ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠰᠣᠩᠭᠣᠳᠠᠭ ᠵᠣᠬᠢᠶᠠᠯ᠎ᠢ ᠣᠩᠰᠢᠵᠤ ᠪᠢᠴᠢᠵᠦ ᠲᠠᠢ᠌ᠯᠪᠤᠷᠢᠯᠠᠬᠤ ᠤᠷᠤᠯᠳᠤᠭ᠋ᠠᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-05-16

      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠤᠷᠭ᠋ᠠᠨ ᠬᠥᠮᠦᠵᠢᠯ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ᠂ ᠰᠣᠶᠣᠯ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠎ᠳᠤ ᠦᠢ᠍ᠯᠡᠴᠢᠯᠡᠨ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠵᠤ᠂ ᠳᠤᠮᠳᠠᠳᠤ ᠵᠢᠨ ᠰᠢᠯᠢᠳᠡᠭ ᠦᠭᠡ ᠬᠡᠯᠡ ᠰᠣᠶᠣᠯ᠎ᠢ ᠤᠯᠠᠮᠵᠢᠯᠠᠨ ᠬᠥᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠨ᠂ ᠪᠦᠬᠦ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠨᠣᠮ ᠤᠩᠰᠢᠬᠤ ᠠᠵᠢᠯᠯᠠᠭ᠎ᠠ ᠵᠢ ᠨᠠᠶ᠋ᠢᠳᠠᠪᠤᠷᠢᠵᠢᠭᠤᠯᠵᠤ᠂ 《ᠰᠣᠩᠭᠤᠳᠠᠭ ᠵᠣᠬᠢᠶᠠᠯ ᠵᠶ᠋ᠠᠷ ᠳᠤᠮᠳᠠᠳᠤ᠎ᠪᠠᠨ ᠭᠡᠶ᠋ᠢᠭᠦᠯᠬᠦ》 ᠭᠣᠣᠯ ᠰᠡᠳᠦᠪᠲᠦ ᠨᠣᠮ ᠤᠩᠰᠢᠬᠤ ᠠᠵᠢᠯᠯᠠᠭ᠎ᠠ ᠵᠢ ᠭᠦᠨᠵᠡᠭᠡᠶ᠋ᠢᠷᠡᠭᠦᠯᠬᠦ ᠵᠢᠨ ᠲᠥᠯᠥᠭᠡ᠂ ᠰᠤᠷᠭ᠋ᠠᠨ ᠬᠥᠮᠦᠵᠢᠯ᠎ᠤᠨ ᠶᠠᠮᠤᠨ᠂ ᠤᠯᠤᠰ᠎ᠤᠨ ᠦᠭᠡ ᠬᠡᠯᠡ ᠦᠰᠦᠭ ᠪᠢᠴᠢᠭ᠎ᠤᠨ ᠠᠵᠢᠯ᠎ᠤᠨ ᠵᠥᠪᠯᠡᠯ᠎ᠠᠴᠠ ᠵᠢᠷᠭᠤᠳᠤᠭ᠋ᠠᠷ ᠬᠤᠭᠤᠴᠠᠭ᠋ᠠᠨ᠎ᠤ ᠳᠤᠮᠳᠠᠳᠤ ᠵᠢᠨ ᠰᠣᠩᠭᠣᠳᠠᠭ ᠵᠣᠬᠢᠶᠠᠯ᠎ᠢ ᠣᠩᠰᠢᠵᠤ ᠪᠢᠴᠢᠵᠦ ᠶᠠᠷᠢᠬᠤ ᠤᠷᠤᠯᠳᠤᠭ᠋ᠠᠨ (ᠳᠣᠷᠣᠭᠰᠢ ᠤᠷᠤᠯᠳᠤᠭ᠋ᠠᠨ ᠭᠡᠵᠦ ᠳᠦᠭᠦᠮᠴᠢᠯᠡᠨ᠎ᠡ)᠎ᠢ ᠡᠷᠬᠢᠯᠡᠬᠦ᠎ᠪᠠᠷ ᠪᠣᠯᠪᠠ᠃ ᠤᠷᠤᠯᠳᠤᠭ᠋ᠠᠨ ᠡᠷᠬᠢᠯᠡᠬᠦ ᠱᠠᠭ᠋ᠠᠷᠳᠠᠯᠭ᠎ᠠ ᠶᠣᠰᠣᠭ᠋ᠠᠷ ᠮᠠᠨ᠎ᠤ ᠣᠷᠣᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠡᠳᠦᠭᠡ ᠤᠷᠤᠯᠳᠤᠭ᠋ᠠᠨ᠎ᠤ ᠪᠣᠳᠠᠲᠠᠢ  ᠵᠦᠢ᠍ᠯ᠎ᠢ ᠳᠣᠣᠷᠠᠬᠢ ᠮᠡᠲᠦ ᠮᠡᠳᠡᠭᠳᠡᠪᠡ᠃
      ᠨᠢᠭᠡ᠂ ᠤᠷᠤᠯᠳᠤᠭ᠋ᠠᠨ᠎ᠤ ᠵᠣᠷᠢᠯᠲᠠ
      ᠳᠤᠮᠳᠠᠳᠤ ᠵᠢᠨ ᠰᠢᠯᠢᠳᠡᠭ ᠰᠣᠶᠣᠯ᠎ᠤᠨ ᠠᠭᠤᠯᠤᠭᠳᠠᠬᠤᠨ᠎ᠢ ᠣᠶ᠋ᠢᠯᠠᠭ᠋ᠠᠵᠤ᠂ ᠰᠣᠶᠣᠯ᠎ᠤᠨ ᠦᠵᠡᠯ ᠰᠠᠨᠠᠭ᠋ᠠᠨ᠎ᠤ ᠦᠢ᠍ᠯᠡᠳᠦᠯᠭᠡ ᠵᠢ ᠪᠠᠶᠠᠯᠢᠭᠵᠢᠭᠤᠯᠤᠨ᠂ ᠦᠭᠡ ᠬᠡᠯᠡ ᠰᠣᠶᠣᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠰᠣᠶᠣᠯ᠎ᠤᠨ ᠢᠲᠡᠭᠡᠯ ᠵᠶ᠋ᠠᠷ ᠥᠪᠡᠷ᠎ᠢ᠎ᠪᠠᠨ ᠬᠦᠴᠦᠷᠬᠡᠭᠵᠢᠭᠦᠯᠬᠦ᠎ᠪᠠᠷ ᠤᠷᠮᠠᠰᠢᠭᠤᠯᠤᠨ᠎ᠠ᠃
      ᠬᠣᠶᠠᠷ᠂ ᠤᠷᠤᠯᠳᠤᠭ᠋ᠠᠨ᠎ᠤ ᠭᠣᠣᠯ ᠰᠡᠳᠦᠪ
      ᠰᠣᠩᠭᠤᠳᠠᠭ ᠵᠣᠬᠢᠶᠠᠯ ᠵᠶ᠋ᠠᠷ ᠳᠤᠮᠳᠠᠳᠤ᠎ᠪᠠᠨ ᠭᠡᠢ᠌ᠭᠦᠯᠵᠦ᠂ ᠰᠣᠶᠤᠯ᠎ᠤᠨ ᠥᠪ᠎ᠢ ᠦᠷᠭᠦᠯᠵᠢᠯᠡᠭᠦᠯᠦᠶ᠎ᠡ
      ᠭᠤᠷᠪᠠ᠂ ᠤᠷᠤᠯᠳᠤᠭ᠋ᠠᠨ᠎ᠤ ᠲᠥᠷᠥᠯ
      ᠲᠤᠰ ᠬᠤᠭᠤᠴᠠᠭ᠋ᠠᠨ᠎ᠤ ᠤᠷᠤᠯᠳᠤᠭ᠋ᠠᠨ᠎ᠢ 《ᠳᠤᠮᠳᠠᠳᠤ ᠵᠶ᠋ᠠᠨ ᠤᠶᠠᠩᠭ᠋ᠠᠯᠠᠨᠠᠮ》 ᠭᠡᠬᠦ ᠰᠣᠩᠭᠤᠳᠠᠭ ᠵᠣᠬᠢᠶᠠᠯ᠎ᠢ ᠤᠩᠰᠢᠬᠤ ᠤᠷᠤᠯᠳᠤᠭ᠋ᠠᠨ (ᠤᠩᠰᠢᠬᠤ ᠤᠷᠤᠯᠳᠤᠭ᠋ᠠᠨ ᠭᠡᠵᠦ ᠳᠦᠭᠦᠮᠴᠢᠯᠡᠨ᠎ᠡ)᠂ 《ᠳᠤᠮᠳᠠᠳᠤ ᠵᠶ᠋ᠠᠨ ᠰᠢᠯᠦᠭᠯᠡᠨᠡᠮ》 ᠭᠡᠬᠦ ᠰᠢᠯᠦᠭ ᠳᠠᠭᠤᠯᠠᠯ ᠵᠶ᠋ᠠᠷ ᠲᠠᠶ᠋ᠢᠯᠪᠤᠷᠢᠯᠠᠬᠤ ᠤᠷᠤᠯᠳᠤᠭ᠋ᠠᠨ (ᠲᠠᠶ᠋ᠢᠯᠪᠤᠷᠢᠯᠠᠬᠤ ᠤᠷᠤᠯᠳᠤᠭ᠋ᠠᠨ ᠭᠡᠵᠦ ᠳᠦᠭᠦᠮᠴᠢᠯᠡᠨ᠎ᠡ)᠂ 《ᠳᠤᠮᠳᠠᠳᠤ ᠵᠶ᠋ᠠᠨ ᠪᠢᠴᠢᠭᠯᠡᠨᠡᠮ》 ᠭᠡᠬᠦ ᠬᠢᠲᠠᠳ ᠦᠰᠦᠭ᠎ᠤᠨ ᠤᠷᠠᠨ ᠪᠢᠴᠢᠯᠭᠡ ᠵᠢᠨ ᠤᠷᠤᠯᠳᠤᠭ᠋ᠠᠨ (ᠪᠢᠴᠢᠬᠦ ᠤᠷᠤᠯᠳᠤᠭ᠋ᠠᠨ ᠭᠡᠵᠦ ᠳᠦᠭᠦᠮᠴᠢᠯᠡᠨ᠎ᠡ)᠂ 《ᠳᠤᠮᠳᠠᠳᠤ ᠵᠶ᠋ᠠᠨ ᠰᠡᠢ᠌ᠯᠦᠨᠡᠮ》 ᠭᠡᠬᠦ ᠪᠠᠭᠰᠢ ᠰᠤᠷᠤᠭᠴᠢ ᠵᠢᠨ ᠰᠡᠢ᠌ᠯᠬᠦ ᠤᠷᠤᠯᠳᠤᠭ᠋ᠠᠨ (ᠰᠡᠶ᠋ᠢᠯᠬᠦ ᠤᠷᠤᠯᠳᠤᠭ᠋ᠠᠨ ᠭᠡᠵᠦ ᠳᠦᠭᠦᠮᠴᠢᠯᠡᠨ᠎ᠡ) ᠵᠡᠷᠭᠡ ᠲᠥᠷᠪᠡᠨ ᠤᠷᠤᠯᠳᠤᠭ᠋ᠠᠨ᠎ᠤ ᠲᠥᠷᠦᠯ ᠬᠤᠪᠢᠶᠠᠪᠠ᠃
      ᠳᠥᠷᠪᠡ᠂ ᠤᠷᠤᠯᠳᠤᠭ᠋ᠠᠨ᠎ᠤ ᠲᠥᠷᠦᠯ᠎ᠤᠨ ᠵᠣᠬᠢᠶᠠᠨ ᠪᠠᠶ᠋ᠢᠭᠤᠯᠤᠯᠲᠠ
      ᠰᠤᠷᠭ᠋ᠠᠨ ᠬᠥᠮᠦᠵᠢᠯ᠎ᠤᠨ ᠶᠠᠮᠤᠨ᠎ᠤ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠣᠩᠰᠢᠬᠤ ᠤᠷᠤᠯᠳᠤᠭ᠋ᠠᠨ᠎ᠤ ᠠᠩᠬᠠᠨ᠎ᠤ ᠤᠷᠤᠯᠳᠤᠭ᠋ᠠᠨ᠎ᠢ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠵᠣᠬᠢᠶᠠᠨ ᠪᠠᠶ᠋ᠢᠭᠤᠯᠵᠤ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠎ᠳᠤ ᠨᠠᠶ᠋ᠢᠳᠠᠵᠤ ᠳᠠᠭ᠋ᠠᠭ᠋ᠠᠴᠢᠯᠠᠨ ᠡᠷᠬᠢᠯᠡᠨ᠎ᠡ᠃ ᠬᠣᠶᠠᠳᠠᠬᠢ ᠤᠷᠤᠯᠳᠤᠭ᠋ᠠᠨ᠂ ᠰᠢᠢ᠍ᠳᠪᠦᠷᠢᠲᠦ ᠤᠷᠤᠯᠳᠤᠭ᠋ᠠᠨ ᠵᠢᠴᠢ ᠦᠵᠡᠭᠦᠯᠭᠡ ᠵᠢ ᠰᠤᠷᠭ᠋ᠠᠨ ᠬᠥᠮᠦᠵᠢᠯ᠎ᠤᠨ ᠶᠠᠮᠤᠨ᠎ᠤ ᠲᠣᠭᠲᠠᠭ᠋ᠠᠭᠰᠠᠨ ᠬᠤᠪᠢᠶᠠᠷᠢ ᠤᠷᠤᠯᠳᠤᠭ᠋ᠠᠨ᠎ᠤ ᠵᠦᠢ᠍ᠯ᠎ᠢ ᠭᠦᠢ᠍ᠴᠡᠳᠬᠡᠬᠦ ᠺᠣᠮᠢᠰ᠎ᠠᠴᠠ ᠵᠣᠬᠢᠶᠠᠨ ᠪᠠᠶ᠋ᠢᠭᠤᠯᠤᠨ᠎ᠠ᠃ ᠮᠠᠨ᠎ᠤ ᠣᠷᠣᠨ᠎ᠤ ᠠᠩᠬᠠᠨ᠎ᠤ ᠤᠷᠤᠯᠳᠤᠭ᠋ᠠᠨ᠎ᠢ ᠡᠯ᠎ᠡ ᠠᠶ᠋ᠢᠮᠠᠭ ᠬᠣᠲᠠ᠂ ᠳᠡᠭᠡᠳᠦ ᠰᠤᠷᠭ᠋ᠠᠭᠤᠯᠢ ᠵᠢᠨ ᠰᠢᠯᠭ᠋ᠠᠷᠠᠭᠤᠯᠬᠤ ᠤᠷᠤᠯᠳᠤᠭ᠋ᠠᠨ᠎ᠤ ᠰᠠᠭᠤᠷᠢᠨ ᠳᠡᠭᠡᠷ᠎ᠡ ᠶᠠᠪᠤᠭᠳᠠᠭᠤᠯᠤᠨ᠎ᠠ᠃
      ᠲᠠᠢ᠌ᠯᠪᠤᠷᠢᠯᠠᠬᠤ ᠤᠷᠤᠯᠳᠤᠭ᠋ᠠᠨ᠂ ᠪᠢᠴᠢᠬᠦ ᠤᠷᠤᠯᠳᠤᠭ᠋ᠠᠨ᠂ ᠰᠡᠢ᠌ᠯᠬᠦ ᠤᠷᠤᠯᠳᠤᠭ᠋ᠠᠨ᠎ᠳᠤ ᠣᠷᠣᠯᠴᠠᠭᠰᠠᠳ ᠰᠢᠭᠤᠳ ᠤᠷᠤᠯᠳᠤᠭ᠋ᠠᠨ᠎ᠤ ᠠᠯᠪᠠᠨ᠎ᠤ ᠰᠦᠯᠵᠢᠶ᠎ᠡ᠎ᠳᠤ ᠣᠷᠣᠵᠤ᠂ ᠥᠪᠡᠰᠦᠪᠡᠨ ᠨᠡᠷ᠎ᠡ ᠮᠡᠳᠡᠭᠦᠯᠦᠨ᠂ ᠮᠡᠳᠡᠯᠭᠡ ᠵᠢᠨ ᠰᠢᠯᠭ᠋ᠠᠨ ᠦᠨᠡᠯᠡᠯᠲᠡ᠎ᠳᠤ ᠬᠢᠷᠢ ᠲᠡᠩᠴᠡᠭᠰᠡᠨ᠎ᠤ ᠳᠠᠷᠠᠭ᠎ᠠ᠂ ᠱᠠᠭ᠋ᠠᠷᠳᠠᠯᠭ᠎ᠠ ᠶᠣᠰᠣᠭ᠋ᠠᠷ ᠤᠷᠤᠯᠳᠤᠭ᠋ᠠᠨ᠎ᠳᠤ ᠣᠷᠣᠯᠴᠠᠬᠤ ᠪᠦᠲᠦᠭᠡᠯ ᠵᠶ᠋ᠠᠨ ᠳᠠᠮᠵᠢᠭᠤᠯᠤᠨ᠎ᠠ᠃
      ᠲᠠᠪᠤ᠂ ᠤᠷᠤᠯᠳᠤᠭ᠋ᠠᠨ᠎ᠤ ᠳᠡᠰ ᠳᠠᠷᠠᠭ᠋ᠠᠯᠠᠯ᠎ᠤᠨ ᠲᠣᠬᠢᠷᠠᠭᠤᠯᠤᠯᠲᠠ
      ᠤᠷᠤᠯᠳᠤᠭ᠋ᠠᠨ᠎ᠤ ᠳᠡᠰ ᠳᠠᠷᠠᠭ᠋ᠠᠯᠠᠯ᠎ᠳᠤ ᠠᠩᠬᠠᠨ᠎ᠤ ᠤᠷᠤᠯᠳᠤᠭ᠋ᠠᠨ᠂ ᠬᠣᠶᠠᠳᠠᠬᠢ ᠤᠷᠤᠯᠳᠤᠭ᠋ᠠᠨ᠂ ᠰᠢᠢ᠍ᠳᠪᠦᠷᠢᠲᠦ ᠤᠷᠤᠯᠳᠤᠭ᠋ᠠᠨ ᠵᠢᠴᠢ ᠦᠵᠡᠭᠦᠯᠭᠡ ᠵᠢ ᠪᠠᠭᠲᠠᠭ᠋ᠠᠨ᠎ᠠ᠃
      ᠵᠢᠷᠭᠤᠭ᠎ᠠ᠂ ᠱᠠᠩᠨᠠᠯ᠎ᠤᠨ ᠵᠦᠢ᠍ᠯ᠎ᠤᠨ ᠲᠣᠬᠢᠷᠠᠭᠤᠯᠤᠯᠲᠠ
      ᠡᠯ᠎ᠡ ᠤᠷᠤᠯᠳᠤᠭ᠋ᠠᠨ᠎ᠤ ᠵᠦᠢ᠍ᠯ᠎ᠳᠤ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠪᠠ ᠰᠢᠯᠢᠳᠡᠭ ᠱᠠᠩᠨᠠᠯ᠎ᠢ ᠲᠣᠬᠢᠷᠠᠭᠤᠯᠵᠤ᠂  ᠵᠢᠯᠣᠭᠣᠳᠤᠭᠰᠠᠨ ᠪᠠᠭᠰᠢ᠎ᠳᠤ ᠵᠣᠷᠢᠭᠤᠯᠤᠨ ᠰᠢᠯᠢᠳᠡᠭ ᠵᠢᠯᠣᠭᠣᠳᠤᠭᠰᠠᠨ ᠪᠠᠭᠰᠢ ᠵᠢᠨ ᠱᠠᠩᠨᠠᠯ᠎ᠢ ᠲᠣᠬᠢᠷᠠᠭᠤᠯᠵᠤ᠂ ᠡᠯ᠎ᠡ ᠭᠠᠵᠠᠷ᠎ᠤᠨ ᠰᠤᠷᠭ᠋ᠠᠨ ᠬᠥᠮᠦᠵᠢᠯ (ᠦᠭᠡ ᠬᠡᠯᠡ ᠦᠰᠦᠭ ᠪᠢᠴᠢᠭ᠎ᠤᠨ ᠠᠵᠢᠯ)᠎ᠤᠨ ᠰᠠᠯᠠᠭ᠎ᠠ ᠮᠥᠴᠢᠷ᠂ ᠠᠵᠢᠯᠲᠠᠨ᠂ ᠰᠤᠷᠭ᠋ᠠᠭᠤᠯᠢ ᠵᠢᠴᠢ ᠬᠠᠮᠢᠶ᠎ᠠ ᠪᠦᠬᠦᠢ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠨᠢᠭᠡᠴᠢ ᠪᠠ ᠬᠤᠪᠢ ᠬᠥᠮᠦᠨ᠎ᠳᠤ ᠬᠠᠨᠳᠤᠭᠤᠯᠤᠨ ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ (ᠪᠦᠯᠬᠦᠮ᠂ ᠬᠤᠪᠢ ᠬᠥᠮᠦᠨ) ᠎ᠢ ᠲᠣᠬᠢᠷᠠᠭᠤᠯᠤᠨ᠂ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠺᠣᠮᠢᠰ᠎ᠠᠴᠠ ᠨᠢᠭᠡᠳᠦᠯᠲᠡᠢ ᠦᠨᠡᠮᠯᠡᠯ (ᠰᠢᠯᠢᠳᠡᠭ ᠵᠣᠬᠢᠶᠠᠨ ᠪᠠᠢ᠌ᠭᠤᠯᠤᠭᠰᠠᠨ ᠱᠠᠩᠨᠠᠯ᠎ᠳᠤ ᠦᠨᠡᠮᠯᠡᠯ ᠣᠯᠭᠣᠵᠤ᠂ ᠪᠤᠰᠤᠳ ᠱᠠᠩᠨᠠᠯ᠎ᠨᠢ ᠤᠷᠤᠯᠳᠤᠭ᠋ᠠᠨ᠎ᠤ ᠠᠯᠪᠠᠨ᠎ᠤ ᠰᠦᠯᠵᠢᠶᠡᠨ᠎ᠠᠴᠠ ᠥᠪᠡᠰᠦᠪᠡᠨ ᠡᠯᠧᠺᠲᠷᠣᠨ ᠦᠨᠡᠮᠯᠡᠯ᠎ᠢ ᠪᠠᠭᠤᠯᠭ᠋ᠠᠨ᠎ᠠ) ᠣᠯᠭᠣᠨ᠎ᠠ᠃
      ᠮᠠᠨ᠎ᠤ ᠣᠷᠣᠨ᠎ᠤ ᠣᠩᠰᠢᠬᠤ ᠤᠷᠤᠯᠳᠤᠭ᠋ᠠᠨ᠎ᠤ ᠠᠩᠬᠠᠨ᠎ᠤ ᠤᠷᠤᠯᠳᠤᠭ᠋ᠠᠨ᠎ᠳᠤ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠵᠣᠬᠢᠬᠤ ᠱᠠᠩᠨᠠᠯ᠎ᠢ ᠲᠣᠬᠢᠷᠠᠭᠤᠯᠤᠨ᠎ᠠ᠃
      ᠳᠣᠯᠣᠭ᠎ᠠ᠂ ᠤᠷᠤᠯᠳᠤᠭ᠋ᠠᠨ᠎ᠤ ᠲᠠᠪᠴᠠᠩ
      ᠤᠷᠤᠯᠳᠤᠭ᠋ᠠᠨ᠎ᠤ ᠠᠯᠪᠠᠨ ᠰᠦᠯᠵᠢᠶ᠎ᠡ᠄ https://jdsxj.eduyun.cn᠃ ᠤᠷᠤᠯᠳᠤᠭ᠋ᠠᠨ᠎ᠳᠤ ᠣᠷᠣᠯᠴᠠᠭᠰᠠᠳ ᠠᠯᠪᠠᠨ ᠰᠦᠯᠵᠢᠶᠡᠨ᠎ᠳᠤ ᠨᠡᠷ᠎ᠡ  ᠮᠡᠳᠡᠭᠦᠯᠦᠨ ᠤᠷᠤᠯᠳᠤᠭ᠋ᠠᠨ᠎ᠳᠤ ᠣᠷᠣᠯᠴᠠᠵᠤ᠂ ᠪᠦᠲᠦᠭᠡᠯ ᠵᠶ᠋ᠠᠨ ᠳᠡᠭᠡᠭᠰᠢ ᠳᠠᠮᠵᠢᠭᠤᠯᠤᠨ᠂ ᠤᠷᠤᠯᠳᠤᠭ᠋ᠠᠨ᠎ᠤ ᠮᠡᠳᠡᠭᠳᠡᠯ ᠪᠠ ᠨᠡᠷᠡᠰ᠎ᠤᠨ ᠢᠯᠡ ᠨᠡᠢ᠌ᠲᠡᠯᠡᠯ᠂ ᠦᠨᠡᠮᠯᠡᠯ᠎ᠢ ᠪᠠᠭᠤᠯᠭ᠋ᠠᠬᠤ ᠵᠡᠷᠭᠡ ᠵᠢ ᠪᠠᠶ᠋ᠢᠴᠠᠭ᠋ᠠᠨ ᠦᠵᠡᠵᠦ ᠪᠣᠯᠤᠨ᠎ᠠ᠃ ᠡᠯ᠎ᠡ ᠤᠷᠤᠯᠳᠤᠭ᠋ᠠᠨ᠎ᠤ ᠳᠡᠰ ᠳᠠᠷᠠᠭ᠋ᠠᠯᠠᠯ᠎ᠤᠨ ᠪᠣᠳᠠᠲᠠᠢ ᠱᠠᠭ᠋ᠠᠷᠳᠠᠯᠭ᠎ᠠ᠂ ᠠᠵᠢᠯ᠎ᠤᠨ ᠲᠣᠬᠢᠷᠠᠭᠤᠯᠤᠯᠲᠠ ᠵᠡᠷᠭᠡ ᠶᠠᠪᠤᠳᠠᠯ᠎ᠢ ᠴᠥᠮ ᠤᠷᠤᠯᠳᠤᠭ᠋ᠠᠨ᠎ᠤ ᠠᠯᠪᠠᠨ᠎ᠤ ᠰᠦᠯᠵᠢᠶ᠎ᠡ᠎ᠪᠠᠷ ᠳᠠᠮᠵᠢᠭᠤᠯᠤᠨ ᠨᠡᠶ᠋ᠢᠲᠡᠯᠡᠪᠡ᠃ ᠡᠭᠦᠨ᠎ᠤ ᠬᠠᠮᠲᠤ᠂ ᠳᠤᠮᠳᠠᠳᠤ ᠵᠢᠨ ᠰᠣᠩᠭᠣᠳᠠᠭ ᠵᠣᠬᠢᠶᠠᠯ᠎ᠢ ᠤᠩᠰᠢᠬᠤ ᠢᠨᠵᠧᠨᠧᠷᠢᠩ᠎ᠤᠨ ᠸᠢᠴᠠᠲ᠎ᠤᠨ ᠨᠡᠶ᠋ᠢᠲᠡ ᠵᠢᠨ ᠳ᠋ᠤᠭ᠋ᠠᠷ (zhjdsdgc)᠂  ᠳ᠋ᠧᠦ ᠶᠢᠨ᠎ᠤᠨ ᠳ᠋ᠤᠭ᠋ᠠᠷ᠂ ᠸᠢᠳᠢᠣ᠋ ᠵᠢᠨ ᠳ᠋ᠤᠭ᠋ᠠᠷ ᠪᠠ ᠳᠤᠮᠳᠠᠳᠤ ᠤᠯᠤᠰ᠎ᠤᠨ ᠦᠭᠡ ᠬᠡᠯᠡ ᠦᠰᠦᠭ ᠪᠢᠴᠢᠭ᠎ᠤᠨ ᠰᠤᠷᠤᠯᠴᠠᠯᠭ᠎ᠠ ᠵᠢᠨ ᠬᠦᠴᠦᠷᠬᠡᠭ ᠤᠯᠤᠰ᠎ᠤᠨ ᠳ᠋ᠤᠭ᠋ᠠᠷ ᠵᠡᠷᠭᠡ᠎ᠪᠠᠷ ᠳᠠᠮᠵᠢᠭᠤᠯᠤᠨ ᠤᠷᠤᠯᠳᠤᠭ᠋ᠠᠨ᠎ᠤ ᠬᠠᠮᠢᠶ᠎ᠠ ᠪᠦᠬᠦᠢ ᠮᠡᠳᠡᠭᠡ ᠵᠠᠩᠭᠢ ᠵᠢ ᠣᠯᠵᠤ ᠪᠣᠯᠤᠨ᠎ᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠡᠩ᠎ᠤᠨ ᠳᠡᠭᠡᠳᠦ ᠰᠤᠷᠭ᠋ᠠᠭᠤᠯᠢ᠎ᠳᠤ ᠰᠢᠯᠭ᠋ᠠᠭᠤᠯᠤᠭᠰᠠᠳ᠎ᠤᠨ ᠬᠢᠷᠢ ᠪᠦᠲᠦᠮᠵᠢ ᠵᠢ ᠪᠠᠶ᠋ᠢᠴᠠᠭ᠋ᠠᠨ ᠯᠠᠪᠯᠠᠬᠤ ᠠᠷᠭ᠎ᠠ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠦᠬᠦ ᠤᠯᠤᠰ᠎ᠤᠨ ᠨᠢᠭᠡᠳᠦᠯᠲᠡᠢ ᠰᠢᠯᠭ᠋ᠠᠯᠲᠠ ᠵᠢᠨ ᠰᠤᠷᠤᠭᠴᠢ ᠡᠯᠰᠡᠬᠦ ᠬᠠᠮᠤᠭ᠎ᠤᠨ ᠳᠣᠣᠷ᠎ᠠ ᠬᠢᠵᠠᠭ᠋ᠠᠷ ᠬᠤᠪᠢ
2024 ᠣᠨ᠎ᠤ ᠥᠪᠥᠷ ᠮᠣᠩᠭᠣᠯ᠎ᠤᠨ ᠤᠶᠤᠲᠠᠳ᠎ᠤᠨ ᠱᠠᠩᠨᠠᠯ ᠭᠦᠷᠲᠡᠭᠰᠡᠨ 《ᠠᠷᠪᠠᠨ ᠰᠢᠯᠢᠳᠡᠭ ᠰᠤᠷᠭ᠋ᠠᠭᠤᠯᠢ ᠵᠢᠨ ᠬᠦᠷᠢᠶᠡᠨ᠎ᠤ ᠳᠠᠭᠤᠴᠢᠨ》᠎ᠤ ᠨᠡᠷᠡᠰ
《ᠪᠢᠳᠡ ᠪᠣᠯ ᠳᠤᠮᠳᠠᠳᠤ ᠵᠢᠨ ᠪᠠᠭ᠋ᠠᠴᠤᠤᠯ · ᠡᠬᠡ ᠤᠯᠤᠰ ᠵᠶ᠋ᠠᠨ ᠮᠠᠭᠲᠠᠨ ᠳᠠᠭᠤᠯᠠᠨᠠᠮ》 ᠭᠡᠬᠦ 《ᠳᠣᠯᠣᠭ᠋ᠠᠨ ᠰᠠᠷ᠎ᠠ ᠵᠢᠨ ᠨᠢᠭᠡᠨ》᠎ᠢ ᠤᠭᠲᠤᠬᠤ ᠪᠠᠭ᠋ᠠᠴᠤᠳ ᠬᠡᠦᠬᠡᠳ᠎ᠤᠨ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ᠎ᠤᠨ ᠦᠵᠡᠰᠬᠦᠯᠡᠩ ᠤᠳᠠᠯ ᠦᠭᠡᠢ ᠶᠠᠪᠤᠭᠳᠠᠬᠤ᠎ᠪᠠᠷ ᠪᠣᠢ
ᠠᠮᠤᠷ ᠲᠦᠪᠰᠢᠨ᠎ᠲᠤ 《ᠠᠮᠠᠷᠠᠯᠲᠠ》 ᠦᠭᠡᠢ! ᠵᠤᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ
 
             蒙ICP备05000248号