ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑩
ᠨᠡᠶ᠋ᠢᠲᠡᠯᠡᠭᠰᠡᠨ ᠴᠠᠭ᠄ 2024-04-29

      ᠪᠤᠰᠤᠳ ᠠᠮᠤᠷ ᠲᠦᠪᠰᠢᠨ
      1. ᠬᠡᠦᠬᠡᠳ ᠵᠶ᠋ᠡᠨ ᠪᠠᠷᠢᠯᠭ᠎ᠠ ᠵᠢᠨ ᠭᠠᠵᠠᠷ ᠵᠡᠷᠭᠡ ᠠᠶᠤᠯ᠎ᠲᠠᠢ ᠭᠠᠵᠠᠷ᠂ ᠲᠡᠷᠭᠡ ᠶᠠᠪᠤᠬᠤ ᠭᠣᠣᠯ ᠵᠠᠮ᠂ ᠬᠠᠶᠠᠭᠳᠠᠮᠠᠯ ᠪᠠᠷᠢᠯᠭ᠎ᠠ ᠵᠡᠷᠭᠡ ᠭᠠᠵᠠᠷ᠎ᠲᠤ ᠨᠠᠭ᠋ᠠᠳᠴᠤ ᠪᠣᠯᠬᠤ ᠦᠭᠡᠢ᠂ ᠣᠨᠴᠠᠭ᠋ᠠᠢ᠌ᠯᠠᠨ ᠪᠣᠷᠣᠭ᠋ᠠᠨ ᠣᠷᠣᠬᠤ ᠦᠶ᠎ᠡ᠎ᠳᠤ ᠡᠳᠡᠭᠡᠷ ᠭᠠᠵᠠᠷ᠎ᠲᠤ ᠣᠴᠢᠵᠤ ᠪᠣᠯᠬᠤ ᠦᠭᠡᠢ ᠭᠡᠵᠦ ᠰᠤᠷᠭ᠋ᠠᠬᠤ ᠬᠡᠷᠡᠭᠲᠡᠢ;
      2. ᠬᠡᠦᠬᠡᠳ᠎ᠲᠤ᠎ᠪᠠᠨ ᠰᠦᠯᠵᠢᠶᠡᠨ ᠪᠠᠭ᠋ᠠᠷ᠂ ᠠᠷᠢᠬᠢᠨ ᠮᠤᠬᠤᠯᠠᠭ᠂ ᠡᠯᠧᠺᠲᠷᠣᠨ ᠲᠣᠭᠯᠠᠭ᠋ᠠᠮ᠎ᠤᠨ ᠭᠠᠵᠠᠷ ᠵᠡᠷᠭᠡ ᠨᠠᠰᠤᠨ᠎ᠳᠤ ᠦᠯᠦ ᠬᠦᠷᠦᠭᠰᠡᠳ ᠣᠴᠢᠬᠤ᠎ᠳᠤ ᠵᠣᠬᠢᠰ ᠦᠭᠡᠢ ᠭᠠᠵᠠᠷ᠎ᠲᠤ ᠣᠴᠢᠵᠤ ᠲᠣᠭᠯᠠᠵᠤ ᠪᠣᠯᠬᠤ ᠦᠭᠡᠢ; ᠮᠠᠭᠤ ᠬᠥᠮᠦᠨ᠎ᠲᠠᠢ ᠶᠠᠪᠤᠯᠴᠠᠬᠤ ᠦᠭᠡᠢ᠂ ᠲᠠᠮᠠᠬᠢ ᠲᠠᠲᠠᠬᠤ ᠦᠭᠡᠢ᠂ ᠠᠷᠢᠬᠢ ᠤᠤᠭᠤᠬᠤ ᠦᠭᠡᠢ ᠮᠥᠷᠲᠡᠭᠡᠨ ᠵᠣᠳᠤᠭ᠋ᠠᠨ᠎ᠳᠤ ᠣᠷᠣᠯᠴᠠᠬᠤ ᠦᠭᠡᠢ ᠪᠤᠶᠤ ᠳᠣᠷᠤᠮᠵᠢᠯᠠᠯ᠎ᠤᠨ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ ᠭᠡᠵᠦ ᠰᠠᠨᠠᠭᠤᠯᠬᠤ ᠬᠡᠷᠡᠭᠲᠡᠢ ᠃
      3. ᠬᠡᠦᠬᠡᠳ᠎ᠲᠤ᠎ᠪᠠᠨ ᠭᠠᠳᠠᠭᠰᠢ ᠭᠠᠷᠬᠤ᠎ᠳᠤ᠎ᠪᠠᠨ ᠴᠠᠭ ᠢᠮᠠᠭᠲᠠ ᠭᠡᠷ᠎ᠤᠨ ᠠᠬᠠᠮᠠᠳ ᠎ᠲᠠᠢ᠎ᠪᠠᠨ ᠬᠠᠷᠢᠯᠴᠠᠵᠤ᠂ ᠴᠢᠳᠠᠬᠤ ᠵᠢᠨ ᠴᠢᠨᠡᠭᠡ᠎ᠪᠠᠷ ᠬᠠᠨᠢ ᠨᠥᠬᠦᠳ᠎ᠲᠠᠢ᠎ᠪᠠᠨ ᠭᠠᠷᠴᠤ᠂ ᠬᠥᠮᠦᠨ ᠣᠯᠠᠨ ᠠᠮᠤᠷ ᠲᠦᠪᠰᠢᠨ ᠭᠠᠵᠠᠷ᠎ᠢ᠎ᠢ ᠰᠣᠩᠭᠣᠵᠤ ᠶᠠᠪᠤᠨ᠎ᠠ᠂ ᠡᠷᠭᠢᠨ ᠲᠣᠭᠣᠷᠢᠨ᠎ᠤ ᠪᠠᠶ᠋ᠢᠳᠠᠯ᠎ᠢ ᠠᠵᠢᠭᠯᠠᠵᠤ᠂ ᠲᠠᠨᠢᠯ ᠪᠤᠰᠤ ᠬᠥᠮᠦᠨ᠎ᠲᠠᠢ ᠦᠭᠡ ᠶᠠᠷᠢᠵᠤ ᠪᠣᠯᠬᠤ ᠦᠭᠡᠢ᠂ ᠬᠡᠷᠪᠡ ᠬᠥᠮᠦᠨ ᠳᠠᠭ᠋ᠠᠬᠤ ᠪᠤᠶᠤ ᠵᠢᠭᠤᠷᠠᠯᠳᠤᠪᠠᠯ᠂ ᠠᠯᠢ ᠲᠦᠷᠭᠡᠨ ᠵᠶ᠋ᠠᠷ ᠠᠭᠤᠳᠠᠮ ᠲᠠᠯᠠᠪᠠᠢ ᠪᠤᠶᠤ ᠬᠥᠮᠦᠨ ᠣᠯᠠᠨ ᠭᠠᠵᠠᠷ᠎ᠲᠤ ᠣᠶ᠋ᠢᠷᠠᠳᠴᠤ᠂ ᠴᠢᠬᠤᠯᠠ᠎ᠲᠠᠢ ᠦᠶ᠎ᠡ᠎ᠳᠤ ᠬᠥᠮᠦᠨ ᠳᠠᠭᠤᠳᠠᠨ᠎ᠠ; ᠳᠣᠣᠷ᠎ᠠ ᠣᠨ᠎ᠤ ᠬᠡᠦᠬᠡᠳ ᠭᠠᠳᠠᠭᠰᠢ ᠭᠠᠷᠬᠤ ᠦᠶ᠎ᠡ᠎ᠳᠤ ᠭᠡᠷ᠎ᠤᠨ ᠠᠬᠠᠮᠠᠳ ᠵᠠᠪᠠᠯ ᠪᠡᠶ᠎ᠡ᠎ᠪᠠᠷ ᠵᠶ᠋ᠠᠨ ᠲᠣᠰᠴᠤ ᠬᠦᠷᠭᠡᠬᠦ ᠬᠡᠷᠡᠭᠲᠡᠢ ᠭᠡᠵᠦ ᠰᠠᠨᠠᠭᠤᠯᠤᠨ᠎ᠠ᠃

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠰᠣᠩᠭᠣᠳᠠᠭ ᠵᠣᠬᠢᠶᠠᠯ᠎ᠢ ᠣᠩᠰᠢᠵᠤ ᠪᠢᠴᠢᠵᠦ ᠲᠠᠢ᠌ᠯᠪᠤᠷᠢᠯᠠᠬᠤ ᠤᠷᠤᠯᠳᠤᠭ᠋ᠠᠨ᠎ᠤ ᠮᠡᠳᠡᠭᠳᠡᠯ
ᠥᠪᠥᠷ ᠮᠣᠩᠭᠣᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠢᠯᠭ᠋ᠠᠭᠤᠯᠤᠭᠰᠠᠳ᠎ᠤᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ ᠠᠷᠭ᠎ᠠ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠤᠷᠤᠭᠴᠢ ᠡᠯᠰᠡᠬᠦ ᠬᠠᠮᠤᠭ᠎ᠤᠨ ᠳᠣᠣᠷ᠎ᠠ ᠬᠢᠵᠠᠭ᠋ᠠᠷ ᠬᠤᠪᠢ
2024 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠱᠠᠩᠨᠠᠯ ᠭᠦᠷᠲᠡᠭᠰᠡᠨ 《ᠠᠷᠪᠠᠨ ᠰᠢᠯᠢᠳᠡᠭ ᠰᠤᠷᠭ᠋ᠠᠭᠤᠯᠢ ᠵᠢᠨ ᠬᠦᠷᠢᠶᠡᠨ᠎ᠤ ᠳᠠᠭᠤᠴᠢᠨ》᠎ᠤ ᠨᠡᠷᠡᠰ
《ᠪᠢᠳᠡ ᠪᠣᠯ ᠳᠤᠮᠳᠠᠳᠤ ᠵᠢᠨ ᠪᠠᠭ᠋ᠠᠴᠤᠤᠯ · ᠡᠬᠡ ᠤᠯᠤᠰ ᠵᠶ᠋ᠠᠨ ᠮᠠᠭᠲᠠᠨ ᠳᠠᠭᠤᠯᠠᠨᠠᠮ》 ᠭᠡᠬᠦ 《ᠳᠣᠯᠣᠭ᠋ᠠᠨ ᠰᠠᠷ᠎ᠠ ᠵᠢᠨ ᠨᠢᠭᠡᠨ》᠎ᠢ ᠤᠭᠲᠤᠬᠤ ᠪᠠᠭ᠋ᠠᠴᠤᠳ ᠬᠡᠦᠬᠡᠳ᠎ᠤᠨ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ᠎ᠤᠨ ᠦᠵᠡᠰᠬᠦᠯᠡᠩ ᠤᠳᠠᠯ ᠦᠭᠡᠢ ᠶᠠᠪᠤᠭᠳᠠᠬᠤ᠎ᠪᠠᠷ ᠪᠣᠢ
 
             蒙ICP备05000248号