ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ②
ᠨᠡᠶ᠋ᠢᠲᠡᠯᠡᠭᠰᠡᠨ ᠴᠠᠭ᠄ 2024-04-29

      ᠵᠠᠮ ᠬᠠᠷᠢᠯᠴᠠᠭ᠋ᠠᠨ᠎ᠤ ᠠᠮᠤᠷ ᠲᠦᠪᠰᠢᠨ
      1. ᠬᠡᠦᠬᠡᠳ᠎ᠢ ᠵᠠᠮ ᠬᠠᠷᠢᠯᠴᠠᠭ᠋ᠠᠨ᠎ᠤ ᠳᠦᠷᠢᠮ᠎ᠢ ᠴᠢᠩᠭ᠎ᠠ ᠵᠢᠷᠤᠮᠯᠠᠬᠤ᠎ᠪᠠᠷ ᠬᠥᠮᠥᠵᠢᠭᠦᠯᠵᠦ᠂ ᠵᠠᠮ ᠶᠠᠪᠤᠬᠤ᠎ᠳᠤ᠎ᠪᠠᠨ ᠶᠠᠪᠠᠭ᠋ᠠᠨ ᠬᠥᠮᠦᠨ᠎ᠤ ᠵᠠᠮ ᠵᠶ᠋ᠠᠷ  ᠶᠠᠪᠤᠵᠤ᠂ ᠵᠠᠮ ᠣᠭᠲᠤᠯᠬᠤ᠎ᠳᠤ ᠎ᠪᠠᠨ ᠡᠷᠢᠶᠡᠨ ᠵᠢᠷᠤᠭ᠋ᠠᠰᠤ᠎ᠪᠠᠷ ᠶᠠᠪᠤᠬᠤ ᠵᠢᠨ ᠬᠠᠮᠲᠤ ᠵᠡᠭᠦᠨᠰᠢ ᠪᠠᠷᠠᠭᠤᠨᠰᠢ ᠠᠵᠢᠭᠯᠠᠵᠤ᠂ ᠠᠮᠤᠷ ᠲᠦᠪᠰᠢᠨ᠎ᠢ ᠨᠣᠲᠠᠯᠠᠭᠰᠠᠨ᠎ᠤ ᠳᠠᠷᠠᠭ᠎ᠠ ᠰᠠᠶᠢ ᠥᠩᠭᠡᠷᠡᠨ᠎ᠡ᠃ ᠵᠠᠰᠠᠮᠠᠯ ᠵᠠᠮ ᠳᠡᠭᠡᠷ᠎ᠡ ᠨᠠᠭ᠋ᠠᠳᠬᠤ ᠦᠭᠡᠢ᠂ ᠤᠯᠠᠭ᠋ᠠᠨ ᠳ᠋ᠧᠩ᠎ᠢ ᠬᠡᠲᠦᠯᠬᠦ ᠦᠭᠡᠢ᠂ ᠵᠠᠮ ᠬᠠᠷᠢᠯᠴᠠᠭ᠋ᠠᠨ᠎ᠤ ᠲᠤᠰᠠᠭ᠋ᠠᠷᠯᠠᠬᠤ ᠬᠡᠷᠡᠰᠬᠡ ᠵᠢ ᠳᠠᠪᠠᠬᠤ ᠦᠭᠡᠢ᠃
      2. ᠪᠦᠬᠦᠯᠢ 12 ᠨᠠᠰᠤ ᠬᠦᠷᠦᠭᠡ ᠦᠭᠡᠢ ᠪᠣᠯ ᠳᠤᠭᠤᠢ ᠲᠡᠷᠭᠡ ᠤᠨᠤᠵᠤ ᠪᠣᠯᠬᠤ ᠦᠭᠡᠢ᠂ ᠪᠦᠬᠦᠯᠢ 16 ᠨᠠᠰᠤ ᠬᠦᠷᠦᠭᠡ ᠦᠭᠡᠢ ᠪᠣᠯ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠤᠨᠤᠵᠤ ᠪᠣᠯᠬᠤ ᠦᠭᠡᠢ᠂ ᠵᠠᠮ ᠳᠡᠭᠡᠷ᠎ᠡ ᠭᠠᠷᠴᠤ ᠭᠤᠯᠭᠤᠭᠤᠷ᠂ ᠱᠠᠯᠠᠨ ᠲᠠᠰᠢᠯᠲᠠ ᠵᠢᠨ ᠭᠤᠲᠤᠯ ᠵᠡᠷᠭᠡ ᠭᠤᠯᠭᠤᠬᠤ ᠪᠠᠭ᠋ᠠᠵᠢ᠎ᠪᠠᠷ ᠨᠠᠭ᠋ᠠᠳᠴᠤ ᠪᠣᠯᠬᠤ ᠦᠭᠡᠢ᠃
      3. ᠬᠡᠦᠬᠡᠳ᠎ᠢ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ᠂ ᠲᠤᠬᠠᠢ᠌ᠯᠠᠪᠠᠯ ᠭᠠᠵᠠᠷ ᠳᠣᠣᠷᠠᠬᠢ ᠲᠡᠮᠦᠷ ᠵᠠᠮ᠂ ᠨᠡᠶ᠋ᠢᠲᠡ ᠵᠢᠨ ᠮᠠᠰᠢᠨ ᠲᠡᠷᠭᠡ᠂  ᠠᠶᠠᠨᠴᠢᠳ᠎ᠤᠨ ᠮᠠᠰᠢᠨ ᠲᠡᠷᠭᠡᠨ᠎ᠳᠤ ᠰᠠᠭᠤᠬᠤ᠎ᠳᠤ᠎ᠪᠠᠨ ᠲᠡᠷᠭᠡᠨ᠎ᠳᠤ ᠰᠠᠭᠤᠬᠤ ᠳᠦᠷᠢᠮᠵᠢᠯ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠲᠡᠷᠭᠡ ᠵᠣᠭᠰᠣᠭᠰᠠᠨ᠎ᠤ ᠳᠠᠷᠠᠭ᠎ᠠ᠂ ᠡᠮᠬᠢ ᠵᠢᠷᠤᠮ᠎ᠲᠠᠢ ᠲᠡᠷᠭᠡᠨ᠎ᠳᠤ ᠭᠠᠷᠬᠤ ᠬᠡᠷᠡᠭᠲᠡᠢ; ᠲᠡᠷᠭᠡᠨ ᠎ᠳᠤ ᠭᠠᠷᠤᠭᠰᠠᠨ᠎ᠤ ᠳᠠᠷᠠᠭ᠎ᠠ ᠯᠠᠪᠳᠠᠭᠤᠨ ᠰᠠᠭᠤᠵᠤ᠂ ᠲᠡᠷᠭᠡᠨ ᠳᠡᠭᠡᠷ᠎ᠡ ᠢᠳᠡᠵᠦ ᠤᠤᠭᠤᠬᠤ ᠦᠭᠡᠢ; ᠫᠠᠶ᠋ᠢᠰᠠ ᠦᠭᠡᠢ ᠪᠤᠶᠤ ᠦᠨᠡᠮᠯᠡᠯ ᠦᠭᠡᠢ ᠲᠡᠷᠭᠡᠨ᠎ᠳᠤ ᠰᠠᠭᠤᠬᠤ ᠦᠭᠡᠢ᠂ ᠬᠥᠮᠦᠨ ᠎ᠤ ᠲᠣᠭ᠎ᠠ ᠬᠡᠲᠦᠷᠡᠭᠰᠡᠨ ᠪᠤᠶᠤ ᠳᠠᠭ᠋ᠠᠭ᠋ᠠᠴᠠ ᠬᠡᠲᠦᠷᠡᠭᠰᠡᠨ ᠲᠡᠷᠭᠡᠨ᠎ᠳᠤ ᠰᠠᠭᠤᠬᠤ ᠦᠭᠡᠢ ᠭᠡᠵᠦ ᠰᠤᠷᠭ᠋ᠠᠬᠤ ᠬᠡᠷᠡᠭᠲᠡᠢ᠃
      4. ᠬᠡᠦᠬᠡᠳ᠎ᠲᠤ ᠮᠠᠰᠢᠨ ᠲᠡᠷᠭᠡᠨ᠎ᠤ ᠪᠠᠯᠠᠢ ᠣᠷᠣᠨ᠎ᠢ ᠰᠡᠷᠡᠮᠵᠢᠯᠡᠭᠦᠯᠵᠦ᠂ ᠵᠣᠭᠰᠤᠵᠤ ᠪᠠᠢ᠌ᠭ᠎ᠠ ᠮᠠᠰᠢᠨ ᠲᠡᠷᠭᠡ ᠴᠤ᠌ ᠠᠶᠤᠯ᠎ᠲᠠᠢ ᠭᠡᠳᠡᠭ᠎ᠢ ᠰᠠᠨᠠᠭᠤᠯᠤᠨ᠂ 《ᠭᠤᠷᠪᠠᠨ ᠦᠭᠡᠢ》 ᠵᠢ ᠪᠠᠲᠤ ᠴᠡᠭᠡᠵᠢᠯᠡᠭᠦᠯᠦᠨ᠎ᠡ᠄ ᠲᠡᠷᠭᠡᠨ᠎ᠤ ᠡᠮᠦᠨᠡᠭᠦᠷ ᠬᠦᠶᠦᠬᠦ ᠦᠭᠡᠢ᠂ ᠲᠡᠷᠭᠡᠨ᠎ᠤ ᠬᠣᠢ᠌ᠨ᠎ᠠ ᠦᠯᠡᠳᠡᠬᠦ ᠦᠭᠡᠢ᠂ ᠲᠡᠷᠭᠡᠨ᠎ᠤ ᠬᠠᠵᠠᠭᠤ᠎ᠳᠤ ᠵᠣᠭᠰᠤᠬᠤ           ᠦᠭᠡᠢ; ᠭᠡᠷ᠎ᠤᠨ ᠡᠭᠦᠳᠡ᠂ ᠰᠠᠭᠤᠭ᠋ᠠᠯᠢ ᠠᠷᠠᠳ᠎ᠤᠨ ᠲᠣᠭᠣᠷᠢᠭ᠎ᠲᠤ ᠴᠤ᠌ ᠰᠡᠷᠡᠮᠵᠢ᠎ᠲᠠᠢ ᠪᠠᠢ᠌ᠬᠤ ᠭᠡᠷᠡᠭᠲᠡᠢ᠃
      5. ᠲᠡᠷᠭᠡ ᠵᠢᠯᠣᠭᠣᠳᠴᠤ ᠭᠠᠳᠠᠭᠰᠢ ᠭᠠᠷᠬᠤ᠎ᠳᠤ᠎ᠪᠠᠨ ᠲᠡᠷᠭᠡ᠎ᠪᠠᠨ ᠤᠷᠢᠳᠴᠢᠯᠠᠨ ᠪᠠᠶ᠋ᠢᠴᠠᠭ᠋ᠠᠨ ᠵᠠᠰᠠᠭᠤᠯᠵᠤ᠂ ᠲᠡᠷᠭᠡ ᠪᠥᠲᠦᠨ ᠰᠠᠢ᠌ᠨ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ; ᠬᠡᠦᠬᠡᠳ᠎ᠢ ᠵᠢᠯᠣᠭᠣᠴᠢ ᠵᠢᠨ ᠬᠠᠵᠠᠭᠤᠳᠠᠬᠢ ᠰᠠᠭᠤᠳᠠᠯ᠎ᠳᠤ ᠰᠠᠭᠤᠯᠭ᠋ᠠᠬᠤ ᠦᠭᠡᠢ᠂ 4 ᠨᠠᠰᠤᠨ᠎ᠠᠴᠠ ᠳᠣᠷᠣᠭᠰᠢᠬᠢ ᠬᠡᠦᠬᠡᠳ᠎ᠢ ᠠᠮᠤᠷ ᠲᠦᠪᠰᠢᠨ᠎ᠤ ᠰᠠᠭᠤᠳᠠᠯ᠎ᠳᠤ ᠰᠠᠭᠤᠯᠭ᠋ᠠᠬᠤ ᠬᠡᠷᠡᠭᠲᠡᠢ; ᠭᠡᠷ᠎ᠤᠨ ᠠᠬᠠᠮᠠᠳ ᠲᠡᠷᠭᠡ ᠪᠠᠷᠢᠬᠤ᠎ᠳᠤ᠎ᠪᠠᠨ ᠠᠮᠤᠷ ᠲᠦᠪᠰᠢᠨ᠎ᠤ ᠪᠦᠰᠡ᠎ᠪᠠᠨ ᠪᠦᠰᠡᠯᠡᠵᠦ᠂ ᠭᠠᠷ ᠤᠲᠠᠰᠤ᠎ᠪᠠᠨ ᠦᠵᠡᠬᠦ ᠦᠭᠡᠢ᠂ ᠠᠷᠢᠬᠢ ᠤᠤᠭᠤᠭ᠋ᠠᠳ ᠲᠡᠷᠭᠡ ᠵᠢᠯᠣᠭᠣᠳᠬᠤ ᠦᠭᠡᠢ᠂ ᠶᠠᠳᠠᠷᠠᠭᠰᠠᠨ ᠪᠠᠢ᠌ᠳᠠᠯ᠎ᠳᠤ ᠲᠡᠷᠭᠡ ᠵᠢᠯᠣᠭᠣᠳᠬᠤ ᠦᠭᠡᠢ᠂ ᠠᠮᠤᠷ ᠲᠦᠪᠰᠢᠨ ᠭᠠᠳᠠᠭᠰᠢ ᠭᠠᠷᠬᠤ  ᠵᠢ ᠪᠠᠲᠤᠯᠠᠬᠤ ᠬᠡᠷᠡᠭᠲᠡᠢ᠃

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠪᠥᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ③
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ④
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑤
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑥
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑦
 
             蒙ICP备05000248号