ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ④
ᠨᠡᠶ᠋ᠢᠲᠡᠯᠡᠭᠰᠡᠨ ᠴᠠᠭ᠄ 2025-01-26

ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠣᠭᠣᠳᠴᠤ᠂ ᠡᠨᠡ ᠵᠢᠯ᠎ᠤᠨ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨᠴᠢ᠎ᠪᠠᠷ ᠨᠢᠳᠦ ᠎ᠪᠠᠨ ᠬᠡᠷᠡᠭᠯᠡᠵᠦ᠂ ᠵᠢᠮ᠎ᠡ ᠶᠣᠰᠣ᠎ᠲᠠᠢ ᠠᠮᠠᠷᠠᠵᠤ᠂ ᠣᠶ᠋ᠢᠷ᠎ᠠ ᠬᠠᠷᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠰᠡᠷᠭᠡᠶ᠋ᠢᠯᠡᠬᠦ ᠵᠢᠨ ᠲᠥᠯᠥᠭᠡ᠂ ᠪᠦᠬᠦ ᠤᠯᠤᠰ᠎ᠤᠨ ᠬᠡᠦᠬᠡᠳ ᠵᠠᠯᠠᠭᠤᠴᠤᠳ ᠪᠠᠭ᠋ᠠᠴᠤᠳ᠎ᠤᠨ ᠣᠶ᠋ᠢᠷ᠎ᠠ ᠬᠠᠷᠠᠭ᠎ᠠ ᠵᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠵᠢ ᠤᠬᠠᠭᠤᠯᠤᠨ ᠲᠠᠶ᠋ᠢᠯᠪᠤᠷᠢᠯᠠᠬᠤ ᠪᠦᠯᠬᠦᠮ ᠡᠮᠦᠨᠡᠬᠢ ᠬᠤᠭᠤᠴᠠᠭ᠋ᠠᠨ᠎ᠤ ᠠᠵᠢᠯ᠎ᠤᠨ ᠰᠠᠭᠤᠷᠢᠨ ᠳᠡᠭᠡᠷ᠎ᠡ᠂ 2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ᠎ᠳᠤ ᠵᠠᠰᠠᠪᠤᠷᠢ ᠣᠷᠣᠭᠤᠯᠵᠤ᠂ ᠥᠷᠭᠡᠨ ᠣᠯᠠᠨ ᠬᠡᠦᠬᠡᠳ ᠵᠠᠯᠠᠭᠤᠴᠤᠳ ᠪᠠᠭ᠋ᠠᠴᠤᠳ ᠪᠠ ᠭᠡᠷ᠎ᠤᠨ ᠠᠬᠠᠮᠠᠳ᠎ᠤᠨ ᠮᠠᠳᠠᠭ᠎ᠢ ᠲᠠᠢ᠌ᠯᠵᠤ᠂ ᠰᠢᠨᠵᠢᠯᠡᠬᠦ ᠤᠬᠠᠭ᠋ᠠᠨᠴᠢ᠎ᠪᠠᠷ ᠬᠥᠲᠥᠯᠦᠨ ᠵᠢᠯᠣᠭᠣᠳᠪᠠ᠃

 

04 ᠬᠢᠴᠢᠶᠡᠯ᠎ᠤᠨ ᠭᠠᠳᠠᠨᠠᠬᠢ ᠤᠩᠰᠢᠯᠭ᠎ᠠ᠄ ᠲᠥᠪ ᠰᠠᠭᠤᠵᠤ᠂ ᠭᠡᠷᠡᠯᠲᠦᠭᠦᠯᠭᠡ ᠬᠠᠩᠭ᠋ᠠᠮᠵᠢᠲᠠᠢ ᠪᠠᠢ᠌ᠬᠤ

9. ᠤᠷᠲᠤ ᠬᠤᠭᠤᠴᠠᠭ᠎ᠠ᠎ᠪᠠᠷ ᠨᠣᠮ ᠤᠩᠰᠢᠪᠠᠯ ᠬᠠᠷᠠᠭ᠎ᠠ ᠮᠠᠭᠤᠲᠠᠨ᠎ᠠ ᠤᠤ?

ᠬᠠᠷᠢᠭᠤᠯᠲᠠ᠄ ᠡᠯᠧᠺᠲᠷᠣᠨ ᠳᠡᠯᠭᠡᠴᠡ ᠦᠵᠡᠬᠦ᠎ᠲᠠᠢ ᠬᠠᠷᠢᠴᠠᠭᠤᠯᠪᠠᠯ᠂ ᠨᠣᠮ ᠣᠩᠰᠢᠬᠤ᠎ᠨᠢ ᠬᠠᠷᠠᠭ᠎ᠠ ᠵᠢ ᠮᠠᠭᠤᠲᠠᠭᠤᠯᠬᠤ᠎ᠪᠠᠷ ᠬᠠᠷᠢᠴᠠᠩᠭᠤᠢ ᠪᠠᠭ᠎ᠠ ᠪᠠᠢ᠌ᠳᠠᠭ᠃ ᠭᠡᠪᠡᠴᠦ ᠲᠥᠪ ᠰᠠᠭᠤᠬᠤ ᠦᠭᠡᠢ᠂ ᠣᠶ᠋ᠢᠷ᠎ᠠ ᠵᠠᠢ᠎ᠳᠤ ᠬᠡᠲᠦ ᠤᠷᠲᠤ ᠴᠠᠭ ᠨᠢᠳᠦ ᠬᠡᠷᠡᠭᠯᠡᠪᠡᠯ ᠨᠢᠳᠦ ᠶᠠᠳᠠᠷᠠᠬᠤ ᠪᠣᠯᠤᠨ᠎ᠠ᠃  ᠨᠣᠮ ᠤᠩᠰᠢᠬᠤ᠎ᠳᠤ ᠴᠠᠭ ᠵᠶ᠋ᠠᠨ ᠲᠣᠬᠢᠷᠠᠮᠵᠢᠲᠠᠢ ᠲᠣᠬᠢᠷᠠᠭᠤᠯᠬᠤ ᠵᠢ ᠠᠩᠬᠠᠷᠴᠤ᠂ ᠦᠷᠭᠦᠯᠵᠢᠯᠡᠨ ᠨᠢᠳᠦ ᠬᠡᠷᠡᠭᠯᠡᠬᠦ ᠴᠠᠭ᠎ᠢ ᠬᠠᠮᠤᠭ᠎ᠤᠨ ᠤᠷᠲᠤ᠎ᠳᠤ᠎ᠪᠠᠨ 40 ᠮᠢᠨᠦ᠋ᠲ᠎ᠠᠴᠠ ᠬᠡᠲᠦᠷᠡᠭᠦᠯᠵᠦ ᠪᠣᠯᠬᠤ ᠦᠭᠡᠢ᠃ ᠨᠠᠰᠤ᠎ᠨᠢ ᠬᠡᠳᠦᠢ ᠪᠠᠭ᠎ᠠ ᠪᠣᠯ ᠦᠷᠭᠦᠯᠵᠢᠯᠡᠨ ᠨᠢᠳᠦ ᠬᠡᠷᠡᠭᠯᠡᠬᠦ ᠴᠠᠭ ᠬᠡᠳᠦᠢ ᠣᠬᠣᠷ ᠪᠠᠢ᠌ᠬᠤ ᠬᠡᠷᠡᠭᠲᠡᠢ᠃

 

1.png

 

10. ᠡᠪᠦᠯ᠎ᠤᠨ ᠠᠮᠠᠷᠠᠯᠲᠠ᠎ᠳᠤ ᠭᠡᠷ᠎ᠲᠤ᠎ᠪᠠᠨ ᠨᠣᠮ ᠤᠩᠰᠢᠬᠤ᠎ᠳᠤ ᠶᠠᠭ᠋ᠠᠬᠢᠵᠤ ᠰᠠᠭᠤᠪᠠᠯ ᠳᠠᠭ᠋ᠠᠷᠠᠬᠤ ᠪᠤᠢ?

ᠬᠠᠷᠢᠭᠤᠯᠲᠠ᠄ ᠰᠠᠭᠤᠬᠤ ᠬᠡᠯᠪᠡᠷᠢ ᠵᠥᠪ ᠪᠣᠯ ᠣᠶ᠋ᠢᠷ᠎ᠠ ᠬᠠᠷᠠᠭ᠎ᠠ᠎ᠲᠠᠢ ᠪᠣᠯᠬᠤ ᠪᠤᠶᠤ ᠣᠢ᠌ᠷ᠎ᠠ ᠬᠠᠷᠠᠭ᠎ᠠ ᠬᠦᠨᠳᠦᠷᠡᠬᠦ ᠵᠢ ᠪᠦᠲᠦᠮᠵᠢᠲᠡᠢ ᠰᠡᠷᠭᠡᠶ᠋ᠢᠯᠡᠵᠦ ᠴᠢᠳᠠᠨ᠎ᠠ᠃  ᠪᠢᠴᠢᠬᠦ ᠪᠤᠶᠤ ᠤᠩᠰᠢᠬᠤ᠎ᠳᠤ ᠨᠢᠳᠦᠨ᠎ᠤ ᠵᠠᠢ ᠵᠣᠬᠢᠰᠲᠠᠢ᠂ ᠲᠣᠯᠣᠭ᠋ᠠᠢ ᠵᠶ᠋ᠡᠨ ᠳᠡᠭᠰᠢᠭᠡᠨ ᠪᠠᠢ᠌ᠯᠭ᠋ᠠᠵᠤ᠂ 《ᠨᠢᠭᠡ ᠲᠣᠬᠣᠢ ᠨᠢᠭᠡ ᠨᠢᠳᠤᠷᠭ᠎ᠠ ᠨᠢᠭᠡ ᠢᠮᠠᠬᠤ》 ᠵᠢ ᠪᠠᠷᠢᠮᠲᠠᠯᠠᠬᠤ ᠬᠡᠷᠡᠭᠲᠡᠢ᠂ ᠳᠠᠷᠤᠢ ᠨᠢᠳᠦ ᠨᠣᠮ᠎ᠠᠴᠠ ᠨᠢᠭᠡ ᠲᠣᠬᠣᠢ (ᠪᠠᠷᠤᠭ 33 ᠰᠡᠨᠲ᠋ᠢᠮᠧᠲᠷ) ᠵᠠᠢ᠌ᠲᠠᠢ᠂ ᠴᠡᠭᠡᠵᠢ ᠰᠢᠷᠡᠭᠡᠨ᠎ᠤ ᠢᠷᠮᠡᠭ᠎ᠠᠴᠠ ᠨᠢᠭᠡ ᠨᠢᠳᠤᠷᠭ᠎ᠠ (ᠪᠠᠷᠤᠭ 10 ᠰᠡᠨᠲ᠋ᠢᠮᠧᠲᠷ) ᠵᠠᠢ᠌ᠲᠠᠢ᠂ ᠪᠢᠷ ᠠᠳᠬᠤᠬᠤ ᠬᠤᠷᠤᠭᠤ ᠪᠢᠷ᠎ᠤᠨ ᠦᠵᠦᠭᠦᠷ᠎ᠠᠴᠠ ᠨᠢᠭᠡ ᠢᠮᠠᠬᠤ (ᠪᠠᠷᠤᠭ 3 ᠰᠡᠨᠲ᠋ᠢᠮᠧᠲᠷ) ᠵᠠᠢ᠌ᠲᠠᠢ ᠪᠠᠢ᠌ᠬᠤ ᠬᠡᠷᠡᠭᠲᠡᠢ᠃ ᠰᠢᠷᠡᠭᠡᠨ ᠳᠡᠭᠡᠷ᠎ᠡ ᠬᠡᠪᠲᠡᠬᠦ ᠪᠤᠶᠤ ᠣᠷᠣᠨ ᠳᠡᠭᠡᠷ᠎ᠡ ᠬᠡᠪᠲᠡᠵᠦ ᠨᠣᠮ ᠦᠵᠡᠵᠦ ᠪᠣᠯᠬᠤ ᠦᠭᠡᠢ᠂ ᠨᠡᠩ ᠴᠤ᠌ ᠶᠠᠪᠤᠵᠤ ᠪᠠᠢ᠌ᠭ᠎ᠠ ᠲᠡᠷᠭᠡᠨ ᠳᠡᠭᠡᠷ᠎ᠡ ᠨᠣᠮ ᠦᠵᠡᠵᠦ ᠪᠣᠯᠬᠤ ᠦᠭᠡᠢ᠃
      

2.jpg

 

11. ᠰᠤᠷᠤᠯᠴᠠᠬᠤ ᠪᠤᠶᠤ ᠨᠣᠮ ᠤᠩᠰᠢᠬᠤ ᠦᠶ᠎ᠡ᠎ᠳᠤ ᠭᠡᠷᠡᠯ᠎ᠤᠨ ᠱᠤᠭᠤᠮ᠎ᠳᠤ ᠶᠠᠮᠠᠷ ᠱᠠᠭ᠋ᠠᠷᠳᠠᠯᠭ᠎ᠠ᠎ᠲᠠᠢ ᠪᠤᠢ?

ᠬᠠᠷᠢᠭᠤᠯᠲᠠ᠄ ᠬᠡᠦᠬᠡᠳ ᠰᠤᠷᠤᠯᠴᠠᠬᠤ ᠦᠶ᠎ᠡ᠎ᠳᠤ ᠭᠡᠷᠡᠯᠳᠦᠭᠦᠯᠭᠡ ᠰᠠᠶ᠋ᠢᠨ ᠪᠠᠶ᠋ᠢᠬᠤ ᠬᠡᠷᠡᠭᠲᠡᠢ᠂ ᠭᠡᠷᠡᠯᠳᠦᠭᠦᠯᠭᠡ ᠮᠠᠭᠤ ᠪᠣᠯ ᠬᠡᠦᠬᠡᠳ᠎ᠤᠨ ᠨᠢᠳᠦᠨ᠎ᠳᠤ ᠮᠠᠭᠤ ᠨᠥᠯᠥᠭᠡ ᠦᠵᠡᠭᠦᠯᠬᠦ ᠪᠣᠯᠤᠨ᠎ᠠ᠃ ᠭᠡᠷ᠎ᠤᠨ ᠠᠬᠠᠮᠠᠳ ᠭᠡᠷ ᠳᠣᠲᠤᠷᠡᠬᠢ ᠬᠠᠷᠠᠭ᠋ᠠᠨ᠎ᠤ ᠣᠷᠴᠢᠨ᠎ᠢ ᠰᠠᠶ᠋ᠢᠵᠢᠷᠠᠭᠤᠯᠵᠤ᠂ ᠬᠡᠦᠬᠡᠳ᠎ᠤᠨ ᠪᠢᠴᠢᠭ᠎ᠤᠨ ᠰᠢᠷᠡᠭᠡ ᠵᠢ ᠥᠷᠥᠭᠡᠨ᠎ᠳᠠᠬᠢ ᠭᠡᠷᠡᠯ᠎ᠤᠨ ᠳᠤᠰᠤᠯᠲᠠ ᠨᠡᠯᠢᠶᠡᠳ ᠰᠠᠶ᠋ᠢᠨ ᠪᠠᠶ᠋ᠢᠷᠢᠨ᠎ᠳᠤ ᠲᠠᠯᠪᠢᠬᠤ ᠬᠡᠷᠡᠭᠲᠡᠢ᠃ ᠡᠳᠦᠷ ᠰᠤᠷᠤᠯᠴᠠᠬᠤ ᠦᠶ᠎ᠡ᠎ᠳᠤ᠂ ᠪᠠᠶ᠋ᠢᠭ᠋ᠠᠯᠢ ᠵᠢᠨ ᠭᠡᠷᠡᠯ ᠎ᠢ ᠭᠦᠢ᠍ᠴᠡᠳ ᠠᠰᠢᠭᠯᠠᠨ ᠭᠡᠷᠡᠯᠳᠦᠭᠦᠯᠵᠦ᠂ ᠭᠡᠷᠡᠯ ᠰᠢᠷᠡᠭᠡᠨ ᠳᠡᠭᠡᠷ᠎ᠡ ᠰᠢᠭᠤᠳ ᠲᠤᠰᠬᠤ᠎ᠠᠴᠠ ᠵᠠᠶ᠋ᠢᠯᠠᠰᠬᠢᠨ᠎ᠡ᠃ ᠣᠷᠣᠶ ᠰᠤᠷᠤᠯᠴᠠᠬᠤ ᠦᠶ᠎ᠡ᠎ᠳᠤ᠂ ᠭᠡᠷᠡᠯᠲᠦᠭᠦᠯᠭᠡ᠎ᠪᠠᠨ ᠨᠡᠭᠡᠭᠡᠬᠦ᠎ᠠᠴᠠ ᠭᠠᠳᠠᠨ᠎ᠠ᠂ ᠥᠷᠥᠭᠡᠨ ᠳᠣᠲᠣᠷ᠎ᠠ ᠪᠠᠰᠠ ᠵᠣᠬᠢᠬᠤ ᠲᠤᠰᠠᠯᠠᠬᠤ ᠭᠡᠷᠡᠯ᠎ᠢ ᠬᠡᠷᠡᠭᠯᠡᠨ᠂ ᠥᠷᠥᠭᠡᠨ ᠳᠣᠲᠣᠷᠠᠬᠢ ᠢᠯᠡ ᠪᠦᠳᠡᠭᠢ ᠵᠢᠨ ᠵᠥᠷᠢᠶ᠎ᠡ ᠵᠢ ᠪᠠᠭ᠋ᠠᠰᠬᠠᠵᠤ᠂ ᠰᠢᠷᠡᠭᠡᠨ ᠳᠡᠭᠡᠷᠡᠬᠢ ᠭᠡᠷᠡᠯ᠎ᠤᠨ ᠱᠤᠭᠤᠮ᠎ᠢ ᠡᠷᠭᠢᠨ ᠲᠣᠭᠣᠷᠢᠨ ᠎ᠯᠤᠭ᠎ᠠ ᠵᠣᠬᠢᠴᠠᠯ᠎ᠲᠠᠢ ᠪᠠᠶ᠋ᠢᠯᠭ᠋ᠠᠬᠤ ᠬᠡᠷᠡᠭᠲᠡᠢ᠃ ᠰᠢᠷᠡᠭᠡᠨ ᠳ᠋ᠧᠩ ᠳ᠋ᠧᠩ᠎ᠤᠨ ᠪᠥᠷᠬᠦᠭᠦᠯ᠎ᠲᠠᠢ ᠪᠠᠢ᠌ᠵᠤ᠂ ᠦᠰᠦᠭ ᠪᠢᠴᠢᠬᠦ ᠭᠠᠷ᠎ᠤᠨ ᠡᠰᠡᠷᠭᠦ ᠲᠠᠯ᠎ᠠ ᠵᠢᠨ ᠡᠮᠦᠨ᠎ᠡ ᠲᠠᠯ᠎ᠠ᠎ᠳᠤ ᠲᠠᠯᠪᠢᠨ᠎ᠠ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ⑤
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ⑥
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ⑦
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ①
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ②
 
             蒙ICP备05000248号