤ ᠲᠤᠰᠠᠯᠠᠮᠵᠢ ᠭᠤᠶᠤᠴᠢᠯᠠᠭ᠋ᠠᠷᠠᠢ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ④
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑤
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑥
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑦
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑧
 
             蒙ICP备05000248号