ᠡᠪᠦᠯ᠎ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭ᠋ᠠᠭᠤᠯᠢ ᠡᠬᠢᠯᠡᠬᠦ᠎ᠠᠴᠠ ᠡᠮᠦᠨᠡᠬᠢ ᠪᠡᠯᠡᠳᠬᠡᠯ᠎ᠢ ᠰᠠᠢ᠌ᠲᠤᠷ ᠬᠢᠬᠦ ᠴᠠᠭ ᠬᠦᠷᠴᠦ ᠢᠷᠡᠪᠡ᠃ ᠡᠯ᠎ᠡ ᠲᠠᠯ᠎ᠠ ᠵᠢᠨ ᠪᠡᠯᠡᠳᠬᠡᠯ᠎ᠢ ᠭᠦᠢ᠍ᠴᠡᠳ ᠬᠢᠵᠦ᠂ ᠰᠢᠨ᠎ᠡ ᠰᠤᠷᠤᠯᠭ᠎ᠠ ᠵᠢᠨ ᠬᠤᠭᠤᠴᠠᠭ᠎ᠠ ᠵᠢ ᠰᠠᠢ᠌ᠬᠠᠨ ᠡᠬᠢᠯᠡᠭᠦᠯᠵᠦ᠂ ᠬᠡᠦᠬᠡᠳ᠎ᠢ ᠬᠠᠪᠰᠤᠷᠤᠨ ᠨᠡᠩ ᠬᠤᠷᠳᠤᠨ ᠵᠶ᠋ᠠᠷ ᠰᠤᠷᠤᠯᠴᠠᠬᠤ ᠣᠷᠴᠢᠨ᠎ᠳᠤ᠎ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠶᠠᠮᠠᠷ ᠶᠠᠮᠠᠷ ᠪᠡᠯᠡᠳᠬᠡᠯ᠎ᠢ ᠬᠢᠬᠦ ᠴᠢᠬᠤᠯᠠᠲᠠᠢ ᠪᠣᠢ? ᠬᠠᠮᠤᠭ᠎ᠤᠨ ᠪᠦᠷᠢᠨ ᠰᠤᠷᠭ᠋ᠠᠭᠤᠯᠢ ᠡᠬᠢᠯᠡᠬᠦ ᠪᠡᠯᠡᠳᠬᠡᠯ᠎ᠢ ᠡᠨᠳᠡ ᠲᠠᠨᠢᠯᠴᠠᠭᠤᠯᠤᠶ᠎ᠠ!
ᠰᠤᠷᠤᠯᠭ᠎ᠠ ᠵᠢᠨ ᠲᠠᠯ᠎ᠠ᠎ᠪᠠᠷ᠎ᠬᠢ ᠪᠡᠯᠡᠳᠬᠡᠯ
ᠳᠠᠰᠬᠠᠯ ᠵᠶ᠋ᠠᠨ ᠪᠠᠶ᠋ᠢᠴᠠᠭ᠋ᠠᠵᠤ᠂ ᠣᠷᠬᠢᠭᠰᠠᠨ ᠵᠦᠢ᠍ᠯ ᠵᠶ᠋ᠡᠨ ᠨᠥᠬᠥᠪᠥᠷᠢᠯᠡᠨ᠎ᠡ᠃ ᠳᠠᠰᠬᠠᠯ ᠵᠶ᠋ᠠᠨ ᠪᠠᠢ᠌ᠴᠠᠭ᠋ᠠᠵᠤ ᠦᠵᠡᠬᠦ ᠵᠢ ᠬᠡᠦᠬᠡᠳ᠎ᠲᠤ ᠰᠠᠨᠠᠭᠤᠯᠤᠨ᠎ᠠ᠃ ᠮᠠᠰᠢ ᠣᠯᠠᠨ ᠬᠡᠦᠬᠡᠳ ᠳᠠᠰᠬᠠᠯ ᠵᠶ᠋ᠠᠨ ᠰᠤᠷᠭ᠋ᠠᠭᠤᠯᠢ ᠡᠬᠢᠯᠡᠬᠦ᠎ᠠᠴᠠ ᠡᠮᠦᠨ᠎ᠡ ᠡᠳᠦᠷ ᠪᠣᠯᠲᠠᠯ᠎ᠠ ᠰᠤᠨᠵᠢᠷᠠᠭᠤᠯᠵᠤ᠂ ᠰᠦᠨᠢᠵᠢᠨ ᠬᠢᠵᠦ᠂ ᠶᠡᠷᠦ᠎ᠨᠢ ᠪᠡᠶ᠎ᠡ ᠰᠡᠳᠬᠢᠯ ᠶᠠᠳᠠᠷᠠᠭᠰᠠᠨ ᠪᠠᠢ᠌ᠳᠠᠯ᠎ᠳᠤ᠂ ᠬᠠᠰᠢ ᠶᠠᠰᠢ ᠬᠢᠵᠦ ᠳᠠᠭᠤᠰᠬᠠᠳᠠᠭ᠃
ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠬᠠᠷᠠᠯᠲᠠ ᠪᠠ ᠲᠥᠯᠥᠪᠯᠡᠭᠡ ᠵᠢ ᠲᠣᠭᠲᠠᠭ᠋ᠠᠨ᠎ᠠ᠃ ᠭᠡᠷ᠎ᠤᠨ ᠠᠬᠠᠮᠠᠳ ᠬᠡᠦᠬᠡᠳ᠎ᠲᠠᠢ᠎ᠪᠠᠨ ᠪᠣᠳᠠᠲᠤ ᠪᠠᠶ᠋ᠢᠳᠠᠯ᠎ᠢ ᠦᠨᠳᠦᠰᠦᠯᠡᠵᠦ᠂ ᠵᠠᠷᠢᠮ ᠬᠠᠷᠠᠯᠲᠠ ᠪᠠ ᠲᠥᠯᠥᠪᠯᠡᠭᠡ ᠵᠢ ᠲᠣᠭᠲᠠᠭ᠋ᠠᠵᠤ ᠪᠣᠯᠤᠨ᠎ᠠ᠂ ᠲᠤᠬᠠᠢ᠌ᠯᠠᠪᠠᠯ᠂ ᠳᠠᠷᠠᠭ᠎ᠠ ᠬᠤᠭᠤᠴᠠᠭ᠎ᠠ ᠠᠯᠢ ᠬᠡᠳᠦᠨ ᠬᠢᠴᠢᠶᠡᠯ᠎ᠤᠨ ᠬᠢᠷᠢ ᠪᠦᠲᠦᠮᠵᠢ ᠵᠢ ᠳᠡᠭᠡᠭᠰᠢᠯᠡᠭᠦᠯᠵᠦ᠂ ᠠᠯᠢ ᠨᠢᠭᠡ ᠵᠦᠢ᠍ᠯ᠎ᠤᠨ ᠰᠢᠨ᠎ᠡ ᠴᠢᠳᠠᠪᠤᠷᠢ ᠵᠢ ᠡᠵᠡᠮᠰᠢᠬᠦ ᠵᠡᠷᠭᠡ᠃ ᠬᠠᠷᠠᠯᠲᠠ ᠪᠠ ᠲᠥᠯᠥᠪᠯᠡᠭᠡ ᠳᠣᠭᠲᠠᠭ᠋ᠠᠬᠤᠳᠤᠪᠠᠨ ᠶᠡᠬᠡ ᠵᠢ ᠰᠠᠨᠠᠭ᠋ᠠᠷᠬᠠᠵᠤ ᠪᠣᠯᠬᠤ ᠦᠭᠡᠢ᠂ ᠡᠷᠬᠡᠪᠰᠢ ᠨᠠᠶ᠋ᠢᠳᠠᠪᠤᠷᠢᠵᠢᠭᠤᠯᠵᠤ ᠪᠣᠯᠬᠤᠢ᠌ᠴᠠ ᠬᠠᠷᠠᠯᠲᠠ ᠪᠠ ᠲᠥᠯᠥᠪᠯᠡᠭᠡ ᠪᠠᠢ᠌ᠬᠤ ᠬᠡᠷᠡᠭᠲᠡᠢ᠃ ᠢᠩᠭᠢᠵᠦ ᠬᠢᠬᠦ᠎ᠨᠢ ᠬᠡᠦᠬᠡᠳ᠎ᠢ ᠬᠠᠪᠰᠤᠷᠤᠨ᠂ ᠴᠢᠭᠯᠡᠯ ᠢ᠎ᠨᠢ ᠲᠣᠳᠤᠷᠬᠠᠢ᠌ᠯᠠᠵᠤ᠂ ᠪᠠᠰᠠ ᠬᠡᠦᠬᠡᠳ᠎ᠢ ᠬᠠᠪᠰᠤᠷᠴᠤ ᠰᠤᠷᠤᠯᠴᠠᠬᠤ ᠣᠷᠴᠢᠨ᠎ᠳᠤ᠎ᠨᠢ ᠨᠡᠩ ᠰᠠᠶ᠋ᠢᠨ ᠳᠠᠰᠬᠠᠨ᠎ᠠ᠃
ᠬᠡᠦᠬᠡᠳ ᠵᠶ᠋ᠠᠨ ᠳᠠᠭ᠋ᠠᠭᠤᠯᠤᠨ ᠨᠣᠮ᠎ᠤᠨ ᠰᠠᠩ ᠪᠠ ᠨᠣᠮ᠎ᠤᠨ ᠳᠡᠯᠭᠡᠭᠦᠷ ᠵᠶ᠋ᠠᠷ ᠲᠣᠭᠣᠷᠢᠨ᠎ᠠ ᠃ ᠰᠤᠷᠭ᠋ᠠᠭᠤᠯᠢ ᠡᠬᠢᠯᠡᠬᠦ᠎ᠠᠴᠠ ᠡᠮᠦᠨ᠎ᠡ᠂ ᠭᠡᠷ᠎ᠤᠨ ᠠᠬᠠᠮᠠᠳ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠲᠥᠯᠥᠪᠯᠡᠭᠡ᠎ᠲᠠᠢ᠎ᠨᠢ ᠤᠶᠠᠯᠳᠤᠭᠤᠯᠤᠨ᠂ ᠬᠡᠦᠬᠡᠳ᠎ᠲᠠᠢ᠎ᠪᠠᠨ ᠨᠣᠮ᠎ᠤᠨ ᠰᠠᠩ᠂ ᠨᠣᠮ᠎ᠤᠨ ᠳᠡᠯᠭᠡᠭᠦᠷ ᠵᠡᠷᠭᠡ ᠭᠠᠵᠠᠷ ᠣᠴᠢᠵᠤ᠂ ᠬᠡᠦᠬᠡᠳ᠎ᠤᠨ ᠳᠤᠷᠠᠲᠠᠢ ᠨᠣᠮ ᠪᠠ ᠮᠠᠲ᠋ᠧᠷᠢᠶᠠᠯ᠎ᠢ ᠡᠷᠢᠵᠦ ᠦᠵᠡᠬᠦ ᠪᠤᠶᠤ ᠬᠤᠳᠠᠯᠳᠤᠨ ᠠᠪᠴᠤ᠂ ᠬᠡᠦᠬᠡᠳ᠎ᠤᠨ ᠨᠣᠮ ᠤᠩᠰᠢᠬᠤ ᠳᠤᠷ᠎ᠠ ᠰᠣᠨᠢᠷᠬᠠᠯ᠎ᠢ ᠬᠥᠮᠦᠵᠢᠭᠦᠯᠵᠦ᠂ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠵᠣᠬᠢᠰᠲᠠᠢ ᠪᠡᠯᠡᠳᠬᠡᠯ ᠬᠢᠨ᠎ᠡ᠃
ᠬᠡᠦᠬᠡᠳ ᠵᠶ᠋ᠠᠨ ᠵᠣᠬᠢᠰᠲᠠᠢ ᠳᠠᠪᠲᠠᠬᠤ ᠪᠤᠶᠤ ᠤᠷᠢᠳᠴᠢᠯᠠᠨ ᠰᠤᠷᠬᠤ᠎ᠪᠠᠷ ᠬᠥᠲᠥᠯᠥᠨ ᠵᠢᠯᠣᠭᠣᠳᠤᠨ᠎ᠠ᠃ ᠨᠢᠭᠡ ᠠᠮᠠᠷᠠᠯᠲᠠ ᠵᠢᠨ ᠬᠤᠭᠤᠴᠠᠭ᠎ᠠ ᠥᠩᠭᠡᠷᠡᠪᠡᠯ᠂ ᠬᠡᠦᠬᠡᠳ ᠳᠡᠭᠡᠷ᠎ᠡ ᠬᠤᠭᠤᠴᠠᠭ᠋ᠠᠨ᠎ᠤ ᠰᠤᠷᠤᠭᠰᠠᠨ ᠮᠡᠳᠡᠯᠭᠡ᠎ᠪᠠᠨ ᠮᠠᠷᠲᠠᠬᠤ ᠪᠣᠯᠤᠯᠴᠠᠭ᠎ᠠ᠎ᠲᠠᠢ᠂ ᠴᠠᠭ ᠭᠠᠷᠭ᠋ᠠᠵᠤ ᠪᠠᠶ᠋ᠢᠭ᠋ᠠᠳ ᠭᠣᠣᠯ ᠮᠡᠳᠡᠯᠭᠡ ᠵᠢᠨ ᠴᠡᠭ᠎ᠢ ᠡᠷᠭᠢᠴᠡᠭᠦᠯᠵᠦ ᠪᠣᠯᠤᠨ᠎ᠠ᠃ ᠡᠭᠦᠨ᠎ᠤ ᠬᠠᠮᠲᠤ ᠪᠠᠰᠠ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠵᠢᠭ᠋ᠠᠬᠤ ᠮᠠᠲ᠋ᠧᠷᠢᠶᠠᠯ᠎ᠢ ᠵᠣᠬᠢᠰᠲᠠᠢ ᠤᠷᠢᠳᠴᠢᠯᠠᠨ ᠦᠵᠡᠬᠦ ᠪᠤᠶᠤ ᠰᠤᠷᠪᠠᠯ᠂ ᠰᠢᠨ᠎ᠡ ᠬᠠᠭᠤᠴᠢᠨ ᠮᠡᠳᠡᠯᠭᠡ ᠵᠢ ᠰᠢᠭᠤᠳ ᠵᠣᠯᠭ᠋ᠠᠭᠤᠯᠬᠤ᠎ᠳᠤ ᠠᠰᠢᠭᠲᠠᠢ ᠶᠤᠮ᠃
ᠭᠡᠪᠡᠴᠦ ᠭᠡᠷ᠎ᠤᠨ ᠠᠬᠠᠮᠠᠳ᠎ᠲᠤ ᠰᠠᠨᠠᠭᠤᠯᠬᠤ᠎ᠨᠢ᠂ ᠬᠡᠦᠬᠡᠳ ᠵᠣᠬᠢᠰᠲᠠᠢ ᠤᠷᠢᠳᠴᠢᠯᠠᠨ ᠦᠵᠡᠵᠦ᠂ ᠰᠢᠨ᠎ᠡ ᠮᠡᠳᠡᠯᠭᠡ ᠵᠢ ᠤᠷᠢᠳᠴᠢᠯᠠᠨ ᠰᠤᠷᠬᠤ ᠦᠭᠡᠢ᠂ ᠢᠩᠭᠢᠪᠡᠯ ᠬᠡᠦᠬᠡᠳ ᠵᠢᠩᠬᠢᠨᠢ᠎ᠪᠠᠷ ᠡᠬᠢᠯᠡᠵᠦ ᠰᠤᠷᠬᠤ ᠦᠶ᠎ᠡ᠎ᠳᠤ ᠰᠣᠨᠢᠷᠬᠠᠯᠲᠠᠢ ᠰᠠᠨᠠᠭᠳᠠᠨ᠎ᠠ᠃