ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ④
ᠨᠡᠶ᠋ᠢᠲᠡᠯᠡᠭᠰᠡᠨ ᠴᠠᠭ᠄ 2024-04-29

      ᠵᠤᠭ᠋ᠠᠴᠠᠬᠤ ᠠᠮᠤᠷ ᠲᠦᠪᠰᠢᠨ
      1. ᠭᠠᠳᠠᠭᠰᠢ ᠭᠠᠷᠬᠤ ᠦᠶ᠎ᠡ᠎ᠳᠤ᠂ ᠭᠡᠷ᠎ᠤᠨ ᠠᠬᠠᠮᠠᠳ ᠬᠡᠵᠢᠶᠡᠳᠡ ᠬᠡᠦᠬᠡᠳ ᠵᠶ᠋ᠡᠨ ᠬᠠᠷᠠᠭ᠋ᠠᠨ᠎ᠠᠴᠠ᠎ᠪᠠᠨ ᠰᠠᠯᠭ᠋ᠠᠬᠤ ᠦᠭᠡᠢ ᠪᠠᠶ᠋ᠢᠵᠤ᠂ ᠣᠨᠴᠠᠭ᠋ᠠᠢ᠌ᠯᠠᠨ ᠬᠥᠮᠦᠨ ᠣᠯᠠᠨ ᠴᠤᠭᠯᠠᠷᠠᠳᠠᠭ ᠭᠠᠵᠠᠷ ᠭᠡᠭᠡᠬᠦ᠎ᠠᠴᠠ ᠰᠡᠷᠭᠡᠶ᠋ᠢᠯᠡᠬᠦ ᠬᠡᠷᠡᠭᠲᠡᠢ; ᠡᠭᠦᠨ᠎ᠤ ᠬᠠᠮᠲᠤ ᠭᠡᠷ᠎ᠤᠨ ᠠᠬᠠᠮᠠᠳ ᠬᠡᠦᠬᠡᠳ᠎ᠲᠤ᠎ᠪᠠᠨ ᠡᠴᠢᠭᠡ ᠡᠬᠡ ᠵᠢᠨ ᠨᠡᠷ᠎ᠡ᠂ ᠰᠠᠭᠤᠭ᠎ᠠ ᠭᠠᠵᠠᠷ᠂ ᠤᠲᠠᠰᠤ ᠵᠡᠷᠭᠡ ᠵᠢ ᠴᠡᠭᠡᠵᠢᠯᠡᠭᠦᠯᠬᠦ ᠬᠡᠷᠡᠭᠲᠡᠢ;
      2. ᠬᠡᠦᠬᠡᠳ ᠨᠠᠭ᠋ᠠᠳᠤᠮ ᠨᠠᠭ᠋ᠠᠳᠬᠤ᠎ᠠᠴᠠ ᠡᠮᠦᠨ᠎ᠡ᠂ ᠭᠡᠷ᠎ᠤᠨ ᠠᠬᠠᠮᠠᠳ ᠠᠮᠤᠷ ᠲᠦᠪᠰᠢᠨ᠎ᠤ ᠮᠡᠳᠡᠯᠭᠡ ᠵᠢ ᠨᠠᠷᠢᠨ ᠨᠢᠮᠪᠠᠢ ᠤᠩᠰᠢᠬᠤ ᠵᠢᠨ ᠬᠠᠮᠲᠤ ᠵᠢᠷᠤᠮᠯᠠᠵᠤ᠂ ᠨᠠᠰᠤ ᠪᠠ ᠪᠡᠶ᠎ᠡ ᠵᠢᠨ ᠥᠨᠳᠥᠷ᠎ᠲᠤ᠎ᠨᠢ ᠵᠣᠬᠢᠴᠠᠬᠤ ᠲᠥᠬᠥᠭᠡᠷᠦᠮᠵᠢ ᠵᠢ ᠰᠣᠩᠭᠣᠬᠤ ᠬᠡᠷᠡᠭᠲᠡᠢ;
      3. ᠬᠥᠪᠦᠮᠡᠯ ᠣᠩᠭᠣᠴᠠ ᠪᠤᠶᠤ ᠣᠩᠭᠣᠴᠠᠨ᠎ᠳᠤ ᠰᠠᠭᠤᠬᠤ ᠵᠡᠷᠭᠡ ᠤᠰᠤᠨ᠎ᠳᠤ ᠨᠠᠭ᠋ᠠᠳᠬᠤ ᠦᠶ᠎ᠡ ᠡᠷᠬᠡᠪᠰᠢ ᠬᠡᠦᠬᠡᠳ ᠠᠮᠢ ᠠᠪᠤᠷᠠᠬᠤ ᠲᠥᠬᠥᠭᠡᠷᠦᠮᠵᠢ ᠡᠮᠦᠰᠴᠦ ᠵᠡᠭᠦᠭᠰᠡᠨ ᠡᠰᠡᠬᠦ ᠵᠢ ᠪᠠᠢ᠌ᠴᠠᠭ᠋ᠠᠬᠤ ᠵᠢᠨ ᠬᠠᠮᠲᠤ ᠪᠦᠬᠦ ᠶᠠᠪᠤᠴᠠ᠎ᠳᠤ ᠳᠠᠭ᠋ᠠᠵᠤ᠂ ᠰᠠᠨᠠᠭ᠋ᠠᠨ᠎ᠳᠤ ᠦᠭᠡᠢ ᠡᠨᠳᠡᠯ ᠭᠠᠷᠬᠤ ᠵᠢ ᠰᠡᠷᠭᠡᠢ᠌ᠯᠡᠬᠦ ᠬᠡᠷᠡᠭᠲᠡᠢ᠃
      4. ᠦᠵᠡᠮᠵᠢ ᠵᠢᠨ ᠣᠷᠣᠨ ᠵᠶ᠋ᠠᠷ ᠵᠤᠭ᠋ᠠᠴᠠᠬᠤ᠎ᠳᠤ ᠭᠠᠯ ᠰᠡᠷᠭᠡᠶ᠋ᠢᠯᠡᠬᠦ ᠲᠣᠭᠲᠠᠭ᠋ᠠᠯ᠎ᠢ ᠵᠢᠷᠤᠮᠯᠠᠨ᠂ ᠲᠠᠮᠠᠬᠢ ᠲᠠᠲᠠᠬᠤ ᠦᠭᠡᠢ᠂ ᠢᠯᠡ ᠭᠠᠯ ᠬᠡᠷᠡᠭᠯᠡᠬᠦ ᠦᠭᠡᠢ᠂ ᠭᠠᠯ᠎ᠤᠨ ᠠᠶᠤᠯ ᠭᠠᠷᠬᠤ᠎ᠠᠴᠠ ᠵᠠᠢ᠌ᠯᠠᠰᠬᠢᠬᠤ ᠬᠡᠷᠡᠭᠲᠡᠢ;
      5. ᠨᠡᠭᠡᠭᠡᠨ ᠠᠰᠢᠭᠯᠠᠭ᠎ᠠ ᠣᠢ᠍ᠭᠡᠢ᠂ ᠨᠡᠶ᠋ᠢᠭᠡᠮ ᠨᠡᠶ᠋ᠢᠲᠡ᠎ᠳᠤ ᠬᠠᠨᠳᠤᠭᠤᠯᠤᠨ ᠨᠡᠭᠡᠭᠡ ᠣᠢ᠍ᠭᠡᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠬᠥᠮᠦᠨ ᠣᠢ᠍ᠭᠡᠢ ᠠᠷᠠᠯ᠂ ᠳᠠᠯᠠᠢ ᠵᠢᠨ ᠲᠠᠩ ᠵᠡᠷᠭᠡ ᠭᠠᠵᠠᠷ᠎ᠲᠤ ᠨᠠᠭ᠋ᠠᠳᠬᠤ ᠦᠭᠡᠢ᠂ ᠲᠠᠨᠢᠯ ᠪᠣᠰᠤ ᠪᠣᠢ᠌ᠳᠠ ᠪᠦᠭᠯᠡᠭᠦᠦ ᠵᠠᠮ ᠵᠶ᠋ᠠᠷ ᠶᠠᠪᠤᠵᠤ ᠦᠵᠡᠬᠦ ᠣᠢ᠍ᠭᠡᠢ;

      6. ᠴᠠᠭ᠋ᠠᠰᠤᠨ ᠰᠢᠪᠠᠭᠤ ᠲᠠᠯᠪᠢᠬᠤ᠎ᠳᠤ᠎ᠪᠠᠨ ᠠᠯᠢ ᠴᠢᠳᠠᠬᠤ᠎ᠪᠠᠷ ᠬᠥᠮᠦᠨ ᠴᠥᠭᠡᠨ ᠭᠠᠵᠠᠷ᠎ᠢ ᠰᠣᠩᠭᠣᠵᠤ᠂ ᠪᠠᠷᠢᠯᠭ᠎ᠠ᠂ ᠮᠣᠳᠣ᠂ ᠥᠨᠳᠥᠷ ᠬᠦᠴᠦᠳᠡᠯᠲᠦ ᠴᠠᠬᠢᠯᠭ᠋ᠠᠨ ᠤᠲᠠᠰᠤ᠂ ᠲᠡᠮᠦᠷ ᠵᠠᠮ᠎ᠤᠨ ᠬᠠᠵᠠᠭᠤ᠎ᠠᠴᠠ ᠬᠣᠯᠠ ᠪᠠᠢ᠌ᠬᠤ ᠬᠡᠷᠡᠭᠲᠡᠢ;

      7.  ᠭᠠᠳᠠᠭᠰᠢ ᠭᠠᠷᠬᠤ᠎ᠳᠤ᠎ᠪᠠᠨ ᠡᠪᠡᠰᠦ ᠮᠣᠳᠣ ᠴᠡᠴᠡᠭ ᠬᠤᠸᠠᠷ ᠢᠭ᠍ᠴᠢ ᠰᠠᠬᠤᠯᠢᠭ ᠭᠠᠵᠠᠷ᠎ᠠᠴᠠ ᠵᠠᠢ᠌ᠯᠠᠵᠤ᠂ ᠴᠡᠴᠡᠭ᠎ᠤᠨ ᠲᠣᠭᠣᠰᠣᠨ᠎ᠤ ᠤᠩᠭ᠋ᠠᠷᠢᠯ᠎ᠳᠤ ᠬᠠᠷᠰᠢᠬᠤ ᠪᠠ ᠬᠣᠷᠣᠬᠠᠢ᠎ᠳᠤ ᠬᠠᠵᠠᠭᠳᠠᠬᠤ᠎ᠠᠴᠠ ᠬᠢᠴᠢᠶᠡᠬᠦ ᠬᠡᠷᠡᠭᠲᠡᠢ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑤
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑥
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑦
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑧
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑨
 
             蒙ICP备05000248号