ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ①
ᠨᠡᠶ᠋ᠢᠲᠡᠯᠡᠭᠰᠡᠨ ᠴᠠᠭ᠄ 2025-01-24

ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠣᠭᠣᠳᠴᠤ᠂ ᠡᠨᠡ ᠵᠢᠯ᠎ᠤᠨ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨᠴᠢ᠎ᠪᠠᠷ ᠨᠢᠳᠦ ᠎ᠪᠠᠨ ᠬᠡᠷᠡᠭᠯᠡᠵᠦ᠂ ᠵᠢᠮ᠎ᠡ ᠶᠣᠰᠣ᠎ᠲᠠᠢ ᠠᠮᠠᠷᠠᠵᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠶ᠋ᠢᠯᠡᠬᠦ ᠵᠢᠨ ᠲᠥᠯᠥᠭᠡ᠂ ᠪᠦᠬᠦ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠵᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ᠂ 2025 ᠣᠨ᠎ᠤ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠤ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ᠎ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ ᠪᠠ ᠭᠡᠷ᠎ᠤᠨ ᠠᠬᠠᠮᠠᠳ᠎ᠤᠨ ᠮᠠᠳᠠᠭ᠎ᠢ ᠲᠠᠢ᠌ᠯᠵᠤ᠂ ᠰᠢᠨᠵᠢᠯᠡᠬᠦ ᠤᠬᠠᠭ᠋ᠠᠨᠴᠢ᠎ᠪᠠᠷ ᠬᠥᠲᠥᠯᠦᠨ ᠵᠢᠯᠣᠭᠣᠳᠪᠠ᠃

 

01᠄ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠶ᠋ᠢᠯᠡᠬᠦ᠄ ᠡᠷᠲᠡ ᠪᠠᠶ᠋ᠢᠴᠠᠭ᠋ᠠᠵᠤ᠂ ᠡᠷᠲᠡ ᠰᠡᠷᠭᠡᠶ᠋ᠢᠯᠡᠬᠦ

 

1.png

 

1. ᠶᠠᠭ᠋ᠠᠬᠢᠭ᠋ᠠᠳ ᠡᠪᠦᠯ᠎ᠤᠨ ᠠᠮᠠᠷᠠᠯᠲᠠ ᠵᠢ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠭᠣᠣᠯᠳᠠᠯᠭ᠎ᠠ᠎ᠲᠠᠢ ᠴᠠᠭ ᠭᠡᠬᠦ ᠪᠤᠢ?

ᠬᠠᠷᠢᠭᠤᠯᠲᠠ᠄ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠤ ᠴᠠᠭ᠋ᠠᠨ ᠰᠠᠷ᠎ᠠ ᠬᠡᠦᠬᠡᠳ ᠵᠠᠯᠠᠭᠤᠴᠤᠳ ᠪᠠᠭ᠋ᠠᠴᠤᠳ ᠭᠡᠷ᠎ᠤᠨ ᠠᠬᠠᠮᠠᠳ ᠵᠶ᠋ᠠᠨ ᠳᠠᠭ᠋ᠠᠵᠤ ᠲᠥᠷᠥᠯ ᠰᠠᠳᠤᠨ ᠵᠶ᠋ᠠᠨ ᠡᠷᠭᠢᠨ ᠦᠵᠡᠵᠦ᠂ ᠰᠠᠳᠤᠨ ᠲᠥᠷᠦᠯ ᠵᠶ᠋ᠡᠷ ᠵᠶ᠋ᠡᠨ ᠴᠤᠭᠯᠠᠷᠠᠳᠠᠭ᠂ ᠡᠭᠦᠨ᠎ᠤ ᠤᠯᠠᠮ᠎ᠠᠴᠠ ᠭᠡᠷ᠎ᠤᠨ ᠭᠠᠳᠠᠨᠠᠬᠢ ᠬᠥᠳᠡᠯᠭᠡᠭᠡᠨ ᠠᠶᠠᠨᠳᠠᠭ᠋ᠠᠨ ᠪᠠᠭ᠋ᠠᠰᠴᠤ᠂ ᠬᠣᠯᠠ ᠵᠢ ᠬᠠᠷᠠᠬᠤ ᠲᠣᠬᠢᠶᠠᠯ ᠤᠷᠲᠤ ᠬᠤᠭᠤᠴᠠᠭ᠎ᠠ᠎ᠪᠠᠷ ᠪᠠᠭ᠋ᠠᠰᠤᠨ᠂ ᠤᠨᠲᠠᠵᠤ ᠠᠮᠠᠷᠠᠬᠤ ᠪᠠ  ᠢᠳᠡᠵᠦ ᠤᠤᠭᠤᠬᠤ ᠡᠮᠬᠢ ᠵᠢᠷᠤᠮ ᠦᠭᠡᠢ ᠪᠣᠯᠬᠤ ᠪᠠᠶ᠋ᠢᠳᠠᠯ ᠠᠮᠠᠷᠬᠠᠨ ᠡᠭᠦᠰᠳᠡᠭ᠃ ᠣᠯᠠᠨ ᠵᠢᠯ᠎ᠤᠨ ᠣᠢ᠌ᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠭᠰᠡᠨ ᠦᠢ᠍ᠯᠡᠳᠦᠯᠭᠡ᠎ᠠᠴᠠ ᠦᠵᠡᠪᠡᠯ᠂ ᠴᠥᠭᠡᠨ ᠪᠤᠰᠤ ᠬᠡᠦᠬᠡᠳ ᠵᠠᠯᠠᠭᠤᠴᠤᠳ ᠪᠠᠭ᠋ᠠᠴᠤᠳ ᠡᠪᠦᠯ᠎ᠤᠨ ᠠᠮᠠᠷᠠᠯᠲᠠ᠎ᠳᠤ ᠣᠢ᠌ᠷ᠎ᠠ ᠬᠠᠷᠠᠭ᠎ᠠ᠎ᠲᠠᠢ ᠪᠣᠯᠤᠭᠰᠠᠨ ᠪᠤᠶᠤ ᠣᠶ᠋ᠢᠷ᠎ᠠ ᠬᠠᠷᠠᠭ᠎ᠠ᠎ᠨᠢ ᠤᠯᠠᠮ ᠬᠦᠨᠳᠦᠷᠡᠭᠰᠡᠨ ᠪᠠᠢ᠌ᠳᠠᠭ᠃ ᠡᠢ᠌ᠮᠦ᠎ᠠᠴᠠ᠂ ᠭᠡᠷ᠎ᠤᠨ ᠠᠬᠠᠮᠠᠳ᠎ᠢ ᠬᠥᠲᠥᠯᠥᠨ ᠵᠢᠯᠣᠭᠣᠳᠴᠤ ᠰᠢᠨᠵᠢᠯᠡᠬᠦ ᠤᠬᠠᠭ᠋ᠠᠨᠴᠢ᠎ᠪᠠᠷ ᠬᠡᠦᠬᠡᠳ ᠬᠥᠮᠥᠵᠢᠭᠦᠯᠬᠦ ᠣᠢ᠌ᠯᠠᠭ᠋ᠠᠭᠳᠠᠬᠤᠨ᠎ᠢ ᠪᠦᠷᠢᠯᠳᠦᠭᠦᠯᠵᠦ᠂ ᠬᠡᠦᠬᠡᠳ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠣᠭᠣᠳᠴᠤ ᠠᠮᠠᠷᠠᠯᠲᠠ ᠵᠢᠨ ᠬᠤᠭᠤᠴᠠᠭ᠋ᠠᠨ ᠎ᠤ ᠠᠮᠢᠳᠤᠷᠠᠯ᠎ᠢ᠎ᠨᠢ ᠵᠣᠬᠢᠰᠲᠠᠢ ᠲᠥᠯᠦᠪᠵᠢᠭᠦᠯᠦᠨ᠂ ᠭᠡᠷ᠎ᠤᠨ ᠭᠠᠳᠠᠨᠠᠬᠢ ᠬᠥᠳᠡᠯᠭᠡᠭᠡᠨ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠂ ᠭᠡᠷ᠎ᠤᠨ ᠠᠵᠢᠯ᠂ ᠨᠡᠶ᠋ᠢᠭᠡᠮ᠎ᠤᠨ ᠦᠢ᠍ᠯᠡᠳᠦᠯᠭᠡ᠂ ᠰᠠᠶ᠋ᠢᠨ ᠳᠤᠷ᠎ᠠ ᠵᠢᠨ ᠦᠢ᠍ᠯᠡᠴᠢᠯᠡᠭᠡ᠂ ᠭᠠᠳᠠᠭᠰᠢ ᠭᠠᠷᠴᠤ ᠵᠢᠭᠤᠯᠴᠢᠯᠠᠬᠤ ᠵᠡᠷᠭᠡ᠎ᠳᠤ ᠢᠳᠡᠪᠬᠢᠲᠡᠢ ᠣᠷᠣᠯᠴᠠᠭᠤᠯᠵᠤ᠂ ᠡᠯᠧᠺᠲᠷᠣᠨ ᠦᠢ᠍ᠯᠡᠳᠬᠦᠨ ᠬᠡᠷᠡᠭᠯᠡᠬᠦ ᠵᠢ ᠤᠬᠠᠮᠰᠠᠷ᠎ᠠᠴᠠ᠎ᠪᠠᠨ ᠰᠢᠨᠵᠢᠯᠡᠬᠦ ᠤᠬᠠᠭ᠋ᠠᠨᠴᠢ ᠎ᠪᠠᠷ ᠬᠠᠮᠢᠶᠠᠷᠴᠤ ᠡᠵᠡᠮᠳᠡᠬᠦ ᠬᠡᠷᠡᠭᠲᠡᠢ᠃

2. ᠡᠪᠦᠯ᠎ᠤᠨ ᠠᠮᠠᠷᠠᠯᠲᠠ᠎ᠳᠤ ᠬᠠᠷᠠᠭ᠎ᠠ ᠪᠠᠶ᠋ᠢᠴᠠᠭ᠋ᠠᠬᠤ ᠬᠡᠷᠡᠭᠲᠡᠢ ᠦᠦ?

ᠬᠠᠷᠢᠭᠤᠯᠲᠠ᠄ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠭᠡᠷᠡᠯ᠎ᠤᠨ ᠨᠤᠭᠤᠷᠠᠯᠲᠠ ᠵᠢᠨ ᠪᠣᠶ᠋ᠢᠵᠢᠯᠲᠠ ᠶᠠᠭ ᠰᠠᠢ᠌ᠬᠠᠨ ᠰᠡᠷᠭᠡᠭ ᠬᠤᠭᠤᠴᠠᠭ᠋ᠠᠨ᠎ᠳᠤ ᠪᠠᠶ᠋ᠢᠵᠤ᠂ ᠲᠣᠭᠲᠠᠮᠠᠯ ᠬᠤᠭᠤᠴᠠᠭ᠎ᠠ᠎ᠲᠠᠢ ᠬᠠᠷᠠᠭ᠎ᠠ ᠪᠠ ᠭᠡᠷᠡᠯ᠎ᠤᠨ ᠨᠤᠭᠤᠷᠠᠯᠲᠠ ᠵᠢᠨ ᠬᠡᠮᠵᠢᠶ᠎ᠡ ᠵᠢᠨ ᠪᠠᠶ᠋ᠢᠴᠠᠭ᠋ᠠᠯᠲᠠ ᠬᠢᠵᠦ᠂ ᠬᠡᠦᠬᠡᠳ᠎ᠤᠨ ᠬᠤᠯᠠ ᠬᠠᠷᠠᠭ᠎ᠠ ᠵᠢᠨ ᠨᠥᠭᠡᠴᠡ ᠵᠢᠨ ᠬᠡᠮᠵᠢᠶ᠎ᠡ ᠪᠤᠶᠤ ᠣᠶ᠋ᠢᠷ᠎ᠠ ᠬᠠᠷᠠᠭ᠋ᠠᠨ᠎ᠤ ᠪᠠᠶ᠋ᠢᠳᠠᠯ᠎ᠢ ᠲᠣᠳᠣᠷᠬᠠᠢ ᠣᠢ᠌ᠯᠠᠭ᠋ᠠᠬᠤ ᠬᠡᠷᠡᠭᠲᠡᠢ᠃ ᠭᠡᠷ᠎ᠤᠨ ᠠᠬᠠᠮᠠᠳ ᠬᠡᠦᠬᠡᠳ᠎ᠤᠨ ᠨᠢᠳᠦᠨ᠎ᠤ ᠡᠷᠡᠭᠦᠯ ᠮᠡᠨᠳᠦ ᠵᠢ ᠰᠠᠨᠠᠭ᠋ᠠᠴᠢᠯᠠᠭ᠎ᠠ᠎ᠠᠴᠠ᠎ᠪᠠᠨ ᠠᠩᠬᠠᠷᠴᠤ᠂ ᠬᠡᠦᠬᠡᠳ ᠶᠠᠭᠤᠮ᠎ᠠ ᠬᠠᠷᠠᠬᠤ᠎ᠳᠤ᠎ᠪᠠᠨ ᠨᠢᠳᠦ᠎ᠪᠠᠨ ᠰᠡᠢ᠌ᠮᠡᠢ᠌ᠯᠭᠡᠬᠦ᠂ ᠬᠥᠮᠥᠰᠬᠡ᠎ᠪᠠᠨ ᠠᠲᠤᠷᠢᠭᠤᠯᠬᠤ᠂ ᠲᠣᠯᠣᠭ᠋ᠠᠢ᠎ᠪᠠᠨ ᠭᠢᠯᠵᠢᠢ᠍ᠯᠭᠡᠬᠦ᠂ ᠬᠠᠷᠠᠭ᠎ᠠ ᠮᠠᠭᠤᠲᠠᠬᠤ ᠵᠡᠷᠭᠡ ᠢᠯᠡᠷᠡᠯ᠎ᠲᠠᠢ ᠪᠠᠶ᠋ᠢᠬᠤ ᠵᠢ ᠣᠯᠵᠤ ᠮᠡᠳᠡᠪᠡᠯ᠂ ᠳᠠᠷᠤᠢ᠎ᠳᠤ᠎ᠨᠢ ᠬᠡᠦᠬᠡᠳ ᠵᠶ᠋ᠠᠨ ᠳᠠᠭ᠋ᠠᠭᠤᠯᠤᠨ ᠵᠢᠩᠬᠢᠨᠢ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠬᠦᠷᠴᠦ ᠪᠠᠢ᠌ᠴᠠᠭ᠋ᠠᠯᠭ᠋ᠠᠬᠤ ᠪᠤᠶᠤ ᠵᠠᠯᠠᠷᠠᠭᠤᠯᠤᠨ ᠵᠠᠰᠠᠵᠤ᠂ ᠡᠷᠲᠡ ᠪᠠᠢ᠌ᠴᠠᠭ᠋ᠠᠯᠭ᠋ᠠᠬᠤ᠂ ᠡᠷᠲᠡ ᠢᠯᠡᠷᠡᠭᠦᠯᠬᠦ᠂ ᠡᠷᠲᠡ ᠰᠡᠷᠡᠮᠵᠢᠯᠡᠭᠦᠯᠬᠦ᠂ ᠡᠷᠲᠡ ᠬᠠᠮᠢᠶᠠᠷᠬᠤ᠂ ᠡᠷᠲᠡ ᠵᠠᠰᠠᠬᠤ ᠵᠢ ᠪᠡᠶᠡᠯᠡᠭᠦᠯᠵᠦ᠂ ᠣᠶ᠋ᠢᠷ᠎ᠠ ᠬᠠᠷᠠᠭ᠎ᠠ ᠵᠢᠨ ᠡᠭᠦᠰᠴᠦ ᠬᠥᠭᠵᠢᠬᠦ ᠵᠢ ᠬᠢᠵᠠᠭ᠋ᠠᠷᠯᠠᠬᠤ ᠬᠡᠷᠡᠭᠲᠡᠢ᠃

       

2.png

 

3. ᠶᠠᠭ᠋ᠠᠬᠢᠭ᠋ᠠᠳ ᠬᠡᠦᠬᠡᠳ᠎ᠤᠨ ᠬᠣᠯᠠ ᠬᠠᠷᠠᠭ᠎ᠠ ᠵᠢᠨ ᠨᠥᠭᠡᠴᠡ ᠵᠢ ᠠᠩᠬᠠᠷᠬᠤ ᠬᠡᠷᠡᠭᠲᠡᠢ ᠪᠤᠢ?

ᠬᠠᠷᠢᠭᠤᠯᠲᠠ᠄ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ ᠣᠯᠠᠨ ᠵᠤᠷᠪᠤᠰ᠎ᠤᠨ ᠳᠣᠲᠤᠷ᠎ᠠ ᠤᠷᠢᠳᠴᠢᠯᠠᠨ ᠰᠡᠷᠭᠡᠶ᠋ᠢᠯᠡᠬᠦ᠎ᠪᠠᠷ ᠭᠣᠣᠯ ᠪᠣᠯᠭ᠋ᠠᠬᠤ ᠪᠣᠯ ᠨᠢᠭᠡᠳᠦᠭᠡᠷ ᠵᠦᠢ᠍ᠯ᠃ ᠬᠣᠯᠠ ᠬᠠᠷᠠᠭ᠎ᠠ ᠵᠢᠨ ᠨᠥᠭᠡᠴᠡ ᠵᠢᠨ ᠬᠡᠮᠵᠢᠶ᠎ᠡ ᠪᠣᠯ ᠭᠡᠷᠡᠯ᠎ᠤᠨ ᠨᠤᠭᠤᠷᠠᠯᠲᠠ ᠵᠢᠨ ᠭᠡᠮᠵᠢᠶ᠎ᠡ ᠵᠢᠨ ᠶᠡᠬᠡ ᠪᠠᠭ᠎ᠠ ᠵᠢ ᠰᠢᠯᠭ᠋ᠠᠬᠤ ᠴᠢᠬᠤᠯᠠ ᠭᠦᠢ᠍ᠴᠡᠳᠭᠡᠯ ᠲᠣᠭ᠎ᠠ ᠪᠣᠯᠤᠨ᠎ᠠ᠂ ᠬᠡᠲᠦᠷᠬᠡᠢ ᠡᠷᠲᠡ ᠬᠡᠲᠦᠷᠬᠡᠢ ᠣᠶ᠋ᠢᠷ᠎ᠠ ᠵᠠᠢ᠎ᠳᠤ ᠨᠢᠳᠦ ᠬᠡᠷᠡᠭᠯᠡᠭᠰᠡᠨ᠎ᠠᠴᠠ ᠪᠣᠯᠵᠤ᠂ ᠵᠠᠷᠢᠮ ᠬᠡᠦᠬᠡᠳ ᠪᠠᠭ᠋ᠠᠴᠤᠳ 6 ᠨᠠᠰᠤᠨ᠎ᠠᠴᠠ ᠡᠮᠦᠨ᠎ᠡ ᠨᠢᠭᠡᠨᠲᠡ ᠬᠣᠯᠠ ᠬᠠᠷᠠᠭ᠎ᠠ ᠵᠢᠨ ᠨᠥᠭᠡᠴᠡ ᠵᠢ ᠵᠠᠷᠤᠴᠠᠭᠤᠯᠤᠨ᠂ ᠪᠠᠭ᠎ᠠ ᠰᠤᠷᠭ᠋ᠠᠭᠤᠯᠢ ᠵᠢᠨ ᠱᠠᠲᠤᠨ᠎ᠳᠤ ᠠᠮᠠᠷᠬᠠᠨ ᠣᠢ᠌ᠷ᠎ᠠ ᠬᠠᠷᠠᠭ᠎ᠠ᠎ᠲᠠᠢ ᠪᠣᠯᠳᠠᠭ᠃ ᠬᠡᠪ᠎ᠤᠨ ᠪᠠᠶ᠋ᠢᠳᠠᠯ᠎ᠳᠤ᠂ 6 ᠨᠠᠰᠤᠲᠠᠢ ᠬᠡᠦᠬᠡᠳ 1.0 - 1.5D ᠬᠣᠯᠠ ᠬᠠᠷᠠᠭ᠎ᠠ ᠵᠢᠨ ᠨᠥᠭᠡᠴᠡ᠎ᠲᠠᠢ ᠪᠠᠶ᠋ᠢᠬᠤ ᠬᠡᠷᠡᠭᠲᠡᠢ᠃ ᠬᠣᠯᠠ ᠬᠠᠷᠠᠭ᠎ᠠ ᠵᠢᠨ ᠨᠥᠭᠡᠴᠡ ᠵᠢ ᠦᠨᠡᠨ ᠬᠦ᠌ ᠰᠠᠶ᠋ᠢᠲᠤᠷ ᠬᠠᠮᠠᠭ᠋ᠠᠯᠠᠵᠤ᠂ ᠬᠡᠳᠦ ᠡᠷᠲᠡ ᠪᠤᠶᠤ ᠬᠡᠳᠦ ᠵᠠᠷᠤᠴᠠᠭᠤᠯᠬᠤ᠎ᠠᠴᠠ ᠵᠠᠶ᠋ᠢᠯᠠᠰᠬᠢᠵᠦ᠂ ᠣᠶ᠋ᠢᠷ᠎ᠠ ᠬᠠᠷᠠᠭ᠎ᠠ ᠡᠭᠦᠰᠬᠦ ᠵᠢ ᠪᠦᠲᠦᠮᠵᠢᠲᠡᠢ ᠰᠡᠷᠭᠡᠢ᠌ᠯᠡᠬᠦ ᠬᠡᠷᠡᠭᠲᠡᠢ᠃ ᠭᠡᠷ᠎ᠤᠨ ᠠᠬᠠᠮᠠᠳ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠬᠡᠦᠬᠡᠳ ᠵᠶ᠋ᠠᠨ ᠳᠠᠭ᠋ᠠᠭᠤᠯᠤᠨ ᠭᠠᠳᠠᠨ᠎ᠠ ᠢᠯᠡᠭᠦᠬᠡᠨ ᠬᠥᠳᠡᠯᠭᠡᠭᠡᠨ ᠬᠢᠵᠦ᠂ ᠬᠡᠦᠬᠡᠳ᠎ᠤᠨ ᠣᠶ᠋ᠢᠷ᠎ᠠ ᠵᠠᠢ ᠎ᠳᠤ ᠨᠢᠳᠦ ᠬᠡᠷᠡᠭᠯᠡᠬᠦ ᠵᠢ ᠪᠠᠭ᠋ᠠᠰᠬᠠᠨ᠂ ᠬᠡᠦᠬᠡᠳ᠎ᠤᠨ ᠬᠣᠯᠠ ᠬᠠᠷᠠᠭ᠎ᠠ ᠵᠢᠨ ᠨᠥᠭᠡᠴᠡ ᠵᠢ ᠪᠦᠲᠦᠮᠵᠢᠲᠡᠢ ᠬᠠᠮᠠᠭ᠋ᠠᠯᠠᠬᠤ ᠬᠡᠷᠡᠭᠲᠡᠢ᠃

 

ᠢᠷᠡᠯᠲᠡ᠄        
          
ᠬᠠᠮᠢᠶ᠎ᠡ ᠪᠦᠬᠦᠢ ᠰᠣᠨᠢᠨ
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ②
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ③
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ④
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ⑤
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ⑥
 
             蒙ICP备05000248号