ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ⑤
ᠨᠡᠶ᠋ᠢᠲᠡᠯᠡᠭᠰᠡᠨ ᠴᠠᠭ᠄ 2025-01-26

ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠣᠭᠣᠳᠴᠤ᠂ ᠡᠨᠡ ᠵᠢᠯ᠎ᠤᠨ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨᠴᠢ᠎ᠪᠠᠷ ᠨᠢᠳᠦ ᠎ᠪᠠᠨ ᠬᠡᠷᠡᠭᠯᠡᠵᠦ᠂ ᠵᠢᠮ᠎ᠡ ᠶᠣᠰᠣ᠎ᠲᠠᠢ ᠠᠮᠠᠷᠠᠵᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠶ᠋ᠢᠯᠡᠬᠦ ᠵᠢᠨ ᠲᠥᠯᠥᠭᠡ᠂ ᠪᠦᠬᠦ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠵᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ᠂ 2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ᠎ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ ᠪᠠ ᠭᠡᠷ᠎ᠤᠨ ᠠᠬᠠᠮᠠᠳ᠎ᠤᠨ ᠮᠠᠳᠠᠭ᠎ᠢ ᠲᠠᠢ᠌ᠯᠵᠤ᠂ ᠰᠢᠨᠵᠢᠯᠡᠬᠦ ᠤᠬᠠᠭ᠋ᠠᠨᠴᠢ᠎ᠪᠠᠷ ᠬᠥᠲᠥᠯᠦᠨ ᠵᠢᠯᠣᠭᠣᠳᠪᠠ᠃

05 ᠡᠯᠧᠺᠲᠷᠣᠨ ᠦᠢ᠍ᠯᠡᠳᠬᠦᠨ᠄ ᠳᠡᠯᠭᠡᠴᠡ ᠰᠣᠩᠭᠣᠬᠤ᠂ ᠴᠠᠭ᠎ᠤᠨ ᠤᠷᠲᠤ᠎ᠢ ᠡᠵᠡᠮᠳᠡᠬᠦ

12. ᠡᠪᠦᠯ᠎ᠤᠨ ᠠᠮᠠᠷᠠᠯᠲᠠ᠎ᠳᠤ ᠭᠡᠷ᠎ᠲᠤ᠎ᠪᠠᠨ ᠦᠵᠡᠬᠦ ᠳᠡᠯᠭᠡᠴᠡ ᠵᠢᠨ ᠬᠡᠮᠵᠢᠶ᠎ᠡ ᠪᠠ ᠴᠠᠭ᠎ᠤᠨ ᠤᠷᠲᠤ ᠬᠡᠳᠦᠢ ᠪᠣᠯ ᠲᠣᠬᠢᠷᠠᠮᠵᠢᠲᠠᠢ ᠪᠤᠢ?

ᠬᠠᠷᠢᠭᠤᠯᠲᠠ᠄ ᠡᠯᠧᠺᠲᠷᠣᠨ ᠳᠡᠯᠭᠡᠴᠡ ᠵᠢ ᠦᠵᠡᠬᠦ᠎ᠳᠤ᠎ᠪᠠᠨ ᠲᠣᠬᠢᠷᠠᠮᠵᠢᠲᠠᠢ ᠠᠮᠠᠷᠠᠬᠤ  ᠵᠢ ᠠᠩᠬᠠᠷᠴᠤ᠂ ᠳᠡᠯᠭᠡᠴᠡ ᠵᠢ 20 ᠮᠢᠨᠦ᠋ᠲ ᠦᠵᠡᠭᠰᠡᠨ᠎ᠤ ᠳᠠᠷᠠᠭ᠎ᠠ᠂ 20 ᠹᠦᠲ (6 ᠮᠧᠲᠷ)᠎ᠠᠴᠠ ᠬᠣᠯᠠ ᠵᠠᠢ ᠵᠢ ᠬᠠᠮᠤᠭ᠎ᠤᠨ ᠪᠠᠭ᠎ᠠ᠎ᠳᠤ᠎ᠪᠠᠨ 20 ᠰᠧᠺᠦ᠋ᠨ᠋ᠳ᠋᠎ᠠᠴᠠ ᠳᠡᠭᠡᠭᠰᠢ ᠪᠠᠷᠠᠯᠠᠵᠤ᠂ ᠲᠤᠬᠠᠶ᠋ᠢᠯᠠᠪᠠᠯ 《20-20-20》 ᠵᠢᠨ ᠠᠮᠠᠨ ᠣᠩᠰᠢᠯᠭ᠎ᠠ ᠵᠢ ᠪᠠᠷᠢᠮᠲᠠᠯᠠᠬᠤ ᠬᠡᠷᠡᠭᠲᠡᠢ᠃ 3 ᠨᠠᠰᠤᠨ᠎ᠠᠴᠠ ᠳᠣᠷᠣᠭᠰᠢᠬᠢ ᠬᠡᠦᠬᠡᠳ᠎ᠢ ᠠᠯᠢ ᠴᠢᠳᠠᠬᠤ᠎ᠪᠠᠷ ᠡᠯᠧᠺᠲᠷᠣᠨ ᠦᠢ᠍ᠯᠡᠳᠭᠦᠨ᠎ᠲᠠᠢ ᠣᠢ᠌ᠷᠠᠲᠦᠭᠤᠯᠬᠤ᠎ᠠᠴᠠ ᠵᠠᠶ᠋ᠢᠯᠠᠰᠬᠢᠵᠦ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠬᠡᠦᠬᠡᠳ ᠠᠯᠢ ᠴᠢᠳᠠᠬᠤ᠎ᠪᠠᠷ ᠡᠯᠧᠺᠲᠷᠣᠨ ᠦᠢ᠍ᠯᠡᠳᠬᠦᠨ᠎ᠢ ᠳᠤᠲᠠᠭᠤ ᠬᠡᠷᠡᠭᠯᠡᠨ᠎ᠡ᠃ ᠬᠡᠦᠬᠡᠳ ᠵᠠᠯᠠᠭᠤᠴᠤᠳ ᠪᠠᠭ᠋ᠠᠴᠤᠳ᠎ᠤᠨ ᠡᠳᠦᠷ ᠪᠦᠷᠢ ᠵᠢᠨ ᠳᠡᠯᠭᠡᠴᠡ ᠦᠵᠡᠬᠦ ᠴᠠᠭ᠎ᠢ 1 ᠴᠠᠭ᠎ᠠᠴᠠ ᠬᠡᠲᠦᠷᠡᠭᠦᠯᠵᠦ ᠪᠣᠯᠬᠤ ᠦᠭᠡᠢ᠃ ᠨᠠᠰᠤ᠎ᠨᠢ ᠬᠡᠳᠦᠢ ᠪᠠᠭ᠎ᠠ ᠪᠣᠯ᠂ ᠡᠯᠧᠺᠲᠷᠣᠨ ᠦᠢ᠍ᠯᠡᠳᠭᠦᠨ᠎ᠢ ᠬᠡᠷᠡᠭᠯᠡᠬᠦ ᠴᠠᠭ ᠤᠯᠠᠮ ᠣᠬᠣᠷ ᠪᠠᠢ᠌ᠬᠤ ᠬᠡᠷᠡᠭᠲᠡᠢ᠃

13. ᠡᠯᠧᠺᠲᠷᠣᠨ ᠦᠢ᠍ᠯᠡᠳᠬᠦᠨ᠎ᠢ ᠰᠣᠩᠭᠣᠬᠤ᠎ᠳᠤ ᠶᠠᠭᠤ ᠵᠢ ᠠᠩᠬᠠᠷᠬᠤ ᠪᠤᠢ?

ᠬᠠᠷᠢᠭᠤᠯᠲᠠ᠄ ᠡᠯᠧᠺᠲᠷᠣᠨ ᠳᠡᠯᠭᠡᠴᠡ ᠵᠢ ᠬᠡᠷᠡᠭᠯᠡᠬᠦ᠎ᠳᠤ᠂ ᠳᠤᠰᠬᠠᠬᠤ ᠬᠡᠮᠵᠢᠭᠦᠷᠯᠢᠭ᠂ ᠲᠧᠯᠸᠢᠰ᠂ ᠺᠣᠮᠫᠢᠦ᠋ᠲ᠋ᠧᠷ᠂ ᠬᠠᠪᠲᠠᠰᠤᠨ ᠺᠣᠮᠫᠢᠦ᠋ᠲ᠋ᠧᠷ ᠭᠡᠬᠦ ᠳᠠᠷᠠᠭ᠋ᠠᠯᠠᠯ ᠶᠣᠰᠤᠭ᠋ᠠᠷ ᠬᠡᠷᠡᠭᠯᠡᠬᠦ ᠵᠢ ᠰᠠᠨᠠᠭᠤᠯᠵᠤ᠂ ᠭᠠᠷ ᠤᠲᠠᠰᠤ ᠬᠡᠷᠡᠭᠯᠡᠬᠦ ᠵᠢ ᠰᠠᠨᠠᠭᠤᠯᠬᠤ ᠦᠭᠡᠢ᠃ ᠶᠡᠷᠦᠩᠬᠡᠢ ᠵᠠᠷᠴᠢᠮ ᠪᠣᠯ ᠳᠡᠯᠭᠡᠴᠡ ᠵᠢᠨ ᠬᠡᠮᠵᠢᠶ᠎ᠡ ᠬᠡᠳᠦᠢ ᠶᠡᠬᠡ ᠪᠣᠯ ᠢᠯᠭ᠋ᠠᠮᠵᠢ᠎ᠨᠢ ᠶᠡᠬᠡ ᠮᠥᠷᠲᠡᠭᠡᠨ ᠰᠠᠶ᠋ᠢᠨ᠂ ᠣᠷᠴᠢᠨ ᠲᠣᠭᠣᠷᠢᠨ᠎ᠢ ᠦᠨᠳᠦᠰᠦᠯᠡᠨ ᠭᠡᠷᠡᠯᠲᠦᠴᠡ ᠵᠢᠨ ᠬᠡᠮᠵᠢᠶ᠎ᠡ ᠵᠢ ᠲᠣᠬᠢᠷᠠᠭᠤᠯᠤᠨ᠎ᠠ᠃ ᠨᠡᠯᠢᠶᠡᠳ ᠪᠦᠳᠡᠭᠢ ᠣᠷᠴᠢᠨ᠎ᠳᠤ᠂ ᠭᠡᠷ᠎ᠤᠨ ᠭᠡᠷᠡᠯᠲᠦᠭᠦᠯᠭᠡ ᠵᠢ ᠨᠡᠭᠡᠭᠡᠵᠦ᠂ ᠬᠠᠷᠠᠩᠭᠤᠢ ᠣᠷᠴᠢᠨ᠎ᠳᠤ ᠡᠯᠧᠺᠲᠷᠣᠨ ᠦᠢ᠍ᠯᠡᠳᠭᠦᠨ᠎ᠢ ᠬᠡᠷᠡᠭᠯᠡᠬᠦ᠎ᠠᠴᠠ ᠵᠠᠢ᠌ᠯᠠᠰᠬᠢᠬᠤ ᠬᠡᠷᠡᠭᠲᠡᠢ᠃

   

1.png

 

14. ᠲᠧᠯᠸᠢᠰ ᠦᠵᠡᠬᠦ ᠪᠤᠶᠤ ᠺᠣᠮᠫᠢᠦ᠋ᠲ᠋ᠧᠷ ᠬᠡᠷᠡᠭᠯᠡᠬᠦ᠎ᠳᠤ ᠵᠠᠢ᠎ᠨᠢ ᠬᠡᠳᠦᠢ ᠬᠣᠯᠠ ᠪᠣᠯ ᠲᠣᠬᠢᠷᠠᠮᠵᠢᠲᠠᠢ ᠪᠤᠢ?

ᠬᠠᠷᠢᠭᠤᠯᠲᠠ᠄ ᠲᠧᠯᠸᠢᠰ ᠦᠵᠡᠬᠦ᠎ᠳᠤ ᠨᠢᠳᠦ᠎ᠪᠠᠨ ᠳᠡᠯᠭᠡᠴᠡ᠎ᠠᠴᠠ 3 ᠮᠧᠲᠷ᠎ᠠᠴᠠ ᠳᠡᠭᠡᠭᠰᠢ ᠪᠤᠶᠤ ᠳᠡᠯᠭᠡᠴᠡ ᠵᠢᠨ ᠳᠠᠰᠢᠭᠤᠪᠴᠢ ᠱᠤᠭᠤᠮ᠎ᠠᠴᠠ 6 ᠳᠠᠬᠢᠨ ᠢᠯᠡᠭᠦᠦ ᠬᠣᠯᠠ ᠪᠠᠢ᠌ᠯᠭ᠋ᠠᠬᠤ ᠬᠡᠷᠡᠭᠲᠡᠢ᠃ ᠺᠣᠮᠫᠢᠶᠦ᠋ᠲ᠋ᠧᠷ ᠬᠡᠷᠡᠭᠯᠡᠬᠦ᠎ᠳᠤ ᠨᠢᠳᠦ᠎ᠪᠠᠨ ᠳᠡᠯᠭᠡᠴᠡ᠎ᠠᠴᠠ 50 ᠰᠡᠨᠲ᠋ᠢᠮᠧᠲᠷ ᠵᠠᠶ᠋ᠢᠲᠠᠢ ᠪᠠᠢ᠌ᠯᠭ᠋ᠠᠵᠤ᠂ ᠬᠠᠷᠠᠭ᠋ᠠᠨ ᠱᠤᠭᠤᠮ ᠪᠠᠭ᠎ᠠ ᠳᠣᠷᠤᠭᠰᠢ ᠬᠠᠨᠳᠤᠵᠤ᠂ ᠳᠡᠯᠭᠡᠴᠡ ᠵᠢᠨ ᠭᠣᠣᠯ ᠪᠠᠶ᠋ᠢᠷᠢ ᠵᠢ ᠬᠠᠷᠠᠭ᠋ᠠᠨ ᠱᠤᠭᠤᠮ᠎ᠠᠴᠠ ᠳᠣᠷᠤᠭᠰᠢ 10 ᠰᠡᠨᠲ᠋ᠢᠮᠧᠲᠷ ᠣᠷᠴᠢᠮ ᠪᠠᠢ᠌ᠯᠭ᠋ᠠᠪᠠᠯ᠂ ᠨᠢᠳᠦ ᠬᠠᠭᠤᠷᠠᠢ᠌ᠲᠤᠬᠤ᠂ ᠨᠢᠳᠦ ᠶᠠᠳᠠᠷᠠᠬᠤ ᠵᠡᠷᠭᠡ ᠵᠢ ᠪᠦᠲᠦᠮᠵᠢᠲᠡᠢ ᠪᠠᠭ᠋ᠠᠰᠬᠠᠨ᠎ᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ⑥
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ⑦
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ①
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ②
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ③
 
             蒙ICP备05000248号