ᠢᠳᠡᠭᠡᠨ᠎ᠤ ᠡᠷᠡᠭᠦᠯ ᠬᠠᠮᠠᠭ᠋ᠠᠯᠠᠯ᠎ᠤᠨ ᠠᠮᠤᠷ ᠲᠦᠪᠰᠢᠨ
ᠬᠠᠪᠤᠷ ᠵᠤᠨ᠎ᠤ ᠤᠯᠠᠷᠢᠯ ᠰᠣᠯᠢᠭᠳᠠᠬᠤ ᠦᠶ᠎ᠡ᠎ᠳᠤ ᠠᠭ᠋ᠠᠷ᠎ᠤᠨ ᠳᠤᠯᠠᠭ᠋ᠠᠨ ᠲᠣᠭᠲᠠᠪᠤᠷᠢ ᠦᠭᠡᠢ ᠪᠣᠯᠵᠤ᠂ ᠬᠠᠯᠳᠠᠪᠤᠷᠢᠲᠤ ᠡᠪᠡᠳᠴᠢᠨ ᠣᠯᠠᠨ ᠡᠭᠦᠰᠬᠦ ᠮᠥᠷᠲᠡᠭᠡᠨ ᠠᠮᠠᠷᠠᠯᠲᠠ ᠵᠢᠨ ᠬᠤᠭᠤᠴᠠᠭ᠋ᠠᠨ᠎ᠳᠤ ᠬᠥᠮᠦᠰ᠎ᠤᠨ ᠰᠢᠯᠵᠢᠯᠲᠡ ᠪᠠ ᠴᠤᠭᠯᠠᠷᠠᠯ᠎ᠤᠨ ᠴᠢᠨᠠᠷᠲᠠᠢ ᠠᠵᠢᠯᠯᠠᠭ᠎ᠠ ᠣᠯᠠᠰᠢᠷᠠᠬᠤ ᠪᠣᠯᠬᠣᠷ᠂ ᠡᠯ᠎ᠡ ᠭᠡᠷ᠎ᠤᠨ ᠠᠬᠠᠮᠠᠳ ᠬᠡᠦᠬᠡᠳ᠎ᠲᠠᠢ᠎ᠪᠠᠨ ᠬᠠᠮᠲᠤ ᠬᠣᠯᠪᠣᠭᠳᠠᠯ ᠪᠦᠬᠦᠢ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠄
1. ᠬᠤᠪᠢ ᠬᠥᠮᠦᠨ᠎ᠤ ᠡᠷᠡᠭᠦᠯ ᠬᠠᠮᠠᠭ᠋ᠠᠯᠠᠯ᠎ᠢ ᠠᠩᠬᠠᠷᠴᠤ᠂ ᠤᠰᠤ ᠢᠯᠡᠭᠦᠦ ᠤᠤᠭᠤᠵᠤ᠂ ᠵᠢᠮ᠎ᠡ ᠶᠣᠰᠣᠲᠠᠢ ᠠᠵᠢᠯᠯᠠᠵᠤ ᠠᠮᠠᠷᠠᠨ᠂ ᠵᠣᠬᠢᠰᠲᠠᠢ ᠬᠥᠳᠡᠯᠭᠡᠭᠡᠨ ᠬᠢᠬᠦ᠎ᠨᠢ ᠡᠬᠡᠯᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ;
2. ᠭᠠᠳᠠᠭᠰᠢ ᠭᠠᠷᠴᠤ ᠬᠣᠭᠣᠯᠠᠯᠠᠬᠤᠳᠤᠪᠠᠨ ᠵᠢᠩᠬᠢᠨᠢ᠂ ᠡᠵᠡᠩᠨᠡᠯᠲᠡ ᠵᠢᠨ ᠦᠨᠡᠮᠯᠡᠯ᠎ᠲᠠᠢ ᠬᠣᠭᠣᠯᠠᠨ ᠭᠡᠷ᠎ᠢ ᠰᠣᠩᠭᠤᠵᠤ᠂ ᠵᠡᠭᠡᠯᠢ ᠭᠤᠳᠤᠮᠵᠢ᠎ᠳᠠᠬᠢ ᠡᠵᠡᠩᠨᠡᠯᠲᠡ ᠵᠢᠨ ᠦᠨᠡᠮᠯᠡᠯ ᠦᠭᠡᠢ ᠬᠤᠳᠠᠯᠳᠤᠭ᠋ᠠᠴᠢᠨ᠎ᠤ ᠪᠣᠷᠤᠯᠠᠭᠤᠯᠵᠤ ᠪᠠᠢ᠌ᠭ᠎ᠠ ᠢᠳᠡᠭᠡᠨ᠎ᠢ ᠬᠤᠳᠠᠯᠳᠤᠨ ᠠᠪᠬᠤ ᠦᠭᠡᠢ;
3. ᠲᠦᠭᠦᠬᠡᠢ ᠤᠰᠤ ᠤᠤᠭᠤᠬᠤ ᠦᠭᠡᠢ᠂ ᠢᠷᠡᠯᠲᠡ᠎ᠨᠢ ᠲᠣᠳᠣᠷᠬᠠᠢ ᠦᠭᠡᠢ ᠵᠢᠮᠢᠰ᠂ ᠬᠡᠭᠡᠷ᠎ᠡ ᠵᠢᠨ ᠵᠢᠮᠢᠰ ᠪᠠ ᠢᠳᠡᠭᠡᠨ᠎ᠢ ᠢᠳᠡᠬᠦ ᠦᠭᠡᠢ᠂ ᠵᠡᠷᠯᠢᠭ ᠮᠥᠭᠥ ᠵᠡᠷᠭᠡ ᠲᠦᠭᠰᠢᠭᠦᠷᠢ ᠶᠡᠬᠡᠲᠡᠢ ᠢᠳᠡᠭᠡᠨ᠎ᠢ ᠢᠳᠡᠬᠦ ᠦᠭᠡᠢ᠂ ᠦᠨᠡᠮᠯᠡᠯ ᠦᠭᠡᠢ ᠳᠡᠯᠭᠡᠭᠦᠷ᠎ᠤᠨ ᠪᠣᠷᠤᠯᠠᠭᠤᠯᠵᠤ ᠪᠠᠢ᠌ᠭ᠎ᠠ ᠢᠳᠡᠭᠡᠨ᠎ᠢ ᠬᠤᠳᠠᠯᠳᠤᠨ ᠠᠪᠬᠤ ᠦᠭᠡᠢ᠂ ᠢᠳᠡᠭᠡᠨ᠎ᠳᠤ ᠬᠣᠣᠷᠳᠠᠭᠳᠠᠬᠤ ᠵᠢ ᠴᠢᠩᠭ᠎ᠠ ᠰᠡᠷᠭᠡᠶ᠋ᠢᠯᠡᠨ᠎ᠡ;
4. ᠬᠡᠦᠬᠡᠳ᠎ᠢ ᠢᠳᠡᠵᠦ ᠤᠤᠭᠤᠬᠤ ᠰᠠᠶ᠋ᠢᠨ ᠰᠠᠶ᠋ᠢᠬᠠᠨ ᠳᠠᠳᠬᠠᠯ᠎ᠲᠠᠢ ᠪᠣᠯᠭ᠋ᠠᠵᠤ᠂ ᠬᠣᠭᠣᠯᠠ ᠢᠳᠡᠬᠦ᠎ᠠᠴᠠ ᠡᠮᠦᠨ᠎ᠡ ᠪᠤᠶᠤ ᠭᠠᠳᠠᠭ᠋ᠠᠯᠠᠭᠰᠠᠨ᠎ᠤ ᠳᠠᠷᠠᠭ᠎ᠠ ᠭᠠᠷ ᠵᠶ᠋ᠠᠨ ᠤᠬᠢᠶᠠᠬᠤ᠂ ᠭᠦᠢ᠍ᠴᠡᠳ ᠵᠠᠵᠢᠯᠤᠨ ᠠᠭ᠋ᠠᠵᠢᠮ ᠬᠣᠭᠣᠯᠠᠯᠠᠬᠤ᠂ ᠢᠳᠡᠰᠢ ᠭᠣᠯᠣᠬᠤ ᠦᠭᠡᠢ᠂ ᠢᠳᠡᠰᠢ ᠢᠯᠠᠭ᠋ᠠᠬᠤ ᠦᠭᠡᠢ᠂ ᠵᠦᠢ ᠵᠣᠬᠢᠰᠲᠠᠢ ᠬᠣᠭᠣᠯᠠᠯᠠᠬᠤ ᠪᠣᠯᠭ᠋ᠠᠵᠤ᠂ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ ᠢ᠎ᠨᠢ ᠠᠬᠢᠭᠤᠯᠤᠨ᠎ᠠ᠃