ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑦
ᠨᠡᠶ᠋ᠢᠲᠡᠯᠡᠭᠰᠡᠨ ᠴᠠᠭ᠄ 2024-04-29

      ᠰᠦᠯᠵᠢᠶᠡᠨ᠎ᠤ ᠠᠮᠤᠷ ᠲᠦᠪᠰᠢᠨ
      1. ᠬᠡᠦᠬᠡᠳ ᠰᠦᠯᠵᠢᠶᠡᠨ᠎ᠳᠤ ᠰᠢᠨᠤᠬᠤ ᠵᠢ ᠰᠡᠷᠭᠡᠶ᠋ᠢᠯᠡᠬᠦ ᠵᠢᠨ ᠲᠥᠯᠥᠭᠡ᠂ ᠭᠡᠷ᠎ᠤᠨ ᠠᠬᠠᠮᠠᠳ ᠬᠡᠦᠬᠡᠳ᠎ᠤᠨ ᠵᠶ᠋ᠠᠨ ᠡᠳᠦᠷ ᠪᠦᠷᠢ ᠰᠦᠯᠵᠢᠶᠡᠨ᠎ᠳᠤ ᠭᠠᠷᠬᠤ ᠴᠠᠭ᠎ᠤᠨ ᠤᠷᠲᠤ ᠵᠢ ᠲᠣᠭᠲᠠᠭ᠋ᠠᠵᠤ᠂ ᠭᠠᠷ ᠤᠲᠠᠰᠤ᠂ ᠺᠣᠮᠫᠢᠦ᠋ᠲ᠋ᠧᠷ ᠵᠡᠷᠭᠡ ᠡᠯᠧᠺᠲᠷᠣᠨ ᠪᠦᠲᠦᠭᠡᠭᠳᠡᠬᠦᠨ᠎ᠢ ᠬᠡᠷᠡᠭᠯᠡᠬᠦ ᠴᠠᠭ᠎ᠢ ᠵᠣᠬᠢᠰᠲᠠᠢ ᠲᠣᠬᠢᠷᠠᠭᠤᠯᠤᠨ᠂ ᠬᠡᠦᠬᠡᠳ᠎ᠢ ᠬᠠᠪᠰᠤᠷᠤᠨ ᠵᠥᠪ ᠬᠡᠷᠡᠭᠯᠡᠭᠡᠨ᠎ᠤ ᠦᠵᠡᠯᠲᠡ ᠪᠠ ᠠᠵᠢᠯᠯᠠᠭ᠋ᠠᠨ᠎ᠤ ᠳᠠᠳᠬᠠᠯ ᠎ᠲᠠᠢ ᠪᠣᠯᠭ᠋ᠠᠨ᠂ ᠬᠡᠦᠬᠡᠳ᠎ᠤᠨ ᠵᠶ᠋ᠠᠨ ᠲᠣᠭᠯᠠᠭ᠋ᠠᠮ᠎ᠳᠤ ᠳᠠᠩᠰᠠᠯᠠᠭᠤᠯᠵᠤ ᠵᠣᠭᠣᠰ  ᠳᠤᠰᠢᠶᠠᠵᠤ ᠪᠠᠢ᠌ᠬᠤ ᠵᠡᠷᠭᠡ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠡᠵᠡᠮᠰᠢᠵᠦ᠂ ᠬᠡᠦᠬᠡᠳ᠎ᠤᠨ ᠵᠶ᠋ᠠᠨ ᠭᠣᠣᠯ ᠨᠡᠪᠲᠡᠷᠡᠭᠦᠯᠦᠭᠴᠢ ᠵᠢ ᠱᠠᠩᠨᠠᠬᠤ᠂ ᠲᠣᠭᠯᠠᠭ᠋ᠠᠮ᠎ᠲᠤ ᠵᠣᠭᠣᠰ ᠨᠡᠮᠡᠬᠦ ᠵᠡᠷᠭᠡ ᠠᠵᠢᠯᠯᠠᠭ᠎ᠠ ᠵᠢ ᠰᠡᠷᠭᠡᠢ᠌ᠯᠡᠨ᠎ᠡ;
      2. ᠬᠡᠦᠬᠡᠳ᠎ᠲᠤ᠎ᠪᠠᠨ ᠰᠦᠯᠵᠢᠶ᠎ᠡ ᠵᠢ ᠵᠥᠪ ᠬᠡᠷᠡᠭᠯᠡᠵᠦ᠂ ᠰᠦᠯᠵᠢᠶᠡᠨ᠎ᠳᠤ ᠬᠤᠳᠠᠯ ᠬᠠᠭᠤᠷᠮᠠᠭ ᠮᠡᠳᠡᠭᠡ ᠵᠠᠩᠭᠢ ᠵᠢ ᠨᠡᠢ᠌ᠲᠡᠯᠡᠬᠦ ᠪᠤᠶᠤ  ᠳᠠᠮᠵᠢᠭᠤᠯᠵᠤ ᠪᠣᠯᠬᠤ ᠦᠭᠡᠢ; ᠡᠷᠡᠭᠦᠯ ᠪᠤᠰᠤ ᠰᠦᠯᠵᠢᠶ᠎ᠡ ᠵᠢ ᠦᠵᠡᠬᠦ ᠦᠭᠡᠢ᠂ ᠲᠠᠨᠢᠯ ᠪᠤᠰᠤ ᠰᠦᠯᠵᠢᠶᠡᠨ᠎ᠳᠤ ᠳᠤᠷ᠎ᠠ᠎ᠪᠠᠷ ᠵᠶ᠋ᠠᠨ ᠳᠠᠩᠰᠠᠯᠠᠭᠤᠯᠬᠤ ᠦᠭᠡᠢ ᠭᠡᠵᠦ ᠰᠤᠷᠭ᠋ᠠᠨ᠎ᠠ;
      3. ᠣᠳᠣᠬᠠᠨ᠎ᠳᠤ ᠰᠦᠯᠵᠢᠶᠡᠨ᠎ᠤ ᠮᠡᠬᠡᠯᠡᠯ ᠳᠠᠬᠢᠨ ᠳᠠᠪᠲᠠᠨ ᠡᠭᠦᠰᠴᠦ ᠪᠠᠶ᠋ᠢᠨ᠎ᠠ᠂ ᠭᠡᠷ ᠎ᠤᠨ ᠠᠬᠠᠮᠠᠳ ᠬᠡᠦᠬᠡᠳ᠎ᠤᠨ ᠵᠶ᠋ᠠᠨ ᠰᠦᠯᠵᠢᠶᠡᠨ᠎ᠳᠤ ᠭᠠᠷᠬᠤ ᠶᠠᠪᠤᠴᠠ ᠵᠢ ᠨᠢᠭᠲᠠ ᠠᠩᠬᠠᠷᠴᠤ᠂ ᠬᠡᠦᠬᠡᠳ᠎ᠲᠤ᠎ᠪᠠᠨ ᠴᠢᠬᠤᠯᠠ ᠪᠦᠬᠦᠢ ᠰᠦᠯᠵᠢᠶᠡᠨ᠎ᠤ ᠠᠮᠤᠷ ᠲᠦᠪᠰᠢᠨ᠎ᠤ ᠮᠡᠳᠡᠯᠭᠡ ᠵᠢ ᠵᠢᠭ᠋ᠠᠵᠤ ᠥᠭᠭᠦᠨ᠂ ᠬᠡᠦᠬᠡᠳ᠎ᠲᠤ 《ᠭᠤᠷᠪᠠᠨ ᠪᠣᠯᠬᠤ ᠦᠭᠡᠢ ᠨᠢᠭᠡ ᠢᠯᠡᠭᠦᠦ》᠎ᠢ ᠪᠠᠲᠤ ᠴᠡᠭᠡᠵᠢᠯᠡᠭᠦᠯᠦᠨ᠎ᠡ᠂ ᠲᠤᠬᠠᠶ᠋ᠢᠯᠠᠪᠠᠯ᠂ ᠦᠯᠦ ᠮᠡᠳᠡᠬᠦ ᠬᠣᠯᠪᠤᠭ᠋ᠠᠰᠤ ᠵᠢ ᠳᠠᠷᠤᠵᠤ ᠪᠣᠯᠬᠤ ᠦᠭᠡᠢ᠂ ᠲᠠᠨᠢᠯ ᠪᠤᠰᠤ ᠤᠲᠠᠰᠤ ᠵᠢ ᠢᠲᠡᠭᠡᠵᠦ ᠪᠣᠯᠬᠤ ᠦᠭᠡᠢ᠂ ᠬᠤᠪᠢ ᠬᠥᠮᠦᠨ᠎ᠤ ᠮᠡᠳᠡᠭᠡ ᠵᠠᠩᠭᠢ᠎ᠪᠠᠨ ᠵᠠᠳᠠᠷᠠᠭᠤᠯᠵᠤ ᠪᠣᠯᠬᠤ ᠦᠭᠡᠢ᠂  ᠪᠣᠰᠤᠳ᠎ᠤᠨ ᠳᠠᠩᠰᠠᠨ᠎ᠳᠤ ᠵᠣᠭᠣᠰ ᠰᠢᠯᠵᠢᠭᠦᠯᠬᠦ᠎ᠳᠤ᠎ᠪᠠᠨ ᠢᠯᠡᠭᠦᠦ ᠬᠢᠨᠠᠨ ᠪᠠᠢ᠌ᠴᠠᠭ᠋ᠠᠨ᠎ᠠ;
      4. ᠴᠠᠭᠳᠠᠭ᠎ᠠ ᠪᠤᠶᠤ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠴᠠᠭ᠋ᠠᠬᠤ ᠰᠢᠭᠦᠬᠦ ᠠᠵᠢᠯᠲᠠᠨ ᠵᠶ᠋ᠠᠷ ᠬᠠᠭᠤᠷᠮᠠᠭᠯᠠᠬᠤ᠂ ᠰᠦᠯᠵᠢᠶᠡᠨ᠎ᠳᠤ ᠬᠠᠭᠤᠷᠮᠠᠭ ᠠᠷᠠᠯᠵᠢᠶ᠎ᠠ ᠬᠢᠬᠦ᠂ ᠲᠣᠭᠯᠠᠭ᠋ᠠᠮ ᠵᠶ᠋ᠠᠷ ᠠᠰᠢᠭ ᠣᠯᠬᠤ᠂ ᠲᠥᠯᠦᠪᠦᠷᠢ ᠦᠭᠡᠢ ᠭᠠᠷ ᠤᠲᠠᠰᠤ ᠠᠪᠬᠤ᠂ ᠤᠯᠠᠭ᠋ᠠᠨ ᠪᠠᠭᠯᠠᠭ᠎ᠠ ᠠᠪᠬᠤ᠂ ᠰᠦᠯᠵᠢᠶᠡᠨ᠎ᠳᠤ ᠬᠤᠳᠠᠯᠳᠤᠨ ᠠᠪᠬᠤ ᠪᠤᠶᠤ ᠪᠠᠷᠠᠭ᠎ᠠ ᠪᠤᠴᠠᠭ᠋ᠠᠬᠤ᠂ ᠰᠢᠤᠳᠠᠨ᠎ᠤ ᠵᠦᠢ᠍ᠯ᠎ᠢ ᠭᠡᠭᠡᠬᠦ᠂ ᠡᠯ᠎ᠡ ᠲᠥᠷᠥᠯ᠎ᠤᠨ ᠮᠥᠩᠭᠥᠨ ᠭᠦᠢ᠍ᠯᠭᠡᠭᠡᠨ᠎ᠤ ᠲᠠᠩᠰᠠᠨ ᠨᠣᠮᠧᠷ᠎ᠢ ᠬᠠᠭ᠋ᠠᠬᠤ ᠵᠡᠷᠭᠡ ᠬᠡᠯᠪᠡᠷᠢ ᠵᠢᠨ ᠮᠡᠬᠡᠯᠡᠯ᠎ᠢ ᠰᠡᠷᠭᠡᠶ᠋ᠢᠯᠡᠬᠦ ᠵᠢ ᠣᠨᠴᠠᠭ᠋ᠠᠶ᠋ᠢᠯᠠᠨ ᠠᠩᠬᠠᠷᠬᠤ ᠬᠡᠷᠡᠭᠲᠡᠢ᠃ ᠲᠠᠨᠢᠯ ᠪᠤᠰᠤ ᠬᠥᠮᠦᠨ᠎ᠲᠠᠢ ᠬᠠᠷᠢᠯᠴᠠᠬᠤ ᠦᠶ᠎ᠡ᠎ᠳᠤ ᠰᠣᠨᠣᠷ ᠰᠡᠷᠡᠮᠵᠢ᠎ᠪᠠᠨ ᠳᠡᠭᠡᠭᠰᠢᠯᠡᠭᠦᠯᠵᠦ᠂ ᠮᠡᠬᠡᠯᠡᠭᠳᠡᠬᠦ᠎ᠠᠴᠠ  ᠰᠡᠷᠭᠡᠢ᠌ᠯᠡᠨ᠎ᠡ;
      5.  ᠬᠡᠦᠬᠡᠳ ᠵᠶ᠋ᠠᠨ ᠰᠦᠯᠵᠢᠶᠡᠨ᠎ᠳᠤ ᠨᠠᠢ᠌ᠵᠠᠯᠠᠵᠤ ᠪᠣᠯᠬᠤ ᠦᠭᠡᠢ᠂ ᠲᠠᠨᠢᠯ ᠪᠤᠰᠤ ᠬᠥᠮᠦᠨ᠎ᠤ ᠬᠠᠷᠢᠯᠴᠠᠬᠤ ᠠᠷᠭ᠎ᠠ ᠮᠠᠶᠢᠭ᠎ᠢ ᠠᠪᠴᠤ ᠪᠣᠯᠬᠤ ᠦᠭᠡᠢ᠂ ᠨᠡᠩ ᠴᠤ᠌ ᠰᠦᠯᠵᠢᠶᠡᠨ ᠠᠨᠳᠠ᠎ᠲᠠᠢ ᠳᠠᠯᠳᠠᠭᠤᠷ ᠠᠭᠤᠯᠵᠠᠵᠤ ᠪᠣᠯᠬᠤ ᠦᠭᠡᠢ ᠭᠡᠵᠦ ᠰᠤᠷᠭ᠋ᠠᠨ᠎ᠠ᠃

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑧
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑨
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑩
ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠰᠣᠩᠭᠣᠳᠠᠭ ᠵᠣᠬᠢᠶᠠᠯ᠎ᠢ ᠣᠩᠰᠢᠵᠤ ᠪᠢᠴᠢᠵᠦ ᠲᠠᠢ᠌ᠯᠪᠤᠷᠢᠯᠠᠬᠤ ᠤᠷᠤᠯᠳᠤᠭ᠋ᠠᠨ᠎ᠤ ᠮᠡᠳᠡᠭᠳᠡᠯ
ᠥᠪᠥᠷ ᠮᠣᠩᠭᠣᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠢᠯᠭ᠋ᠠᠭᠤᠯᠤᠭᠰᠠᠳ᠎ᠤᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ ᠠᠷᠭ᠎ᠠ
 
             蒙ICP备05000248号