ᠵᠤᠨ᠎ᠤ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶ᠋ᠢᠨ᠎ᠠ᠂ ᠬᠡᠦᠬᠡᠳ᠎ᠤᠳ ᠠᠮᠠᠷᠠᠯᠲᠠ ᠵᠢᠨ ᠬᠤᠭᠤᠴᠠᠭ᠎ᠠ᠎ᠪᠠᠨ ᠪᠠᠶᠠᠷ ᠬᠥᠷ᠎ᠲᠠᠢ ᠥᠩᠭᠡᠷᠡᠭᠦᠯᠬᠦ ᠵᠢᠨ ᠬᠠᠮᠲᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠢ ᠴᠠᠭ ᠢᠮᠠᠭᠲᠠ ᠠᠩᠬᠠᠷᠬᠤ ᠬᠡᠷᠡᠭᠲᠡᠢ᠃ ᠬᠠᠮᠲᠤ᠎ᠳᠤ᠎ᠪᠠᠨ 《2024 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠵᠤᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ》 ᠪᠠ 《2024 ᠣᠨ᠎ᠤ ᠬᠡᠦᠬᠡᠳ᠎ᠤᠨ ᠴᠡᠴᠡᠷᠯᠢᠭ᠎ᠤᠨ ᠵᠤᠨ ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ》 ᠵᠢ ᠦᠵᠡᠵᠡᠭᠡᠶ᠎ᠡ!

2024 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ
ᠵᠤᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ
ᠨᠢᠭᠡ᠂ ᠡᠷᠡᠭᠦᠯ ᠮᠡᠨᠳᠦ ᠵᠢᠨ ᠬᠠᠮᠢᠶᠠᠷᠤᠯᠲᠠ ᠵᠢ ᠰᠠᠶ᠋ᠢᠲᠤᠷ ᠬᠢᠬᠦ ᠬᠡᠷᠡᠭᠲᠡᠢ
1. 《ᠬᠥᠮᠦᠨ ᠪᠦᠬᠦᠨ ᠴᠥᠮ ᠥᠪᠡᠷ᠎ᠤᠨ ᠡᠷᠡᠭᠦᠯ ᠮᠡᠨᠳᠦ ᠵᠢᠨ ᠨᠢᠭᠡᠳᠦᠭᠡᠷ ᠬᠠᠷᠢᠭᠤᠴᠠᠯᠭ᠋ᠠᠲᠠᠨ ᠮᠥᠨ》 ᠭᠡᠬᠦ ᠣᠶ᠋ᠢᠯᠠᠭ᠋ᠠᠭᠳᠠᠬᠤᠨ᠎ᠢ ᠰᠠᠨᠠᠭ᠋ᠠᠴᠢᠯᠠᠵᠤ᠂ ᠡᠷᠡᠭᠦᠯ ᠬᠠᠮᠠᠭ᠋ᠠᠯᠠᠯ᠎ᠤᠨ ᠰᠠᠶ᠋ᠢᠨ ᠰᠠᠶ᠋ᠢᠬᠠᠨ ᠳᠠᠳᠬᠠᠯ᠎ᠢ ᠪᠠᠷᠢᠮᠲᠠᠯᠠᠨ᠂ ᠬᠣᠭ ᠨᠣᠪᠰᠢ ᠵᠢ ᠲᠥᠷᠥᠯ ᠬᠤᠪᠢᠶᠠᠨ ᠬᠠᠶᠠᠬᠤ ᠬᠡᠷᠡᠭᠲᠡᠢ᠃ ᠬᠡᠦᠬᠡᠳ᠎ᠤᠨ ᠡᠷᠡᠭᠦᠯ ᠮᠡᠨᠳᠦ ᠵᠢᠨ ᠪᠠᠢ᠌ᠴᠠᠭ᠋ᠠᠯᠲᠠ ᠵᠢ ᠰᠠᠶ᠋ᠢᠲᠤᠷ ᠬᠢᠵᠦ᠂ ᠡᠪ ᠦᠭᠡᠢ ᠪᠠᠢ᠌ᠳᠠᠯ ᠢᠯᠡᠷᠡᠪᠡᠯ᠂ ᠳᠠᠷᠤᠢ᠎ᠳᠤ᠎ᠨᠢ ᠡᠮᠨᠡᠯᠭᠡ᠎ᠳᠤ ᠣᠴᠢᠨ ᠦᠵᠡᠭᠦᠯᠬᠦ ᠬᠡᠷᠡᠭᠲᠡᠢ᠃
2. 《ᠭᠤᠷᠪᠠ ᠦᠭᠡᠢ》 ᠢᠳᠡᠭᠡᠨ᠎ᠢ ᠢᠳᠡᠬᠦ ᠦᠭᠡᠢ᠂ ᠤᠬᠢᠶᠠᠵᠤ ᠴᠡᠪᠡᠷᠯᠡᠭᠰᠡᠨ ᠦᠭᠡᠢ ᠢᠳᠡᠭᠡᠨ᠎ᠢ ᠢᠳᠡᠬᠦ ᠦᠭᠡᠢ᠂ ᠲᠦᠭᠦᠬᠡᠢ ᠤᠰᠤ ᠤᠤᠭᠤᠬᠤ ᠦᠭᠡᠢ᠃ ᠳᠠᠪᠤᠰᠤ ᠶᠡᠬᠡᠲᠡᠢ᠂ ᠰᠢᠬᠢᠷ᠎ᠲᠠᠢ᠂ ᠲᠣᠰ᠎ᠤᠨ᠎ᠳᠤ ᠬᠠᠭ᠋ᠠᠷᠢᠭᠰᠠᠨ᠂ ᠤᠲᠤᠭᠰᠠᠨ ᠢᠳᠡᠭᠡᠨ᠎ᠢ ᠳᠤᠲᠠᠭᠤ ᠢᠳᠡᠨ᠎ᠡ᠃ ᠲᠠᠨᠢᠬᠤ ᠦᠭᠡᠢ ᠪᠤᠶᠤ ᠢᠷᠡᠯᠲᠡ᠎ᠨᠢ ᠲᠣᠳᠣᠷᠬᠠᠢ ᠦᠭᠡᠢ ᠬᠡᠭᠡᠷ᠎ᠡ ᠵᠢᠨ ᠪᠠᠺᠲ᠋ᠧᠷᠢ ᠵᠢᠨ ᠲᠥᠷᠥᠯ᠎ᠢ ᠲᠡᠭᠦᠬᠦ ᠦᠭᠡᠢ᠂ ᠬᠤᠳᠠᠯᠳᠤᠨ ᠠᠪᠬᠤ ᠦᠭᠡᠢ ᠪᠤᠶᠤ ᠢᠳᠡᠬᠦ ᠦᠭᠡᠢ᠃
3. ᠬᠡᠦᠬᠡᠳ᠎ᠤᠨ ᠭᠦᠢ᠍ᠴᠡᠳ ᠤᠨᠲᠠᠬᠤ ᠴᠠᠭ᠎ᠢ ᠦᠨᠡᠨ ᠬᠦ᠌ ᠪᠠᠲᠤᠯᠠᠵᠤ᠂ ᠪᠠᠭ᠎ᠠ ᠰᠤᠷᠭ᠋ᠠᠭᠤᠯᠢ ᠵᠢᠨ ᠰᠤᠷᠤᠭᠴᠢ ᠵᠢᠨ ᠡᠳᠦᠷ ᠪᠦᠷᠢ ᠵᠢᠨ ᠤᠨᠲᠠᠬᠤ ᠴᠠᠭ ᠬᠠᠮᠤᠭ᠎ᠤᠨ ᠪᠠᠭ᠎ᠠ᠎ᠳᠤ᠎ᠪᠠᠨ 10 ᠴᠠᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ 9 ᠴᠠᠭ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ 8 ᠴᠠᠭ ᠪᠠᠢ᠌ᠬᠤ ᠬᠡᠷᠡᠭᠲᠡᠢ᠃
4. ᠠᠮᠤᠷ ᠲᠦᠪᠰᠢᠨ ᠬᠥᠳᠡᠯᠭᠡᠭᠡᠨ᠎ᠤ ᠲᠥᠷᠥᠯ ᠵᠦᠢ᠍ᠯ᠎ᠢ ᠰᠣᠩᠭᠤᠨ᠂ ᠵᠣᠬᠢᠰᠲᠠᠢ ᠪᠡᠶ᠎ᠡ ᠵᠢᠨ ᠲᠠᠮᠢᠷ᠎ᠤᠨ ᠪᠣᠯᠪᠠᠰᠤᠷᠠᠯ ᠬᠢᠬᠦ ᠵᠢ ᠪᠠᠷᠢᠮᠲᠠᠯᠠᠵᠤ᠂ ᠴᠣᠭ ᠵᠢᠪᠬᠤᠭ᠎ᠠ ᠰᠠᠶ᠋ᠢᠨ ᠰᠠᠶ᠋ᠢᠬᠠᠨ᠂ ᠪᠥᠷᠢᠨ ᠲᠡᠭᠦᠯᠳᠡᠷ ᠪᠠᠢ᠌ᠬᠤ ᠵᠢ ᠪᠠᠲᠤᠯᠠᠬᠤ ᠬᠡᠷᠡᠭᠲᠡᠢ᠃
ᠬᠣᠶᠠᠷ᠂ ᠤᠰᠤᠨ᠎ᠳᠤ ᠡᠨᠳᠡᠬᠦ ᠵᠢ ᠴᠢᠩᠭ᠎ᠠ ᠰᠡᠷᠭᠡᠶ᠋ᠢᠯᠡᠬᠦ ᠬᠡᠷᠡᠭᠲᠡᠢ
5. ᠭᠣᠣᠯ ᠮᠥᠷᠡᠨ ᠨᠠᠭᠤᠷ ᠴᠥᠭᠥᠷᠥᠮ ᠵᠡᠷᠭᠡ ᠤᠰᠤᠨ᠎ᠤ ᠬᠥᠪᠡᠭᠡ᠂ ᠤᠰᠤᠨ ᠳᠡᠭᠡᠷᠡᠬᠢ ᠲᠠᠪᠴᠠᠩ᠂ ᠪᠠᠷᠢᠯᠭ᠎ᠠ ᠵᠢᠨ ᠭᠠᠵᠠᠷ᠎ᠤᠨ ᠤᠰᠤᠨ ᠨᠦᠬᠡ ᠵᠡᠷᠭᠡ ᠤᠰᠤᠨ ᠣᠷᠣᠨ᠎ᠳᠤ ᠨᠠᠭ᠋ᠠᠳᠴᠤ᠂ ᠠᠯᠢᠶᠠᠷᠬᠠᠬᠤ ᠦᠭᠡᠢ᠃ ᠭᠣᠣᠯ᠎ᠤᠨ ᠤᠷᠤᠰᠬᠠᠯ ᠵᠡᠷᠭᠡ ᠤᠰᠤᠨ ᠣᠷᠣᠨ᠎ᠳᠤ ᠤᠨᠠᠭᠰᠠᠨ ᠡᠳ᠋ ᠪᠣᠳᠠᠰ᠎ᠢ ᠲᠡᠭᠦᠬᠦ ᠦᠭᠡᠢ᠂ ᠭᠣᠣᠯ ᠮᠥᠷᠡᠨ ᠨᠠᠭᠤᠷ ᠴᠥᠬᠦᠷᠦᠮ᠎ᠤᠨ ᠬᠥᠪᠡᠭᠡᠨ᠎ᠳᠤ ᠭᠠᠷ ᠵᠶ᠋ᠠᠨ ᠤᠬᠢᠶᠠᠬᠤ ᠦᠭᠡᠢ᠂ ᠶᠠᠭᠤᠮ᠎ᠠ᠎ᠪᠠᠨ ᠤᠬᠢᠶᠠᠬᠤ ᠦᠭᠡᠢ᠂ ᠵᠢᠭ᠋ᠠᠰᠤ ᠵᠢᠷᠠᠭ᠋ᠠᠬᠠᠢ᠂ ᠮᠡᠯᠡᠬᠡᠢ ᠵᠢ ᠪᠠᠷᠢᠬᠤ ᠦᠭᠡᠢ᠃
6. ᠳᠤᠷ᠎ᠠ᠎ᠪᠠᠷ ᠵᠶ᠋ᠠᠨ ᠤᠰᠤᠨ᠎ᠳᠤ ᠤᠮᠪᠠᠬᠤ ᠦᠭᠡᠢ᠂ ᠳᠤᠷ᠎ᠠ᠎ᠪᠠᠷ ᠵᠶ᠋ᠠᠨ ᠪᠤᠰᠤᠳ ᠬᠥᠮᠦᠨ᠎ᠲᠠᠢ ᠬᠠᠮᠲᠤ ᠤᠰᠤᠨ᠎ᠳᠤ ᠤᠮᠪᠠᠬᠤ ᠦᠭᠡᠢ᠂ ᠭᠡᠷ᠎ᠤᠨ ᠠᠬᠠᠮᠠᠳ ᠪᠤᠶᠤ ᠪᠠᠭᠰᠢ ᠵᠢᠨ ᠳᠠᠭ᠋ᠠᠭᠤᠯᠭ᠎ᠠ ᠦᠭᠡᠢ ᠪᠠᠶ᠋ᠢᠳᠠᠯ ᠳᠣᠣᠷ᠎ᠠ ᠤᠰᠤᠨ᠎ᠳᠤ ᠤᠮᠪᠠᠬᠤ ᠦᠭᠡᠢ᠂ ᠠᠮᠤᠷ ᠲᠦᠪᠰᠢᠨ᠎ᠤ ᠲᠥᠬᠥᠭᠡᠷᠦᠮᠵᠢ ᠦᠭᠡᠢ᠂ ᠠᠪᠤᠷᠠᠨ ᠲᠤᠰᠠᠯᠠᠬᠤ ᠬᠥᠮᠦᠨ ᠦᠭᠡᠢ ᠤᠰᠤᠨ᠎ᠳᠤ ᠤᠮᠪᠠᠬᠤ ᠦᠭᠡᠢ᠂ ᠲᠠᠨᠢᠯ ᠪᠣᠰᠤ ᠤᠰᠤᠨ ᠣᠷᠣᠨ᠎ᠳᠤ ᠣᠴᠢᠵᠤ ᠤᠮᠪᠠᠬᠤ ᠦᠭᠡᠢ᠃
7. ᠨᠠᠶ᠋ᠢᠵᠠ ᠴᠢᠨᠢ ᠤᠰᠤᠨ᠎ᠳᠤ ᠤᠨᠠᠭᠰᠠᠨᠢ ᠣᠯᠵᠤ ᠮᠡᠳᠡᠪᠡᠯ᠂ ᠳᠠᠷᠤᠢ᠎ᠳᠤ᠎ᠨᠢ ᠨᠠᠰᠤᠨ᠎ᠳᠤ ᠬᠦᠷᠦᠭᠰᠡᠳ᠎ᠠᠴᠠ ᠬᠠᠪᠰᠤᠷᠤᠯᠭ᠎ᠠ ᠡᠷᠢᠵᠦ᠂ ᠰᠣᠬᠣᠷ ᠪᠠᠯᠠᠢ᠎ᠪᠠᠷ ᠭᠠᠷ ᠬᠣᠯᠪᠤᠯᠴᠠᠨ ᠠᠪᠤᠷᠠᠯᠲᠠ ᠬᠢᠬᠦ ᠪᠤᠶᠤ ᠤᠰᠤᠨ᠎ᠳᠤ ᠣᠷᠣᠵᠤ ᠠᠪᠤᠷᠠᠯᠲᠠ ᠬᠢᠬᠦ ᠦᠭᠡᠢ᠃
ᠭᠤᠷᠪᠠ᠂ ᠶᠠᠪᠤᠵᠤ ᠰᠠᠭᠤᠬᠤ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ
8. ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠵᠢᠴᠢ ᠠᠮᠤᠷ ᠲᠦᠪᠰᠢᠨ᠎ᠤ ᠰᠡᠷᠡᠮᠵᠢᠯᠡᠭᠦᠯᠬᠦ ᠮᠡᠳᠡᠭᠡ ᠵᠠᠩᠭᠢ ᠵᠢ ᠠᠩᠬᠠᠷᠴᠤ᠂ ᠠᠮᠤᠷ ᠲᠦᠪᠰᠢᠨ᠎ᠤ ᠮᠡᠳᠡᠯᠭᠡ ᠵᠢ ᠰᠤᠷᠤᠯᠴᠠᠵᠤ᠂ ᠶᠠᠪᠤᠵᠤ ᠰᠠᠭᠤᠬᠤ᠎ᠠᠴᠠ ᠡᠮᠦᠨ᠎ᠡ ᠴᠢᠬᠤᠯᠠ ᠪᠦᠬᠦᠢ ᠰᠡᠷᠭᠡᠶ᠋ᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠰᠢᠷᠦᠭᠦᠨ ᠪᠣᠷᠣᠭ᠋ᠠᠨ᠂ ᠠᠶᠤᠩᠭ᠎ᠠ ᠴᠠᠬᠢᠯᠭ᠋ᠠᠨ ᠵᠡᠷᠭᠡ ᠴᠠᠭ ᠠᠭᠤᠷ ᠪᠣᠯᠤᠨ ᠰᠢᠪᠠᠷ ᠴᠢᠯᠠᠭᠤᠨ᠎ᠤ ᠤᠷᠤᠰᠬᠠᠯ ᠬᠢᠯᠪᠠᠷᠬᠠᠨ ᠡᠭᠦᠰᠳᠡᠭ᠂ ᠶᠡᠭᠦᠷᠡᠳᠡᠭ᠂ ᠨᠤᠷᠠᠳᠠᠭ ᠵᠡᠷᠭᠡ ᠭᠠᠮᠰᠢᠭ᠎ᠤᠨ ᠭᠠᠵᠠᠷ ᠦᠯᠡᠳᠡᠨ ᠨᠠᠭ᠋ᠠᠳᠴᠤ ᠲᠣᠭᠯᠠᠬᠤ ᠦᠭᠡᠢ᠃ ᠬᠡᠦᠬᠡᠳ ᠭᠠᠳᠠᠭᠰᠢ ᠭᠠᠷᠬᠤ᠎ᠳᠤ ᠭᠡᠷ᠎ᠤᠨ ᠠᠬᠠᠮᠠᠳ ᠣᠴᠢᠬᠤ ᠭᠠᠵᠠᠷ᠂ ᠠᠭᠤᠯᠭ᠎ᠠ᠂ ᠬᠠᠮᠲᠤ ᠶᠠᠪᠤᠭᠴᠢ ᠪᠠ ᠪᠤᠴᠠᠬᠤ ᠴᠠᠭ᠎ᠢ ᠮᠡᠳᠡᠵᠦ᠂ ᠠᠮᠤᠷ ᠲᠦᠪᠰᠢᠨ᠎ᠤ ᠰᠠᠨᠠᠭᠤᠯᠤᠮᠵᠢ ᠵᠢ ᠴᠢᠩᠭ᠎ᠠ ᠬᠢᠬᠦ ᠬᠡᠷᠡᠭᠲᠡᠢ᠃
9. ᠬᠡᠦᠬᠡᠳ᠎ᠢ ᠵᠠᠮ ᠬᠠᠷᠢᠯᠴᠠᠭ᠋ᠠᠨ᠎ᠤ ᠳᠦᠷᠢᠮ᠎ᠢ ᠴᠢᠩᠭ᠎ᠠ ᠵᠢᠷᠤᠮᠯᠠᠬᠤ᠎ᠪᠠᠷ ᠬᠥᠮᠥᠵᠢᠭᠦᠯᠬᠦ ᠪᠤᠶᠤ ᠰᠠᠨᠠᠭᠤᠯᠵᠤ᠂ ᠣᠯᠠᠨ ᠨᠡᠶ᠋ᠢᠲᠡ ᠵᠢᠨ ᠲᠠᠯᠠᠪᠤᠷ᠎ᠲᠤ᠂ ᠶᠠᠭᠤᠨ᠎ᠤ ᠡᠮᠦᠨ᠎ᠡ ᠠᠮᠤᠷ ᠲᠦᠪᠰᠢᠨ ᠭᠠᠷᠬᠤ ᠡᠭᠦᠳᠡ ᠵᠢ ᠠᠩᠬᠠᠷᠤᠨ᠂ ᠡᠮᠬᠢ ᠵᠢᠷᠤᠮ᠎ᠲᠠᠢ ᠪᠠᠢ᠌ᠵᠤ᠂ ᠰᠢᠬᠠᠯᠳᠤᠬᠤ ᠦᠭᠡᠢ᠂ ᠵᠢᠯᠣᠭᠣᠳᠬᠤ ᠵᠢ ᠳᠠᠭ᠋ᠠᠵᠤ᠂ ᠭᠢᠰᠬᠢᠯᠳᠦᠬᠦ᠎ᠠᠴᠠ ᠵᠠᠢ᠌ᠯᠠᠰᠬᠢᠨ᠂ ᠲᠡᠷᠭᠡᠨ᠎ᠤ ᠪᠠᠯᠠᠢ ᠣᠷᠣᠨ᠎ᠢ ᠰᠡᠷᠡᠮᠵᠢᠯᠡᠬᠦ ᠬᠡᠷᠡᠭᠲᠡᠢ᠃
10. ᠪᠦᠬᠦᠯᠢ 12 ᠨᠠᠰᠤ ᠬᠦᠷᠦᠭᠡ ᠪᠣᠯ ᠳᠤᠭᠤᠢ ᠲᠡᠷᠭᠡ ᠤᠨᠤᠬᠤ ᠦᠭᠡᠢ᠂ ᠪᠦᠬᠦᠯᠢ 16 ᠨᠠᠰᠤ ᠬᠦᠷᠦᠭᠡ ᠦᠭᠡᠢ ᠪᠣᠯ ᠴᠠᠬᠢᠯᠭ᠋ᠠᠨ ᠬᠥᠳᠡᠯᠭᠡᠭᠦᠷᠲᠦ ᠳᠤᠭᠤᠢ ᠲᠡᠷᠭᠡ ᠣᠨᠣᠬᠤ ᠦᠭᠡᠢ᠃ ᠬᠤᠷᠳᠤᠴᠠ ᠬᠡᠲᠦᠷᠡᠭᠰᠡᠨ᠂ ᠬᠡᠲᠦᠷᠡᠲᠡᠯ᠎ᠡ ᠠᠴᠢᠶᠠᠯᠠᠭᠰᠠᠨ᠂ ᠠᠷᠢᠬᠢ ᠤᠤᠭᠤᠭ᠋ᠠᠳ ᠵᠢᠯᠣᠭᠣᠳᠤᠭᠰᠠᠨ᠂ ᠬᠣᠣᠷ ᠲᠠᠲᠠᠭ᠋ᠠᠳ ᠵᠢᠯᠣᠭᠣᠳᠤᠭᠰᠠᠨ᠂ ᠶᠠᠳᠠᠷᠠᠭ᠋ᠠᠳ ᠵᠢᠯᠣᠭᠣᠳᠣᠭᠰᠠᠨ ᠲᠡᠷᠭᠡᠨ᠎ᠳᠤ ᠰᠠᠭᠤᠬᠤ ᠦᠭᠡᠢ᠂ ᠭᠤᠷᠪᠠᠨ ᠬᠦᠷᠳᠦᠲᠦ ᠲᠡᠷᠭᠡᠨ᠎ᠳᠤ ᠰᠠᠭᠤᠬᠤ ᠦᠭᠡᠢ᠂ ᠲᠠᠷᠢᠶᠠᠯᠠᠩ᠎ᠳᠤ ᠬᠡᠷᠡᠭᠯᠡᠬᠦ ᠲᠡᠷᠭᠡ ᠵᠡᠷᠭᠡ ᠠᠶᠠᠨᠴᠢᠳ᠎ᠤᠨ ᠲᠡᠭᠡᠭᠡᠪᠦᠷᠢ ᠵᠢᠨ ᠬᠢᠷᠢ ᠭᠡᠮ ᠦᠭᠡᠢ ᠲᠡᠷᠭᠡᠨ᠎ᠳᠤ ᠰᠠᠭᠤᠬᠤ ᠦᠭᠡᠢ᠂ ᠲᠠᠨᠢᠯ ᠪᠤᠰᠤ ᠬᠥᠮᠦᠨ᠎ᠤ ᠲᠡᠷᠭᠡᠨ᠎ᠳᠤ ᠰᠠᠭᠤᠬᠤ ᠦᠭᠡᠢ᠃
ᠳᠥᠷᠪᠡ᠂ ᠠᠮᠤᠷ ᠲᠠᠢ᠌ᠪᠤᠭᠤᠨ ᠪᠠᠶᠠᠷ ᠬᠦᠷ᠎ᠲᠠᠢ᠎ᠪᠠᠷ ᠠᠮᠠᠷᠠᠯᠲᠠ ᠵᠶ᠋ᠠᠨ ᠥᠩᠭᠡᠷᠡᠭᠡᠨ᠎ᠡ
11. ᠡᠩ᠎ᠤᠨ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠪᠥᠬᠦ ᠤᠯᠤᠰ᠎ᠤᠨ ᠨᠢᠭᠡᠳᠦᠯᠲᠡᠢ ᠰᠢᠯᠭ᠋ᠠᠯᠲᠠ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ ᠰᠤᠷᠤᠭᠴᠢ ᠡᠯᠰᠡᠬᠦ ᠰᠢᠯᠭ᠋ᠠᠯᠲᠠ᠎ᠳᠤ ᠣᠷᠣᠯᠴᠠᠭᠰᠠᠨ ᠬᠡᠦᠬᠡᠳ᠎ᠲᠤ ᠴᠢᠭᠯᠡᠭᠦᠯᠦᠨ᠂ ᠬᠡᠦᠬᠡᠳ᠎ᠤᠨ ᠬᠢᠵᠠᠭ᠋ᠠᠷᠯᠠᠯ ᠦᠭᠡᠢ ᠨᠠᠭ᠋ᠠᠳᠤᠨ ᠴᠡᠩᠭᠡᠬᠦ᠂ ᠪᠠᠴᠢᠮᠳᠠᠬᠤ ᠵᠣᠪᠠᠨᠢᠬᠤ᠂ ᠭᠤᠲᠤᠷᠠᠬᠤ ᠥᠪᠡᠷ᠎ᠢ ᠵᠶ᠋ᠠᠨ ᠵᠢᠮᠡᠯᠡᠬᠦ ᠵᠡᠷᠭᠡ ᠰᠢᠯᠭ᠋ᠠᠯᠲᠠ ᠵᠢᠨ ᠳᠠᠷᠠᠭ᠋ᠠᠬᠢ ᠤᠷᠮ᠎ᠠ ᠮᠠᠭᠤ ᠪᠠᠶ᠋ᠢᠳᠠᠯ᠎ᠢ ᠠᠩᠬᠠᠷᠴᠤ᠂ ᠬᠡᠦᠬᠡᠳ᠎ᠢ ᠰᠢᠯᠭ᠋ᠠᠯᠲᠠ᠎ᠳᠤ ᠵᠥᠪ ᠵᠶ᠋ᠠᠷ ᠬᠠᠨᠳᠤᠭᠤᠯᠬᠤ᠎ᠪᠠᠷ ᠬᠠᠨᠳᠤᠯᠭ᠋ᠠᠲᠠᠢ ᠰᠤᠷᠭ᠋ᠠᠨ ᠬᠥᠮᠦᠵᠢᠭᠦᠯᠵᠦ᠂ ᠰᠠᠨᠠᠭᠤᠯᠵᠤ᠂ ᠬᠥᠲᠥᠯᠥᠨ ᠵᠢᠯᠣᠭᠣᠳᠴᠤ᠂ ᠲᠤᠰᠢᠶᠠᠯ ᠬᠠᠪᠰᠤᠷᠭ᠋ᠠᠬᠤ ᠠᠮᠤᠷ ᠲᠦᠪᠰᠢᠨ᠂ ᠵᠤᠭ᠋ᠠᠴᠠᠬᠤ ᠠᠮᠤᠷ ᠲᠦᠪᠰᠢᠨ᠎ᠢ ᠠᠩᠬᠠᠷᠤᠨ᠂ ᠳᠤᠷ᠎ᠠ᠎ᠪᠠᠷ ᠵᠶ᠋ᠠᠨ ᠪᠣᠰᠤᠳ ᠬᠥᠮᠦᠨ᠎ᠲᠠᠢ ᠶᠠᠪᠤᠵᠤ ᠰᠠᠭᠤᠬᠤ ᠦᠭᠡᠢ᠂ ᠰᠢᠨᠵᠢᠯᠡᠬᠦ ᠤᠬᠠᠭ᠋ᠠᠨᠴᠢ᠎ᠪᠠᠷ ᠠᠵᠢᠯᠯᠠᠵᠤ ᠠᠮᠠᠷᠠᠬᠤ ᠵᠢ ᠪᠠᠲᠤᠯᠠᠨ᠎ᠠ᠃
12. ᠭᠡᠷ ᠪᠦᠯᠢ ᠵᠢᠨ ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠯ᠎ᠤᠨ ᠦᠵᠡᠯᠲᠡ ᠵᠢ ᠪᠣᠢ ᠪᠣᠯᠭ᠋ᠠᠵᠤ᠂ ᠬᠡᠪ ᠴᠢᠨᠠᠷ᠎ᠤᠨ ᠰᠤᠷᠭ᠋ᠠᠨ ᠬᠥᠮᠦᠵᠢᠯ᠎ᠤᠨ ᠣᠶ᠋ᠢᠯᠠᠭ᠋ᠠᠭᠳᠠᠬᠤᠨ ᠪᠠ ᠨᠠᠰᠤᠨ᠎ᠳᠤ ᠦᠯᠦ ᠬᠦᠷᠦᠭᠰᠡᠳ᠎ᠤᠨ ᠪᠡᠶ᠎ᠡ ᠰᠡᠳᠬᠢᠯ᠎ᠤᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠨ᠂ ᠬᠡᠦᠬᠡᠳ᠎ᠤᠨ ᠰᠠᠶ᠋ᠢᠨ ᠰᠠᠶ᠋ᠢᠬᠠᠨ ᠦᠵᠡᠯ ᠰᠠᠨᠠᠭ᠎ᠠ ᠶᠣᠰᠣ ᠮᠣᠷᠠᠯ᠂ ᠦᠢ᠍ᠯᠡ ᠠᠵᠢᠯᠯᠠᠭ᠎ᠠ ᠵᠢᠨ ᠳᠠᠳᠬᠠᠯ ᠪᠠ ᠡᠷᠡᠭᠦᠯ ᠴᠢᠭᠢᠷᠠᠭ ᠪᠡᠶ᠎ᠡ ᠰᠡᠳᠬᠢᠯ᠎ᠢ ᠬᠥᠮᠦᠵᠢᠭᠦᠯᠬᠦ ᠵᠢ ᠴᠢᠬᠤᠯᠠᠴᠢᠯᠠᠵᠤ᠂ ᠪᠦᠬᠦ ᠲᠠᠯ᠎ᠠ ᠵᠢᠨ ᠬᠥᠭᠵᠢᠯᠲᠡ ᠵᠢ ᠠᠬᠢᠭᠤᠯᠤᠨ᠎ᠠ; ᠪᠣᠳᠠᠭ᠋ᠠᠯᠢ ᠪᠡᠶ᠎ᠡ ᠵᠢᠨ ᠵᠥᠷᠢᠶ᠎ᠡ ᠵᠢ ᠬᠦᠨᠳᠦᠳᠬᠡᠵᠦ᠂ ᠬᠡᠦᠬᠡᠳ᠎ᠤᠨ ᠥᠰᠦᠨ ᠪᠣᠶ᠋ᠢᠵᠢᠬᠤ ᠬᠠᠷᠠᠯᠲᠠ ᠵᠢ ᠣᠶᠤᠨᠴᠢ᠎ᠪᠠᠷ ᠲᠣᠭᠲᠠᠭ᠋ᠠᠨ᠎ᠠ; ᠢᠯᠡᠭᠦᠦ ᠬᠦᠨᠳᠦᠳᠬᠡᠵᠦ ᠢᠯᠡᠭᠦᠦ ᠣᠶ᠋ᠢᠯᠠᠭ᠋ᠠᠨ᠂ ᠡᠷᠬᠡ ᠲᠡᠭᠰᠢ᠎ᠪᠠᠷ ᠨᠡᠪᠲᠡᠷᠡᠯᠴᠡᠬᠦ ᠵᠢ ᠴᠢᠩᠭ᠋ᠠᠳᠬᠠᠵᠤ᠂ ᠰᠤᠷᠭ᠋ᠠᠨ ᠬᠥᠮᠥᠵᠢᠭᠦᠯᠬᠦ ᠠᠷᠭ᠎ᠠ ᠮᠠᠶᠢᠭ᠎ᠢ ᠡᠷᠬᠢᠮᠯᠡᠨ᠎ᠡ᠃ ᠭᠡᠷ᠎ᠲᠤ᠎ᠪᠠᠨ ᠬᠣᠴᠣᠷᠤᠭᠰᠠᠨ ᠬᠡᠦᠬᠡᠳ᠎ᠤᠨ ᠭᠡᠷ᠎ᠤᠨ ᠠᠬᠠᠮᠠᠳ ᠲᠣᠭᠲᠠᠭᠰᠠᠨ ᠬᠤᠭᠤᠴᠠᠭ᠎ᠠ᠎ᠲᠠᠢ ᠬᠡᠦᠬᠡᠳ᠎ᠲᠠᠢ᠎ᠪᠠᠨ ᠬᠠᠷᠢᠯᠴᠠᠵᠤ᠂ ᠬᠠᠯᠠᠮᠵᠢᠯᠠᠨ ᠬᠠᠶ᠋ᠢᠷᠠᠯᠠᠬᠤ ᠬᠡᠷᠡᠭᠲᠡᠢ᠃
13. ᠴᠠᠬᠢᠯᠭ᠋ᠠᠨ᠂ ᠬᠡᠢ ᠵᠢ ᠵᠥᠪ ᠬᠡᠷᠡᠭᠯᠡᠵᠦ᠂ ᠭᠡᠷ ᠪᠦᠯᠢ ᠵᠢᠨ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠢ ᠰᠠᠶ᠋ᠢᠲᠤᠷ ᠬᠢᠬᠦ ᠬᠡᠷᠡᠭᠲᠡᠢ᠃ ᠬᠡᠦᠬᠡᠳ ᠵᠶ᠋ᠠᠨ 《ᠯᠥᠸᠧ ᠪᠥᠸᠧ ᠳ᠋ᠣᠤ》᠂ ᠯᠠᠶ᠋ᠢᠰᠧᠷ ᠪᠢᠷ᠂ ᠪᠦᠳᠦᠭᠦᠯᠢᠭ ᠱᠧᠦ᠎ᠪᠠᠨ ᠵᠡᠷᠭᠡ ᠠᠮᠤᠷ ᠲᠦᠪᠰᠢᠨ᠎ᠤ ᠠᠶᠤᠯ ᠲᠦᠭᠰᠢᠭᠦᠷᠢ ᠪᠤᠶᠤ ᠬᠦᠴᠦᠷᠬᠡᠭᠯᠡᠯ᠎ᠢ ᠠᠮᠠᠷᠬᠠᠨ ᠡᠭᠦᠰᠭᠡᠳᠡᠭ ᠮᠠᠭᠤ ᠦᠢ᠍ᠯᠡ ᠠᠵᠢᠯᠯᠠᠭ᠎ᠠ ᠵᠢᠨ ᠬᠡᠯᠪᠡᠷᠢᠯ᠎ᠲᠠᠢ ᠲᠣᠭᠯᠠᠭ᠋ᠠᠮ ᠪᠠ ᠰᠤᠷᠤᠭᠴᠢ ᠵᠢᠨ ᠬᠡᠷᠡᠭᠰᠡᠯ᠎ᠢ ᠬᠤᠳᠠᠯᠳᠤᠨ ᠠᠪᠬᠤ ᠦᠭᠡᠢ᠂ ᠠᠪᠴᠤ ᠶᠠᠪᠤᠬᠤ ᠦᠭᠡᠢ ᠨᠠᠭ᠋ᠠᠳᠬᠤ ᠦᠭᠡᠢ᠎ᠪᠠᠷ ᠬᠥᠮᠦᠵᠢᠭᠦᠯᠦᠨ ᠵᠢᠯᠣᠭᠣᠳᠤᠨ᠎ᠠ᠃
14. ᠪᠤᠰᠤᠳ᠎ᠢ ᠳᠣᠷᠣᠮᠵᠢᠯᠠᠬᠤ ᠦᠭᠡᠢ᠂ ᠲᠠᠮᠠᠬᠢ ᠲᠠᠲᠠᠬᠤ ᠦᠭᠡᠢ᠂ ᠠᠷᠢᠬᠢ ᠤᠤᠭᠤᠬᠤ ᠦᠭᠡᠢ᠂ ᠫᠠᠢ ᠨᠠᠭ᠋ᠠᠳᠬᠤ ᠦᠭᠡᠢ᠂ ᠬᠣᠣᠷ ᠲᠠᠲᠠᠬᠤ ᠦᠭᠡᠢ᠂ ᠮᠤᠬᠤᠷ ᠪᠢᠰᠢᠷᠡᠯ᠂ ᠭᠠᠵᠢᠭᠤ ᠨᠣᠮᠯᠠᠯ᠂ ᠳᠠᠮᠵᠢᠭᠤᠯᠤᠨ ᠪᠣᠷᠣᠯᠠᠭᠤᠯᠬᠤ ᠵᠡᠷᠭᠡ ᠠᠵᠢᠯᠯᠠᠭ᠎ᠠ᠎ᠳᠤ ᠣᠷᠣᠯᠴᠠᠬᠤ ᠦᠭᠡᠢ᠂ ᠭᠠᠷ ᠤᠲᠠᠰᠤ᠂ ᠰᠦᠯᠵᠢᠶᠡᠨ᠎ᠳᠤ ᠰᠢᠨᠤᠬᠠᠶ᠋ᠢᠷᠠᠬᠤ ᠦᠭᠡᠢ᠂ ᠰᠦᠯᠵᠢᠶᠡᠨ᠎ᠤ ᠪᠠᠭ᠋ᠠᠷ᠂ ᠠᠷᠢᠬᠢᠨ ᠮᠤᠬᠤᠯᠠᠭ ᠵᠢᠴᠢ ᠳᠠᠭᠤᠤ ᠪᠥᠵᠢᠭ ᠵᠤᠭ᠎ᠠ ᠴᠡᠩᠭᠡᠯ᠎ᠤᠨ ᠲᠠᠯᠠᠪᠤᠷ᠎ᠲᠤ ᠣᠴᠢᠬᠤ ᠦᠭᠡᠢ᠂ ᠱᠠᠯᠢᠭ ᠵᠠᠪᠬᠠᠢ᠂ ᠬᠦᠴᠦᠷᠬᠡᠭᠯᠡᠯ᠎ᠤᠨ ᠲᠣᠭᠯᠠᠭ᠋ᠠᠮ᠎ᠢ ᠤᠬᠠᠮᠰᠠᠷ᠎ᠠᠴᠠ᠎ᠪᠠᠨ ᠬᠣᠷᠢᠭᠯᠠᠨ᠎ᠠ᠃ ᠢ ᠲᠦᠸᠧ ᠮᠢ ᡁᠢ ᠠᠭᠤᠯᠤᠭᠳᠠᠭᠰᠠᠨ 《ᠲᠣᠯᠤᠭ᠋ᠠᠢ᠎ᠳᠤ ᠭᠠᠷᠬᠤ ᠡᠯᠧᠺᠲᠷᠣᠨ ᠲᠠᠮᠠᠬᠢ》 ᠵᠡᠷᠭᠡ ᠰᠢᠨ᠎ᠡ ᠬᠡᠯᠪᠡᠷᠢ ᠵᠢᠨ ᠬᠣᠣᠷᠲᠤ ᠡᠳ᠋ ᠪᠣᠯᠤᠨ 《ᠰᠢᠶᠣᠤ ᠴᠢ》 (ᠪᠠᠰᠠ ᠬᠣᠶᠠᠷ ᠠᠽᠣᠲ᠎ᠤᠨ ᠲᠠᠩ ᠢᠰᠦᠯ ᠭᠡᠳᠡᠭ) ᠵᠡᠷᠭᠡ ᠬᠦᠨᠳᠦ ᠨᠣᠴᠢᠲᠠᠢ ᠬᠣᠣᠷ ᠬᠥᠨᠥᠭᠡᠯ᠎ᠲᠠᠢ ᠪᠣᠳᠠᠰ᠎ᠢ ᠳᠤᠷ᠎ᠠ᠎ᠪᠠᠷ ᠵᠶ᠋ᠠᠨ ᠬᠡᠷᠡᠭᠯᠡᠵᠦ ᠪᠣᠯᠬᠤ ᠦᠭᠡᠢ ᠵᠢ ᠲᠠᠨᠢᠭᠤᠯᠵᠤ᠂ 《ᠤᠷᠮ᠎ᠠ ᠰᠡᠷᠭᠦᠭᠡᠬᠦ》᠂ 《ᠮᠠᠷᠢᠶ᠎ᠠ ᠪᠠᠭᠤᠷᠠᠭᠤᠯᠬᠤ》᠂ 《ᠰᠢᠨᠤᠭᠤᠯᠬᠤ ᠦᠭᠡᠢ》᠂ 《ᠬᠣᠣᠷ ᠦᠭᠡᠢ》 ᠵᠡᠷᠭᠡ ᠥᠳᠦᠭᠡᠨ ᠬᠣᠣᠷ ᠲᠠᠲᠠᠭᠤᠯᠬᠤ ᠮᠡᠬᠡᠯᠡᠬᠦ ᠠᠷᠭ᠎ᠠ ᠵᠢ ᠠᠩᠬᠠᠷᠤᠨ ᠰᠡᠷᠭᠡᠶ᠋ᠢᠯᠡᠬᠦ ᠬᠡᠷᠡᠭᠲᠡᠢ᠃
15. ᠴᠠᠬᠢᠯᠭ᠋ᠠᠨ ᠬᠣᠯᠪᠣᠭ᠎ᠠ᠂ ᠰᠦᠯᠵᠢᠶᠡᠨ᠎ᠤ ᠮᠡᠬᠡᠯᠡᠯ᠎ᠢ ᠰᠡᠷᠭᠡᠶ᠋ᠢᠯᠡᠵᠦ᠂ ᠰᠦᠯᠵᠢᠶᠡᠨ ᠤ ᠮᠡᠳᠡᠭᠡ ᠵᠠᠩᠭᠢ ᠵᠢ ᠠᠮᠠᠷᠬᠠᠨ ᠢᠲᠡᠭᠡᠬᠦ ᠦᠭᠡᠢ᠂ ᠴᠤᠤᠷᠬᠠᠯ ᠲᠠᠷᠬᠠᠭ᠋ᠠᠬᠤ ᠦᠭᠡᠢ᠂ ᠲᠠᠨᠢᠯ ᠪᠤᠰᠤ ᠰᠦᠯᠵᠢᠶᠡᠨ ᠠᠨᠳᠠ ᠨᠠᠷ᠎ᠲᠠᠢ ᠠᠭᠤᠯᠵᠠᠬᠤ ᠦᠭᠡᠢ᠃
16. ᠤᠯᠤᠰ᠎ᠤᠨ 《ᠬᠣᠶᠠᠷ᠎ᠢ ᠬᠥᠩᠭᠡᠷᠡᠭᠦᠯᠬᠦ》 ᠱᠠᠭ᠋ᠠᠷᠳᠠᠯᠭ᠎ᠠ ᠵᠢ ᠦᠨᠳᠦᠰᠦᠯᠡᠨ᠂ ᠰᠤᠷᠭ᠋ᠠᠭᠤᠯᠢ ᠵᠢᠨ ᠭᠠᠳᠠᠨᠠᠬᠢ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠨᠢ ᠤᠯᠤᠰ᠎ᠤᠨ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ᠎ᠤᠨ ᠡᠳᠦᠷ᠂ ᠠᠮᠠᠷᠠᠯᠲᠠ ᠵᠢᠨ ᠡᠳᠦᠷ ᠵᠢᠴᠢ ᠡᠪᠦᠯ ᠵᠤᠨ᠎ᠤ ᠠᠮᠠᠷᠠᠯᠲᠠ ᠵᠢᠨ ᠡᠳᠦᠷ᠎ᠢ ᠡᠵᠡᠯᠡᠨ ᠬᠡᠷᠡᠭᠯᠡᠵᠦ ᠪᠣᠯᠬᠤ ᠦᠭᠡᠢ᠃ ᠪᠣᠳᠠᠲᠤ ᠠᠵᠢᠯᠯᠠᠭ᠎ᠠ᠎ᠪᠠᠷ ᠵᠶ᠋ᠠᠨ ᠳᠡᠮᠵᠢᠯᠭᠡ ᠦᠵᠡᠭᠦᠯᠵᠦ᠂ ᠬᠡᠦᠬᠡᠳ᠎ᠤᠨ ᠠᠮᠠᠷᠠᠯᠲᠠ ᠵᠢᠨ ᠬᠤᠭᠤᠴᠠᠭ᠋ᠠᠨ᠎ᠤ ᠠᠮᠢᠳᠤᠷᠠᠯ᠎ᠢ ᠵᠦᠢ ᠵᠣᠬᠢᠰᠲᠠᠢ ᠲᠣᠬᠢᠷᠠᠭᠤᠯᠬᠤ᠎ᠪᠠᠷ ᠵᠢᠯᠣᠭᠣᠳᠴᠤ᠂ ᠪᠣᠯᠪᠠᠰᠤᠷᠠᠭᠤᠯᠤᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠬᠦ ᠬᠡᠷᠡᠭᠲᠡᠢ᠃
17᠂ ᠨᠠᠰᠤᠨ᠎ᠳᠤ ᠦᠯᠦ ᠬᠦᠷᠦᠭᠰᠡᠳ᠎ᠤᠨ ᠪᠡᠶ᠎ᠡ᠎ᠳᠤ᠎ᠪᠠᠨ ᠵᠢᠷᠤᠭ ᠰᠢᠪᠡᠬᠦ ᠵᠢ ᠵᠠᠰᠠᠬᠤ ᠲᠤᠬᠠᠢ ᠤᠯᠤᠰ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠨᠠᠰᠤᠨ᠎ᠳᠤ ᠦᠯᠦ ᠬᠦᠷᠦᠭᠰᠡᠳ ᠤᠨ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ ᠨᠠᠰᠤᠨ᠎ᠳᠤ ᠦᠯᠦ ᠬᠦᠷᠦᠭᠰᠡᠳ ᠪᠡᠶ᠎ᠡ᠎ᠳᠤ᠎ᠪᠠᠨ ᠵᠢᠷᠤᠭ ᠰᠢᠪᠡᠬᠦ ᠰᠠᠨᠠᠭ᠎ᠠ᠎ᠲᠠᠢ ᠪᠤᠶᠤ ᠦᠢ᠍ᠯᠡ ᠠᠵᠢᠯᠯᠠᠭ᠎ᠠ᠎ᠲᠠᠢ ᠪᠣᠯ ᠴᠠᠭ ᠲᠤᠬᠠᠢᠳᠤᠨᠢ ᠢᠳᠬᠠᠨ ᠬᠣᠷᠢᠭᠯᠠᠵᠤ᠂ ᠨᠠᠰᠤᠨ᠎ᠳᠤ ᠦᠯᠦ ᠬᠦᠷᠦᠭᠰᠡᠳ᠎ᠤᠨ ᠪᠡᠶ᠎ᠡ᠎ᠳᠤ᠎ᠪᠠᠨ ᠵᠢᠷᠤᠭ ᠰᠢᠪᠡᠬᠦ ᠵᠢ ᠳᠤᠷ᠎ᠠ᠎ᠪᠠᠷ᠎ᠨᠢ ᠲᠠᠯᠪᠢᠵᠤ ᠪᠣᠯᠬᠤ ᠦᠭᠡᠢ᠃ ᠪᠣᠳᠠᠲᠤ ᠠᠵᠢᠯᠯᠠᠭ᠎ᠠ᠎ᠪᠠᠷ ᠵᠶ᠋ᠠᠨ ᠳᠡᠮᠵᠢᠯᠭᠡ ᠦᠵᠡᠭᠦᠯᠵᠦ᠂ ᠬᠡᠦᠬᠡᠳ᠎ᠢ ᠬᠥᠮᠦᠵᠢᠭᠦᠯᠦᠨ ᠬᠠᠪᠰᠤᠷᠴᠤ ᠨᠡᠶ᠋ᠢᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠣᠢ ᠪᠣᠯᠭ᠋ᠠᠬᠤ ᠪᠠ ᠦᠢ᠍ᠯᠡᠳᠦᠯᠭᠡᠵᠢᠭᠦᠯᠵᠦ᠂ ᠪᠡᠶ᠎ᠡ᠎ᠳᠤ᠎ᠪᠠᠨ ᠵᠢᠷᠤᠭ ᠰᠢᠪᠡᠬᠦ ᠵᠢᠨ ᠬᠣᠣᠷ ᠬᠥᠨᠥᠭᠡᠯ᠎ᠢ ᠭᠦᠢ᠍ᠴᠡᠳ ᠲᠠᠨᠢᠭᠤᠯᠵᠤ᠂ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ ᠪᠠ ᠴᠢᠳᠠᠪᠤᠷᠢ ᠵᠢ᠎ᠨᠢ ᠴᠢᠩᠭ᠋ᠠᠳᠬᠠᠵᠤ᠂ ᠪᠡᠶ᠎ᠡ᠎ᠳᠤ᠎ᠪᠠᠨ ᠵᠢᠷᠤᠭ ᠰᠢᠪᠡᠬᠦᠢ ᠣᠶᠤᠨᠴᠢ᠎ᠪᠠᠷ ᠲᠡᠪᠴᠢᠭᠦᠯᠬᠦ ᠬᠡᠷᠡᠭᠲᠡᠢ᠃
18. ᠪᠣᠯᠪᠠᠰᠤᠨ ᠬᠡᠪ ᠰᠤᠷᠲᠠᠯ᠎ᠢ ᠰᠠᠨᠠᠭ᠋ᠠᠴᠢᠯᠠᠵᠤ᠂ ᠡᠴᠢᠭᠡ ᠡᠬᠡ ᠦᠷ᠎ᠡ ᠬᠡᠦᠬᠡᠳ᠎ᠤᠨ ᠨᠡᠪᠲᠡᠷᠡᠯᠴᠡᠭᠡ ᠵᠢ ᠠᠩᠬᠠᠷᠤᠨ᠂ ᠲᠥᠷᠥᠯ ᠰᠠᠳᠤᠨ ᠨᠠᠶ᠋ᠢᠵᠠ ᠨᠥᠬᠥᠳ᠎ᠲᠠᠢ᠎ᠪᠠᠨ ᠢᠯᠡᠭᠦᠬᠡᠨ ᠶᠠᠷᠢᠯᠴᠠᠵᠤ᠂ ᠡᠷᠡᠭᠦᠯ ᠮᠡᠨᠳᠦ ᠵᠢᠨ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢᠴᠢ ᠪᠤᠰᠤᠳ ᠠᠰᠢᠭᠲᠠᠢ ᠨᠡᠶ᠋ᠢᠭᠡᠮ᠎ᠤᠨ ᠦᠢ᠍ᠯᠡᠳᠦᠯᠭᠡ ᠵᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠬᠡᠦᠬᠡᠳ᠎ᠲᠤ᠎ᠪᠠᠨ ᠵᠤᠰᠠᠯᠠᠩ᠂ ᠵᠤᠭ᠋ᠠᠴᠠᠨ ᠰᠤᠷᠤᠯᠴᠠᠬᠤ᠂ ᠰᠤᠳᠤᠯᠤᠨ ᠰᠤᠷᠤᠯᠴᠠᠬᠤ ᠵᠡᠷᠭᠡ ᠵᠤᠨ᠎ᠤ ᠠᠮᠠᠷᠠᠯᠲᠠ ᠵᠢᠨ ᠠᠵᠢᠯᠯᠠᠭ᠎ᠠ ᠵᠢ ᠰᠣᠩᠭᠣᠪᠠᠯ᠂ ᠭᠣᠣᠯᠯᠠᠨ ᠡᠷᠬᠢᠯᠡᠬᠦ ᠪᠠᠶ᠋ᠢᠭᠤᠯᠤᠮᠵᠢ ᠵᠢᠨ ᠬᠠᠮᠢᠶ᠎ᠠ ᠪᠦᠬᠦᠢ ᠬᠢᠷᠢ ᠭᠡᠮ᠎ᠢ ᠨᠠᠷᠢᠨ ᠬᠢᠨᠠᠮᠠᠭ᠋ᠠᠢ ᠣᠶ᠋ᠢᠯᠠᠭ᠋ᠠᠵᠤ᠂ ᠪᠦᠲᠦᠮᠵᠢᠲᠡᠢ ᠭᠡᠷ᠎ᠡ ᠲᠣᠭᠲᠠᠵᠤ᠂ ᠬᠡᠦᠬᠡᠳ᠎ᠤᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠬᠤ ᠬᠡᠷᠡᠭᠲᠡᠢ᠃