
ᠪᠢᠳᠡ ᠪᠣᠯ ᠳᠤᠮᠳᠠᠳᠤ ᠵᠢᠨ ᠪᠠᠭ᠋ᠠᠴᠤᠤᠯ᠂ ᠡᠬᠡ ᠤᠯᠤᠰ ᠵᠶ᠋ᠠᠨ ᠮᠠᠭᠲᠠᠨ ᠳᠠᠭᠤᠯᠠᠨᠠᠮ
ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠶ᠋ᠢᠭᠤᠯᠤᠯᠲᠠ ᠵᠢᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠯᠠᠭᠤᠴᠤᠳ ᠪᠠᠭ᠋ᠠᠴᠤᠳ᠎ᠤᠨ ᠤᠯᠤᠰ ᠭᠡᠷ᠎ᠤᠨ ᠬᠠᠶ᠋ᠢᠷ᠎ᠠ ᠰᠡᠳᠬᠢᠯᠭᠡ ᠵᠢ ᠵᠤᠵᠠᠭ᠋ᠠᠳᠬᠠᠵᠤ᠂ ᠡᠬᠡ ᠣᠷᠣᠨᠴᠢ ᠦᠵᠡᠯ᠎ᠤᠨ ᠬᠥᠮᠦᠵᠢᠯ᠂ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢᠨ ᠬᠥᠮᠦᠵᠢᠯ ᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ 《ᠪᠢᠳᠡ ᠪᠣᠯ ᠳᠤᠮᠳᠠᠳᠤ ᠵᠢᠨ ᠪᠠᠭ᠋ᠠᠴᠤᠤᠯ · ᠡᠬᠡ ᠤᠯᠤᠰ ᠵᠶ᠋ᠠᠨ ᠮᠠᠭᠲᠠᠨ ᠳᠠᠭᠤᠯᠠᠨᠠᠮ》 ᠭᠡᠬᠦ 《ᠳᠣᠯᠣᠭ᠋ᠠᠨ ᠰᠠᠷ᠎ᠠ ᠵᠢᠨ ᠨᠢᠭᠡᠨ》᠎ᠢ ᠤᠭᠲᠤᠬᠤ ᠪᠠᠭ᠋ᠠᠴᠤᠳ ᠬᠡᠦᠬᠡᠳ᠎ᠤᠨ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ᠎ᠤᠨ ᠦᠵᠡᠭᠦᠯᠭᠡ ᠵᠢᠨ ᠠᠵᠢᠯᠯᠠᠭ᠎ᠠ ᠵᠢ ᠡᠷᠬᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠵᠠᠯᠠᠭᠤᠴᠤᠳ ᠪᠠᠭ᠋ᠠᠴᠤᠳ᠎ᠤᠨ ᠰᠡᠳᠬᠢᠯ᠎ᠳᠤ ᠭᠦᠨ ᠬᠠᠳᠠᠩᠰᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢ ᠨᠡᠮᠡᠷᠢᠯᠡᠪᠡ᠃
ᠡᠨᠡ ᠤᠳᠠᠭ᠋ᠠᠨ᠎ᠤ ᠠᠵᠢᠯᠯᠠᠭ᠎ᠠ ᠪᠣᠯ 4 ᠰᠠᠷ᠎ᠠ ᠵᠢᠨ ᠡᠬᠢᠨ᠎ᠠᠴᠠ ᠡᠬᠢᠯᠡᠨ ᠪᠦᠬᠦ ᠤᠯᠤᠰ ᠠᠴᠠ ᠪᠦᠲᠦᠭᠡᠯ ᠴᠤᠭᠯᠠᠭᠤᠯᠵᠤ᠂ ᠪᠦᠬᠦ ᠤᠯᠤᠰ᠎ᠤᠨ ᠳᠣᠯᠣᠭ᠋ᠠᠨ ᠮᠤᠵᠢ᠂ ᠥᠪᠡᠷᠲᠡᠭᠡᠨ ᠵᠠᠰᠠᠬᠤ ᠣᠷᠣᠨ᠎ᠤ 76 ᠰᠤᠷᠭ᠋ᠠᠭᠤᠯᠢ ᠢᠳᠡᠪᠬᠢᠲᠡᠢ ᠣᠷᠣᠯᠴᠠᠵᠤ᠂ ᠡᠬᠡ ᠣᠷᠣᠨᠴᠢ ᠦᠵᠡᠯ᠎ᠤᠨ ᠬᠠᠶ᠋ᠢᠷ᠎ᠠ ᠰᠡᠳᠬᠢᠯᠭᠡ ᠵᠢ ᠢᠯᠡᠷᠡᠭᠦᠯᠦᠭᠰᠡᠨ ᠤᠷᠠᠨ ᠪᠢᠴᠢᠯᠭᠡ ᠤᠷᠠᠨ ᠵᠢᠷᠤᠭ᠂ ᠭᠡᠷᠡᠯ ᠵᠢᠷᠤᠭ᠎ᠤᠨ ᠪᠦᠲᠦᠭᠡᠯ᠎ᠢ 893 ᠬᠤᠪᠢ ᠴᠤᠭᠯᠠᠭᠤᠯᠤᠨ᠂ ᠬᠡᠰᠡᠭ ᠰᠢᠯᠢᠳᠡᠭ ᠪᠦᠲᠦᠭᠡᠯ᠎ᠢ ᠰᠣᠩᠭᠣᠨ ᠳᠡᠯᠭᠡᠨ ᠦᠵᠡᠭᠦᠯᠪᠡ᠃
ᠵᠣᠬᠢᠶᠠᠨ ᠪᠠᠶ᠋ᠢᠭᠤᠯᠤᠭᠰᠠᠨ ᠨᠢᠭᠡᠴᠢ
ᠭᠣᠣᠯᠯᠠᠨ ᠡᠷᠬᠢᠯᠡᠭᠰᠡᠨ ᠨᠢᠭᠡᠴᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠤᠷᠭ᠋ᠠᠨ ᠬᠥᠮᠦᠵᠢᠯ᠎ᠤᠨ ᠠᠵᠢᠯ᠎ᠤᠨ ᠬᠣᠷᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
ᠳᠠᠭ᠋ᠠᠭ᠋ᠠᠴᠢᠯᠠᠨ ᠡᠷᠬᠢᠯᠡᠭᠰᠡᠨ ᠨᠢᠭᠡᠴᠢ
ᠬᠥᠬᠡᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ
ᠬᠥᠬᠡᠬᠣᠲᠠ ᠵᠢᠨ ᠬᠣᠲᠠ ᠵᠢᠨ ᠦᠵᠡᠭᠦᠯᠭᠡ ᠵᠢᠨ ᠲᠥᠪ
ᠳᠤᠮᠳᠠᠳᠤ ᠤᠯᠤᠰ᠎ᠤᠨ ᠦᠨᠳᠦᠰᠦᠲᠡᠨ᠎ᠤ ᠺᠢᠨᠣ᠋ ᠲᠧᠯᠸᠢᠰ ᠤᠷᠠᠯᠢᠭ᠎ᠤᠨ ᠬᠥᠭᠵᠢᠯᠲᠡ ᠵᠢ
ᠠᠬᠢᠭᠤᠯᠬᠤ ᠨᠡᠶ᠋ᠢᠭᠡᠮᠯᠢᠭ᠎ᠤᠨ ᠵᠠᠯᠠᠭᠤᠴᠤᠳ ᠪᠠᠭ᠋ᠠᠴᠤᠳ᠎ᠤᠨ ᠵᠥᠪᠯᠡᠯ
ᠳᠡᠯᠭᠡᠨ ᠦᠵᠡᠭᠦᠯᠬᠦ᠎ᠳᠤ ᠰᠣᠩᠭᠤᠭᠳᠠᠭᠰᠠᠨ ᠨᠢᠭᠡᠴᠢ
(ᠵᠢᠭᠰᠠᠭ᠋ᠠᠯᠲᠠ᠎ᠨᠢ ᠡᠮᠦᠨ᠎ᠡ ᠬᠣᠶ᠋ᠢᠨ᠎ᠠ ᠵᠢ ᠢᠯᠭ᠋ᠠᠬᠤ ᠦᠭᠡᠢ)
ᠬᠥᠯᠥᠨ ᠪᠤᠶ᠋ᠢᠷ ᠬᠣᠲᠠ ᠵᠢᠨ ᠬᠠᠶ᠋ᠢᠯᠠᠷ ᠲᠣᠭᠣᠷᠢᠭ᠎ᠤᠨ ᠲᠤᠤ ᠯᠢ ᠰᠤᠷᠭ᠋ᠠᠭᠤᠯᠢ᠂ ᠬᠥᠯᠥᠨ ᠪᠤᠶ᠋ᠢᠷ ᠬᠣᠲᠠ ᠵᠢᠨ ᠢ ᡁᠢ ᠳ᠋ᠦ᠋ ᠰᠢᠦ ᠤᠷᠠᠨ ᠪᠢᠴᠢᠯᠭᠡ ᠤᠷᠠᠨ ᠵᠢᠷᠤᠭ᠎ᠤᠨ ᠠᠵᠢᠯᠯᠠᠬᠤ ᠲᠠᠰᠤᠭ᠂ ᠲᠦᠩᠯᠢᠶᠣᠣ ᠬᠣᠲᠠ ᠵᠢᠨ ᠸᠠᠩ ᠰᠢᠶᠣᠣ ᠶᠠ ᠵᠢᠷᠤᠭ᠎ᠤᠨ ᠬᠦᠷᠢᠶᠡᠯᠡᠩ᠂ ᠪᠤᠭᠤᠲᠤ ᠬᠣᠲᠠ ᠵᠢᠨ ᠵᠦᠩ ᠴᠢᠩ ᠸᠧᠢ ᠯᠠᠢ᠂ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠶᠡᠬᠡ ᠰᠤᠷᠭ᠋ᠠᠭᠤᠯᠢ ᠵᠠᠮ᠎ᠤᠨ ᠪᠠᠭ᠎ᠠ ᠰᠤᠷᠭ᠋ᠠᠭᠤᠯᠢ ᠵᠢᠨ ᠬᠥᠯᠥᠨ ᠡᠮᠦᠨ᠎ᠡ ᠵᠠᠮ᠎ᠤᠨ ᠰᠤᠷᠭ᠋ᠠᠭᠤᠯᠢ ᠵᠢᠨ ᠲᠣᠭᠣᠷᠢᠭ᠂ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠯᠢᠤᠢ ᠳ᠋ᠢ ᠪᠠᠭ᠎ᠠ ᠰᠤᠷᠭ᠋ᠠᠭᠤᠯᠢ ᠵᠢᠨ ᠲᠧᠩ ᠹᠧᠢ ᠵᠠᠮ᠎ᠤᠨ ᠰᠤᠷᠭ᠋ᠠᠭᠤᠯᠢ ᠵᠢᠨ ᠲᠣᠭᠣᠷᠢᠭ᠂ ᠬᠥᠬᠡᠬᠣᠲᠠ ᠵᠢᠨ ᠢᠦᠢ ᠴᠢᠦᠸᠡᠨ ᠲᠣᠭᠣᠷᠢᠭ᠎ᠤᠨ ᠲᠦᠩ ᠱᠦᠨ ᠵᠡᠭᠡᠯᠢ ᠵᠢᠨ ᠪᠠᠭ᠎ᠠ ᠰᠤᠷᠭ᠋ᠠᠭᠤᠯᠢ᠂ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠴᠦᠨ ᠯᠧᠢ ᠨᠢᠭᠡᠳᠦᠭᠡᠷ ᠪᠠᠭ᠎ᠠ ᠰᠤᠷᠭ᠋ᠠᠭᠤᠯᠢ᠂ ᠬᠥᠬᠡᠬᠣᠲᠠ ᠵᠢᠨ ᠬᠣᠲᠣᠩ ᠠᠷᠠᠳ᠎ᠤᠨ ᠲᠣᠭᠣᠷᠢᠭ᠎ᠤᠨ ᠬᠣᠤ ᠯᠧ ᠰᠤᠷᠭ᠋ᠠᠭᠤᠯᠢ᠂ ᠬᠥᠬᠡᠬᠣᠲᠠ ᠵᠢᠨ ᠢᠦᠢ ᠴᠢᠦᠸᠡᠨ ᠲᠣᠭᠣᠷᠢᠭ᠎ᠤᠨ ᠨᠠᠨ ᠴᠠᠢ ᠾᠥᠸᠧ ᠱ᠌ᠢ ᠵᠡᠭᠡᠯᠢ ᠵᠢᠨ ᠪᠠᠭ᠎ᠠ ᠰᠤᠷᠭ᠋ᠠᠭᠤᠯᠢ᠂ ᠬᠥᠬᠡᠬᠣᠲᠠ ᠵᠢᠨ ᠳᠥᠴᠢᠳᠦᠭᠡᠷ ᠳᠤᠮᠳᠠᠳᠤ ᠰᠤᠷᠭ᠋ᠠᠭᠤᠯᠢ᠂ ᠬᠥᠬᠡᠬᠣᠲᠠ ᠵᠢᠨ ᠵᠠᠯᠠᠭᠤᠴᠤᠳ ᠪᠠᠭ᠋ᠠᠴᠤᠳ᠎ᠤᠨ ᠬᠥᠳᠡᠯᠭᠡᠭᠡᠨ᠎ᠤ ᠲᠥᠪ᠂ ᠥᠪᠥᠷ ᠮᠣᠩᠭᠣᠯ᠎ᠤᠨ ᠬᠤᠸᠠ ᠲᠢᠶᠠᠨ ᠳ᠋ᠦᠸᠧ ᠳ᠋ᠦᠸᠧ ᠤᠷᠠᠯᠢᠭ᠎ᠤᠨ ᠰᠤᠷᠭ᠋ᠠᠨ ᠬᠥᠮᠦᠵᠢᠯ᠂ ᠰᠧ ᠮᠠ ᠲᠧ ᠬᠡᠦᠬᠡᠳ᠎ᠤᠨ ᠤᠷᠠᠨ ᠵᠢᠷᠤᠭ᠎ᠤᠨ ᠲᠥᠪ᠂ ᠵᠢᠨ ᠱᠠᠨ ᠪᠠᠭ᠋ᠠᠴᠤᠳ᠎ᠤᠨ ᠣᠷᠳᠣᠨ᠂ ᠭᠤᠷᠪᠠᠳᠤᠭ᠋ᠠᠷ ᠥᠰᠦᠨ ᠪᠣᠢ᠌ᠵᠢᠯᠲᠠ ᠵᠢᠨ ᠣᠷᠣᠨ ᠵᠠᠢ᠂ ᠿᠠᠨ ᠿᠠᠨ ᠪᠠᠭ᠋ᠠᠴᠤᠳ ᠬᠡᠦᠬᠡᠳ᠎ᠤᠨ ᠤᠷᠠᠯᠢᠭ᠎ᠤᠨ ᠰᠤᠷᠭ᠋ᠠᠭᠤᠯᠢ᠂ ᠮᠦ᠍ ᠴᠦ᠍ ᠤᠷᠠᠯᠢᠭ᠎ᠤᠨ ᠪᠣᠯᠪᠠᠰᠤᠷᠠᠯ᠎ᠤᠨ ᠰᠤᠷᠭ᠋ᠠᠭᠤᠯᠢ᠂ ᠮᠢᠩ ᠰᠢᠩ ᠤᠷᠠᠯᠢᠭ᠎ᠤᠨ ᠰᠤᠷᠭ᠋ᠠᠭᠤᠯᠢ᠂ ᠺᠧᠦ ᠼᠠᠢ ᠰᠢᠩ ᠴᠢᠦ᠂ ᠶᠢᠦ ᠱᠥᠸᠧ ᠤᠷᠠᠯᠢᠭ᠂ ᠢᠨᠴᠤᠸᠠᠨ ᠵᠢᠩ ᠪᠥᠸᠧ ᠰᠤᠷᠭ᠋ᠠᠭᠤᠯᠢ᠂ ᠭᠤᠸᠠᠩᠰᠢ ᠵᠢᠨ ᠰᠢᠶᠣᠣ ᠲᠥᠩ ᠭᠦ᠋ ᠪᠠᠭ᠋ᠠᠴᠤᠳ᠎ᠤᠨ ᠲᠧᠯᠸᠢᠰ ᠤᠷᠠᠯᠢᠭ᠎ᠤᠨ ᠪᠦᠯᠬᠦᠮ᠂ ᠨᠠᠨᠨᠢᠩ ᠬᠣᠲᠠ ᠵᠢᠨ ᠰᠢᠦ ᠯᠢᠩ ᠪᠠᠭ᠎ᠠ ᠰᠤᠷᠭ᠋ᠠᠭᠤᠯᠢ᠂ ᠴᠢᠩᠳᠣᠤ ᠵᠢᠨ ᠹᠦ᠋ ᠶᠤᠸᠠᠨ ᠵᠠᠮ᠎ᠤᠨ ᠪᠠᠭ᠎ᠠ ᠰᠤᠷᠭ᠋ᠠᠭᠤᠯᠢ᠂ ᠴᠢᠩᠳᠣᠤ ᠬᠣᠲᠠ ᠵᠢᠨ ᠴᠧᠩ ᠶᠠᠩ ᠲᠣᠭᠣᠷᠢᠭ᠎ᠤᠨ ᠰᠢ ᠹᠦ᠋ ᠪᠠᠯᠭ᠋ᠠᠰᠤᠨ᠎ᠤ ᠵᠡᠭᠡᠯᠢ ᠭᠤᠳᠤᠮᠵᠢ ᠵᠢᠨ ᠵᠢᠨ ᠼᠦᠨ ᠪᠠᠭ᠎ᠠ ᠰᠤᠷᠭ᠋ᠠᠭᠤᠯᠢ᠂ ᠰᠢ ᠠᠨ ᠬᠣᠲᠠ ᠵᠢᠨ ᠺᠠᠢ ᠹᠦ᠋ ᠲᠢᠶᠠᠨ ᠬᠡᠦᠬᠡᠳ᠎ᠤᠨ ᠴᠡᠴᠡᠷᠯᠢᠭ᠂ ᠰᠢ ᠠᠨ ᠬᠣᠲᠠ ᠵᠢᠨ ᠶᠠᠨ ᠲᠠ ᠰᠢᠶᠠᠩ ᠳ᠋ᠦ᠋ ᠬᠡᠦᠬᠡᠳ᠎ᠤᠨ ᠴᠡᠴᠡᠷᠯᠢᠭ᠂ ᠰᠠᠨ ᡁᠢ ᠰᠢᠶᠦ᠋ᠩ ᠬᠡᠦᠬᠡᠳ᠎ᠤᠨ ᠭᠡᠷᠡᠯ ᠵᠢᠷᠤᠭ᠂ ᠱᠠᠨᠰᠢ ᠮᠤᠵᠢ ᠵᠢᠨ ᠰᠢ ᠠᠨ ᠬᠣᠲᠠ ᠵᠢᠨ ᠵᠢᠩ ᠺᠠᠢ ᠲᠣᠭᠣᠷᠢᠭ᠎ᠤᠨ ᠳ᠋ᠠ ᠳ᠋ᠢ ᠶᠠᠩ ᠭᠤᠸᠠᠩ ᠬᠡᠦᠬᠡᠳ᠎ᠤᠨ ᠴᠡᠴᠡᠷᠯᠢᠭ᠃
ᠠᠵᠢᠯᠯᠠᠭ᠋ᠠᠨ᠎ᠤ ᠴᠠᠭ
2024 ᠣᠨ᠎ᠤ 6 ᠰᠠᠷ᠎ᠠ ᠵᠢᠨ 30᠎ᠤ ᠡᠳᠦᠷ (ᠭᠠᠷᠠᠭ᠎ᠤᠨ ᠡᠳᠦᠷ) - 7 ᠰᠠᠷ᠎ᠠ ᠵᠢᠨ 7᠎ᠤ ᠡᠳᠦᠷ᠂ 8 ᠡᠳᠦᠷ᠎ᠤᠨ ᠬᠤᠭᠤᠴᠠᠭ᠎ᠠ᠎ᠲᠠᠢ᠃
ᠭᠠᠷᠠᠭ᠎ᠤᠨ ᠨᠢᠭᠡᠨ᠎ᠳᠤ ᠵᠤᠷᠰᠢᠯ ᠶᠣᠰᠤᠭ᠋ᠠᠷ ᠡᠭᠦᠳᠡ᠎ᠪᠠᠨ ᠬᠠᠭ᠋ᠠᠵᠤ᠂ ᠭᠠᠷᠠᠭ᠎ᠤᠨ ᠬᠣᠶᠠᠷ᠎ᠠᠴᠠ ᠭᠠᠷᠠᠭ᠎ᠤᠨ ᠡᠳᠦᠷ ᠬᠦᠷᠲᠡᠯ᠎ᠡ ᠡᠭᠦᠳᠡ᠎ᠪᠠᠨ ᠨᠡᠭᠡᠭᠡᠨ᠎ᠡ᠂ ᠦᠳᠡ ᠵᠢᠨ ᠡᠮᠦᠨ᠎ᠡ 9᠄ 30᠎ᠲᠤ ᠲᠠᠯᠠᠪᠠᠢ᠎ᠳᠤ ᠣᠷᠣᠵᠤ᠂ ᠦᠳᠡ ᠵᠢᠨ ᠬᠣᠶ᠋ᠢᠨ᠎ᠠ 16᠄ 00 ᠴᠠᠭ᠎ᠲᠤ ᠲᠠᠯᠠᠪᠠᠢ᠎ᠳᠤ ᠣᠷᠣᠬᠤᠢ ᠵᠣᠭᠰᠣᠭ᠋ᠠᠨ᠂ 16᠄ 30᠎ᠲᠤ ᠲᠠᠯᠠᠪᠠᠢ᠎ᠠᠴᠠ ᠪᠥᠬᠦ ᠬᠥᠮᠦᠨ᠎ᠢ ᠭᠠᠷᠭ᠋ᠠᠵᠤ᠂ 17᠄ 00᠎ᠲᠤ ᠡᠭᠦᠳᠡ᠎ᠪᠠᠨ ᠬᠠᠭ᠋ᠠᠨ᠎ᠠ᠃
ᠠᠵᠢᠯᠯᠠᠭ᠋ᠠᠨ᠎ᠤ ᠭᠠᠵᠠᠷ
ᠬᠥᠬᠡᠬᠣᠲᠠ ᠵᠢᠨ ᠬᠣᠲᠠ ᠵᠢᠨ ᠦᠵᠡᠭᠦᠯᠭᠡ ᠵᠢᠨ ᠲᠥᠪ