ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠬᠦ ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ ᠠᠵᠢᠯ ④
ᠨᠡᠶ᠋ᠢᠲᠡᠯᠡᠭᠰᠡᠨ ᠴᠠᠭ᠄ 2025-02-14

      ᠡᠪᠦᠯ᠎ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ᠎ᠢ ᠰᠠᠢ᠌ᠲᠤᠷ ᠬᠢᠬᠦ ᠴᠠᠭ ᠬᠦᠷᠴᠦ ᠢᠷᠡᠪᠡ᠃ ᠡᠯ᠎ᠡ ᠲᠠᠯ᠎ᠠ ᠵᠢᠨ ᠪᠡᠯᠡᠳᠬᠡᠯ᠎ᠢ ᠭᠦᠢ᠍ᠴᠡᠳ ᠬᠢᠵᠦ᠂ ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠵᠦ᠂ ᠬᠡᠦᠬᠡᠳ᠎ᠢ ᠬᠠᠪᠰᠤᠷᠤᠨ ᠨᠡᠩ ᠬᠤᠷᠳᠤᠨ ᠵᠶ᠋ᠠᠷ ᠰᠤᠷᠤᠯᠴᠠᠬᠤ ᠣᠷᠴᠢᠨ᠎ᠳᠤ᠎ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠶᠠᠮᠠᠷ ᠶᠠᠮᠠᠷ ᠪᠡᠯᠡᠳᠬᠡᠯ᠎ᠢ ᠬᠢᠬᠦ ᠴᠢᠬᠤᠯᠠ᠎ᠲᠠᠢ ᠪᠣᠢ? ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ ᠪᠡᠯᠡᠳᠬᠡᠯ᠎ᠢ ᠡᠨᠳᠡ ᠲᠠᠨᠢᠯᠴᠠᠭᠤᠯᠤᠶ᠎ᠠ!
      ᠡᠳ᠋ ᠪᠣᠳᠠᠰ᠎ᠤᠨ ᠪᠡᠯᠡᠳᠬᠡᠯ
      ᠪᠢᠴᠢᠭ᠎ᠤᠨ ᠪᠣᠭᠴᠣ᠃ A4 ᠴᠠᠭ᠋ᠠᠰᠤ ᠵᠢ ᠪᠠᠭᠲᠠᠭ᠋ᠠᠵᠤ ᠳᠡᠢ᠌ᠯᠬᠦ ᠪᠢᠴᠢᠭ᠎ᠤᠨ ᠪᠣᠭᠴᠣ᠂ ᠪᠢᠴᠢᠭ᠎ᠤᠨ ᠪᠣᠭᠴᠣ ᠵᠢ ᠰᠣᠩᠭᠤᠬᠤ᠎ᠳᠤ᠎ᠪᠠᠨ ᠪᠣᠭᠴᠤᠨ᠎ᠤ ᠶᠡᠬᠡ ᠪᠠᠭ᠎ᠠ᠎ᠠᠴᠠ ᠭᠠᠳᠠᠨ᠎ᠠ ᠪᠣᠭᠴᠤᠨ᠎ᠤ ᠬᠦᠨᠳᠦ ᠵᠢ ᠪᠣᠳᠣᠯᠬᠢᠯᠠᠵᠤ᠂ ᠪᠣᠭᠴᠣ ᠳᠡᠩᠳᠡᠭᠦᠦ ᠬᠦᠨᠳᠦ ᠪᠣᠯᠪᠠᠯ ᠬᠡᠦᠬᠡᠳ᠎ᠤᠨ ᠵᠣᠭᠰᠣᠬᠤ ᠬᠡᠯᠪᠡᠷᠢ ᠵᠢ ᠨᠥᠯᠥᠭᠡᠯᠡᠳᠡᠭ᠃
      ᠠᠯᠢ ᠴᠢᠳᠠᠬᠤ᠎ᠪᠠᠷ ᠡᠭᠦᠷᠬᠦ᠎ᠳᠤ ᠲᠠᠭ᠋ᠠᠲᠠᠢ᠂ ᠬᠡᠦᠬᠡᠳ᠎ᠤᠨ ᠮᠥᠷᠥᠨ᠎ᠤ ᠥᠷᠭᠡᠨ᠎ᠳᠤ ᠲᠣᠬᠢᠷᠠᠬᠤ᠂ ᠮᠥᠷᠦᠪᠴᠢ᠎ᠨᠢ ᠲᠣᠬᠢᠷᠠᠭᠤᠯᠵᠤ ᠪᠣᠯᠬᠤ ᠪᠢᠴᠢᠭ᠎ᠤᠨ ᠪᠣᠭᠴᠣ ᠵᠢ ᠰᠣᠩᠭᠤᠨ᠎ᠠ᠃ ᠮᠠᠲ᠋ᠧᠷᠢᠶᠠᠯ᠎ᠤᠨ ᠴᠢᠨᠠᠷ ᠬᠠᠲᠠᠭᠤᠪᠲᠤᠷ᠎ᠢ ᠰᠣᠩᠭᠤᠪᠠᠯ ᠬᠢᠴᠢᠶᠡᠯ᠎ᠤᠨ ᠨᠣᠮ ᠨᠤᠬᠤᠴᠢᠭᠳᠠᠬᠤ ᠵᠢ ᠰᠡᠷᠭᠡᠢ᠌ᠯᠡᠵᠦ ᠳᠡᠢ᠌ᠯᠦᠨ᠎ᠡ᠃
       ᠬᠡᠲᠦ ᠬᠤᠷᠴᠠ ᠥᠩᠭᠡ᠎ᠲᠠᠢ ᠵᠢ ᠰᠣᠩᠭᠤᠬᠤ ᠦᠭᠡᠢ᠂ ᠬᠡᠦᠬᠡᠳ ᠬᠢᠴᠢᠶᠡᠯ ᠳᠡᠭᠡᠷ᠎ᠡ ᠠᠩᠬᠠᠷᠤᠯ ᠲᠥᠪᠯᠡᠷᠡᠭᠦᠯᠦᠨ ᠰᠤᠨᠤᠰᠬᠤ ᠵᠢ ᠨᠥᠯᠦᠭᠡᠯᠡᠨ᠎ᠡ᠂ ᠳᠥᠭᠦᠮ ᠮᠥᠷᠲᠡᠭᠡᠨ ᠬᠠᠪᠤᠯᠢᠭ ᠪᠣᠯ ᠪᠣᠯᠴᠢᠬᠠᠨ᠎ᠠ᠃ 
       ᠪᠢᠷ᠎ᠤᠨ ᠤᠭᠤᠲᠠ᠃ ᠬᠡᠦᠬᠡᠳ᠎ᠲᠤ ᠪᠦᠰ ᠪᠤᠶᠤ ᠵᠥᠭᠡᠯᠡᠨ ᠰᠦᠯᠢᠶᠣᠣ᠎ᠪᠠᠷ ᠬᠢᠭᠰᠡᠨ ᠪᠢᠷ᠎ᠤᠨ ᠤᠭᠤᠲᠠ ᠵᠢ ᠤᠷᠢᠳᠴᠢᠯᠠᠨ ᠪᠡᠯᠡᠳᠬᠡᠵᠦ᠂ ᠬᠡᠲᠦ ᠢᠯᠡ  ᠥᠩᠭᠡ᠎ᠲᠠᠢ ᠵᠢ ᠰᠣᠩᠭᠤᠬᠤ ᠦᠭᠡᠢ᠂ ᠬᠡᠯᠪᠡᠷᠢ ᠳᠥᠬᠥᠮ ᠮᠥᠷᠲᠡᠭᠡᠨ ᠬᠠᠪᠤᠯᠢᠭ ᠪᠠᠢ᠌ᠵᠤ᠂ ᠬᠡᠦᠬᠡᠳ ᠬᠢᠴᠢᠶᠡᠯ ᠳᠡᠭᠡᠷ᠎ᠡ ᠠᠩᠬᠠᠷᠤᠯ ᠲᠥᠪᠯᠡᠷᠡᠭᠦᠯᠦᠨ ᠰᠣᠨᠣᠰᠬᠤ ᠦᠭᠡᠢ᠎ᠠᠴᠠ           ᠰᠡᠷᠭᠡᠢ᠌ᠯᠡᠨ᠎ᠡ᠃
      ᠪᠢᠷ᠎ᠤᠨ ᠤᠭᠤᠲᠠ ᠵᠢᠨ ᠶᠡᠬᠡ ᠪᠠᠭ᠎ᠠ ᠵᠢ ᠠᠩᠬᠠᠷᠴᠤ᠂ ᠬᠠᠮᠤᠭ᠎ᠤᠨ ᠪᠠᠭ᠎ᠠ᠎ᠳᠤ᠎ᠪᠠᠨ 4 - 6 ᠬᠠᠷᠠᠨᠳᠠ᠂ ᠨᠢᠭᠡ ᠰᠢᠯᠤᠭᠤᠨ ᠱᠤᠭᠤᠮ᠂ ᠬᠣᠶᠠᠷ ᠬᠡᠰᠡᠭ  ᠪᠠᠯᠠᠯᠤᠭᠤᠷ᠂ ᠡᠷᠭᠢᠭᠦᠯᠭᠡᠨ ᠵᠣᠷᠭᠣᠭᠤᠯ᠂ ᠬᠢᠴᠢᠶᠡᠯ᠎ᠤᠨ ᠬᠦᠰᠦᠨᠦᠭᠲᠦ ᠵᠡᠷᠭᠡ ᠵᠢ ᠪᠠᠭᠲᠠᠭ᠋ᠠᠬᠤ ᠬᠡᠷᠡᠭᠲᠡᠢ᠃
      ᠬᠠᠷᠠᠨᠳᠠ᠃ HB ᠬᠠᠷᠠᠨᠳᠠ᠂ ᠡᠳᠦᠷ ᠪᠦᠷᠢ ᠬᠡᠲᠦ ᠵᠢ ᠵᠣᠷᠭ᠋ᠠᠵᠤ ᠪᠡᠯᠡᠳᠭᠡᠨ᠎ᠡ᠃ ᠵᠢᠷᠭᠤᠭ᠋ᠠᠨ ᠢᠷᠮᠡᠭᠲᠦ ᠪᠤᠶᠤ ᠭᠤᠷᠪᠠᠨ ᠥᠨᠴᠥᠭᠲᠦ ᠳ᠋ᠦᠩ ᠳ᠋ᠦᠩ ᠪᠢᠷ᠎ᠢ ᠰᠣᠩᠭᠣᠵᠤ ᠪᠣᠯᠤᠨ᠎ᠠ᠂ ᠱᠠᠭ᠋ᠠᠷᠳᠠᠯᠭ᠎ᠠ᠎ᠲᠠᠢ ᠪᠣᠯ ᠪᠢᠷ ᠪᠠᠷᠢᠬᠤ ᠬᠡᠷᠡᠭᠰᠡᠯ᠎ᠢ ᠠᠪᠴᠤ᠂ ᠬᠡᠦᠬᠡᠳ᠎ᠢ ᠬᠠᠪᠰᠤᠷᠤᠨ ᠪᠢᠷ ᠪᠠᠷᠢᠬᠤ ᠵᠢ ᠡᠵᠡᠮᠰᠢᠭᠦᠯᠦᠨ᠎ᠡ᠃
      ᠱᠤᠭᠤᠮ᠃ ᠠᠷᠪᠠᠨ ᠲᠠᠪᠤᠨ ᠰᠡᠨᠲ᠋ᠢᠮᠧᠲᠷ ᠤᠷᠲᠤ ᠪᠣᠯ ᠪᠣᠯᠴᠢᠬᠠᠨ᠎ᠠ᠂ ᠬᠡᠲᠦ ᠤᠷᠲᠤ ᠪᠣᠯ ᠬᠡᠦᠬᠡᠳ ᠰᠠᠢ᠌ᠬᠠᠨ ᠪᠠᠷᠢᠵᠤ ᠴᠢᠳᠠᠬᠤ ᠦᠭᠡᠢ᠂ ᠪᠢᠷ᠎ᠤᠨ ᠤᠭᠤᠲᠠᠨ᠎ᠳᠤ ᠭᠢᠯᠪᠡᠷ ᠪᠠᠭᠲᠠᠬᠤ ᠦᠭᠡᠢ᠃ ᠬᠤᠭᠤᠯᠬᠤ᠎ᠠᠴᠠ ᠰᠡᠷᠭᠡᠶ᠋ᠢᠯᠡᠬᠦ ᠵᠢᠨ ᠲᠥᠯᠥᠭᠡ᠂ ᠵᠥᠭᠡᠯᠡᠨ ᠱᠤᠭᠤᠮ᠂ ᠲᠤᠬᠠᠢ᠌ᠯᠠᠪᠠᠯ᠂ ᠶᠠᠭ᠋ᠠᠬᠢᠵᠤ ᠨᠤᠭᠤᠯᠪᠠᠴᠤ ᠬᠤᠭᠤᠷᠠᠬᠤ ᠦᠭᠡᠢ ᠵᠢ ᠰᠣᠩᠭᠤᠨ᠎ᠠ᠃
      ᠪᠠᠯᠠᠯᠤᠭᠤᠷ᠃ ᠣᠯᠠᠩᠬᠢ ᠬᠡᠦᠬᠡᠳ ᠪᠠᠯᠠᠯᠤᠭᠤᠷ ᠵᠶ᠋ᠠᠨ ᠠᠮᠠᠷᠬᠠᠨ ᠭᠡᠭᠡᠳᠡᠭ  ᠪᠣᠯᠬᠣᠷ ᠵᠢᠵᠢᠭᠬᠡᠨ ᠪᠠᠯᠠᠯᠤᠭᠤᠷ᠎ᠢ ᠢᠯᠡᠭᠦᠦ ᠬᠡᠳᠦᠨ ᠬᠡᠰᠡᠭ ᠬᠤᠳᠠᠯᠳᠤᠨ ᠠᠪᠴᠤ  ᠪᠡᠯᠡᠳᠭᠡᠬᠦ ᠵᠢ ᠰᠠᠨᠠᠭᠤᠯᠤᠶ᠎ᠠ᠃
      ᠵᠣᠷᠭᠣᠭᠤᠯ᠃ ᠨᠢᠭᠡ ᠲᠣᠮᠣ ᠵᠣᠷᠭᠣᠭᠤᠯ ᠬᠤᠳᠠᠯᠳᠤᠨ ᠠᠪᠴᠤ᠂ ᠭᠡᠷ᠎ᠲᠤ᠎ᠪᠠᠨ ᠲᠠᠯᠪᠢᠨ᠎ᠠ᠂ ᠪᠠᠰᠠ ᠨᠢᠭᠡ ᠵᠢᠵᠢᠭ ᠵᠣᠷᠭᠣᠭᠤᠯ ᠬᠤᠳᠠᠯᠳᠤᠨ ᠠᠪᠴᠤ ᠪᠢᠷ᠎ᠤᠨ  ᠤᠭᠤᠲᠠᠨ᠎ᠳᠤ᠎ᠪᠠᠨ ᠠᠪᠴᠤ ᠶᠠᠪᠤᠨ᠎ᠠ᠃ ᠬᠡᠦᠬᠡᠳ᠎ᠲᠤ ᠶᠠᠭ᠋ᠠᠬᠢᠵᠤ ᠵᠣᠷᠭᠣᠬᠤ ᠵᠢ ᠵᠢᠭ᠋ᠠᠬᠤ ᠵᠢᠨ ᠬᠠᠮᠲᠤ ᠡᠳᠦᠷ ᠪᠦᠷᠢ ᠬᠠᠷᠠᠨᠳᠠ᠎ᠪᠠᠨ ᠪᠠᠶ᠋ᠢᠴᠠᠭ᠋ᠠᠵᠤ ᠦᠵᠡᠨ᠂ ᠳᠠᠷᠠᠭ᠎ᠠ ᠡᠳᠦᠷ᠎ᠤᠨ ᠪᠡᠯᠡᠳᠬᠡᠯ ᠬᠢᠬᠦ ᠳᠠᠳᠬᠠᠯ᠎ᠲᠠᠢ ᠪᠣᠯᠭ᠋ᠠᠨ᠎ᠠ᠃
      ᠤᠰᠤᠨ ᠴᠣᠮᠤ᠃ ᠤᠰᠤᠨ ᠴᠣᠮᠣ ᠵᠢ ᠪᠢᠲᠡᠭᠦᠮᠵᠢᠲᠦ ᠴᠢᠨᠠᠷ ᠰᠠᠢ᠌ᠨ᠂ ᠠᠮᠠᠰᠠᠷ ᠶᠡᠬᠡ ᠵᠢ ᠰᠣᠩᠭᠤᠪᠠᠯ᠂ ᠬᠡᠦᠬᠡᠳ ᠰᠤᠷᠭ᠋ᠠᠭᠤᠯᠢ᠎ᠳᠤ᠎ᠪᠠᠨ ᠤᠰᠤ ᠬᠢᠵᠦ ᠠᠪᠬᠤ᠎ᠳᠤ ᠳᠥᠭᠦᠮ ᠶᠤᠮ᠃ ᠰᠤᠷᠭ᠋ᠠᠭᠤᠯᠢ᠎ᠳᠤ ᠬᠡᠵᠢᠶᠡᠳᠡ ᠪᠡᠯᠡᠨ ᠤᠰᠤ ᠪᠠᠢ᠌ᠳᠠᠭ ᠪᠣᠯᠬᠤᠷ ᠲᠣᠮᠤ ᠤᠰᠤᠨ ᠴᠣᠮᠣ ᠬᠡᠷᠡᠭ ᠦᠭᠡᠢ᠂ 350 ml᠎ᠤᠨ᠎ᠬᠢ ᠪᠣᠯ ᠪᠣᠯᠴᠢᠬᠠᠨ᠎ᠠ᠃
      ᠬᠡᠦᠬᠡᠳ᠎ᠲᠤ᠎ᠪᠠᠨ ᠤᠰᠤᠨ ᠴᠣᠮᠣᠨ᠎ᠤ ᠠᠮᠠᠰᠠᠷ᠎ᠢ ᠶᠠᠭ᠋ᠠᠬᠢᠵᠤ ᠴᠢᠩᠭ᠎ᠠ ᠡᠷᠭᠢᠭᠦᠯᠬᠦ ᠵᠢ ᠵᠢᠭ᠋ᠠᠵᠤ᠂ ᠭᠡᠷ᠎ᠲᠤ᠎ᠪᠠᠨ ᠤᠷᠢᠳ ᠵᠶ᠋ᠠᠷ ᠪᠣᠯᠪᠠᠰᠤᠷᠠᠭᠤᠯᠤᠨ᠎ᠠ᠃
      ᠳᠠᠰᠬᠠᠯ᠎ᠤᠨ ᠳᠡᠪᠲᠡᠷ᠃ ᠰᠤᠷᠭ᠋ᠠᠭᠤᠯᠢ ᠡᠬᠢᠯᠡᠭᠰᠡᠨ᠎ᠤ ᠳᠠᠷᠠᠭ᠎ᠠ᠂ ᠪᠠᠭᠰᠢ ᠳᠠᠰᠬᠠᠯ᠎ᠤᠨ ᠳᠡᠪᠲᠡᠷ᠎ᠤᠨ ᠱᠠᠭ᠋ᠠᠷᠳᠠᠯᠭ᠎ᠠ ᠪᠠ ᠲᠣᠭ᠎ᠠ ᠵᠢ ᠲᠣᠳᠤᠷᠬᠠᠢ ᠬᠡᠯᠡᠵᠦ ᠥᠭᠭᠦᠨ᠎ᠡ᠂ ᠱᠠᠭ᠋ᠠᠷᠳᠠᠯᠭ᠎ᠠ ᠶᠣᠰᠣᠭ᠋ᠠᠷ ᠬᠤᠳᠠᠯᠳᠤᠨ ᠠᠪᠤᠪᠠᠯ ᠪᠣᠯᠴᠢᠬᠠᠨ᠎ᠠ᠃ ᠰᠤᠷᠭ᠋ᠠᠭᠤᠯᠢ ᠪᠠ ᠠᠩᠭᠢ᠎ᠳᠤ ᠪᠡᠯᠡᠳᠭᠡᠭᠰᠡᠨ ᠪᠣᠯ ᠳᠠᠬᠢᠨ ᠢᠯᠡᠭᠦᠦ ᠬᠤᠳᠠᠯᠳᠤᠨ ᠠᠪᠬᠤ ᠴᠢᠬᠤᠯᠠ ᠦᠭᠡᠢ᠃
      ᠪᠢᠴᠢᠭ ᠮᠠᠲ᠋ᠧᠷᠢᠶᠠᠯ᠎ᠤᠨ ᠤᠭᠤᠲᠠ᠃ ᠠᠳᠠᠯᠢ ᠪᠤᠰᠤ ᠥᠩᠭᠡ ᠵᠢᠨ ᠪᠢᠴᠢᠭ ᠮᠠᠲ᠋ᠧᠷᠢᠶᠠᠯ᠎ᠤᠨ ᠤᠭᠤᠲᠠ ᠪᠡᠯᠡᠳᠭᠡᠬᠦ ᠵᠢ ᠰᠠᠨᠠᠭᠤᠯᠤᠶ᠎ᠠ᠂ ᠤᠭᠤᠲᠠᠨ ᠳᠡᠭᠡᠷ᠎ᠡ ᠬᠢᠴᠢᠶᠡᠯ ᠲᠥᠷᠥᠯ᠎ᠤᠨ ᠲᠡᠮᠳᠡᠭ ᠨᠠᠭ᠋ᠠᠵᠤ᠂ ᠬᠡᠦᠬᠡᠳ᠎ᠤᠨ ᠰᠢᠯᠭ᠋ᠠᠯᠲᠠ ᠵᠢᠨ ᠬᠠᠭᠤᠳᠠᠰᠤ ᠪᠠ ᠪᠠᠭᠰᠢ ᠵᠢᠨ ᠶᠠᠪᠤᠭᠤᠯᠤᠭᠰᠠᠨ ᠡᠯ᠎ᠡ ᠵᠦᠢ᠍ᠯ᠎ᠤᠨ ᠮᠡᠳᠡᠭᠳᠡᠯ᠂ ᠭᠡᠷ᠎ᠤᠨ ᠠᠬᠠᠮᠠᠳ᠎ᠤᠨ ᠵᠠᠬᠢᠳᠠᠯ᠎ᠢ ᠬᠢᠬᠦ᠎ᠳᠤ ᠬᠡᠷᠡᠭᠯᠡᠨ᠎ᠡ᠃
      ᠤᠷᠠᠨ ᠵᠢᠷᠤᠭ᠎ᠤᠨ ᠬᠡᠷᠡᠭᠰᠡᠯ᠃ ᠪᠠᠭᠰᠢ ᠵᠢᠨ ᠱᠠᠭ᠋ᠠᠷᠳᠠᠯᠭ᠎ᠠ ᠶᠣᠰᠣᠭ᠋ᠠᠷ 12 ᠥᠩᠭᠡ ᠪᠤᠶᠤ 24 ᠥᠩᠭᠡ ᠵᠢᠨ ᠤᠰᠤᠨ ᠪᠤᠳᠤᠭ᠎ᠤᠨ ᠪᠢᠷ ᠪᠤᠶᠤ ᠯᠠ ᠪᠢᠷ᠂ ᠵᠢᠷᠤᠭ᠎ᠤᠨ ᠳᠡᠪᠲᠡᠷ᠂ ᠲᠣᠢ᠌ᠮᠤᠯᠠᠨ ᠵᠢᠷᠤᠬᠤ ᠪᠢᠷ ᠵᠡᠷᠭᠡ ᠤᠷᠠᠨ ᠵᠢᠷᠤᠭ᠎ᠤᠨ ᠬᠡᠷᠡᠭᠰᠡᠯ᠎ᠢ ᠬᠤᠳᠠᠯᠳᠤᠨ ᠠᠪᠤᠨ᠎ᠠ᠃


ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号