ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠣᠭᠣᠳᠴᠤ᠂ ᠡᠨᠡ ᠵᠢᠯ᠎ᠤᠨ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨᠴᠢ᠎ᠪᠠᠷ ᠨᠢᠳᠦ ᠪᠠᠨ ᠬᠡᠷᠡᠭᠯᠡᠵᠦ᠂ ᠵᠢᠮ᠎ᠡ ᠶᠣᠰᠣᠲᠠᠢ ᠠᠮᠠᠷᠠᠵᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠶ᠋ᠢᠯᠡᠬᠦ ᠵᠢᠨ ᠲᠥᠯᠥᠭᠡ᠂ ᠪᠦᠬᠦ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠵᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ᠂ 2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ᠎ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ ᠪᠠ ᠭᠡᠷ᠎ᠤᠨ ᠠᠬᠠᠮᠠᠳ᠎ᠤᠨ ᠮᠠᠳᠠᠭ᠎ᠢ ᠲᠠᠢ᠌ᠯᠵᠤ᠂ ᠰᠢᠨᠵᠢᠯᠡᠬᠦ ᠤᠬᠠᠭ᠋ᠠᠨᠴᠢ᠎ᠪᠠᠷ ᠬᠥᠲᠥᠯᠦᠨ ᠵᠢᠯᠣᠭᠣᠳᠪᠠ᠃
03. ᠵᠢᠮ᠎ᠡ ᠶᠣᠰᠣᠲᠠᠢ ᠠᠵᠢᠯᠯᠠᠵᠤ ᠠᠮᠠᠷᠠᠬᠤ᠄ ᠨᠣᠶ᠋ᠢᠷ ᠭᠦᠢ᠍ᠴᠡᠳ᠂ ᠬᠣᠭᠣᠯᠠ ᠭᠣᠯᠣᠬᠤ ᠦᠭᠡᠢ
7. ᠭᠦᠢ᠍ᠴᠡᠳ ᠤᠨᠲᠠᠬᠤ᠎ᠨᠢ ᠬᠠᠷᠠᠭ᠋ᠠᠨ ᠰᠡᠷᠡᠯ᠎ᠤᠨ ᠪᠣᠶ᠋ᠢᠵᠢᠯᠲᠠ᠎ᠳᠤ ᠳᠤᠰᠠ᠎ᠲᠠᠢ ᠤᠤ?
ᠬᠠᠷᠢᠭᠤᠯᠲᠠ᠄ ᠭᠦᠢ᠍ᠴᠡᠳ ᠤᠨᠲᠠᠬᠤ᠎ᠨᠢ ᠬᠡᠦᠬᠡᠳ ᠵᠠᠯᠠᠭᠤᠴᠤᠳ ᠪᠠᠭ᠋ᠠᠴᠤᠳ᠎ᠤᠨ ᠪᠡᠶ᠎ᠡ ᠮᠠᠬᠠᠪᠣᠳ᠎ᠤᠨ ᠥᠰᠦᠨ ᠪᠣᠶ᠋ᠢᠵᠢᠯᠲᠠ᠎ᠳᠤ ᠲᠤᠶ᠋ᠢᠯ᠎ᠤᠨ ᠴᠢᠬᠤᠯᠠ᠎ᠪᠠᠷ ᠪᠠᠷᠠᠬᠤ ᠦᠭᠡᠢ᠂ ᠪᠠᠰᠠ ᠬᠠᠷᠠᠭ᠋ᠠᠨ ᠰᠡᠷᠡᠯ᠎ᠤᠨ ᠪᠣᠶ᠋ᠢᠵᠢᠯᠲᠠ᠎ᠳᠤ ᠳᠤᠰᠠ᠎ᠲᠠᠢ ᠪᠠᠶ᠋ᠢᠳᠠᠭ᠃ ᠭᠡᠷ᠎ᠤᠨ ᠠᠬᠠᠮᠠᠳ ᠪᠡᠶ᠎ᠡ ᠪᠠᠷ ᠵᠶ᠋ᠠᠨ ᠬᠡᠪ ᠳᠦᠷᠢᠮ ᠦᠵᠡᠭᠦᠯᠦᠨ᠂ ᠬᠡᠦᠬᠡᠳ᠎ᠲᠤ᠎ᠪᠠᠨ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠵᠢᠮ᠎ᠡ ᠶᠣᠰᠣᠲᠠᠢ ᠠᠵᠢᠯᠯᠠᠵᠤ ᠠᠮᠠᠷᠠᠬᠤ᠂ ᠡᠷᠲᠡ ᠤᠨᠲᠠᠵᠤ ᠡᠷᠲᠡ ᠪᠣᠰᠬᠤ᠂ ᠰᠥᠨᠢᠵᠢᠨ ᠰᠠᠭᠤᠬᠤ ᠦᠭᠡᠢ᠂ ᠭᠦᠢ᠍ᠴᠡᠳ ᠤᠨᠲᠠᠬᠤ ᠵᠢ ᠰᠠᠨᠠᠭᠤᠯᠬᠤ ᠬᠡᠷᠡᠭᠲᠡᠢ᠃ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠡᠳᠦᠷ ᠪᠦᠷᠢ ᠵᠢᠨ ᠤᠨᠲᠠᠬᠤ ᠴᠠᠭ ᠬᠠᠮᠤᠭ᠎ᠤᠨ ᠪᠠᠭ᠎ᠠ᠎ᠳᠤ᠎ᠪᠠᠨ 10 ᠴᠠᠭ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠬᠠᠮᠤᠭ᠎ᠤᠨ ᠪᠠᠭ᠎ᠠ ᠳᠤ᠎ᠪᠠᠨ 9 ᠴᠠᠭ᠂ ᠳᠡᠭᠡᠳᠦ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠬᠠᠮᠤᠭ ᠤᠨ ᠪᠠᠭ᠎ᠠ᠎ᠳᠤ᠎ᠪᠠᠨ 8 ᠴᠠᠭ ᠪᠠᠶ᠋ᠢᠬᠤ ᠬᠡᠷᠡᠭᠲᠡᠢ᠃

8. ᠡᠪᠦᠯ᠎ᠤᠨ ᠠᠮᠠᠷᠠᠯᠲᠠ᠎ᠳᠤ ᠣᠶ᠋ᠢᠷ᠎ᠠ ᠬᠠᠷᠠᠭ᠎ᠠ ᠵᠢ ᠰᠡᠷᠭᠡᠢ᠌ᠯᠡᠬᠦ᠎ᠳᠤ ᠢᠳᠡᠭᠡᠨ ᠤᠮᠳᠠᠭ᠋ᠠᠨ᠎ᠤ ᠲᠠᠯ᠎ᠠ᠎ᠪᠠᠷ ᠶᠠᠭᠤ ᠵᠢ ᠠᠩᠬᠠᠷᠬᠤ ᠪᠤᠢ?
ᠬᠠᠷᠢᠭᠤᠯᠲᠠ ᠄ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠬᠠᠮᠲᠤ᠎ᠳᠤ᠎ᠪᠠᠨ ᠬᠣᠭᠣᠯᠠᠯᠠᠬᠤ᠎ᠨᠢ ᠠᠷᠪᠢᠨ ᠪᠣᠯᠬᠣᠷ ᠬᠡᠲᠦᠷᠡᠲᠡᠯ᠎ᠡ ᠤᠤᠭᠤᠵᠤ ᠢᠳᠡᠬᠦ᠎ᠠᠴᠠ ᠵᠠᠶ᠋ᠢᠯᠠᠰᠬᠢᠵᠦ᠂ ᠰᠢᠮ᠎ᠡ ᠲᠡᠵᠢᠭᠡᠯ᠎ᠢ ᠲᠡᠩᠴᠡᠭᠦᠷᠢᠲᠡᠢ ᠪᠠᠶ᠋ᠢᠯᠭ᠋ᠠᠬᠤ ᠬᠡᠷᠡᠭᠲᠡᠢ᠃ ᠭᠡᠷ᠎ᠤᠨ ᠠᠬᠠᠮᠠᠳ ᠬᠡᠦᠬᠡᠳ ᠵᠶ᠋ᠠᠨ ᠬᠥᠲᠥᠯᠥᠨ ᠵᠢᠯᠣᠭᠣᠳᠴᠤ ᠢᠳᠡᠰᠢᠨ ᠨᠣᠭᠣᠭ᠎ᠠ ᠵᠢᠮᠢᠰ ᠢᠯᠡᠭᠦᠬᠡᠨ ᠢᠳᠡᠭᠦᠯᠵᠦ᠂ ᠵᠢᠭ᠋ᠠᠰᠤᠨ᠎ᠤ ᠲᠥᠷᠥᠯ᠂ ᠪᠤᠷᠴᠠᠭ᠎ᠤᠨ ᠦᠢ᠍ᠯᠡᠳᠬᠦᠨ ᠪᠣᠯᠤᠨ ᠲᠠᠬᠢᠶᠠᠨ ᠥᠨᠳᠡᠭᠡ ᠵᠡᠷᠭᠡ ᠴᠢᠨᠠᠷᠯᠢᠭ ᠤᠭᠤᠷᠠᠭ᠎ᠢ ᠬᠡᠮᠵᠢᠶ᠎ᠡ᠎ᠲᠠᠢ ᠢᠳᠡᠭᠦᠯᠦᠨ᠂ ᠰᠢᠬᠢᠷᠯᠢᠭ ᠢᠳᠡᠭᠡᠨ᠂ ᠰᠢᠬᠢᠷ᠎ᠲᠠᠢ ᠤᠮᠳᠠᠭ᠋ᠠᠨ ᠪᠣᠯᠤᠨ ᠲᠣᠰᠣᠨ᠎ᠳᠤ ᠪᠤᠴᠠᠯᠭ᠋ᠠᠭᠰᠠᠨ ᠢᠳᠡᠭᠡᠨ᠎ᠢ ᠳᠤᠲᠠᠭᠤ ᠢᠳᠡᠭᠦᠯᠬᠦ ᠬᠡᠷᠡᠭᠲᠡᠢ᠃ ᠪᠠᠰᠠ ᠰᠢᠷ᠎ᠠ ᠯᠤᠤᠪᠠᠩ᠂ ᠨᠠᠷᠰᠤ ᠵᠡᠷᠭᠡ ᠬᠠᠷᠠᠭ᠋ᠠᠨ᠎ᠤ ᠡᠷᠡᠭᠦᠯ ᠮᠡᠨᠳᠦ᠎ᠳᠤ ᠠᠰᠢᠭᠲᠠᠢ ᠢᠳᠡᠭᠡᠨ᠎ᠢ ᠬᠡᠮᠵᠢᠶ᠎ᠡ᠎ᠲᠠᠢ ᠢᠳᠡᠭᠦᠯᠦᠨ᠎ᠡ᠃