6 ᠳ᠋ᠤᠭ᠋ᠠᠷ ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠤᠳᠬ᠎ᠠ ᠤᠷᠠᠯᠢᠭ᠎ᠤᠨ᠎ᠬᠢᠨ᠎ᠤ ᠬᠣᠯᠪᠣᠭ᠋ᠠᠲᠤ ᠬᠤᠷᠠᠯ᠎ᠲᠠᠢ ᠬᠠᠮᠲᠤᠷᠠᠨ ᠡᠷᠬᠢᠯᠡᠭᠰᠡᠨ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ 《ᠠᠷᠪᠠᠨ ᠰᠢᠯᠢᠳᠡᠭ ᠰᠤᠷᠭ᠋ᠠᠭᠤᠯᠢ ᠵᠢᠨ ᠬᠦᠷᠢᠶᠡᠨ᠎ᠤ ᠳᠠᠭᠤᠴᠢᠨ》᠎ᠢ ᠰᠢᠯᠭ᠋ᠠᠷᠠᠭᠤᠯᠬᠤ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠢ ᠬᠥᠬᠡᠬᠣᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠠᠮᠵᠢᠯᠲᠠ᠎ᠲᠠᠢ ᠡᠷᠬᠢᠯᠡᠪᠡ᠂ ᠰᠢᠢ᠍ᠳᠪᠦᠷᠢᠲᠦ ᠤᠷᠤᠯᠳᠤᠭ᠋ᠠᠨ᠎ᠳᠤ ᠲᠤᠰᠬᠠᠢ ᠮᠡᠷᠭᠡᠵᠢᠯ᠎ᠤᠨ ᠳᠤᠭᠤᠶ᠋ᠢᠯᠠᠩ᠂ ᠠᠵᠢᠯ᠎ᠤᠨ ᠴᠢᠯᠥᠭᠡᠨ᠎ᠤ ᠳᠤᠭᠤᠶ᠋ᠢᠯᠠᠩ᠎ᠤᠨ ᠰᠤᠷᠤᠭᠴᠢ ᠪᠠ ᠪᠠᠭᠰᠢ 30 ᠬᠥᠮᠦᠨ 《ᠠᠷᠪᠠᠨ ᠰᠢᠯᠢᠳᠡᠭ ᠰᠤᠷᠭ᠋ᠠᠭᠤᠯᠢ ᠵᠢᠨ ᠬᠦᠷᠢᠶᠡᠨ᠎ᠤ ᠳᠠᠭᠤᠴᠢᠨ》᠎ᠤ ᠢᠷᠠᠭᠤ ᠠᠯᠳᠠᠷ᠎ᠤᠨ ᠴᠣᠯᠠ ᠬᠦᠷᠲᠡᠪᠡ᠃ 《ᠠᠷᠪᠠᠨ ᠰᠢᠯᠢᠳᠡᠭ ᠰᠤᠷᠭ᠋ᠠᠭᠤᠯᠢ ᠵᠢᠨ ᠬᠦᠷᠢᠶᠡᠨ᠎ᠤ ᠳᠠᠭᠤᠴᠢᠨ》᠎ᠤ ᠴᠣᠭ ᠵᠢᠪᠬᠤᠭ᠎ᠠ ᠵᠢ ᠭᠦᠢ᠍ᠴᠡᠳ ᠪᠠᠳᠠᠷᠠᠭᠤᠯᠵᠤ᠂ ᠮᠠᠨ᠎ᠤ ᠣᠷᠣᠨ᠎ᠤ ᠵᠠᠯᠠᠭᠤ ᠰᠤᠷᠤᠭᠴᠢᠳ ᠪᠣᠯᠤᠨ ᠪᠠᠭᠰᠢ ᠵᠢᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠬᠦ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 29᠎ᠤ ᠡᠳᠦᠷ ᠬᠥᠬᠡᠬᠣᠲᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠲᠠᠳ᠎ᠤᠨ 《ᠠᠷᠪᠠᠨ ᠰᠢᠯᠢᠳᠡᠭ ᠰᠤᠷᠭ᠋ᠠᠭᠤᠯᠢ ᠵᠢᠨ ᠬᠦᠷᠢᠶᠡᠨ᠎ᠤ ᠳᠠᠭᠤᠴᠢᠨ》᠎ᠤ ᠤᠷᠤᠯᠳᠤᠭ᠋ᠠᠨ᠎ᠤ ᠦᠵᠡᠭᠦᠯᠭᠡ ᠵᠢᠨ ᠲᠣᠭᠯᠠᠯᠲᠠ ᠵᠢᠴᠢ ᠱᠠᠩᠨᠠᠯ ᠣᠯᠭᠣᠬᠤ ᠶᠣᠰᠣᠯᠠᠯ᠎ᠢ ᠡᠷᠬᠢᠯᠡᠬᠦ ᠪᠣᠯᠤᠨ᠎ᠠ᠃
ᠱᠠᠩᠨᠠᠯ ᠭᠦᠷᠲᠡᠭᠰᠡᠨ 《ᠰᠤᠷᠭ᠋ᠠᠭᠤᠯᠢ ᠵᠢᠨ ᠬᠦᠷᠢᠶᠡᠨ᠎ᠤ ᠠᠷᠪᠠᠨ ᠰᠢᠯᠢᠳᠡᠭ ᠳᠠᠭᠤᠴᠢᠨ》᠎ᠤ ᠨᠡᠷᠡᠰ





