ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠠᠮᠤᠷ ᠲᠦᠪᠰᠢᠨ᠎ᠲᠤ 《ᠠᠮᠠᠷᠠᠯᠲᠠ》 ᠦᠭᠡᠢ! ᠵᠤᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ
ᠨᠡᠶ᠋ᠢᠲᠡᠯᠡᠭᠰᠡᠨ ᠴᠠᠭ᠄ 2024-07-03

      ᠵᠤᠨ᠎ᠤ ᠠᠮᠠᠷᠠᠯᠲᠠ ᠤᠳᠠᠯ ᠦᠭᠡᠢ ᠬᠦᠷᠴᠦ ᠢᠷᠡᠬᠦ ᠭᠡᠵᠦ ᠪᠠᠶ᠋ᠢᠨ᠎ᠠ᠂ ᠬᠡᠦᠬᠡᠳ᠎ᠤᠳ ᠠᠮᠠᠷᠠᠯᠲᠠ ᠵᠢᠨ ᠬᠤᠭᠤᠴᠠᠭ᠎ᠠ᠎ᠪᠠᠨ ᠪᠠᠶᠠᠷ ᠬᠥᠷ᠎ᠲᠠᠢ ᠥᠩᠭᠡᠷᠡᠭᠦᠯᠬᠦ ᠵᠢᠨ ᠬᠠᠮᠲᠤ ᠠᠮᠠᠷᠠᠯᠲᠠ ᠵᠢᠨ ᠬᠤᠭᠤᠴᠠᠭ᠋ᠠᠨ᠎ᠤ ᠠᠮᠤᠷ ᠲᠦᠪᠰᠢᠨ᠎ᠢ ᠴᠠᠭ ᠢᠮᠠᠭᠲᠠ ᠠᠩᠬᠠᠷᠬᠤ ᠬᠡᠷᠡᠭᠲᠡᠢ᠃ ᠬᠠᠮᠲᠤ᠎ᠳᠤ᠎ᠪᠠᠨ 《2024 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠵᠤᠨ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ》 ᠪᠠ 《2024 ᠣᠨ᠎ᠤ ᠬᠡᠦᠬᠡᠳ᠎ᠤᠨ ᠴᠡᠴᠡᠷᠯᠢᠭ᠎ᠤᠨ ᠵᠤᠨ ᠎ᠤ ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ》 ᠵᠢ ᠦᠵᠡᠵᠡᠭᠡᠶ᠎ᠡ!   


89752610e3c94d822693b728319174bc.jpg

   


      ᠬᠡᠦᠬᠡᠳ᠎ᠤᠨ ᠴᠡᠴᠡᠷᠯᠢᠭ᠎ᠤᠨ 2024 ᠣᠨ᠎ᠤ ᠵᠤᠨ᠎ᠤ

      ᠠᠮᠠᠷᠠᠯᠲᠠ ᠵᠢᠨ ᠠᠮᠤᠷ ᠲᠦᠪᠰᠢᠨ᠎ᠤ ᠰᠠᠨᠠᠭᠤᠯᠤᠮᠵᠢ


      1. 《ᠬᠥᠮᠦᠨ ᠪᠥᠬᠦᠨ ᠴᠥᠮ ᠥᠪᠡᠷ᠎ᠤᠨ ᠡᠷᠡᠭᠦᠯ ᠮᠡᠨᠳᠦ ᠵᠢᠨ ᠨᠢᠭᠡᠳᠦᠭᠡᠷ ᠬᠠᠷᠢᠭᠤᠴᠠᠯᠭ᠋ᠠᠲᠠᠨ             ᠮᠥᠨ》 ᠭᠡᠬᠦ ᠣᠶ᠋ᠢᠯᠠᠭ᠋ᠠᠭᠳᠠᠬᠤᠨ᠎ᠢ ᠰᠠᠨᠠᠭ᠋ᠠᠴᠢᠯᠠᠵᠤ᠂ ᠬᠡᠦᠬᠡᠳ᠎ᠢ ᠠᠯᠴᠢᠭᠤᠷ᠂ ᠴᠣᠮᠣ ᠵᠢ ᠬᠠᠮᠲᠤ᠎ᠳᠤ᠎ᠪᠠᠨ ᠬᠡᠷᠡᠭᠯᠡᠬᠦ ᠦᠭᠡᠢ᠂ ᠳᠤᠷ᠎ᠠ᠎ᠪᠠᠷ ᠵᠶ᠋ᠠᠨ ᠨᠢᠳᠦ᠎ᠪᠠᠨ ᠨᠤᠬᠤᠯᠠᠬᠤ ᠦᠭᠡᠢ᠎ᠪᠠᠷ ᠬᠥᠲᠥᠯᠥᠨ ᠵᠢᠯᠣᠭᠣᠳᠴᠤ᠂ ᠡᠷᠡᠭᠦᠯ ᠬᠠᠮᠠᠭ᠋ᠠᠯᠠᠯ᠎ᠤᠨ ᠰᠠᠶ᠋ᠢᠨ ᠰᠠᠶ᠋ᠢᠬᠠᠨ ᠳᠠᠳᠬᠠᠯ᠎ᠲᠠᠢ ᠪᠣᠯᠭ᠋ᠠᠬᠤ ᠬᠡᠷᠡᠭᠲᠡᠢ᠃ ᠬᠡᠦᠬᠡᠳ᠎ᠤᠨ ᠡᠷᠡᠭᠦᠯ ᠮᠡᠨᠳᠦ ᠵᠢᠨ ᠬᠢᠨᠠᠨ ᠪᠠᠢ᠌ᠴᠠᠭ᠋ᠠᠯᠲᠠ  ᠵᠢ ᠰᠠᠶ᠋ᠢᠲᠤᠷ ᠬᠢᠬᠦ ᠬᠡᠷᠡᠭᠲᠡᠢ᠃
      2. ᠭᠡᠷ ᠴᠡᠪᠡᠷᠬᠡᠨ᠂ ᠬᠠᠭᠤᠷᠠᠢ ᠪᠠᠶ᠋ᠢᠬᠤ ᠵᠢ ᠪᠠᠲᠤᠯᠠᠵᠤ᠂ ᠲᠣᠭᠲᠠᠮᠠᠯ ᠬᠤᠭᠤᠴᠠᠭ᠎ᠠ᠎ᠲᠠᠢ ᠰᠠᠯᠬᠢ ᠨᠡᠪᠲᠡᠷᠡᠭᠦᠯᠦᠨ ᠠᠭ᠋ᠠᠷ ᠰᠣᠯᠢᠵᠤ᠂ ᠭᠡᠷ᠎ᠤᠨ ᠭᠠᠳᠠᠨᠠᠬᠢ ᠪᠤᠵᠠᠷ ᠮᠠᠭᠤᠬᠠᠢ᠂ ᠠᠷᠢᠭᠤᠳᠬᠠᠭᠰᠠᠨ ᠦᠭᠡᠢ ᠪᠣᠳᠠᠰ᠎ᠢ ᠳᠤᠷ᠎ᠠ᠎ᠪᠠᠷ ᠵᠶ᠋ᠠᠨ ᠭᠡᠷ᠎ᠲᠤ᠎ᠪᠠᠨ ᠠᠪᠠᠴᠢᠬᠤ ᠦᠭᠡᠢ᠂ ᠬᠣᠭ ᠨᠣᠪᠰᠢ ᠵᠢ ᠲᠥᠷᠥᠯ ᠬᠤᠪᠢᠶᠠᠨ ᠬᠠᠶᠠᠬᠤ ᠬᠡᠷᠡᠭᠲᠡᠢ᠃
      3. ᠬᠡᠦᠬᠡᠳ᠎ᠲᠤ ᠡᠷᠡᠭᠦᠯ ᠬᠠᠮᠠᠭ᠋ᠠᠯᠠᠯ᠎ᠤᠨ ᠱᠠᠭ᠋ᠠᠷᠳᠠᠯᠭ᠎ᠠ᠎ᠳᠤ ᠦᠯᠦ ᠨᠡᠶ᠋ᠢᠴᠡᠬᠦ ᠢᠳᠡᠭᠡᠨ ᠤᠮᠳᠠᠭ᠋ᠠᠨ᠎ᠢ ᠢᠳᠡᠭᠦᠯᠬᠦ ᠦᠭᠡᠢ᠂ ᠬᠥᠯᠳᠡᠭᠦᠦ ᠢᠳᠡᠭᠡᠨ ᠳᠤᠲᠠᠭᠤ  ᠢᠳᠡᠭᠦᠯᠵᠦ᠂ ᠬᠡᠲᠦᠷᠡᠲᠡᠯ᠎ᠡ ᠢᠳᠡᠭᠦᠯᠵᠦ ᠤᠤᠭᠤᠯᠭ᠋ᠠᠬᠤ ᠦᠭᠡᠢ᠂ ᠳᠠᠪᠤᠰᠤ ᠶᠡᠬᠡᠲᠡᠢ᠂ ᠰᠢᠬᠢᠷ ᠶᠡᠬᠡᠲᠡᠢ᠂ ᠲᠣᠰᠤᠨ᠎ᠳᠤ ᠬᠠᠭ᠋ᠠᠷᠢᠭᠰᠠᠨ᠂ ᠤᠲᠤᠮᠠᠯ ᠢᠳᠡᠭᠡᠨ᠎ᠢ ᠳᠤᠲᠠᠭᠤ  ᠢᠳᠡᠭᠦᠯᠦᠨ᠎ᠡ᠃ ᠲᠠᠨᠢᠬᠤ ᠦᠭᠡᠢ ᠪᠤᠶᠤ ᠢᠷᠡᠯᠲᠡ᠎ᠨᠢ ᠲᠣᠳᠣᠷᠬᠠᠢ ᠦᠭᠡᠢ ᠬᠡᠭᠡᠷ᠎ᠡ ᠵᠢᠨ ᠪᠠᠺᠲ᠋ᠧᠷᠢ ᠵᠢᠨ ᠲᠥᠷᠥᠯ᠎ᠢ ᠲᠡᠭᠦᠬᠦ ᠦᠭᠡᠢ᠂ ᠬᠤᠳᠠᠯᠳᠤᠨ ᠠᠪᠬᠤ ᠦᠭᠡᠢ  ᠪᠠᠰᠠ ᠢᠳᠡᠬᠦ ᠦᠭᠡᠢ᠃
      4. ᠬᠡᠦᠬᠡᠳ᠎ᠢ ᠳᠠᠭ᠋ᠠᠭᠤᠯᠤᠨ ᠪᠡᠶ᠎ᠡ ᠮᠠᠬᠠᠪᠤᠳ᠎ᠢ᠎ᠨᠢ ᠵᠣᠬᠢᠰᠲᠠᠢ ᠪᠣᠯᠪᠠᠰᠤᠷᠠᠭᠤᠯᠵᠤ᠂ ᠪᠡᠶ᠎ᠡ ᠮᠠᠬᠠᠪᠣᠳ᠎ᠢ᠎ᠨᠢ ᠴᠢᠬᠢᠷᠠᠭᠵᠢᠭᠤᠯᠤᠨ᠂ ᠰᠠᠶ᠋ᠢᠨ ᠰᠠᠶ᠋ᠢᠬᠠᠨ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠪᠠᠲᠤᠯᠠᠬᠤ ᠬᠡᠷᠡᠭᠲᠡᠢ᠃
      5. ᠬᠡᠦᠬᠡᠳ ᠬᠡᠵᠢᠶᠡᠳᠡ ᠭᠡᠷ᠎ᠤᠨ ᠠᠬᠠᠮᠠᠳ᠎ᠤᠨ ᠬᠠᠷᠠᠭ᠋ᠠᠰᠤ ᠪᠤᠶᠤ ᠬᠢᠨᠠᠯᠲᠠ ᠬᠠᠮᠢᠶᠠᠷᠤᠯᠲᠠ ᠵᠢᠨ ᠬᠡᠪᠴᠢᠶᠡᠨ᠎ᠳᠤ ᠪᠠᠶ᠋ᠢᠪᠠᠯ ᠵᠣᠬᠢᠨ᠎ᠠ᠂ ᠬᠡᠦᠬᠡᠳ ᠵᠶ᠋ᠠᠨ ᠭᠡᠷ  ᠪᠤᠶᠤ ᠲᠡᠷᠭᠡᠨ ᠳᠣᠲᠣᠷ᠎ᠠ ᠭᠠᠭᠴᠠᠭ᠋ᠠᠷ᠎ᠨᠢ ᠦᠯᠡᠳᠡᠭᠡᠬᠦ ᠦᠭᠡᠢ᠂ ᠬᠡᠦᠬᠡᠳ ᠵᠶ᠋ᠠᠨ ᠭᠠᠭᠴᠠᠭ᠋ᠠᠷ᠎ᠨᠢ ᠭᠠᠳᠠᠭᠰᠢ ᠭᠠᠷᠭ᠋ᠠᠬᠤ ᠦᠭᠡᠢ᠃
      6. ᠬᠡᠦᠬᠡᠳ᠎ᠢ ᠵᠠᠮ᠎ᠤᠨ ᠵᠠᠬ᠎ᠠ᠂ ᠤᠰᠤᠨ᠎ᠤ ᠵᠠᠬ᠎ᠠ᠂ ᠪᠠᠷᠢᠯᠭ᠎ᠠ ᠵᠢᠨ ᠭᠠᠵᠠᠷ ᠵᠡᠷᠭᠡ ᠠᠶᠤᠯ᠎ᠲᠠᠢ ᠣᠷᠣᠨ᠎ᠳᠤ ᠭᠠᠭᠴᠠᠭ᠋ᠠᠷ᠎ᠨᠢ ᠨᠠᠭ᠋ᠠᠳᠤᠭᠤᠯᠬᠤ ᠦᠭᠡᠢ ᠂ ᠵᠠᠮ ᠬᠠᠷᠢᠯᠴᠠᠭ᠎ᠠ᠂ ᠤᠰᠤᠨ᠎ᠳᠤ ᠤᠨᠠᠬᠤ ᠵᠡᠷᠭᠡ ᠠᠳᠠᠯ ᠭᠠᠷᠬᠤ᠎ᠠᠴᠠ ᠰᠡᠷᠭᠡᠶ᠋ᠢᠯᠡᠬᠦ ᠬᠡᠷᠡᠭᠲᠡᠢ᠃
      7. ᠭᠡᠷ᠎ᠤᠨ ᠨᠠᠷᠠᠪᠴᠢ᠂ ᠲᠠᠪᠴᠠᠩ ᠵᠡᠷᠭᠡ ᠣᠷᠣᠨ ᠪᠦᠰᠡ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠰᠠᠶ᠋ᠢᠲᠤᠷ ᠬᠢᠨ᠎ᠡ᠃ ᠬᠡᠦᠬᠡᠳ᠎ᠲᠤ᠎ᠪᠠᠨ ᠠᠰᠠᠷ᠎ᠠᠴᠠ ᠳᠣᠭᠣᠭᠰᠢ᠎ᠪᠠᠨ ᠶᠠᠭᠤᠮ᠎ᠠ ᠬᠠᠶᠠᠵᠤ ᠪᠣᠯᠬᠤ ᠦᠭᠡᠢ᠂ ᠨᠡᠷᠡᠨ ᠲᠠᠶ᠋ᠢᠰᠠ᠂ ᠡᠭᠦᠳᠡᠨ ᠴᠣᠩᠬᠣ ᠪᠤᠶᠤ ᠪᠤᠰᠤᠳ ᠥᠨᠳᠥᠷ᠎ᠲᠤ ᠠᠪᠠᠷᠢᠬᠤ ᠦᠭᠡᠢ ᠵᠢ ᠰᠠᠨᠠᠭᠤᠯᠵᠤ᠂ ᠤᠨᠠᠬᠤ᠎ᠠᠴᠠ ᠰᠡᠷᠭᠡᠶ᠋ᠢᠯᠡᠬᠦ ᠬᠡᠷᠡᠭᠲᠡᠢ᠃
      8. ᠭᠡᠷ᠎ᠤᠨ ᠴᠠᠬᠢᠯᠭ᠋ᠠᠨ ᠤᠲᠠᠰᠤ᠂ ᠰᠢᠲᠠᠮᠠᠬᠠᠢ ᠬᠡᠢ ᠵᠢᠨ ᠬᠣᠭᠣᠯᠠᠢ᠂ ᠴᠠᠬᠢᠯᠭ᠋ᠠᠨ ᠬᠡᠷᠡᠭᠰᠡᠯ᠂ ᠢᠷᠲᠦ ᠪᠠᠭ᠋ᠠᠵᠢ ᠵᠢᠴᠢ ᠪᠤᠰᠤᠳ ᠪᠠᠭ᠋ᠠᠵᠢ ᠬᠡᠷᠡᠭᠰᠡᠯ᠎ᠤᠨ ᠠᠮᠤᠷ ᠲᠦᠪᠰᠢᠨ᠎ᠢ ᠴᠠᠭ ᠲᠤᠬᠠᠢ᠎ᠳᠤ᠎ᠨᠢ ᠵᠢᠭᠰᠠᠭ᠋ᠠᠨ ᠪᠠᠶ᠋ᠢᠴᠠᠭ᠋ᠠᠵᠤ᠂ ᠴᠠᠬᠢᠯᠭ᠋ᠠᠨ᠎ᠳᠤ ᠴᠣᠬᠢᠭᠳᠠᠬᠤ᠂ ᠬᠠᠯᠠᠭ᠋ᠠᠬᠤ᠂ ᠨᠡᠭᠦᠷᠡᠰᠦᠨ ᠬᠡᠢ᠎ᠳᠤ ᠬᠣᠣᠷᠳᠠᠬᠤ᠂ ᠮᠠᠰᠢᠨ ᠪᠠᠭ᠋ᠠᠵᠢ᠎ᠳᠤ  ᠭᠡᠮᠲᠦᠬᠦ ᠵᠡᠷᠭᠡ ᠠᠳᠠᠯ᠎ᠢ ᠰᠡᠷᠭᠡᠶ᠋ᠢᠯᠡᠬᠦ ᠬᠡᠷᠡᠭᠲᠡᠢ᠃
      9. ᠨᠣᠴᠣᠮᠠᠲᠠᠭ᠋ᠠᠢ᠂ ᠳᠡᠯᠪᠡᠷᠡᠮᠡᠲᠡᠭᠡᠢ᠂ ᠠᠮᠠᠷᠬᠠᠨ ᠬᠡᠮᠬᠡᠷᠡᠳᠡᠭ᠂ ᠬᠣᠣᠷᠲᠠᠢ᠂ ᠢᠷᠲᠡᠢ ᠪᠤᠶᠤ ᠬᠡᠦᠬᠡᠳ᠎ᠤᠨ ᠪᠡᠶ᠎ᠡ ᠰᠡᠳᠬᠢᠯ᠎ᠳᠤ ᠮᠠᠭᠤ ᠨᠥᠯᠥᠭᠡ᠎ᠲᠠᠢ ᠪᠤᠰᠤᠳ ᠲᠣᠭᠯᠠᠭ᠋ᠠᠮ᠎ᠤᠨ ᠵᠦᠢ᠍ᠯ᠂ ᠡᠳ᠋ ᠪᠠᠷᠠᠭ᠎ᠠ ᠵᠢ ᠰᠠᠶ᠋ᠢᠲᠤᠷ ᠬᠠᠳᠠᠭ᠋ᠠᠯᠠᠵᠤ᠂ ᠬᠡᠦᠬᠡᠳ ᠵᠶ᠋ᠠᠨ ᠣᠢ᠌ᠷᠠᠲᠤᠭᠤᠯᠵᠤ ᠪᠣᠯᠬᠤ ᠦᠭᠡᠢ᠃ ᠬᠡᠦᠬᠡᠳ ᠵᠶ᠋ᠠᠨ ᠶᠠᠭᠤᠮ᠎ᠠ ᠵᠢ ᠴᠢᠬᠢ᠂ ᠬᠠᠮᠠᠷ᠂ ᠨᠢᠳᠦᠨ᠎ᠳᠤ᠎ᠪᠠᠨ ᠬᠢᠬᠦ ᠦᠭᠡᠢ᠂ ᠳᠤᠷ᠎ᠠ᠎ᠪᠠᠷ ᠵᠶ᠋ᠠᠨ ᠶᠠᠭᠤᠮ᠎ᠠ᠎ᠪᠠᠷ ᠲᠣᠯᠤᠭ᠋ᠠᠢ ᠪᠤᠶᠤ ᠬᠦᠵᠦᠭᠦᠦ᠎ᠪᠠᠨ ᠪᠣᠭᠣᠵᠤ ᠪᠣᠯᠬᠤ ᠦᠭᠡᠢ ᠭᠡᠵᠦ ᠰᠤᠷᠭ᠋ᠠᠬᠤ ᠬᠡᠷᠡᠭᠲᠡᠢ᠃
     10. ᠭᠡᠷ᠎ᠤᠨ ᠵᠶ᠋ᠠᠨ ᠡᠮ᠎ᠤᠨ ᠵᠦᠢ᠍ᠯ᠎ᠢ ᠲᠣᠬᠢᠲᠠᠢ ᠲᠠᠯᠪᠢᠵᠤ᠂ ᠬᠡᠦᠬᠡᠳ ᠳᠤᠷ᠎ᠠ᠎ᠪᠠᠷ ᠵᠶ᠋ᠠᠨ ᠬᠦᠨᠳᠡᠵᠦ ᠪᠣᠯᠬᠤ ᠦᠭᠡᠢ᠃ ᠬᠡᠦᠬᠡᠳ᠎ᠢ ᠭᠠᠷ ᠤᠲᠠᠰᠤ ᠵᠡᠷᠭᠡ ᠡᠯᠧᠺᠲᠷᠣᠨ ᠦᠢ᠍ᠯᠡᠳᠬᠦᠨ ᠎ᠳᠤ ᠰᠢᠨᠤᠭᠤᠯᠬᠤ ᠦᠭᠡᠢ᠃
     11. ᠬᠡᠦᠬᠡᠳ᠎ᠢ ᠪᠢᠴᠢᠬᠠᠨ ᠨᠠᠶ᠋ᠢᠵᠠ ᠨᠠᠷ᠎ᠲᠠᠢ᠎ᠪᠠᠨ ᠨᠥᠬᠥᠷᠰᠡᠭ ᠶᠠᠪᠤᠯᠴᠠᠬᠤ᠎ᠪᠠᠷ ᠰᠤᠷᠭ᠋ᠠᠨ᠎ᠠ᠃ ᠭᠠᠳᠠᠭᠰᠢ ᠭᠠᠷᠬᠤ᠎ᠳᠤ᠎ᠪᠠᠨ᠂ ᠬᠡᠦᠬᠡᠳ᠎ᠲᠠᠢ ᠬᠠᠮᠲᠤ ᠵᠠᠮ ᠬᠠᠷᠢᠯᠴᠠᠭ᠋ᠠᠨ᠎ᠤ ᠳᠦᠷᠢᠮ᠂ ᠲᠡᠷᠭᠡᠨ᠎ᠳᠤ ᠰᠠᠭᠤᠬᠤ ᠳᠦᠷᠢᠮ᠎ᠢ ᠰᠠᠬᠢᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠠᠩᠬᠠᠷᠬᠤ ᠬᠡᠷᠡᠭᠲᠡᠢ᠃ ᠬᠡᠦᠬᠡᠳ᠎ᠢ ᠮᠤᠤᠷ ᠨᠣᠬᠠᠢ ᠵᠡᠷᠭᠡ ᠠᠮᠢᠲᠠᠨ ᠵᠶ᠋ᠠᠷ ᠲᠣᠭᠯᠠᠭᠤᠯᠬᠤ ᠦᠭᠡᠢ᠃ ᠬᠡᠦᠬᠡᠳ ᠵᠶ᠋ᠠᠨ ᠭᠠᠳᠠᠭᠰᠢ ᠭᠠᠷᠬᠤ᠎ᠳᠤ ᠲᠡᠷᠭᠡᠨ᠎ᠤ ᠪᠠᠯᠠᠢ ᠣᠷᠣᠨ᠎ᠢ ᠰᠡᠷᠭᠡᠶ᠋ᠢᠯᠡᠬᠦ ᠬᠡᠷᠡᠭᠲᠡᠢ ᠭᠡᠵᠦ ᠰᠤᠷᠭ᠋ᠠᠨ᠎ᠠ᠃
     12. ᠬᠡᠦᠬᠡᠳ ᠵᠶ᠋ᠠᠨ ᠪᠤᠰᠤᠳ ᠬᠥᠮᠦᠰ᠎ᠲᠤ ᠥᠪᠡᠷ᠎ᠤᠨ ᠪᠡᠶ᠎ᠡ ᠵᠢᠨ ᠨᠢᠭᠤᠴᠠ ᠬᠡᠰᠡᠭ ᠵᠶ᠋ᠡᠨ ᠦᠵᠡᠭᠦᠯᠵᠦ ᠪᠣᠯᠬᠤ ᠦᠭᠡᠢ᠂ ᠲᠡᠮᠲᠡᠷᠢᠭᠦᠯᠵᠦ ᠪᠣᠯᠬᠤ ᠦᠭᠡᠢ᠂ ᠰᠡᠭᠦᠳᠡᠷᠯᠡᠭᠦᠯᠵᠦ ᠪᠣᠯᠬᠤ ᠭᠡᠵᠦ ᠰᠤᠷᠭ᠋ᠠᠨ᠎ᠠ᠃
     13. ᠬᠡᠦᠬᠡᠳ ᠵᠶ᠋ᠠᠨ ᠲᠠᠨᠢᠯ ᠪᠤᠰᠤ ᠬᠥᠮᠦᠨ᠎ᠤ ᠢᠳᠡᠭᠡᠨ ᠪᠠ ᠪᠡᠯᠡᠭ᠎ᠢ ᠠᠪᠬᠤ ᠦᠭᠡᠢ᠂ ᠭᠡᠷ ᠪᠦᠯᠢ ᠵᠢᠨ ᠮᠡᠳᠡᠭᠡ ᠵᠠᠩᠭᠢ ᠵᠢ ᠦᠯᠦ ᠲᠠᠨᠢᠬᠤ ᠬᠥᠮᠦᠨ᠎ᠳᠤ ᠬᠡᠯᠡᠵᠦ ᠥᠭᠬᠦ ᠦᠭᠡᠢ᠂ ᠲᠠᠨᠢᠯ ᠪᠤᠰᠤ ᠬᠥᠮᠦᠨ ᠠᠯᠪᠠᠳᠠᠯᠭ᠎ᠠ᠎ᠪᠠᠷ ᠳᠠᠭ᠋ᠠᠭᠤᠯᠵᠤ ᠶᠠᠪᠤᠬᠤ ᠦᠶ᠎ᠡ᠎ᠳᠤ ᠥᠨᠳᠥᠷ ᠳᠠᠭᠤᠨ ᠵᠶ᠋ᠠᠷ ᠬᠠᠰᠬᠢᠷᠤᠨ ᠠᠪᠤᠷᠠᠯᠲᠠ ᠳᠠᠭᠤᠳᠠᠬᠤ ᠵᠢᠨ ᠬᠠᠮᠲᠤ ᠬᠥᠮᠦᠨ ᠣᠯᠠᠨ ᠴᠤᠭᠯᠠᠷᠠᠳᠠᠭ ᠭᠠᠵᠠᠷ ᠳᠤᠲᠠᠭ᠋ᠠᠨ ᠣᠴᠢᠨ᠎ᠠ᠂ ᠭᠡᠷ᠎ᠤᠨ ᠬᠥᠮᠦᠰ᠎ᠠᠴᠠ᠎ᠪᠠᠨ ᠰᠠᠯᠵᠤ ᠲᠥᠭᠡᠷᠢᠭᠰᠡᠨ ᠦᠶ᠎ᠡ᠎ᠳᠤ ᠤᠭ ᠭᠠᠵᠠᠷ᠎ᠲᠤ᠎ᠪᠠᠨ ᠬᠥᠳᠡᠯᠬᠦ ᠦᠭᠡᠢ ᠬᠥᠯᠢᠶᠡᠬᠦ ᠪᠤᠶᠤ ᠴᠠᠭᠳᠠᠭ᠎ᠠ᠎ᠠᠴᠠ ᠲᠤᠰᠠᠯᠠᠮᠵᠢ ᠭᠤᠶᠤᠴᠢᠯᠠᠬᠤ ᠬᠡᠷᠡᠭᠲᠡᠢ᠃
     14. ᠬᠡᠦᠬᠡᠳ ᠵᠶ᠋ᠡᠨ ᠣᠪᠣᠭ ᠨᠡᠷ᠎ᠡ᠂ ᠬᠡᠦᠬᠡᠳ᠎ᠤᠨ ᠴᠡᠴᠡᠷᠯᠢᠭ᠎ᠤᠨ ᠨᠡᠷ᠎ᠡ᠂ ᠰᠠᠭᠤᠭ᠎ᠠ ᠭᠠᠵᠠᠷ ᠪᠠ ᠭᠡᠷ᠎ᠤᠨ ᠠᠬᠠᠮᠠᠳ᠎ᠤᠨ ᠣᠪᠣᠭ ᠨᠡᠷ᠎ᠡ᠂ ᠤᠲᠠᠰᠤ᠂ ᠪᠠᠶ᠋ᠢᠭᠤᠯᠭ᠎ᠠ ᠨᠢᠭᠡᠴᠢ ᠵᠢ ᠲᠣᠳᠤᠷᠬᠠᠢ ᠮᠡᠳᠡᠬᠦ᠎ᠪᠠᠷ ᠰᠤᠷᠭ᠋ᠠᠵᠤ᠂ ᠰᠠᠨᠠᠭ᠋ᠠᠨ᠎ᠳᠤ ᠦᠭᠡᠢ ᠬᠡᠷᠡᠭ᠎ᠲᠤ ᠤᠴᠠᠷᠠᠬᠤ ᠦᠶ᠎ᠡ ᠲᠤᠰᠠᠯᠠᠮᠵᠢ ᠭᠤᠶᠤᠴᠢᠯᠠᠵᠤ ᠴᠢᠳᠠᠬᠤ ᠪᠤᠶᠤ ᠲᠣᠳᠣᠷᠬᠠᠢ ᠢᠯᠡᠳᠭᠡᠵᠦ ᠴᠢᠳᠠᠬᠤ ᠬᠡᠷᠡᠭᠲᠡᠢ᠃
     15. ᠤᠯᠤᠰ᠎ᠤᠨ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠲᠤ ᠬᠠᠨᠳᠤᠭᠤᠯᠤᠭᠰᠠᠨ ᠰᠦᠯᠵᠢᠶᠡᠨ᠎ᠳᠠᠬᠢ ᠪᠣᠯᠪᠠᠰᠤᠷᠠᠭᠤᠯᠤᠯ᠎ᠢ ᠥᠷᠨᠢᠭᠦᠯᠵᠦ ᠪᠣᠯᠬᠤ ᠦᠭᠡᠢ᠂ ᠰᠤᠷᠭ᠋ᠠᠭᠤᠯᠢ  ᠵᠢᠨ ᠨᠠᠰᠤᠨ᠎ᠠᠴᠠ ᠡᠮᠦᠨᠡᠬᠢ ᠠᠩᠭᠢ᠂ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠠᠩᠭᠢ᠂ ᠰᠡᠳᠬᠢᠬᠦᠢ ᠵᠢᠨ ᠪᠣᠯᠪᠠᠰᠤᠷᠠᠭᠤᠯᠤᠯ᠎ᠤᠨ ᠠᠩᠭᠢ ᠵᠡᠷᠭᠡ ᠨᠡᠷ᠎ᠡ᠎ᠪᠠᠷ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠲᠤ ᠬᠠᠨᠳᠤᠭᠤᠯᠤᠨ ᠰᠦᠯᠵᠢᠶᠡᠨ ᠭᠠᠳᠠᠨᠠᠬᠢ ᠬᠢᠴᠢᠶᠡᠯ ᠲᠥᠷᠥᠯ (ᠭᠠᠳᠠᠭ᠋ᠠᠳᠤ ᠬᠡᠯᠡ ᠵᠢ ᠪᠠᠭᠲᠠᠭ᠋ᠠᠨ᠎ᠠ)᠎ᠤᠨ ᠪᠣᠯᠪᠠᠰᠤᠷᠠᠭᠤᠯᠤᠯ ᠥᠷᠨᠢᠭᠦᠯᠬᠦ ᠵᠢ ᠴᠢᠩᠭ᠎ᠠ ᠬᠣᠷᠢᠭᠯᠠᠨ᠎ᠠ᠃ ᠪᠣᠳᠠᠲᠤ ᠠᠵᠢᠯᠯᠠᠭ᠎ᠠ᠎ᠪᠠᠷ ᠵᠶ᠋ᠠᠨ ᠳᠡᠮᠵᠢᠯᠭᠡ ᠦᠵᠡᠭᠦᠯᠵᠦ᠂ ᠬᠡᠦᠬᠡᠳ ᠎ᠤᠨ ᠪᠡᠶ᠎ᠡ ᠰᠡᠳᠬᠢᠯ᠎ᠤᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠨ᠂ ᠬᠡᠦᠬᠡᠳ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ ᠵᠢ ᠠᠬᠢᠭᠤᠯᠤᠨ᠎ᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号