ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
16 ᠰᠠᠯᠠᠭ᠎ᠠ ᠮᠥᠴᠢᠷ ᠬᠠᠮᠲᠤᠷᠠᠨ ᠬᠡᠦᠬᠡᠳ ᠶᠠᠭ᠋ᠠᠬᠢᠵᠤ ᠡᠪᠦᠯ᠎ᠤᠨ ᠠᠮᠠᠷᠠᠯᠲᠠ ᠵᠢ ᠥᠩᠭᠡᠷᠡᠭᠦᠯᠬᠦ ᠲᠤᠬᠠᠢ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2025-01-09

2025 ᠣᠨ᠎ᠤ ᠡᠪᠦᠯ᠎ᠤᠨ ᠠᠮᠠᠷᠠᠯᠲᠠ ᠤᠳᠠᠯ ᠦᠭᠡᠢ ᠬᠦᠷᠴᠦ ᠢᠷᠡᠬᠦ ᠲᠠᠰᠢᠷᠠᠮ ᠵᠶ᠋ᠠᠷ᠂ ᠪᠦᠬᠦ ᠤᠯᠤᠰ᠎ᠤᠨ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ᠂ ᠲᠥᠪ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠣᠷᠢᠶ᠎ᠠ᠂ ᠰᠤᠷᠭ᠋ᠠᠨ ᠬᠥᠮᠦᠵᠢᠯ᠎ᠤᠨ ᠶᠠᠮᠤᠨ ᠵᠡᠷᠭᠡ ᠠᠷᠪᠠᠨ ᠵᠢᠷᠭᠤᠭ᠋ᠠᠨ ᠰᠠᠯᠠᠭ᠎ᠠ ᠮᠥᠴᠢᠷ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ 《ᠬᠠᠶ᠋ᠢᠷ᠎ᠠ ᠬᠠᠯᠠᠮᠵᠢ ᠵᠢ ᠭᠡᠷ᠎ᠲᠤ᠎ᠨᠢ ᠬᠦᠷᠭᠡᠵᠦ᠂ ᠰᠡᠳᠬᠢᠯ ᠵᠢᠷᠦᠬᠡ᠎ᠪᠠᠨ ᠨᠢᠭᠡᠳᠭᠡᠨ ᠬᠡᠦᠬᠡᠳ᠎ᠢ ᠬᠠᠮᠠᠭ᠋ᠠᠯᠠᠶ᠎ᠠ》2025 ᠡᠪᠦᠯ᠎ᠤᠨ ᠠᠮᠠᠷᠠᠯᠲᠠ ᠵᠢᠨ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠪᠠᠶ᠋ᠢᠷᠢᠯᠠᠭᠤᠯᠤᠨ ᠥᠷᠨᠢᠭᠦᠯᠵᠦ᠂ ᠬᠡᠦᠬᠡᠳ᠎ᠢ ᠬᠠᠮᠠᠭ᠋ᠠᠯᠠᠨ ᠪᠠᠶᠠᠷ ᠬᠦᠷ ᠥᠯᠵᠡᠢ ᠪᠡᠯᠭᠡ᠎ᠲᠠᠢ ᠴᠠᠭ᠋ᠠᠨ ᠰᠠᠷ᠎ᠠ ᠪᠠ ᠤᠳᠬ᠎ᠠ ᠠᠭᠤᠯᠭ᠎ᠠ᠎ᠲᠠᠢ ᠡᠪᠦᠯ᠎ᠤᠨ ᠠᠮᠠᠷᠠᠯᠲᠠ ᠵᠢ ᠥᠩᠭᠡᠷᠡᠭᠦᠯᠦᠨᠡᠮ᠃ ᠪᠣᠳᠠᠲᠠᠢ ᠠᠭᠤᠯᠭ᠎ᠠ ᠵᠢ ᠬᠠᠮᠲᠤ᠎ᠳᠤ᠎ᠪᠠᠨ ᠣᠢ᠌ᠯᠠᠭ᠋ᠠᠵᠠᠭ᠋ᠠᠶ᠎ᠠ -

 

1.jpg

 

ᠮᠡᠳᠡᠭᠳᠡᠯ᠎ᠳᠤ᠂ ᠡᠯ᠎ᠡ ᠭᠠᠵᠠᠷ᠎ᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠡᠪᠦᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠶᠠᠭ ᠰᠠᠢ᠌ᠬᠠᠨ ᠪᠢᠯᠢᠭ᠎ᠤᠨ ᠤᠯᠠᠷᠢᠯ᠎ᠤᠨ ᠰᠢᠨ᠎ᠡ ᠵᠢᠯ᠎ᠲᠠᠢ ᠲᠣᠬᠢᠶᠠᠯᠳᠤᠭᠤᠯᠤᠨ᠂ ᠬᠡᠦᠬᠡᠳ᠎ᠤᠨ ᠬᠥᠳᠡᠯᠭᠡᠭᠡᠨ᠎ᠤ ᠲᠥᠪ ᠵᠡᠷᠭᠡ ᠰᠤᠷᠭ᠋ᠠᠭᠤᠯᠢ  ᠵᠢᠨ ᠭᠠᠳᠠᠨᠠᠬᠢ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠎ᠳᠤ ᠲᠦᠰᠢᠭᠯᠡᠵᠦ᠂ ᠳᠤᠷᠠᠰᠬᠠᠯ᠎ᠤᠨ ᠣᠷᠳᠣᠨ ᠵᠡᠷᠭᠡ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠪᠠᠳᠠᠷᠠᠭᠤᠯᠤᠨ᠂ ᠠᠵᠢᠯᠯᠠᠭ᠋ᠠᠨ᠎ᠤ ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠣᠨᠴᠠᠯᠢᠭᠲᠤ ᠡᠬᠢ ᠪᠠᠶᠠᠯᠢᠭ᠎ᠢ ᠢᠯᠡᠷᠡᠭᠦᠯᠦᠨ᠂ ᠬᠣᠣᠰ ᠤᠶᠠᠩᠭ᠎ᠠ ᠪᠢᠴᠢᠬᠦ᠂ ᠴᠣᠩᠬᠣᠨ᠎ᠤ ᠴᠠᠭ᠋ᠠᠰᠤᠨ ᠰᠡᠢ᠌ᠯᠦᠮᠡᠯ ᠬᠠᠶ᠋ᠢᠴᠢᠯᠠᠬᠤ᠂ ᠴᠡᠴᠡᠷᠯᠢᠭ᠎ᠤᠨ ᠨᠠᠢ᠌ᠷ᠂ ᠬᠥᠭᠵᠢᠶᠡᠨᠲᠡᠢ ᠥᠯᠵᠡᠶ᠋ᠢᠲᠦ ᠡᠳᠦᠷ ᠵᠡᠷᠭᠡ ᠴᠠᠭ᠋ᠠᠨ ᠰᠠᠷ᠎ᠠ ᠵᠢᠨ ᠰᠣᠶᠣᠯ᠎ᠤᠨ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠤᠯᠠᠮᠵᠢᠯᠠᠯᠲᠤ ᠰᠣᠶᠣᠯ᠎ᠢ ᠣᠶ᠋ᠢᠯᠠᠭ᠋ᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠬᠡᠦᠬᠡᠳ᠎ᠢ ᠬᠥᠲᠥᠯᠥᠨ ᠵᠢᠯᠣᠭᠣᠳᠴᠤ ᠳᠤᠮᠳᠠᠳᠤ ᠵᠢᠨ ᠰᠣᠶᠣᠯ᠎ᠤᠨ ᠭᠦᠨ ᠵᠤᠵᠠᠭ᠋ᠠᠨ ᠠᠭᠤᠯᠤᠭᠳᠠᠬᠤᠨ᠎ᠢ  ᠣᠢ᠌ᠯᠠᠭ᠋ᠠᠭᠤᠯᠤᠨ᠂ ᠤᠯᠤᠰ ᠭᠡᠷ᠎ᠤᠨ ᠬᠠᠶ᠋ᠢᠷ᠎ᠠ ᠰᠡᠳᠬᠢᠯᠭᠡ ᠵᠢ ᠵᠤᠵᠠᠭ᠋ᠠᠳᠬᠠᠬᠤ ᠬᠡᠷᠡᠭᠲᠡᠢ᠃ ᠡᠪᠦᠯ᠎ᠤᠨ ᠠᠮᠠᠷᠠᠯᠲᠠ᠎ᠳᠤ ᠬᠡᠦᠬᠡᠳ᠎ᠲᠤ ᠲᠤᠯᠭ᠋ᠠᠷᠠᠵᠤ ᠮᠡᠳᠡᠬᠦ ᠰᠠᠨᠠᠭ᠋ᠠᠨ᠎ᠳᠤ ᠦᠭᠡᠢ ᠭᠡᠮᠲᠦᠯ ᠪᠠ ᠬᠠᠤᠯᠢ ᠵᠢ ᠵᠦᠷᠢᠴᠡᠭᠰᠡᠨ ᠬᠠᠯᠳᠠᠯᠭ᠎ᠠ᠎ᠳᠤ ᠠᠩᠬᠠᠷᠤᠯ ᠵᠶ᠋ᠠᠨ ᠬᠠᠨᠳᠤᠭᠤᠯᠤᠨ᠂ ᠤᠷᠢᠳᠴᠢᠯᠠᠨ ᠰᠡᠷᠭᠡᠶ᠋ᠢᠯᠡᠬᠦ ᠵᠢ ᠪᠣᠳᠠᠲᠠᠶ᠋ᠢᠵᠢᠭᠤᠯᠵᠤ᠂ ᠭᠡᠷ ᠪᠦᠯᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠢᠯᠡ ᠬᠢᠴᠢᠶᠡᠯ᠂ 《ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ ᠎ᠤ ᠠᠮᠤᠷ ᠲᠦᠪᠰᠢᠨ᠎ᠤ ᠮᠡᠷᠭᠡᠨ ᠠᠷᠭ᠎ᠠ》 ᠵᠢ ᠤᠬᠠᠭᠤᠯᠬᠤ ᠡᠷᠴᠢᠮ᠎ᠢ ᠴᠢᠩᠭ᠋ᠠᠷᠠᠭᠤᠯᠵᠤ᠂ ᠨᠢᠭᠡ ᠤᠳᠠᠭ᠋ᠠᠨ᠎ᠤ ᠠᠮᠤᠷ ᠲᠦᠪᠰᠢᠨ᠎ᠤ ᠮᠡᠳᠡᠯᠭᠡ ᠵᠢᠨ ᠤᠬᠠᠭᠤᠯᠭ᠎ᠠ ᠵᠢ ᠨᠡᠶ᠋ᠢᠭᠡᠮ ᠲᠣᠭᠣᠷᠢᠭ᠎ᠲᠤ ᠣᠷᠣᠭᠤᠯᠬᠤ᠂ ᠭᠡᠷ ᠪᠦᠯᠢ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠵᠦ᠂ 《ᠬᠠᠤᠯᠢ  ᠵᠢᠨ ᠵᠠᠰᠠᠯᠲᠠ᠎ᠪᠠᠷ ᠠᠶᠠᠯᠠᠯ᠎ᠢ ᠬᠠᠮᠠᠭ᠋ᠠᠯᠠᠵᠤ · ᠲᠠ ᠨᠠᠷ᠎ᠲᠠᠢ ᠬᠠᠮᠲᠤ ᠥᠰᠦᠨ ᠪᠣᠢ᠌ᠵᠢᠨᠠᠮ》᠂ 《ᠬᠠᠤᠯᠢ ᠵᠢᠨ ᠲᠤᠰᠠᠯᠠᠮᠵᠢ᠎ᠪᠠᠷ ᠬᠡᠦᠬᠡᠳ᠎ᠢ ᠬᠠᠮᠠᠭ᠋ᠠᠯᠠᠨᠠᠮ》 ᠵᠡᠷᠭᠡ ᠭᠣᠣᠯ ᠰᠡᠳᠦᠪᠲᠦ ᠠᠵᠢᠯᠯᠠᠭ᠎ᠠ᠎ᠲᠠᠢ ᠤᠶᠠᠯᠳᠤᠭᠤᠯᠤᠨ᠂ ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠬᠠᠤᠯᠢ ᠵᠡᠷᠭᠡ ᠬᠠᠤᠯᠢ ᠵᠢ ᠲᠦᠭᠡᠮᠡᠯᠵᠢᠭᠦᠯᠬᠦ ᠤᠬᠠᠭᠤᠯᠭ᠎ᠠ ᠵᠢ ᠴᠢᠩᠭ᠋ᠠᠳᠬᠠᠵᠤ᠂ ᠬᠡᠦᠬᠡᠳ᠎ᠤᠨ ᠬᠠᠤᠯᠢ᠎ᠪᠠᠷ ᠵᠠᠰᠠᠬᠤ ᠦᠵᠡᠯᠲᠡ ᠪᠠ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠂ ᠥᠪᠡᠷ᠎ᠢ᠎ᠪᠠᠨ ᠬᠠᠮᠠᠭ᠋ᠠᠯᠠᠬᠤ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃

ᠮᠡᠳᠡᠭᠳᠡᠯ᠎ᠳᠤ᠂ ᠪᠠᠶᠠᠯᠢᠭ ᠰᠠᠢ᠌ᠬᠠᠨ ᠡᠪᠦᠯ᠎ᠤᠨ ᠠᠮᠠᠷᠠᠯᠲᠠ ᠵᠢ ᠠᠰᠢᠭᠯᠠᠵᠤ᠂ ᠡᠪᠦᠯ᠎ᠤᠨ ᠠᠮᠠᠷᠠᠯᠲᠠ᠎ᠳᠤ ᠠᠪᠤ ᠡᠵᠢ᠎ᠲᠠᠢ᠎ᠪᠠᠨ ᠬᠠᠮᠲᠤ ᠪᠠᠶᠠᠰᠤᠯᠳᠤᠬᠤ ᠲᠣᠬᠢᠶᠠᠯ᠎ᠢ ᠵᠠᠪᠳᠤᠭᠤᠯᠤᠨ᠂ 《ᠵᠣᠯ ᠵᠢᠷᠭ᠋ᠠᠯᠲᠤ ᠭᠡᠷ ᠪᠦᠯᠢ · ᠭᠡᠷ᠎ᠤᠨ ᠬᠥᠮᠦᠵᠢᠯ᠎ᠤᠨ ᠦᠢ᠍ᠯᠡᠴᠢᠯᠡᠭᠡᠨ᠎ᠤ ᠭᠠᠵᠠᠷ》 ᠭᠡᠬᠦ ᠲᠠᠪᠴᠠᠩ᠎ᠤᠨ ᠡᠬᠢ ᠪᠠᠶᠠᠯᠢᠭ᠎ᠢ ᠰᠠᠶ᠋ᠢᠲᠤᠷ ᠠᠰᠢᠭᠯᠠᠵᠤ᠂ ᠠᠮᠢᠳᠤᠯᠢᠭ ᠪᠥᠭᠡᠳ ᠰᠣᠨᠢᠷᠬᠠᠯᠲᠠᠢ᠂ ᠤᠳᠬ᠎ᠠ ᠠᠭᠤᠯᠭ᠎ᠠ᠎ᠲᠠᠢ ᠮᠥᠷᠲᠡᠭᠡᠨ ᠣᠶᠤᠨᠴᠢ᠎ᠪᠠᠷ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ᠂ ᠬᠥᠳᠡᠯᠭᠡᠭᠡᠨ ᠬᠢᠵᠦ ᠪᠡᠶ᠎ᠡ ᠪᠣᠯᠪᠠᠰᠤᠷᠠᠭᠤᠯᠬᠤ᠂ ᠬᠥᠳᠡᠯᠮᠦᠷᠢ ᠵᠢᠨ ᠦᠢ᠍ᠯᠡᠳᠦᠯᠭᠡ ᠵᠡᠷᠭᠡ ᠡᠴᠢᠭᠡ ᠡᠬᠡ ᠦᠷ᠎ᠡ ᠬᠡᠦᠬᠡᠳ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠡᠷ᠎ᠤᠨ ᠠᠬᠠᠮᠠᠳ᠎ᠢ ᠬᠠᠪᠰᠤᠷᠤᠨ ᠰᠢᠨᠵᠢᠯᠡᠬᠦ ᠤᠬᠠᠭ᠋ᠠᠨᠴᠢ᠎ᠪᠠᠷ ᠬᠡᠦᠬᠡᠳ᠎ᠢ ᠬᠥᠮᠥᠵᠢᠭᠦᠯᠦᠨ᠂ ᠡᠴᠢᠭᠡ ᠡᠬᠡ ᠦᠷ᠎ᠡ ᠬᠡᠦᠬᠡᠳ ᠦᠢ᠍ᠯᠡᠳᠦᠯᠴᠡᠬᠦ ᠶᠠᠪᠤᠴᠠ᠎ᠳᠤ ᠬᠡᠦᠬᠡᠳ᠎ᠤᠨ ᠲᠥᠷᠥᠯᠬᠢ ᠠᠪᠢᠶᠠᠰ᠎ᠢ ᠪᠠᠳᠠᠷᠠᠭᠤᠯᠵᠤ᠂ ᠪᠠᠶᠠᠷ ᠪᠠᠶᠠᠰᠬᠤᠯᠠᠩ᠎ᠲᠠᠢ ᠡᠪᠦᠯ᠎ᠤᠨ ᠠᠮᠠᠷᠠᠯᠲᠠ ᠵᠢ ᠬᠤᠪᠢᠶᠠᠯᠴᠠᠨ ᠡᠳ᠋ᠯᠡᠬᠦ ᠬᠡᠷᠡᠭᠲᠡᠢ᠃ ᠭᠡᠷ᠎ᠲᠤ᠎ᠪᠠᠨ ᠬᠣᠴᠣᠷᠤᠭᠰᠠᠨ ᠬᠡᠦᠬᠡᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠂ ᠨᠡᠭᠦᠳᠡᠯ ᠬᠡᠦᠬᠡᠳ ᠵᠡᠷᠭᠡ ᠣᠨᠴᠠᠭ᠋ᠠᠢ ᠬᠦᠴᠢᠷᠳᠡᠯᠲᠡᠢ ᠬᠥᠮᠦᠰ᠎ᠤᠨ ᠪᠣᠳᠠᠲᠠᠢ ᠬᠡᠷᠡᠭᠴᠡᠭᠡ ᠱᠠᠭ᠋ᠠᠷᠳᠠᠯᠭ᠎ᠠ ᠵᠢ ᠣᠨᠴᠠᠭ᠋ᠠᠶ᠋ᠢᠯᠠᠨ ᠠᠩᠬᠠᠷᠴᠤ᠂ ᠭᠡᠷ᠎ᠲᠤ᠎ᠨᠢ ᠬᠦᠷᠴᠦ ᠰᠤᠷᠪᠤᠯᠵᠢᠯᠠᠬᠤ ᠵᠢ ᠴᠢᠩᠭ᠋ᠠᠳᠬᠠᠨ᠂ ᠬᠡᠷᠡᠭᠴᠡᠭᠡ ᠱᠠᠭ᠋ᠠᠷᠳᠠᠯᠭ᠎ᠠ ᠵᠢ᠎ᠨᠢ ᠣᠶ᠋ᠢᠯᠠᠭ᠋ᠠᠵᠤ᠂ ᠢᠳᠡᠪᠬᠢᠲᠡᠢ ᠬᠠᠪᠰᠤᠷᠤᠨ ᠰᠢᠢ᠍ᠳᠪᠦᠷᠢᠯᠡᠵᠦ ᠥᠭᠬᠦ ᠬᠡᠷᠡᠭᠲᠡᠢ᠃ ᠬᠣᠷᠰᠢᠶᠠᠯᠠᠨ ᠬᠠᠯᠠᠮᠵᠢᠯᠠᠵᠤ᠂ ᠬᠠᠶ᠋ᠢᠷ᠎ᠠ ᠬᠠᠯᠠᠮᠵᠢᠲᠤ ᠡᠵᠢ ᠵᠡᠷᠭᠡ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡ ᠵᠢᠨ ᠦᠢ᠍ᠯᠡᠳᠦᠯ᠎ᠢ ᠪᠠᠳᠠᠷᠠᠭᠤᠯᠵᠤ᠂ ᠬᠡᠦᠬᠡᠳ᠎ᠲᠤ᠎ᠪᠠᠨ ᠬᠠᠨᠢ ᠪᠣᠯᠤᠨ ᠴᠠᠭ᠋ᠠᠨ ᠰᠠᠷ᠎ᠠ ᠵᠢ ᠥᠩᠭᠡᠷᠡᠭᠦᠯᠵᠦ᠂ 《ᠥᠴᠦᠬᠡᠨ ᠬᠦᠰᠡᠯ》᠎ᠢ ᠪᠡᠶᠡᠯᠡᠭᠦᠯᠬᠦ ᠬᠡᠷᠡᠭᠲᠡᠢ᠃ ᠨᠡᠷᠡᠨ ᠭᠡᠷᠡᠯᠲᠦ ᠥᠷᠲᠡᠭᠡ ᠵᠡᠷᠭᠡ ᠲᠥᠷᠥᠯ ᠵᠦᠢ᠍ᠯ ᠪᠣᠯᠤᠨ ᠣᠯᠠᠨ ᠰᠠᠯᠠᠭ᠎ᠠ ᠮᠥᠴᠢᠷ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠵᠦ᠂ ᠬᠠᠮᠲᠤ᠎ᠳᠤ᠎ᠪᠠᠨ ᠬᠠᠯᠠᠮᠵᠢᠯᠠᠬᠤ᠂ ᠨᠠᠶ᠋ᠢᠳᠠᠨ ᠬᠠᠮᠢᠶᠠᠷᠤᠭᠤᠯᠵᠤ ᠠᠰᠠᠷᠠᠨ ᠬᠠᠷᠠᠭ᠋ᠠᠯᠵᠠᠬᠤ ᠵᠡᠷᠭᠡ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡ ᠵᠢ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃

ᠮᠡᠳᠡᠭᠳᠡᠯ᠎ᠳᠤ᠂ ᠡᠯ᠎ᠡ ᠭᠠᠵᠠᠷ᠎ᠤᠨ ᠡᠯ᠎ᠡ ᠰᠠᠯᠠᠭ᠎ᠠ ᠮᠥᠴᠢᠷ᠎ᠤᠨ᠎ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠳᠠᠪᠠᠭᠤᠯᠢᠭ ᠡᠬᠢ ᠪᠠᠶᠠᠯᠢᠭ ᠪᠣᠯᠤᠨ ᠲᠤᠰᠬᠠᠢ ᠮᠡᠷᠭᠡᠵᠢᠯ᠎ᠤᠨ ᠬᠦᠴᠦᠨ ᠵᠶ᠋ᠠᠨ ᠲᠥᠪᠯᠡᠷᠡᠭᠦᠯᠵᠦ᠂ ᠬᠠᠢ᠌ᠷ᠎ᠠ ᠬᠠᠯᠠᠮᠵᠢᠲᠤ ᠦᠢ᠍ᠯᠡᠴᠢᠯᠡᠭᠡᠨ᠎ᠤ ᠪᠦᠬᠦᠯᠢ ᠴᠣᠭᠴᠠ ᠵᠢᠨ ᠬᠠᠮ ᠬᠦᠴᠦᠨ᠎ᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠢ᠃ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠣᠬᠢᠷᠠᠭᠤᠯᠵᠤ᠂ ᠠᠵᠢᠯᠯᠠᠭ᠎ᠠ ᠵᠢᠨ ᠬᠡᠯᠪᠡᠷᠢ ᠵᠢ ᠪᠠᠶᠠᠯᠢᠭᠵᠢᠭᠤᠯᠤᠨ᠂ ᠬᠡᠦᠬᠡᠳ᠎ᠤᠨ ᠬᠠᠷᠠᠭ᠋ᠠᠰᠤ ᠵᠢ ᠢᠯᠡᠷᠡᠭᠦᠯᠵᠦ᠂ ᠠᠵᠢᠯᠯᠠᠭ᠎ᠠ ᠵᠢᠨ ᠲᠠᠲᠠᠬᠤ ᠬᠦᠴᠦᠨ ᠪᠠ ᠪᠣᠯᠤᠮᠵᠢᠲᠤ ᠴᠢᠨᠠᠷ᠎ᠢ ᠨᠡᠮᠡᠭᠳᠡᠭᠦᠯᠬᠦ ᠬᠡᠷᠡᠭᠲᠡᠢ᠃ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠢᠯᠡᠷᠡᠭᠦᠯᠦᠨ᠂ ᠰᠢᠨ᠎ᠡ ᠰᠣᠷᠭᠣᠭ ᠲᠤᠷᠰᠢᠯᠭ᠎ᠠ ᠵᠢ ᠳᠡᠯᠭᠡᠷᠡᠭᠦᠯᠵᠦ᠂ ᠨᠡᠶ᠋ᠢᠭᠡᠮ ᠳᠠᠶᠠᠭ᠋ᠠᠷ ᠬᠡᠦᠬᠡᠳ᠎ᠢ ᠬᠠᠢ᠌ᠷᠠᠯᠠᠨ ᠬᠠᠯᠠᠮᠵᠢᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠢ ᠪᠣᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠩ᠎ᠤᠨ ᠶᠡᠬᠡ ᠳᠡᠭᠡᠳᠦ ᠰᠤᠷᠭ᠋ᠠᠭᠤᠯᠢ᠎ᠳᠤ ᠰᠤᠷᠤᠭᠴᠢ ᠡᠯᠰᠡᠬᠦ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠢ ᠰᠢᠯᠭ᠋ᠠᠯᠲᠠ ᠵᠢᠨ ᠤᠷᠠᠯᠢᠭ᠎ᠤᠨ ᠲᠥᠷᠥᠯ᠎ᠤᠨ ᠲᠤᠰᠬᠠᠢ ᠮᠡᠷᠭᠡᠵᠢᠯ᠎ᠤᠨ ᠬᠢᠷᠢ ᠪᠦᠲᠦᠮᠵᠢ ᠵᠢ ᠳᠠᠬᠢᠨ ᠬᠢᠨᠠᠬᠤ ᠲᠤᠬᠠᠢ ᠠᠯᠪᠠᠨ ᠵᠠᠷᠯᠠᠯ
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ①
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ②
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ ③
2025 ᠣᠨ᠎ᠤ ᠡᠪᠦᠯ᠎ᠤᠨ ᠠᠮᠠᠷᠠᠯᠲᠠ ᠵᠢᠨ ᠣᠶ᠋ᠢᠷ᠎ᠠ ᠬᠠᠷᠠᠭ᠎ᠠ ᠵᠢ ᠰᠡᠷᠭᠡᠶ᠋ᠢᠯᠡᠨ ᠡᠵᠡᠮᠳᠡᠬᠦ 20 ᠠᠰᠠᠭᠤᠯᠲᠠ ᠬᠠᠷᠢᠭᠤᠯᠲᠠ ᠵᠢ ᠪᠠᠭᠰᠢ ᠰᠤᠷᠤᠭᠴᠢ ᠭᠡᠷ᠎ᠤᠨ ᠠᠬᠠᠮᠠᠳ᠎ᠲᠤ ᠳᠠᠮᠵᠢᠭᠤᠯᠬᠤ᠎ᠨᠢ④
 
             蒙ICP备05000248号