ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑥
ᠨᠡᠶ᠋ᠢᠲᠡᠯᠡᠭᠰᠡᠨ ᠴᠠᠭ᠄ 2024-04-29

       ᠭᠠᠯ ᠰᠡᠷᠭᠡᠶ᠋ᠢᠯᠡᠬᠦ ᠠᠮᠤᠷ ᠲᠦᠪᠰᠢᠨ
      1. ᠬᠡᠦᠬᠡᠳ᠎ᠲᠤ ᠭᠠᠯ᠎ᠤᠨ ᠠᠶᠤᠯ᠎ᠤᠨ ᠳᠠᠯᠳᠠ ᠭᠡᠮ᠎ᠢ ᠲᠣᠳᠣᠷᠬᠠᠢ ᠶᠠᠷᠢᠵᠤ᠂ ᠬᠡᠦᠬᠡᠳ ᠵᠶ᠋ᠠᠨ ᠭᠠᠯ ᠵᠶ᠋ᠡᠷ ᠨᠠᠭ᠋ᠠᠳᠴᠤ ᠪᠣᠯᠬᠤ ᠦᠭᠡᠢ᠂ ᠭᠡᠷ᠎ᠲᠤ᠎ᠪᠠᠨ  ᠭᠠᠭᠴᠠᠭ᠋ᠠᠷ ᠵᠶ᠋ᠠᠨ ᠪᠠᠢ᠌ᠬᠤ᠎ᠳᠤ ᠎ᠪᠠᠨ ᠴᠦᠳᠡᠩ᠂ ᠨᠣᠴᠣᠭ᠋ᠠᠭᠤᠷ ᠵᠡᠷᠭᠡ ᠪᠣᠳᠠᠰ᠎ᠲᠠᠢ ᠣᠢ᠌ᠷᠠᠳᠴᠤ ᠪᠣᠯᠬᠤ ᠦᠭᠡᠢ ᠭᠡᠵᠦ ᠰᠤᠷᠭ᠋ᠠᠨ᠎ᠠ;
      2. ᠴᠠᠬᠢᠯᠭ᠋ᠠᠨ ᠬᠥᠳᠡᠯᠭᠡᠭᠦᠷᠲᠦ ᠲᠡᠷᠭᠡᠨ᠎ᠤ ᠭᠠᠯ᠎ᠤᠨ ᠠᠶᠤᠯ᠎ᠢ ᠴᠢᠩᠭ᠎ᠠ ᠰᠡᠷᠭᠡᠶ᠋ᠢᠯᠡᠵᠦ᠂ ᠭᠡᠷ᠎ᠤᠨ ᠠᠬᠠᠮᠠᠳ ᠣᠯᠠᠨ ᠨᠡᠶ᠋ᠢᠲᠡ ᠵᠢᠨ ᠡᠭᠦᠳᠡᠨ ᠲᠢᠩᠬᠢᠮ᠂  ᠵᠠᠢ᠌ᠯᠠᠭᠤᠯᠤᠨ ᠲᠠᠷᠬᠠᠭ᠋ᠠᠬᠤ ᠵᠠᠮ᠂ ᠠᠰᠠᠷ᠎ᠤᠨ ᠱᠠᠲᠤᠨ᠎ᠤ ᠬᠣᠭᠣᠷᠤᠨᠳᠤ᠂ ᠳᠡᠭᠦᠵᠢᠯᠡᠭᠦᠷ ᠳᠠᠪᠬᠤᠷᠭ᠎ᠠ᠂ ᠠᠮᠤᠷ ᠲᠦᠪᠰᠢᠨ ᠭᠠᠷᠤᠴᠠ ᠵᠡᠷᠭᠡ ᠣᠯᠠᠨ ᠨᠡᠶ᠋ᠢᠲᠡ ᠵᠢᠨ ᠣᠷᠣᠨ ᠪᠦᠰᠡ᠎ᠳᠤ ᠴᠠᠬᠢᠯᠭ᠋ᠠᠨ ᠴᠡᠨᠡᠭᠯᠡᠬᠦ ᠦᠭᠡᠢ ᠪᠠᠢ᠌ᠬᠤ ᠵᠢ ᠠᠩᠬᠠᠷᠴᠤ᠂ ᠳ᠋ᠢᠶᠠᠨ ᡂᠢ ᠵᠢ ᠭᠡᠷ᠎ᠲᠤ᠎ᠪᠠᠨ ᠠᠪᠠᠴᠢᠵᠤ ᠴᠠᠬᠢᠯᠭ᠋ᠠᠨ ᠴᠡᠨᠡᠭᠯᠡᠵᠦ ᠪᠣᠯᠬᠤ ᠦᠭᠡᠢ;
      3. ᠬᠤᠪᠢ᠎ᠪᠠᠷ ᠵᠶ᠋ᠠᠨ ᠴᠠᠬᠢᠯᠭ᠋ᠠᠨ ᠤᠲᠠᠰᠤ ᠲᠠᠲᠠᠬᠤ᠂ ᠳᠤᠷ᠎ᠠ᠎ᠪᠠᠷ ᠵᠶ᠋ᠠᠨ ᠤᠭᠯᠠᠭᠤᠷᠭ᠎ᠠ ᠤᠭᠰᠠᠷᠠᠬᠤ ᠵᠡᠷᠭᠡ ᠭᠠᠯ ᠰᠡᠷᠭᠡᠢ᠌ᠯᠡᠬᠦ ᠮᠡᠷᠭᠡᠵᠢᠯ᠎ᠤᠨ ᠪᠠᠷᠢᠮᠵᠢᠶ᠎ᠠ ᠪᠠ ᠬᠠᠮᠢᠶᠠᠷᠤᠯᠲᠠ ᠵᠢᠨ ᠲᠣᠭᠲᠠᠭ᠋ᠠᠯ᠎ᠳᠤ ᠨᠡᠶ᠋ᠢᠴᠡᠬᠦ ᠦᠭᠡᠢ ᠠᠷᠭ᠎ᠠ ᠮᠠᠶᠢᠭ ᠵᠶ᠋ᠠᠷ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡᠨ ᠎ᠳᠤ᠎ᠪᠠᠨ ᠴᠠᠬᠢᠯᠭ᠋ᠠᠨ ᠴᠡᠨᠡᠭᠯᠡᠬᠦ ᠵᠢ ᠴᠢᠩᠭ᠎ᠠ           ᠬᠣᠷᠢᠭᠯᠠᠨ᠎ᠠ;
      4. ᠬᠡᠦᠬᠡᠳ᠎ᠢ ᠬᠠᠪᠰᠤᠷᠤᠨ ᠭᠠᠯ ᠰᠡᠷᠭᠡᠢ᠌ᠯᠡᠬᠦ ᠠᠮᠤᠷ ᠲᠦᠪᠰᠢᠨ᠎ᠤ ᠴᠢᠬᠤᠯᠠ ᠪᠦᠬᠦᠢ ᠮᠡᠳᠡᠯᠭᠡ ᠵᠢ ᠣᠶ᠋ᠢᠯᠠᠭ᠋ᠠᠭᠤᠯᠵᠤ᠂ ᠬᠡᠦᠬᠡᠳ᠎ᠲᠤ᠎ᠪᠠᠨ ᠭᠠᠯ ᠭᠠᠷᠤᠭᠰᠠᠨ᠎ᠢ ᠣᠯᠵᠤ ᠮᠡᠳᠡᠪᠡᠯ᠂ ᠡᠩ ᠲᠡᠷᠢᠭᠦᠨ᠎ᠳᠤ ᠥᠪᠡᠷ ᠪᠡᠶ᠎ᠡ ᠵᠢᠨ ᠠᠮᠤᠷ ᠲᠦᠪᠰᠢᠨ᠎ᠢ ᠪᠠᠲᠤᠯᠠᠭᠰᠠᠨ᠎ᠤ ᠳᠠᠷᠠᠭ᠎ᠠ᠂ 119᠎ᠳᠤ ᠤᠲᠠᠰᠤᠳᠠᠨ ᠮᠡᠳᠡᠭᠦᠯᠬᠦ ᠬᠡᠷᠡᠭᠲᠡᠢ ᠭᠡᠵᠦ           ᠰᠠᠨᠠᠭᠤᠯᠤᠨ᠎ᠠ;
      5. ᠭᠠᠳᠠᠭᠰᠢ ᠭᠠᠷᠴᠤ ᠵᠤᠭ᠋ᠠᠴᠠᠨ ᠨᠠᠭ᠋ᠠᠳᠬᠤ ᠦᠶ᠎ᠡ᠎ᠳᠤ᠂ ᠭᠡᠷ᠎ᠤᠨ ᠵᠶ᠋ᠠᠨ ᠤᠰᠤ᠂ ᠴᠠᠬᠢᠯᠭ᠋ᠠᠨ᠂ ᠬᠡᠢ ᠵᠢᠨ ᠶᠡᠷᠦᠩᠬᠡᠢ ᠬᠠᠭ᠋ᠠᠯᠲᠠ ᠵᠢ ᠬᠠᠭ᠋ᠠᠵᠤ᠂ ᠨᠠᠷᠠᠪᠴᠢ᠂ ᠠᠰᠠᠷ᠎ᠤᠨ ᠬᠣᠩᠬᠢᠯ ᠎ᠳᠤ ᠲᠠᠯᠪᠢᠭᠰᠠᠨ ᠡᠯᠳᠡᠪ ᠪᠣᠳᠠᠰ᠎ᠢ ᠴᠠᠭ ᠲᠤᠬᠠᠢ᠎ᠳᠤ᠎ᠨᠢ ᠴᠡᠪᠡᠷᠯᠡᠨ᠂ ᠭᠠᠯ ᠰᠡᠷᠭᠡᠶ᠋ᠢᠯᠡᠬᠦ ᠠᠮᠤᠷ ᠲᠦᠪᠰᠢᠨ᠎ᠤ ᠠᠵᠢᠯ᠎ᠢ ᠰᠠᠶ᠋ᠢᠲᠤᠷ ᠬᠢᠨ᠎ᠡ;
      6᠂ ᠭᠡᠷ᠎ᠤᠨ ᠠᠬᠠᠮᠠᠳ ᠬᠡᠦᠬᠡᠳ᠎ᠲᠠᠢ᠎ᠪᠠᠨ ᠬᠠᠪᠤᠷ ᠬᠥᠳᠡᠭᠡ᠎ᠪᠠᠷ ᠵᠤᠭ᠋ᠠᠴᠠᠬᠤ ᠣᠢ᠍ᠶ᠎ᠠ ᠎ᠳᠤ ᠭᠠᠯ ᠬᠡᠷᠡᠭᠯᠡᠬᠦ ᠠᠮᠤᠷ ᠲᠦᠪᠰᠢᠨ᠎ᠢ ᠠᠩᠬᠠᠷᠬᠤ ᠬᠡᠷᠡᠭᠲᠡᠢ᠂  ᠣᠢ᠌ᠲᠤ ᠣᠷᠣᠨ᠎ᠳᠤ ᠬᠡᠭᠡᠷ᠎ᠡ ᠲᠣᠭᠤᠭ᠋ᠠᠯᠠᠬᠤ ᠦᠭᠡᠢ᠂ ᠮᠢᠬ᠎ᠠ ᠰᠢᠷᠠᠬᠤ ᠦᠭᠡᠢ; ᠬᠡᠭᠡᠷ᠎ᠡ ᠲᠣᠭᠤᠭ᠋ᠠᠯᠠᠵᠤ ᠳᠠᠭᠤᠰᠤᠭᠰᠠᠨ ᠎ᠤ ᠳᠠᠷᠠᠭ᠎ᠠ ᠦᠯᠡᠳᠡᠪᠦᠷᠢ ᠭᠠᠯ ᠵᠶ᠋ᠠᠨ ᠪᠦᠷᠢᠮᠦᠰᠦᠨ ᠤᠨᠲᠠᠷᠠᠭ᠋ᠠᠵᠤ᠂ ᠡᠷᠭᠢᠨ ᠲᠣᠭᠣᠷᠢᠨ᠎ᠤ ᠡᠯᠳᠡᠪ ᠶᠠᠭᠤᠮ᠎ᠠ ᠵᠢ ᠰᠠᠢ᠌ᠲᠤᠷ ᠴᠡᠪᠡᠷᠯᠡᠭᠰᠡᠨ᠎ᠤ ᠳᠠᠷᠠᠭ᠎ᠠ ᠰᠠᠯᠵᠤ᠂ ᠳᠠᠬᠢᠨ ᠨᠣᠴᠣᠬᠤ ᠵᠢ ᠰᠡᠷᠭᠡᠢ᠌ᠯᠡᠨ᠎ᠡ;
      7. ᠠᠭᠤᠯᠠᠨ ᠣᠢ ᠵᠢᠨ ᠲᠦᠢ᠍ᠮᠡᠷ᠎ᠢ ᠣᠯᠵᠤ ᠮᠡᠳᠡᠪᠡᠯ᠂ ᠣᠢ ᠵᠢᠨ ᠭᠠᠯ ᠰᠡᠷᠭᠡᠢ᠌ᠯᠡᠵᠦ ᠲᠦᠭᠰᠢᠭᠦᠷᠢ ᠮᠡᠳᠡᠭᠦᠯᠬᠦ ᠤᠲᠠᠰᠤ 12119᠎ᠳᠤ ᠴᠠᠭ ᠲᠤᠬᠠᠢ᠎ᠳᠤ᠎ᠨᠢ ᠤᠲᠠᠰᠤᠳᠠᠵᠤ᠂ ᠲᠦᠢ᠍ᠮᠡᠷ ᠭᠠᠷᠤᠭᠰᠠᠨ ᠭᠠᠵᠠᠷ᠎ᠢ ᠲᠣᠳᠣᠷᠬᠠᠢ ᠬᠡᠯᠡᠬᠦ ᠵᠢᠨ ᠬᠠᠮᠲᠤ ᠥᠪᠡᠷ ᠪᠡᠶ᠎ᠡ ᠵᠢᠨ ᠬᠠᠮᠠᠭ᠋ᠠᠯᠠᠯᠲᠠ  ᠵᠢ ᠰᠠᠶ᠋ᠢᠲᠤᠷ ᠬᠢᠵᠦ᠂ ᠠᠮᠤᠷ ᠲᠦᠪᠰᠢᠨ ᠭᠠᠵᠠᠷ᠎ᠲᠤ ᠲᠦᠷᠭᠡᠨ ᠵᠠᠢ᠌ᠯᠠᠨ᠎ᠠ᠃

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑦
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑧
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑨
ᠪᠦᠬᠦ ᠪᠠᠭᠰᠢ ᠰᠤᠷᠤᠭᠴᠢ ᠭᠡᠷ᠎ᠤᠨ ᠠᠬᠠᠮᠠᠳ᠎ᠲᠤ — ᠲᠠᠪᠤᠨ ᠰᠠᠷ᠎ᠠ ᠵᠢᠨ ᠨᠢᠭᠡᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ⑩
ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠰᠣᠩᠭᠣᠳᠠᠭ ᠵᠣᠬᠢᠶᠠᠯ᠎ᠢ ᠣᠩᠰᠢᠵᠤ ᠪᠢᠴᠢᠵᠦ ᠲᠠᠢ᠌ᠯᠪᠤᠷᠢᠯᠠᠬᠤ ᠤᠷᠤᠯᠳᠤᠭ᠋ᠠᠨ᠎ᠤ ᠮᠡᠳᠡᠭᠳᠡᠯ
 
             蒙ICP备05000248号