ᠰᠢᠨ᠎ᠡ ᠰᠤᠷᠤᠯᠭ᠎ᠠ ᠵᠢᠨ ᠬᠤᠭᠤᠴᠠᠭ᠎ᠠ ᠡᠬᠢᠯᠡᠯ᠎ᠡ᠂ ᠳᠤᠮᠳᠠᠳᠤ ᠪᠠᠭ᠎ᠠ ᠰᠤᠷᠭ᠋ᠠᠭᠤᠯᠢ᠂ ᠬᠡᠦᠬᠡᠳ᠎ᠤᠨ ᠴᠡᠴᠡᠷᠯᠢᠭ᠎ᠤᠨ 2024 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠡᠬᠢᠯᠡᠬᠦ 43 ᠠᠮᠤᠷ ᠲᠦᠪᠰᠢᠨ᠎ᠤ ᠰᠠᠨᠠᠭᠤᠯᠤᠮᠵᠢ ᠵᠢ ᠬᠠᠮᠲᠤ᠎ᠳᠤ᠎ᠪᠠᠨ ᠦᠵᠡᠵᠡᠭᠡᠶ᠎ᠡ᠃
2024 ᠣᠨ᠎ᠤ ᠨᠠᠮᠤᠷ᠎ᠤᠨ ᠤᠯᠠᠷᠢᠯ᠎ᠤᠨ ᠰᠤᠷᠤᠯᠭ᠎ᠠ ᠵᠢᠨ ᠬᠤᠭᠤᠴᠠᠭ᠋ᠠᠨ᠎ᠤ
ᠬᠡᠦᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠠᠨᠠᠭᠤᠯᠤᠮᠵᠢ
1. 《ᠡᠷᠡᠭᠦᠯ ᠮᠡᠨᠳᠦ ᠵᠢ ᠲᠡᠷᠢᠭᠦᠨ᠎ᠳᠤ ᠲᠠᠯᠪᠢᠬᠤ》 ᠣᠶ᠋ᠢᠯᠠᠭ᠋ᠠᠭᠳᠠᠬᠤᠨ᠎ᠢ ᠪᠠᠲᠤ ᠪᠡᠬᠢ ᠪᠣᠢ ᠪᠣᠯᠭ᠋ᠠᠬᠤ ᠵᠢᠨ ᠬᠠᠮᠲᠤ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠬᠡᠦᠬᠡᠳ᠎ᠢ ᠠᠯᠴᠢᠭᠤᠷ᠂ ᠴᠣᠮᠣ ᠵᠢ ᠬᠠᠮᠲᠤ᠎ᠳᠤ᠎ᠪᠠᠨ ᠬᠡᠷᠡᠭᠯᠡᠬᠦ ᠦᠭᠡᠢ᠂ ᠳᠤᠷ᠎ᠠ᠎ᠪᠠᠷ ᠵᠶ᠋ᠠᠨ ᠨᠢᠳᠦ᠎ᠪᠠᠨ ᠨᠤᠬᠤᠯᠠᠬᠤ ᠦᠭᠡᠢ᠎ᠪᠠᠷ ᠬᠥᠲᠥᠯᠥᠨ ᠵᠢᠯᠣᠭᠣᠳᠴᠤ᠂ ᠡᠷᠡᠭᠦᠯ ᠬᠠᠮᠠᠭ᠋ᠠᠯᠠᠯ᠎ᠤᠨ ᠰᠠᠶ᠋ᠢᠨ ᠰᠠᠶ᠋ᠢᠬᠠᠨ ᠳᠠᠳᠬᠠᠯ᠎ᠲᠠᠢ ᠪᠣᠯᠭ᠋ᠠᠬᠤ ᠬᠡᠷᠡᠭᠲᠡᠢ᠃ ᠬᠡᠦᠬᠡᠳ᠎ᠤᠨ ᠡᠷᠡᠭᠦᠯ ᠮᠡᠨᠳᠦ ᠵᠢᠨ ᠬᠢᠨᠠᠨ ᠪᠠᠢ᠌ᠴᠠᠭ᠋ᠠᠯᠲᠠ ᠵᠢ ᠰᠠᠶ᠋ᠢᠲᠤᠷ ᠬᠢᠵᠦ᠂ ᠡᠷᠡᠭᠦᠯ ᠮᠡᠨᠳᠦ ᠵᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠴᠡᠴᠡᠷᠯᠢᠭ᠎ᠲᠤ ᠬᠦᠷᠭᠡᠨ᠎ᠡ᠃
2. ᠭᠡᠷ ᠴᠡᠪᠡᠷ ᠲᠣᠬᠢᠯᠢᠭ᠂ ᠬᠠᠭᠤᠷᠠᠢ ᠪᠠᠶ᠋ᠢᠬᠤ ᠵᠢ ᠪᠠᠲᠤᠯᠠᠵᠤ᠂ ᠲᠣᠭᠲᠠᠮᠠᠯ ᠬᠤᠭᠤᠴᠠᠭ᠎ᠠ᠎ᠲᠠᠢ ᠰᠠᠯᠬᠢ ᠨᠡᠪᠲᠡᠷᠡᠭᠦᠯᠦᠨ ᠠᠭ᠋ᠠᠷ ᠰᠣᠯᠢᠵᠤ᠂ ᠭᠠᠳᠠᠨᠠᠬᠢ ᠴᠡᠪᠡᠷᠯᠡᠭᠰᠡᠨ ᠦᠭᠡᠢ᠂ ᠠᠷᠢᠭᠤᠳᠬᠠᠭᠰᠠᠨ ᠦᠭᠡᠢ ᠡᠳ᠋ ᠪᠣᠳᠠᠰ᠎ᠢ ᠳᠤᠷ᠎ᠠ᠎ᠪᠠᠷ ᠵᠶ᠋ᠠᠨ ᠭᠡᠷ᠎ᠲᠤ᠎ᠪᠠᠨ ᠠᠪᠠᠴᠢᠠᠬᠤ ᠦᠭᠡᠢ᠂ ᠬᠣᠭ ᠨᠣᠪᠰᠢ ᠵᠢ ᠲᠥᠷᠥᠯ ᠬᠤᠪᠢᠶᠠᠨ ᠬᠠᠶᠠᠨ᠎ᠠ᠃
3. ᠬᠡᠦᠬᠡᠳ᠎ᠲᠤ ᠡᠷᠡᠭᠦᠯ ᠬᠠᠮᠠᠭ᠋ᠠᠯᠠᠯ᠎ᠤᠨ ᠱᠠᠭ᠋ᠠᠷᠳᠠᠯᠭ᠎ᠠ᠎ᠳᠤ ᠦᠯᠦ ᠨᠡᠶ᠋ᠢᠴᠡᠬᠦ ᠢᠳᠡᠭᠡᠨ ᠢ ᠢᠳᠡᠭᠦᠯᠬᠦ ᠦᠭᠡᠢ᠂ ᠬᠥᠯᠳᠡᠭᠦᠦ ᠢᠳᠡᠭᠡᠨ ᠳᠤᠲᠠᠭᠤ ᠢᠳᠡᠭᠦᠯᠦᠨ᠎ᠡ᠂ ᠬᠡᠲᠦᠷᠡᠲᠡᠯ᠎ᠡ ᠢᠳᠡᠭᠦᠯᠵᠦ ᠤᠤᠭᠤᠯᠭ᠋ᠠᠬᠤ ᠦᠭᠡᠢ᠂ ᠳᠠᠪᠤᠰᠤ ᠶᠡᠬᠡᠲᠡᠢ᠂ ᠰᠢᠬᠢᠷ ᠶᠡᠬᠡᠲᠡᠢ᠂ ᠰᠢᠷᠠᠮᠠᠯ ᠢᠳᠡᠭᠡᠨ ᠢ ᠳᠤᠲᠠᠭᠤ ᠢᠳᠡᠭᠦᠯᠦᠨ᠎ᠡ᠃
4. ᠬᠡᠦᠬᠡᠳ᠎ᠤᠨ ᠭᠦᠢ᠍ᠴᠡᠳ ᠤᠨᠲᠠᠬᠤ ᠵᠢ ᠪᠠᠲᠤᠯᠠᠵᠤ᠂ ᠬᠡᠦᠬᠡᠳ᠎ᠢ ᠬᠥᠲᠥᠯᠥᠨ ᠵᠢᠯᠣᠭᠣᠳᠴᠤ ᠪᠡᠶ᠎ᠡ ᠮᠠᠬᠠᠪᠣᠳ᠎ᠢ᠎ᠨᠢ ᠵᠣᠬᠢᠰᠲᠠᠢ ᠪᠣᠯᠪᠠᠰᠤᠷᠠᠭᠤᠯᠵᠤ᠂ ᠪᠡᠶ᠎ᠡ ᠮᠠᠬᠠᠪᠣᠳ᠎ᠢ᠎ᠨᠢ ᠴᠢᠭᠢᠷᠠᠭᠵᠢᠭᠤᠯᠵᠤ᠂ ᠴᠣᠭ ᠵᠢᠪᠬᠤᠭ᠎ᠠ ᠲᠡᠭᠦᠯᠳᠡᠷ ᠰᠠᠢ᠌ᠨ ᠪᠠᠢ᠌ᠬᠤ ᠵᠢ ᠪᠠᠲᠤᠯᠠᠨ᠎ᠠ᠃
5. ᠬᠡᠦᠬᠡᠳ᠎ᠢ ᠭᠡᠷ᠎ᠤᠨ ᠠᠬᠠᠮᠠᠳ ᠴᠠᠭ ᠢᠮᠠᠭᠲᠠ ᠬᠠᠷᠠᠵᠤ ᠬᠠᠮᠢᠶᠠᠷᠤᠨ᠎ᠠ᠂ ᠬᠡᠦᠬᠡᠳ ᠢ ᠭᠠᠭᠴᠠᠭ᠋ᠠᠷ᠎ᠨᠢ ᠭᠡᠷ᠂ ᠲᠡᠷᠭᠡᠨ᠎ᠳᠤ ᠦᠯᠡᠳᠡᠭᠡᠬᠦ ᠦᠭᠡᠢ᠂ ᠬᠡᠦᠬᠡᠳ᠎ᠢ ᠭᠠᠭᠴᠠᠭ᠋ᠠᠷ᠎ᠨᠢ ᠭᠠᠳᠠᠭᠰᠢ ᠭᠠᠷᠭ᠋ᠠᠬᠤ ᠦᠭᠡᠢ᠃
6. ᠬᠡᠦᠬᠡᠳ᠎ᠢ ᠵᠠᠮ᠎ᠤᠨ ᠵᠠᠬ᠎ᠠ᠂ ᠤᠰᠤᠨ᠎ᠤ ᠵᠠᠬ᠎ᠠ᠂ ᠪᠠᠷᠢᠯᠭ᠎ᠠ ᠵᠢᠨ ᠭᠠᠵᠠᠷ ᠵᠡᠷᠭᠡ ᠠᠶᠤᠯᠲᠠᠢ ᠣᠷᠣᠨ᠎ᠳᠤ ᠭᠠᠭᠴᠠᠭ᠋ᠠᠷ ᠨᠠᠭ᠋ᠠᠳᠤᠭᠤᠯᠬᠤ ᠦᠭᠡᠢ᠂ ᠵᠠᠮ ᠬᠠᠷᠢᠯᠴᠠᠭ᠋ᠠᠨ᠎ᠤ ᠡᠨᠳᠡᠯ᠂ ᠤᠰᠤᠨ᠎ᠤ ᠠᠳᠠᠯ ᠭᠠᠷᠬᠤ᠎ᠠᠴᠠ ᠰᠡᠷᠭᠡᠢ᠌ᠯᠡᠨ᠎ᠡ᠃
7. ᠭᠡᠷ᠎ᠤᠨ ᠨᠠᠷᠠᠪᠴᠢ᠂ ᠲᠠᠪᠴᠠᠩ ᠵᠡᠷᠭᠡ ᠣᠷᠣᠨ ᠪᠦᠰᠡ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠰᠠᠶ᠋ᠢᠲᠤᠷ ᠬᠢᠨ᠎ᠡ᠃ ᠬᠡᠦᠬᠡᠳ ᠵᠶ᠋ᠡᠨ ᠠᠰᠠᠷ᠎ᠠᠴᠠ ᠳᠣᠷᠤᠭᠰᠢ ᠶᠠᠭᠤᠮ᠎ᠠ ᠬᠠᠶᠠᠬᠤ ᠦᠭᠡᠢ᠂ ᠨᠠᠷᠠᠪᠴᠢ᠂ ᠡᠭᠦᠳᠡ ᠴᠣᠩᠬᠣ ᠪᠤᠶᠤ ᠪᠤᠰᠤᠳ ᠥᠨᠳᠥᠷ᠎ᠲᠤ ᠠᠪᠠᠷᠢᠵᠤ ᠪᠣᠯᠬᠤ ᠦᠭᠡᠢ ᠭᠡᠵᠦ ᠰᠤᠷᠭ᠋ᠠᠨ᠎ᠠ᠃
8. ᠭᠡᠷ᠎ᠤᠨ ᠴᠠᠬᠢᠯᠭ᠋ᠠᠨ ᠤᠲᠠᠰᠤ᠂ ᠰᠢᠲᠠᠮᠠᠬᠠᠢ ᠬᠡᠢ ᠵᠢᠨ ᠬᠣᠭᠣᠯᠠᠢ᠂ ᠴᠠᠬᠢᠯᠭ᠋ᠠᠨ ᠬᠡᠷᠡᠭᠰᠡᠯ᠂ ᠢᠷᠲᠦ ᠪᠠᠭ᠋ᠠᠵᠢ ᠵᠢᠴᠢ ᠪᠤᠰᠤᠳ ᠪᠠᠭ᠋ᠠᠵᠢ ᠬᠡᠷᠡᠭᠰᠡᠯ᠎ᠤᠨ ᠠᠮᠤᠷ ᠲᠦᠪᠰᠢᠨ᠎ᠢ ᠴᠠᠭ ᠲᠤᠬᠠᠢᠳᠤᠨᠢ ᠵᠢᠭᠰᠠᠭ᠋ᠠᠨ ᠪᠠᠶ᠋ᠢᠴᠠᠭ᠋ᠠᠵᠤ᠂ ᠴᠠᠬᠢᠯᠭ᠋ᠠᠨ᠎ᠳᠤ ᠴᠣᠬᠢᠭᠳᠠᠬᠤ᠂ ᠬᠠᠯᠠᠭ᠋ᠠᠬᠤ᠂ ᠨᠡᠭᠦᠷᠡᠰᠦᠨ ᠬᠡᠢ᠎ᠳᠤ ᠬᠣᠣᠷᠳᠠᠬᠤ᠂ ᠮᠠᠰᠢᠨ ᠪᠠᠭ᠋ᠠᠵᠢ᠎ᠳᠤ ᠰᠢᠷᠬᠠᠳᠤᠬᠤ ᠵᠡᠷᠭᠡ ᠠᠳᠠᠯᠢ ᠰᠡᠷᠭᠡᠢ᠌ᠯᠡᠨ᠎ᠡ᠃
9. ᠨᠣᠴᠣᠮᠠᠲᠠᠭ᠋ᠠᠢ᠂ ᠳᠡᠯᠪᠡᠷᠡᠮᠡᠲᠡᠭᠡᠢ᠂ ᠠᠮᠠᠷᠬᠠᠨ ᠬᠡᠮᠬᠡᠷᠡᠳᠡᠭ᠂ ᠬᠣᠣᠷᠲᠠᠢ᠂ ᠢᠷᠲᠡᠢ ᠪᠤᠶᠤ ᠬᠡᠦᠬᠡᠳ᠎ᠤᠨ ᠪᠡᠶ᠎ᠡ ᠰᠡᠳᠬᠢᠯ᠎ᠳᠤ ᠮᠠᠭᠤ ᠨᠥᠯᠥᠭᠡ᠎ᠲᠠᠢ ᠪᠤᠰᠤᠳ ᠲᠣᠭᠯᠠᠭ᠋ᠠᠮ᠎ᠤᠨ ᠵᠦᠢ᠍ᠯ᠂ ᠡᠳ᠋ ᠪᠠᠷᠠᠭ᠎ᠠ ᠵᠢ ᠰᠠᠶ᠋ᠢᠲᠤᠷ ᠬᠠᠳᠠᠭ᠋ᠠᠯᠠᠵᠤ᠂ ᠬᠡᠦᠬᠡᠳ᠎ᠢ ᠣᠶ᠋ᠢᠷᠠᠲᠤᠭᠤᠯᠬᠤ ᠦᠭᠡᠢ᠃ ᠬᠡᠦᠬᠡᠳ ᠵᠶ᠋ᠠᠨ ᠳᠤᠷ᠎ᠠ᠎ᠪᠠᠷ ᠵᠶ᠋ᠠᠨ ᠶᠠᠭᠤᠮ᠎ᠠ ᠵᠢ ᠠᠮᠠ᠂ ᠴᠢᠬᠢ᠂ ᠬᠠᠮᠠᠷ᠂ ᠨᠢᠳᠦᠨ᠎ᠳᠤ᠎ᠪᠠᠨ ᠣᠷᠣᠭᠤᠯᠵᠤ ᠪᠣᠯᠬᠤ ᠦᠭᠡᠢ᠂ ᠳᠤᠷ᠎ᠠ᠎ᠪᠠᠷ᠎ᠪᠠᠨ ᠶᠠᠭᠤᠮ᠎ᠠ᠎ᠪᠠᠷ ᠬᠦᠵᠦᠭᠦᠦ ᠪᠤᠶᠤ ᠲᠣᠯᠤᠭ᠋ᠠᠢ᠎ᠪᠠᠨ ᠪᠣᠭᠣᠵᠤ ᠪᠣᠯᠬᠤ ᠦᠭᠡᠢ ᠭᠡᠵᠦ ᠰᠤᠷᠭ᠋ᠠᠨ᠎ᠠ᠃
10. ᠭᠡᠷ᠎ᠲᠤ᠎ᠪᠠᠨ ᠡᠮ᠎ᠤᠨ ᠵᠦᠢ᠍ᠯ᠎ᠢ ᠵᠣᠬᠢᠰᠲᠠᠢ ᠲᠠᠯᠪᠢᠵᠤ᠂ ᠬᠡᠦᠬᠡᠳ᠎ᠲᠤ ᠳᠤᠷ᠎ᠠ᠎ᠪᠠᠷ᠎ᠨᠢ ᠬᠥᠨᠳᠡᠭᠦᠯᠬᠦ ᠦᠭᠡᠢ᠃ ᠬᠡᠦᠬᠡᠳ᠎ᠢ ᠭᠠᠷ ᠤᠲᠠᠰᠤ ᠪᠠ ᠡᠯᠧᠺᠲᠷᠣᠨ ᠦᠢ᠍ᠯᠡᠳᠬᠦᠨ᠎ᠳᠤ ᠰᠢᠨᠤᠭᠤᠯᠬᠤ ᠦᠭᠡᠢ᠃
11. ᠬᠡᠦᠬᠡᠳ ᠵᠶ᠋ᠠᠨ ᠪᠢᠴᠢᠬᠠᠨ ᠨᠠᠶ᠋ᠢᠵᠠ ᠨᠠᠷ᠎ᠲᠠᠢ᠎ᠪᠠᠨ ᠨᠥᠬᠥᠷᠰᠡᠭ ᠶᠠᠪᠤᠯᠴᠠ ᠭᠡᠵᠦ ᠰᠤᠷᠭ᠋ᠠᠨ᠎ᠠ᠃ ᠭᠠᠳᠠᠭᠰᠢ ᠭᠠᠷᠬᠤ᠎ᠳᠤ᠂ ᠬᠡᠦᠬᠡᠳ᠎ᠲᠠᠢ᠎ᠪᠠᠨ ᠬᠠᠮᠲᠤ ᠵᠠᠮ ᠬᠠᠷᠢᠯᠴᠠᠭ᠋ᠠᠨ᠎ᠤ ᠳᠦᠷᠢᠮ᠂ ᠲᠡᠷᠭᠡᠨ᠎ᠳᠤ ᠰᠠᠭᠤᠬᠤ ᠳᠦᠷᠢᠮ᠎ᠢ ᠵᠢᠷᠤᠮᠯᠠᠨ ᠰᠠᠬᠢᠵᠤ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠢ ᠠᠩᠬᠠᠷᠤᠨ᠎ᠠ᠃ ᠲᠡᠷᠭᠡ ᠵᠣᠭᠰᠤᠭ᠋ᠠᠬᠤ ᠭᠠᠵᠠᠷ᠎ᠲᠤ ᠳᠤᠷ᠎ᠠ᠎ᠪᠠᠷ ᠵᠶ᠋ᠠᠨ ᠣᠷᠣᠵᠤ ᠪᠣᠯᠬᠤ ᠦᠭᠡᠢ ᠭᠡᠵᠦ ᠬᠡᠦᠬᠡᠳ᠎ᠢ ᠰᠤᠷᠭ᠋ᠠᠵᠤ᠂ ᠲᠡᠷᠭᠡᠨ᠎ᠤ ᠪᠠᠯᠠᠢ ᠣᠷᠣᠨ᠎ᠢ ᠰᠡᠷᠭᠡᠶ᠋ᠢᠯᠡᠨ᠎ᠡ᠃ ᠬᠡᠦᠬᠡᠳ ᠵᠶ᠋ᠠᠨ ᠮᠤᠤᠷ ᠨᠣᠬᠠᠢ ᠵᠡᠷᠭᠡ ᠠᠮᠢᠲᠠᠨ ᠵᠶ᠋ᠠᠷ ᠲᠣᠭᠯᠠᠵᠤ ᠪᠣᠯᠬᠤ ᠦᠭᠡᠢ ᠭᠡᠵᠦ ᠰᠤᠷᠭ᠋ᠠᠨ᠎ᠠ᠃
12. ᠬᠡᠦᠬᠡᠳ ᠵᠶ᠋ᠠᠨ ᠪᠤᠰᠤᠳ ᠬᠥᠮᠦᠰ᠎ᠲᠤ ᠥᠪᠡᠷ᠎ᠤᠨ ᠨᠢᠭᠤᠴᠠ ᠬᠡᠰᠡᠭ ᠵᠶ᠋ᠡᠨ ᠦᠵᠡᠭᠦᠯᠵᠦ᠂ ᠲᠡᠮᠲᠡᠷᠢᠭᠦᠯᠵᠦ᠂ ᠰᠡᠭᠦᠳᠡᠷᠯᠡᠭᠦᠯᠵᠦ ᠪᠣᠯᠬᠤ ᠦᠭᠡᠢ ᠭᠡᠵᠦ ᠰᠤᠷᠭ᠋ᠠᠨ᠎ᠠ᠃
13. ᠬᠡᠦᠬᠡᠳ ᠵᠶ᠋ᠠᠨ ᠲᠠᠨᠢᠯ ᠪᠤᠰᠤ ᠬᠥᠮᠦᠨ᠎ᠤ ᠢᠳᠡᠭᠡᠨ ᠪᠠ ᠪᠡᠯᠡᠭ᠎ᠢ ᠠᠪᠴᠤ ᠪᠣᠯᠬᠤ ᠦᠭᠡᠢ᠂ ᠭᠡᠷ ᠪᠦᠯᠢ ᠵᠢᠨ ᠮᠡᠳᠡᠭᠡ ᠵᠠᠩᠭᠢ ᠵᠢ ᠦᠯᠦ ᠲᠠᠨᠢᠬᠤ ᠬᠥᠮᠦᠨ᠎ᠳᠤ ᠬᠡᠯᠡᠬᠦ ᠦᠭᠡᠢ᠂ ᠲᠠᠨᠢᠯ ᠪᠤᠰᠤ ᠬᠥᠮᠦᠨ ᠠᠯᠪᠠᠳᠠᠯᠭ᠎ᠠ᠎ᠪᠠᠷ ᠠᠪᠴᠤ ᠶᠠᠪᠤᠬᠤ ᠦᠶ᠎ᠡ᠎ᠳᠤ ᠥᠨᠳᠥᠷ ᠳᠠᠭᠤᠨ ᠵᠶ᠋ᠠᠷ ᠠᠪᠤᠷᠠᠯᠲᠠ ᠳᠠᠭᠤᠳᠠᠬᠤ ᠵᠢᠨ ᠬᠠᠮᠲᠤ ᠬᠥᠮᠦᠨ ᠣᠯᠠᠨ ᠴᠤᠭᠯᠠᠷᠠᠳᠠᠭ ᠭᠠᠵᠠᠷ ᠣᠴᠢᠵᠤ᠂ ᠭᠡᠷ᠎ᠤᠨ ᠬᠥᠮᠦᠨ᠎ᠠᠴᠠ᠎ᠪᠠᠨ ᠰᠠᠯᠪᠠᠯ ᠤᠭ ᠭᠠᠵᠠᠷ᠎ᠲᠤ᠎ᠪᠠᠨ ᠬᠦᠯᠢᠶᠡᠬᠦ ᠪᠤᠶᠤ ᠴᠠᠭᠳᠠᠭ᠎ᠠ᠎ᠠᠴᠠ ᠲᠤᠰᠠᠯᠠᠮᠵᠢ ᠭᠤᠶᠤᠴᠢᠯᠠᠬᠤ ᠬᠡᠷᠡᠭᠲᠡᠢ ᠭᠡᠵᠦ ᠰᠤᠷᠭ᠋ᠠᠨ᠎ᠠ᠃
14᠂ ᠬᠡᠦᠬᠡᠳ᠎ᠲᠤ᠎ᠪᠠᠨ ᠣᠪᠣᠭ ᠨᠡᠷ᠎ᠡ᠂ ᠬᠡᠦᠬᠡᠳ᠎ᠤᠨ ᠴᠡᠴᠡᠷᠯᠢᠭ᠎ᠤᠨ ᠨᠡᠷ᠎ᠡ᠂ ᠭᠡᠷ᠎ᠤᠨ ᠰᠠᠭᠤᠭ᠎ᠠ ᠭᠠᠵᠠᠷ ᠪᠠ ᠭᠡᠷ᠎ᠤᠨ ᠠᠬᠠᠮᠠᠳ᠎ᠤᠨ ᠣᠪᠣᠭ ᠨᠡᠷ᠎ᠡ᠂ ᠤᠲᠠᠰᠤ᠂ ᠪᠠᠶ᠋ᠢᠭᠤᠯᠭ᠎ᠠ ᠵᠡᠷᠭᠡ ᠵᠢ ᠰᠠᠢ᠌ᠲᠤᠷ ᠮᠡᠳᠡᠭᠦᠯᠵᠦ᠂ ᠰᠠᠨᠠᠭ᠋ᠠᠨ᠎ᠳᠤ ᠦᠭᠡᠢ ᠤᠴᠢᠷ ᠲᠣᠬᠢᠶᠠᠯᠳᠤᠪᠠᠯ᠂ ᠲᠤᠰᠠᠯᠠᠮᠵᠢ ᠭᠤᠶᠤᠴᠢᠯᠠᠵᠤ ᠴᠢᠳᠠᠬᠤ ᠪᠤᠶᠤ ᠲᠣᠳᠣᠷᠬᠠᠢ ᠢᠯᠡᠳᠭᠡᠵᠦ ᠴᠢᠳᠠᠬᠤ ᠬᠡᠷᠡᠭᠲᠡᠢ ᠭᠡᠵᠦ ᠰᠤᠷᠭ᠋ᠠᠨ᠎ᠠ᠃
15. ᠤᠯᠤᠰ᠎ᠤᠨ 《ᠬᠣᠶᠠᠷ᠎ᠢ ᠬᠥᠩᠭᠡᠷᠡᠭᠦᠯᠬᠦ》 ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠲᠤ ᠬᠠᠨᠳᠤᠭᠤᠯᠤᠭᠰᠠᠨ ᠰᠦᠯᠵᠢᠶᠡᠨ᠎ᠤ ᠪᠣᠯᠪᠠᠰᠤᠷᠠᠯ᠎ᠢ ᠥᠷᠨᠢᠭᠦᠯᠬᠦ ᠪᠤᠶᠤ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠠᠩᠭᠢ᠂ ᠬᠡᠦᠬᠡᠳ᠎ᠤᠨ ᠴᠡᠴᠡᠷᠯᠢᠭ ᠪᠠ ᠪᠠᠭ᠎ᠠ ᠰᠤᠷᠭ᠋ᠠᠭᠤᠯᠢ ᠵᠢ ᠵᠣᠯᠭ᠋ᠠᠭᠤᠯᠬᠤ ᠠᠩᠭᠢ᠂ ᠰᠡᠳᠬᠢᠬᠦᠢ ᠵᠢ ᠪᠣᠯᠪᠠᠰᠤᠷᠠᠭᠤᠯᠬᠤ ᠠᠩᠭᠢ ᠵᠡᠷᠭᠡ ᠨᠡᠷ᠎ᠡ᠎ᠪᠠᠷ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ᠎ᠲᠤ ᠬᠠᠨᠳᠤᠭᠤᠯᠤᠨ ᠰᠦᠯᠵᠢᠶᠡᠨ ᠭᠠᠳᠠᠨᠠᠬᠢ ᠬᠢᠴᠢᠶᠡᠯ ᠲᠥᠷᠥᠯ (ᠭᠠᠳᠠᠭ᠋ᠠᠳᠤ ᠬᠡᠯᠡ ᠵᠢ ᠪᠠᠭᠲᠠᠭ᠋ᠠᠨ᠎ᠠ)᠎ᠤᠨ ᠪᠣᠯᠪᠠᠰᠤᠷᠠᠯ ᠥᠷᠨᠢᠭᠦᠯᠬᠦ ᠵᠢ ᠴᠢᠩᠭ᠎ᠠ ᠬᠣᠷᠢᠭᠯᠠᠨ᠎ᠠ᠃ ᠪᠣᠳᠠᠲᠤ ᠠᠵᠢᠯᠯᠠᠭ᠎ᠠ᠎ᠪᠠᠷ ᠳᠡᠮᠵᠢᠯᠭᠡ ᠦᠵᠡᠭᠦᠯᠵᠦ᠂ ᠬᠡᠦᠬᠡᠳ᠎ᠤᠨ ᠪᠡᠶ᠎ᠡ ᠰᠡᠳᠬᠢᠯ᠎ᠤᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠵᠤ᠂ ᠬᠡᠦᠬᠡᠳ᠎ᠤᠨ ᠡᠷᠡᠭᠦᠯ ᠵᠶ᠋ᠠᠷ ᠥᠰᠦᠨ ᠪᠣᠶ᠋ᠢᠵᠢᠬᠤ ᠵᠢ ᠠᠬᠢᠭᠤᠯᠤᠨ᠎ᠠ᠃