ᠤᠯᠤᠰ᠎ᠤᠨ ᠬᠢᠮᠡᠯ ᠣᠶᠤᠨ ᠪᠣᠯᠤᠨ ᠰᠤᠷᠭ᠋ᠠᠨ ᠬᠥᠮᠦᠵᠢᠯ᠎ᠤᠨ ᠭᠦᠨᠵᠡᠭᠡᠢ ᠠᠭᠤᠰᠤᠯᠴᠠᠭ᠎ᠠ ᠵᠢ ᠲᠦᠷᠭᠡᠳᠬᠡᠬᠦ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠢᠮᠡᠯ ᠣᠶᠤᠨ᠎ᠤ ᠮᠡᠷᠭᠡᠵᠢᠯ᠎ᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠰᠢᠨ᠎ᠡ ᠵᠢ ᠡᠭᠦᠳᠬᠦ᠎ᠳᠤ ᠬᠡᠷᠡᠭᠯᠡᠬᠦ ᠵᠢ ᠠᠬᠢᠭᠤᠯᠵᠤ᠂ ᠪᠠᠭᠰᠢ ᠵᠢᠨ ᠡᠩᠨᠡᠭᠡᠨ᠎ᠤ ᠲᠣᠭ᠋ᠠᠵᠢᠭᠤᠯᠤᠭᠰᠠᠨ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ ᠵᠢᠨ ᠲᠥᠯᠦᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠬᠢᠮᠡᠯ ᠣᠶᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠎ᠳᠤ ᠡᠨᠧᠷᠭᠢ ᠣᠯᠭᠣᠬᠤ ᠰᠦᠯᠵᠢᠶᠡᠨ᠎ᠳᠠᠬᠢ ᠵᠢᠭ᠋ᠠᠬᠤ ᠵᠢ ᠰᠤᠳᠤᠯᠬᠤ ᠰᠢᠷᠢᠰ ᠠᠵᠢᠯᠯᠠᠭ᠎ᠠ ᠵᠢ ᠡᠷᠬᠢᠯᠡᠪᠡ᠃
ᠲᠤᠰ ᠬᠤᠭᠤᠴᠠᠭ᠋ᠠᠨ᠎ᠤ 《ᠬᠢᠮᠡᠯ ᠣᠶᠤᠨ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠎ᠳᠤ ᠡᠨᠧᠷᠭᠢ ᠣᠯᠭᠣᠬᠤ ᠰᠤᠳᠤᠯᠤᠨ ᠶᠠᠷᠢᠯᠴᠠᠬᠤ ᠬᠤᠷᠠᠯ》 ᠦᠬᠠᠨ ᠬᠣᠲᠠ ᠵᠢᠨ ᠳ᠋ᠦᠩ ᠰᠢ ᠬᠣ᠌ ᠲᠣᠭᠣᠷᠢᠭ᠎ᠤᠨ ᠪᠠᠢ ᠵᠢᠩ ᠸᠠᠨ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠪᠠᠭᠰᠢ ᠳ᠋ᠦ᠋ ᠴᠢᠩ᠂ ᠦᠬᠠᠨ ᠬᠣᠲᠠ ᠵᠢᠨ ᠳ᠋ᠦᠩ ᠰᠢ ᠬᠣ᠌ ᠲᠣᠭᠣᠷᠢᠭ᠎ᠤᠨ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠵᠢᠭ᠋ᠠᠬᠤ ᠵᠢ ᠰᠤᠳᠤᠯᠤᠭᠴᠢ ᠸᠠᠩ ᠸᠧᠨ ᠬᠣᠩ᠎ᠢ ᠤᠷᠢᠵᠤ ᠬᠢᠴᠢᠶᠡᠯ ᠣᠷᠣᠭᠤᠯᠬᠤ᠎ᠪᠠᠷ ᠪᠣᠢ᠂ ᠲᠤᠬᠠᠢ ᠵᠢᠨ ᠴᠠᠭ᠎ᠲᠤ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠨ᠎ᠠ᠃
