ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠵᠦ᠂ ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ᠃ 《5·4》᠎ᠤ ᠵᠠᠯᠠᠭᠤᠴᠤᠳ᠎ᠤᠨ ᠪᠠᠶᠠᠷ᠎ᠤᠨ ᠲᠠᠰᠢᠷᠠᠮ ᠵᠶ᠋ᠠᠷ᠂ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠪᠠᠭᠰᠢ ᠰᠤᠷᠤᠭᠴᠢᠳ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠬᠡᠯᠪᠡᠷᠢ᠎ᠪᠠᠷ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ᠎ᠤᠨ ᠬᠤᠪᠢᠰᠬᠠᠯᠲᠤ ᠤᠳᠤᠮᠰᠢᠯ᠎ᠢ ᠤᠯᠠᠮᠵᠢᠯᠠᠨ ᠪᠠᠳᠠᠷᠠᠭᠤᠯᠬᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ ᠨᠠᠮ ᠵᠶ᠋ᠠᠨ ᠡᠭᠦᠷᠢᠳᠡ ᠲᠠᠭ᠋ᠠᠬᠤ ᠬᠠᠯᠠᠭᠤᠨ ᠰᠡᠳᠬᠢᠯᠭᠡ ᠵᠢ ᠭᠦᠨᠵᠡᠭᠡᠢ ᠢᠯᠡᠳᠬᠡᠵᠡᠢ᠃
ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ

ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠪᠣᠯ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠥᠪ᠂ ᠲᠡᠤᠬᠡ ᠰᠣᠶᠣᠯ᠎ᠤᠨ ᠨᠠᠷᠠᠲᠤ ᠬᠣᠲᠠ ᠬᠥᠬᠡᠬᠣᠲᠠ᠎ᠳᠤ ᠪᠠᠶ᠋ᠢᠷᠢᠯᠠᠵᠤ᠂ ᠪᠡᠭᠡᠵᠢᠩ᠎ᠠᠴᠠ 400 ᠭᠠᠷᠤᠶ ᠺᠢᠯᠣᠮᠧᠲᠷ ᠵᠠᠶ᠋ᠢᠲᠠᠶ ᠶᠤᠮ᠂ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠪᠣᠯ ᠪᠦᠭᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ᠎ᠤ ᠳᠠᠷᠠᠭ᠎ᠠ᠂ ᠨᠠᠮ ᠪᠠ ᠤᠯᠤᠰ᠎ᠠᠴᠠ ᠴᠥᠭᠡᠨ ᠲᠣᠭ᠋ᠠᠲᠤ ᠦᠨᠳᠦᠰᠦᠲᠡᠨ᠎ᠤ ᠭᠠᠵᠠᠷ ᠣᠷᠣᠨ᠎ᠳᠤ ᠪᠠᠶ᠋ᠢᠭᠤᠯᠤᠭᠰᠠᠨ ᠠᠩᠬᠠᠳᠠᠭᠴᠢ ᠶᠡᠷᠦᠩᠬᠡᠶ᠋ᠢᠯᠡᠭᠰᠡᠨ ᠶᠡᠬᠡ ᠰᠤᠷᠭ᠋ᠠᠭᠤᠯᠢ ᠪᠣᠯᠤᠨ᠎ᠠ᠃ ᠲᠤᠰ ᠰᠤᠷᠭ᠋ᠠᠭᠤᠯᠢ ᠵᠢ 1957 ᠣᠨ᠎ᠳᠤ ᠥᠨᠳᠦᠷ ᠲᠦᠪᠰᠢᠨ ᠵᠶ᠋ᠠᠷ ᠪᠠᠶ᠋ᠢᠭᠤᠯᠵᠤ᠂ ᠲᠤᠬᠠᠶ ᠵᠢᠨ ᠦᠶ᠎ᠡ᠎ᠳᠤ ᠲᠥᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠶ ᠰᠠᠶ᠋ᠢᠳ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠠᠢ᠌ᠭᠰᠠᠨ ᠤᠯᠠᠭ᠋ᠠᠨᠬᠦᠦ ᠠᠩᠬᠠᠳᠠᠭᠴᠢ ᠰᠤᠷᠭ᠋ᠠᠭᠤᠯᠢ ᠵᠢᠨ ᠵᠠᠬᠢᠷᠤᠯ᠎ᠤᠨ ᠲᠤᠰᠢᠶᠠᠯ᠎ᠢ ᠡᠭᠦᠷᠭᠡᠯᠡᠵᠦ᠂ ᠤᠤᠯ᠎ᠤᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠶᠠᠮᠤᠨ᠎ᠤ ᠶᠡᠷᠦᠩᠬᠡᠶ᠋ᠢᠯᠡᠭᠰᠡᠨ ᠶᠡᠬᠡ ᠰᠤᠷᠭ᠋ᠠᠭᠤᠯᠢ ᠵᠢᠨ ᠵᠤᠷᠭ᠋ᠠᠨ᠎ᠤ ᠳᠡᠳ᠋ ᠳᠠᠷᠤᠭ᠎ᠠ ᠢᠦᠢ ᠪᠸᠢ ᠴᠧᠨ ᠳᠡᠳ᠋ ᠵᠠᠬᠢᠷᠤᠯ᠎ᠤᠨ ᠲᠤᠰᠢᠶᠠᠯ᠎ᠢ ᠡᠭᠦᠷᠭᠡᠯᠡᠵᠦ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠡᠷᠳᠡᠮ ᠰᠢᠨᠵᠢᠯᠡᠭᠡᠨ᠎ᠤ ᠬᠡᠯᠲᠡᠰ᠎ᠤᠨ ᠭᠡᠰᠢᠭᠦᠨ᠂ ᠠᠯᠳᠠᠷᠲᠤ ᠠᠮᠢᠳᠤ ᠪᠣᠳᠠᠰ᠎ᠤᠨ ᠤᠬᠠᠭ᠋ᠠᠨᠲᠠᠨ᠂ ᠪᠡᠭᠡᠵᠢᠩ ᠶᠡᠬᠡ ᠰᠤᠷᠭ᠋ᠠᠭᠤᠯᠢ ᠵᠢᠨ ᠨᠢᠭᠡᠳᠦᠭᠡᠷ ᠳᠡᠰ᠎ᠤᠨ ᠫᠷᠣᠹᠧᠰᠰᠤᠷ᠂ ᠶᠧᠯᠦ ᠶᠡᠬᠡ ᠰᠤᠷᠭ᠋ᠠᠭᠤᠯᠢ ᠵᠢᠨ ᠳ᠋ᠣᠺᠲ᠋ᠣᠷ ᠯᠢ ᠵᠢᠶ ᠳ᠋ᠦᠩ ᠠᠪᠤᠭ᠋ᠠᠶ ᠰᠤᠷᠭ᠋ᠠᠭᠤᠯᠢ᠎ᠳᠤ ᠢᠷᠡᠵᠦ ᠪᠠᠭᠰᠢᠯᠠᠭᠰᠠᠨ ᠪᠥᠭᠡᠳ ᠡᠷᠳᠡᠮ ᠰᠢᠨᠵᠢᠯᠡᠭᠡᠨ᠎ᠢ ᠬᠠᠮᠢᠶᠠᠷᠬᠤ ᠳᠡᠳ᠋ ᠵᠠᠬᠢᠷᠤᠯ᠎ᠤᠨ ᠲᠤᠰᠢᠶᠠᠯ᠎ᠢ ᠡᠭᠦᠷᠭᠡᠯᠡᠪᠡ᠃ ᠨᠠᠮ ᠪᠠ ᠵᠠᠰᠠᠭ᠎ᠤᠨ ᠣᠷᠳᠣᠨ᠎ᠠᠴᠠ ᠪᠡᠭᠡᠵᠢᠩ ᠶᠡᠬᠡ ᠰᠤᠷᠭ᠋ᠠᠭᠤᠯᠢ ᠵᠡᠷᠭᠡ ᠤᠯᠤᠰ᠎ᠤᠨ ᠳᠣᠲᠣᠭ᠋ᠠᠳᠤ ᠵᠢᠨ ᠠᠷᠪᠠᠨ ᠬᠡᠳᠦᠨ ᠠᠯᠳᠠᠷᠲᠤ ᠳᠡᠭᠡᠳᠦ ᠰᠤᠷᠭ᠋ᠠᠭᠤᠯᠢ᠎ᠠᠴᠠ ᠨᠢᠭᠡ ᠪᠦᠯᠦᠭ ᠠᠯᠳᠠᠷᠲᠤ ᠰᠢᠨᠵᠢᠯᠡᠭᠡᠨ᠎ᠤ ᠰᠠᠯᠠᠭ᠋ᠠᠨ᠎ᠤ ᠲᠠᠭ᠋ᠠᠭᠤᠯᠤᠬ᠍ᠴᠢ ᠪᠠ ᠡᠷᠳᠡᠮ ᠰᠢᠨᠵᠢᠯᠡᠭᠡᠨ᠎ᠤ ᠭᠣᠣᠯᠯᠠᠭᠴᠢ ᠬᠦᠴᠦᠨ᠎ᠢ ᠰᠣᠩᠭᠣᠨ ᠲᠣᠮᠢᠯᠠᠵᠤ᠂ ᠰᠤᠷᠭ᠋ᠠᠭᠤᠯᠢ ᠪᠠᠶ᠋ᠢᠭᠤᠯᠤᠭᠳᠠᠭᠰᠠᠨ ᠡᠬᠢᠨ᠎ᠤ ᠦᠶ᠎ᠡ᠎ᠳᠤ ᠥᠨᠳᠦᠷ ᠵᠡᠷᠭᠡ ᠵᠢᠨ ᠪᠠᠭᠰᠢ ᠵᠢᠨ ᠡᠩᠨᠡᠭᠡ ᠵᠢ ᠵᠣᠬᠢᠶᠠᠨ ᠪᠠᠶ᠋ᠢᠭᠤᠯᠵᠤ᠂ ᠨᠡᠷᠡᠲᠦ ᠰᠤᠷᠭ᠋ᠠᠭᠤᠯᠢ ᠵᠢᠨ ᠥᠨᠢ ᠤᠳᠠᠭ᠋ᠠᠨ᠎ᠤ ᠰᠤᠷᠭ᠋ᠠᠭᠤᠯᠢ᠎ᠪᠠᠨ ᠵᠠᠰᠠᠬᠤ ᠤᠯᠠᠮᠵᠢᠯᠠᠯ ᠪᠠ ᠡᠷᠬᠢᠮ ᠳᠡᠭᠡᠳᠦ ᠶᠡᠬᠡ ᠰᠤᠷᠭ᠋ᠠᠭᠤᠯᠢ ᠵᠢᠨ ᠵᠣᠷᠢᠭ ᠰᠠᠨᠠᠭ᠎ᠠ ᠵᠢ ᠣᠷᠣᠭᠤᠯᠵᠤ᠂ ᠰᠤᠷᠭ᠋ᠠᠭᠤᠯᠢ ᠵᠢᠨ ᠬᠣᠶ᠋ᠢᠰᠢᠳᠠ ᠵᠢᠨ ᠬᠥᠭᠵᠢᠯᠲᠡ᠎ᠳᠤ ᠰᠤᠷᠭ᠋ᠠᠭᠤᠯᠢ ᠡᠷᠬᠢᠯᠡᠬᠦ ᠪᠠᠲᠤ ᠪᠡᠬᠢ ᠰᠠᠭᠤᠷᠢ ᠵᠢ ᠲᠠᠯᠪᠢᠭᠰᠠᠨ ᠪᠠ ᠰᠢᠯᠢᠳᠡᠭ ᠰᠠᠢ᠍ᠢ᠍ᠨ ᠰᠤᠷᠤᠯᠴᠠᠬᠤ ᠰᠤᠷᠲᠠᠯ ᠰᠤᠷᠭ᠋ᠠᠭᠤᠯᠢ ᠵᠢᠨ ᠰᠤᠷᠲᠠᠯ᠎ᠢ ᠪᠣᠢ ᠪᠣᠯᠭ᠋ᠠᠭᠰᠠᠨ ᠪᠠᠶ᠋ᠢᠨ᠎ᠠ᠃

ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ 1962 ᠣᠨ᠎ᠠᠴᠠ ᠡᠬᠢᠯᠡᠨ ᠰᠣᠳᠤᠯᠬᠤ ᠰᠤᠷᠤᠭᠴᠢ ᠡᠯᠰᠡᠵᠦ᠂ 1978 ᠣᠨ᠎ᠳᠤ ᠪᠦᠬᠦ ᠤᠯᠤᠰ᠎ᠤᠨ ᠭᠣᠣᠯᠳᠠᠯᠭ᠋ᠠᠲᠠᠢ ᠶᠡᠬᠡ ᠰᠤᠷᠭ᠋ᠠᠭᠤᠯᠢ᠎ᠪᠠᠷ ᠲᠣᠭᠳᠠᠭ᠋ᠠᠭᠳᠠᠵᠤ᠂ 1984 ᠣᠨ᠎ᠳᠤ ᠳ᠋ᠣᠺᠲ᠋ᠣᠷ ᠴᠣᠯᠠ ᠣᠯᠭᠣᠬᠤ ᠡᠷᠬᠡ ᠵᠢ ᠣᠯᠵᠤ᠂ 1997 ᠣᠨ᠎ᠳᠤ ᠤᠯᠤᠰ᠎ᠤᠨ 《211 ᠢᠨᠵᠧᠨᠧᠷᠢᠩ》᠎ᠤᠨ ᠭᠣᠣᠯᠳᠠᠯᠭ᠋ᠠᠲᠠᠢ ᠪᠦᠲᠦᠭᠡᠨ ᠪᠠᠶ᠋ᠢᠭᠤᠯᠤᠯᠲᠠ ᠵᠢᠨ ᠳᠡᠭᠡᠳᠦ ᠰᠤᠷᠭ᠋ᠠᠭᠤᠯᠢ᠎ᠪᠠᠷ ᠵᠥᠪᠰᠢᠶᠡᠷᠡᠭᠳᠡᠵᠦ᠂ 2004 ᠣᠨ᠎ᠳᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠰᠤᠷᠭ᠋ᠠᠨ ᠬᠦᠮᠤᠵᠢᠯ᠎ᠤᠨ ᠶᠠᠮᠤᠨ᠎ᠤ 《ᠮᠤᠵᠢ ᠪᠠ ᠶᠠᠮᠤᠨ ᠬᠠᠮᠲᠤᠷᠠᠨ ᠪᠠᠶ᠋ᠢᠭᠤᠯᠤᠭᠰᠠᠨ》 ᠶᠡᠬᠡ ᠰᠤᠷᠭ᠋ᠠᠭᠤᠯᠢ ᠪᠣᠯᠵᠤ᠂ 2012 ᠣᠨ᠎ᠳᠤ ᠤᠯᠤᠰ᠎ᠤᠨ 《ᠳᠤᠮᠳᠠ ᠪᠠᠷᠠᠭᠤᠨ ᠣᠷᠣᠨ᠎ᠤ ᠳᠡᠭᠡᠳᠦ ᠰᠤᠷᠭ᠋ᠠᠭᠤᠯᠢ ᠵᠢᠨ ᠶᠡᠷᠦᠩᠬᠡᠶ᠋ᠢᠯᠡᠭᠰᠡᠨ ᠪᠣᠳᠠᠲᠤ ᠬᠦᠴᠦᠨ᠎ᠢ ᠳᠡᠭᠡᠭᠰᠢᠯᠡᠭᠦᠯᠬᠦ ᠲᠥᠯᠥᠪᠯᠡᠭᠡ》 ᠵᠢᠨ ᠳᠡᠭᠡᠳᠦ ᠰᠤᠷᠭ᠋ᠠᠭᠤᠯᠢ (《ᠨᠢᠭᠡ ᠮᠤᠵᠢ ᠨᠢᠭᠡ ᠰᠤᠷᠭ᠋ᠠᠭᠤᠯᠢ》)᠎ᠪᠠᠷ ᠰᠣᠩᠭᠤᠭᠳᠠᠵᠤ᠂ 2016 ᠣᠨ᠎ᠳᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠡᠷᠢᠭᠦᠨ ᠵᠡᠷᠭᠡ ᠵᠢᠨ ᠶᠡᠬᠡ ᠰᠤᠷᠭ᠋ᠠᠭᠤᠯᠢ ᠵᠢᠨ ᠪᠥᠲᠥᠭᠡᠨ ᠪᠠᠶ᠋ᠢᠭᠤᠯᠤᠯᠲᠠ ᠵᠢ ᠳᠡᠮᠵᠢᠬᠦ ᠳᠡᠭᠡᠳᠦ ᠰᠤᠷᠭ᠋ᠠᠭᠤᠯᠢ ᠪᠣᠯᠵᠣ᠂ 2017 ᠣᠨ᠎ᠳᠤ ᠤᠯᠤᠰ᠎ᠤᠨ ᠲᠡᠷᠢᠭᠦᠨ ᠵᠡᠷᠭᠡ ᠵᠢᠨ ᠰᠢᠨᠵᠢᠯᠡᠭᠡᠨ᠎ᠤ ᠰᠠᠯᠠᠭ᠋ᠠᠨ᠎ᠤ ᠪᠥᠲᠥᠭᠡᠨ ᠪᠠᠶ᠋ᠢᠭᠤᠯᠤᠯᠲᠠ ᠵᠢᠨ ᠳᠡᠭᠡᠳᠦ ᠰᠤᠷᠭ᠋ᠠᠭᠤᠯᠢ᠎ᠪᠠᠷ ᠰᠣᠩᠭᠤᠭᠳᠠᠵᠤ᠂ 2018 ᠣᠨ᠎ᠳᠤ ᠰᠤᠷᠭ᠋ᠠᠨ ᠬᠦᠮᠤᠵᠢᠯ᠎ᠤᠨ ᠶᠠᠮᠤᠨ ᠪᠠ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤᠷᠠᠨ ᠪᠠᠶ᠋ᠢᠭᠤᠯᠤᠭᠰᠠᠨ ᠳᠡᠭᠡᠳᠦ ᠰᠤᠷᠭ᠋ᠠᠭᠤᠯᠢ ᠪᠣᠯᠪᠠ᠃

2019 ᠣᠨ᠎ᠤ 7 ᠰᠠᠷ᠎ᠠ ᠵᠢᠨ 16᠎ᠤ ᠡᠳᠦᠷ᠂ ᠶᠡᠷᠦᠩᠬᠡᠶ ᠱᠦᠵᠢ ᠰᠢ ᠵᠢᠨ ᠫᠢᠩ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ᠎ᠳᠤ ᠠᠵᠢᠯ ᠪᠠᠶ᠋ᠢᠴᠠᠭ᠋ᠠᠬᠤ ᠵᠢᠨ ᠬᠠᠮᠲᠤ ᠪᠠᠭᠰᠢ ᠰᠤᠷᠤᠭᠴᠢᠳ᠎ᠢ ᠪᠣᠯᠭᠣᠭ᠋ᠠᠨ ᠦᠵᠡᠵᠦ᠂ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢ ᠠᠮᠢᠳᠤᠯᠢᠭ ᠵᠶ᠋ᠠᠷ ᠰᠤᠷᠭ᠋ᠠᠭᠤᠯᠢ ᠡᠷᠬᠢᠯᠡᠵᠦ᠂ ᠥᠷᠢᠰᠥᠯᠳᠦᠭᠡᠨ ᠵᠶ᠋ᠠᠷ ᠳᠠᠮᠵᠢᠨ ᠬᠥᠭᠵᠢᠵᠦ᠂ ᠢᠯᠡ ᠲᠣᠳᠣ ᠣᠨᠴᠠᠯᠢᠭ᠎ᠲᠠᠢ ᠲᠡᠷᠢᠭᠦᠨ ᠵᠡᠷᠭᠡ ᠵᠢᠨ ᠶᠡᠬᠡ ᠰᠤᠷᠭ᠋ᠠᠭᠤᠯᠢ ᠪᠣᠯᠭ᠋ᠠᠬᠤ ᠬᠡᠷᠡᠭᠲᠡᠶ ᠭᠡᠵᠦ ᠨᠠᠶ᠋ᠢᠳᠠᠪᠠ; ᠮᠣᠩᠭᠤᠯ ᠬᠡᠯᠡᠨ᠎ᠤ ᠡᠷᠲᠡᠨ᠎ᠤ ᠨᠣᠮ ᠪᠢᠴᠢᠭ᠎ᠢ ᠴᠤᠭᠯᠠᠭᠤᠯᠬᠤ᠂ ᠡᠮᠬᠢᠳᠬᠡᠬᠦ᠂ ᠬᠠᠮᠠᠭ᠋ᠠᠯᠠᠬᠤ ᠵᠢ ᠴᠢᠩᠭ᠋ᠠᠳᠬᠠᠵᠤ᠂ ᠡᠭᠦᠨ᠎ᠳᠤ ᠠᠭᠤᠯᠤᠭᠳᠠᠵᠤ ᠪᠠᠶ᠋ᠢᠭ᠎ᠠ ᠦᠨᠳᠤᠰᠤᠲᠠᠨ᠎ᠤ ᠪᠦᠯᠭᠦᠮᠳᠡᠯ ᠳᠠᠪᠰᠢᠯᠲᠠ ᠵᠢᠨ ᠦᠵᠡᠯ ᠰᠠᠨᠠᠭ᠋ᠠᠨ᠎ᠤ ᠠᠭᠤᠯᠤᠭᠳᠠᠬᠤᠨ᠎ᠢ ᠢᠯᠡᠷᠡᠭᠦᠯᠦᠨ ᠪᠠᠳᠠᠷᠠᠭᠤᠯᠵᠤ᠂ ᠡᠯ᠎ᠡ ᠦᠨᠳᠦᠰᠦᠲᠡᠨ᠎ᠤ ᠠᠷᠠᠳ ᠲᠦᠮᠡᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ ᠵᠢ ᠵᠣᠷᠢᠭᠵᠢᠭᠤᠯᠪᠠ; ᠰᠤᠷᠤᠭᠴᠢᠳ᠎ᠢ ᠠᠯᠤᠰ ᠬᠡᠳᠤ ᠵᠢᠨ ᠵᠣᠷᠢᠯᠲᠠ᠎ᠲᠠᠢ᠂ ᠯᠠᠪᠳᠠᠭᠤᠨ ᠪᠠᠲᠤᠲᠠᠢ ᠪᠠᠢ᠌ᠵᠤ᠂ ᠮᠡᠳᠡᠯᠭᠡ ᠵᠢ ᠰᠠᠶ᠋ᠢᠲᠤᠷ ᠰᠤᠷᠴᠤ᠂ ᠰᠠᠭᠤᠷᠢ᠎ᠪᠠᠨ ᠰᠠᠶ᠋ᠢᠲᠤᠷ ᠲᠠᠯᠪᠢᠵᠤ᠂ ᠡᠷᠳᠡᠮ ᠴᠢᠳᠠᠪᠤᠷᠢ᠎ᠪᠠᠨ ᠨᠡᠮᠡᠭᠳᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠳᠤ ᠥᠪᠡᠷ᠎ᠤᠨ ᠤᠶᠤᠨ ᠤᠬᠠᠭ᠋ᠠᠨ ᠪᠣᠯᠤᠨ ᠬᠦᠴᠦᠨ ᠴᠢᠳᠠᠯ ᠵᠶ᠋ᠠᠨ ᠡᠷᠭᠦᠭᠡᠷᠡᠢ ᠭᠡᠵᠦ ᠵᠣᠷᠢᠭᠵᠢᠭᠤᠯᠤᠨ᠂ ᠨᠠᠮ ᠪᠣᠯᠤᠨ ᠤᠯᠤᠰ᠎ᠠᠴᠠ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢ ᠳᠣᠲᠣᠨᠣ᠎ᠪᠠᠷ ᠬᠠᠯᠠᠮᠵᠢᠯᠠᠵᠤ ᠪᠠᠶ᠋ᠢᠨ᠎ᠠ ᠭᠡᠪᠡ᠃

ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ᠎ᠨᠢ ᠰᠤᠷᠭ᠋ᠠᠭᠤᠯᠢ ᠵᠢᠨ ᠶᠡᠷᠦᠩᠬᠡᠶ ᠵᠠᠬᠢᠷᠭ᠎ᠠ᠂ ᠵᠠᠮ ᠬᠠᠷᠢᠯᠴᠠᠭ᠋ᠠᠨ᠎ᠤ ᠳᠡᠭᠡᠳᠦ ᠰᠤᠷᠭ᠋ᠠᠭᠤᠯᠢ ᠪᠠ ᠮᠠᠨᠵᠤᠤᠷ ᠳᠡᠭᠡᠳᠦ ᠰᠤᠷᠭ᠋ᠠᠭᠤᠯᠢ᠎ᠪᠠᠷ ᠪᠦᠷᠢᠯᠳᠦᠵᠦ᠂ ᠡᠭᠦᠨ᠎ᠠᠴᠠ ᠭᠠᠳᠠᠨ᠎ᠠ ᠪᠠᠰᠠ ᠨᠢᠭᠡ ᠰᠢᠨ᠎ᠡ ᠲᠣᠭᠲᠠᠴᠠ ᠰᠢᠨ᠎ᠡ ᠬᠡᠯᠪᠡᠷᠢ ᠵᠢᠨ ᠲᠤᠰᠠᠭ᠋ᠠᠷ ᠬᠣᠶᠠᠳᠤᠭ᠋ᠠᠷ ᠳᠡᠰ᠎ᠤᠨ ᠳᠡᠭᠡᠳᠦ ᠰᠤᠷᠭ᠋ᠠᠭᠤᠯᠢ — ᠦᠢ᠍ᠯᠡᠰ ᠴᠣᠭᠴᠠᠯᠠᠬᠤ ᠳᠡᠭᠡᠳᠦ ᠰᠤᠷᠭ᠋ᠠᠭᠤᠯᠢ ᠪᠣᠶ᠃ ᠰᠤᠷᠭ᠋ᠠᠭᠤᠯᠢ ᠵᠢᠨ ᠵᠠᠬᠢᠷᠭ᠎ᠠ᠎ᠳᠤ 21 ᠳᠡᠭᠡᠳᠦ ᠰᠤᠷᠭ᠋ᠠᠭᠤᠯᠢ᠎ᠲᠠᠢ᠃ ᠪᠥᠬᠥ ᠰᠤᠷᠭ᠋ᠠᠭᠤᠯᠢ ᠵᠢᠨ ᠡᠵᠡᠯᠡᠬᠦ ᠲᠠᠯᠠᠪᠠᠶ᠎ᠨᠢ 3801.5 ᠮᠥ᠍᠂ ᠪᠠᠷᠢᠯᠭ᠎ᠠ ᠵᠢᠨ ᠲᠠᠯᠠᠪᠠᠶ᠎ᠨᠢ 88.42 ᠲᠦᠮᠡᠨ ᠲᠡᠭᠰᠢ ᠳᠥᠷᠪᠡᠯᠵᠢᠨ ᠮᠧᠲᠷ᠂ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠬᠡᠮᠵᠢᠭᠦᠷᠯᠢᠭ ᠲᠥᠬᠥᠭᠡᠷᠦᠮᠵᠢ ᠵᠢᠨ ᠶᠡᠷᠦᠩᠬᠡᠶ ᠥᠷᠲᠡᠭ 11.38 ᠳ᠋ᠦᠩᠰᠢᠭᠤᠷ ᠲᠥᠭᠥᠷᠢᠭ᠎ᠲᠤ ᠬᠦᠷᠴᠡᠶ᠃ ᠡᠭᠦᠨ᠎ᠳᠤ᠂ ᠰᠤᠷᠭ᠋ᠠᠭᠤᠯᠢ ᠵᠢᠨ ᠶᠡᠷᠦᠩᠬᠡᠶ ᠵᠠᠬᠢᠷᠭ᠋ᠠᠨ᠎ᠤ ᠡᠵᠡᠯᠡᠬᠦ ᠲᠠᠯᠠᠪᠠᠶ᠎ᠨᠢ 1851.51 ᠮᠥ᠍᠂ ᠪᠠᠷᠢᠯᠭ᠎ᠠ ᠵᠢᠨ ᠲᠠᠯᠠᠪᠠᠶ᠎ᠨᠢ 73.89 ᠲᠦᠮᠡᠨ ᠲᠡᠭᠰᠢ ᠳᠥᠷᠪᠡᠯᠵᠢᠨ ᠮᠧᠲᠷ᠂ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠬᠡᠮᠵᠢᠭᠦᠷᠯᠢᠭ ᠲᠥᠬᠥᠭᠡᠷᠦᠮᠵᠢ ᠵᠢᠨ ᠶᠡᠷᠦᠩᠬᠡᠶ ᠥᠷᠲᠡᠭ᠎ᠨᠢ 10.83 ᠳ᠋ᠦᠩᠰᠢᠭᠤᠷ ᠲᠥᠭᠥᠷᠢᠭ᠎ᠲᠤ ᠬᠦᠷᠴᠡᠶ᠃ ᠨᠣᠮ᠎ᠤᠨ ᠰᠠᠩ᠎ᠳᠤ ᠬᠠᠳᠠᠭ᠋ᠠᠯᠠᠵᠤ ᠪᠠᠶ᠋ᠢᠭ᠎ᠠ ᠰᠤᠷᠪᠤᠯᠵᠢ ᠪᠢᠴᠢᠭ 351.04 ᠲᠦᠮᠡᠨ ᠳᠡᠪᠲᠡᠷ ᠪᠣᠢ᠃

ᠪᠦᠬᠦ ᠰᠤᠷᠭ᠋ᠠᠭᠤᠯᠢ᠎ᠳᠤ ᠣᠷᠣᠨ ᠲᠣᠭ᠋ᠠᠨ᠎ᠳᠤ ᠪᠠᠶ᠋ᠢᠭ᠎ᠠ ᠪᠡᠭ᠍ᠰᠢ ᠠᠵᠢᠯᠳᠡᠠ ᠠᠵᠢᠯᠴᠢᠠ 1973 ᠬᠥᠮᠦᠨ ᠪᠤᠢ᠃ ᠡᠭᠦᠨ᠎ᠳᠤ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠠᠵᠢᠯᠲᠠᠨ 1293 ᠬᠥᠮᠦᠨ᠂ ᠫᠷᠣᠹᠧᠰᠰᠤᠷ 261 ᠬᠥᠮᠦᠨ᠂ ᠳᠡᠳ᠋ ᠫᠷᠣᠹᠧᠰᠰᠤᠷ 449 ᠬᠥᠮᠦᠨ ᠪᠣᠶ; ᠰᠤᠷᠭ᠋ᠠᠭᠤᠯᠢ ᠵᠢᠨ ᠶᠡᠷᠦᠩᠬᠡᠶ ᠵᠠᠬᠢᠷᠭ᠎ᠠ᠎ᠳᠤ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠠᠵᠢᠯᠲᠠᠨ 1121 ᠬᠥᠮᠦᠨ ᠪᠠᠶ᠋ᠢᠵᠤ᠂ ᠳ᠋ᠣᠺᠲ᠋ᠣᠷ ᠴᠣᠯᠠ᠎ᠲᠠᠢ᠎ᠨᠢ 75% ᠵᠢ ᠡᠵᠡᠯᠡᠵᠦ᠂ ᠫᠷᠣᠹᠧᠰᠰᠤᠷ 253 ᠬᠥᠮᠦᠨ᠂ ᠳᠡᠳ᠋ ᠫᠷᠣᠹᠧᠰᠰᠤᠷ 384 ᠬᠥᠮᠦᠨ ᠪᠣᠶ᠃ ᠪᠥᠬᠥ ᠰᠤᠷᠭ᠋ᠠᠭᠤᠯᠢ ᠵᠢᠨ ᠡᠯ᠎ᠡ ᠳᠡᠭᠡᠳᠦ ᠰᠤᠷᠭ᠋ᠠᠭᠤᠯᠢ᠎ᠳᠤ 27502 ᠰᠣᠷᠣᠭᠴᠢ ᠪᠣᠶ᠃ ᠡᠭᠦᠨ᠎ᠳᠤ᠂ ᠵᠢᠩᠬᠢᠨᠢ ᠠᠩᠭᠢ ᠵᠢᠨ ᠰᠣᠷᠣᠭᠴᠢ 15884᠂ ᠰᠤᠳᠤᠯᠬᠤ ᠰᠣᠷᠣᠭᠴᠢ 6888᠂ ᠰᠤᠷᠭ᠋ᠠᠭᠤᠯᠢ ᠵᠢᠨ ᠵᠠᠬᠢᠷᠭ᠋ᠠᠨ᠎ᠤ ᠵᠢᠩᠬᠢᠨᠢ ᠠᠩᠭᠢ ᠵᠢᠨ ᠰᠣᠷᠣᠭᠴᠢ 13791᠂ ᠰᠤᠳᠤᠯᠬᠤ ᠰᠣᠷᠣᠭᠴᠢ 6619 ᠪᠠᠶ᠋ᠢᠵᠤ᠂ ᠳᠤᠮᠳᠠᠳᠤ ᠤᠯᠤᠰ᠎ᠲᠤ ᠢᠷᠡᠵᠦ ᠰᠤᠷᠤᠯᠴᠠᠬᠤ ᠰᠤᠷᠤᠭᠴᠢᠳ᠎ᠢ ᠵᠢᠯ᠎ᠳᠤ ᠭᠥᠯᠢᠶᠡᠨ ᠠᠪᠤᠭᠰᠠᠨ ᠰᠤᠷᠤᠭᠴᠢ ᠵᠢᠨ ᠲᠣᠭ᠎ᠠ 800 ᠰᠢᠬᠠᠮ ᠪᠠᠶ᠋ᠢᠨ᠎ᠠ᠃ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢᠳ᠎ᠤᠨ ᠳᠣᠲᠣᠷ᠎ᠠ ᠮᠣᠩᠭᠣᠯ ᠦᠨᠳᠦᠰᠦᠲᠡᠨ᠂ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ᠂ ᠣᠷᠴᠤᠨ ᠦᠨᠳᠦᠰᠦᠲᠡᠨ ᠵᠡᠷᠭᠡ ᠴᠥᠭᠡᠨ ᠲᠣᠭ᠋ᠠᠲᠤ ᠦᠨᠳᠦᠰᠦᠲᠡᠨ᠎ᠤ ᠰᠤᠷᠤᠭᠴᠢᠳ 30% ᠣᠷᠴᠢᠮ᠎ᠢ ᠡᠵᠡᠯᠡᠵᠦ ᠪᠠᠶ᠋ᠢᠨ᠎ᠠ᠃

ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ᠎ᠨᠢ ᠭᠦᠨ ᠤᠬᠠᠭ᠋ᠠᠨ᠂ ᠠᠵᠤ ᠠᠬᠤᠶ ᠵᠢᠨ ᠤᠬᠠᠭ᠋ᠠᠨ᠂ ᠬᠠᠤᠯᠢ ᠵᠢᠨ ᠤᠬᠠᠭ᠋ᠠᠨ᠂ ᠤᠳᠬ᠎ᠠ ᠵᠣᠬᠢᠶᠠᠯ᠂ ᠲᠡᠤᠬᠡ ᠵᠢᠨ ᠤᠬᠠᠭ᠋ᠠᠨ᠂ ᠪᠠᠶ᠋ᠢᠭ᠋ᠠᠯᠢ ᠵᠢᠨ ᠤᠬᠠᠭ᠋ᠠᠨ᠂ ᠲᠧᠭᠨᠢᠭ᠎ᠤᠨ ᠤᠬᠠᠭ᠋ᠠᠨ᠂ ᠲᠠᠷᠢᠶᠠᠯᠠᠩ᠎ᠤᠨ ᠤᠬᠠᠭ᠋ᠠᠨ᠂ ᠬᠠᠮᠢᠶᠠᠷᠤᠯᠲᠠ ᠵᠢᠨ ᠤᠬᠠᠭ᠋ᠠᠨ᠂ ᠤᠷᠠᠯᠢᠭ᠎ᠤᠨ ᠤᠬᠠᠭ᠋ᠠᠨ ᠵᠡᠷᠭᠡ 11 ᠶᠡᠬᠡ ᠰᠤᠷᠭ᠋ᠠᠭᠤᠯᠢ ᠵᠢᠨ ᠰᠢᠨᠵᠢᠯᠡᠭᠡᠨ᠎ᠤ ᠰᠠᠯᠠᠭ᠎ᠠ ᠵᠢ ᠬᠠᠮᠤᠷᠴᠤ᠂ ᠳᠤᠮᠳᠠᠳᠤ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠬᠡᠯᠡ ᠤᠳᠬ᠎ᠠ ᠵᠣᠬᠢᠶᠠᠯ᠂ ᠠᠮᠢᠲᠠᠨ᠎ᠤ ᠤᠬᠠᠭ᠋ᠠᠨ ᠵᠡᠷᠭᠡ ᠤᠯᠤᠰ᠎ᠤᠨ 2 ᠭᠣᠣᠯᠳᠠᠯᠭ᠋ᠠᠲᠠᠢ ᠰᠢᠨᠵᠢᠯᠡᠭᠡᠨ᠎ᠤ ᠰᠠᠯᠠᠭ᠎ᠠ᠂ ᠠᠮᠢ ᠠᠬᠤᠶ ᠵᠢᠨ ᠤᠬᠠᠭ᠋ᠠᠨ ᠵᠡᠷᠭᠡ ᠤᠯᠤᠰ᠎ᠤᠨ 1 ᠭᠣᠤᠯᠳᠠᠯᠭ᠎ᠠ ᠪᠣᠯᠭ᠋ᠠᠨ ᠬᠥᠮᠦᠵᠢᠭᠦᠯᠬᠦ ᠰᠢᠨᠵᠢᠯᠡᠭᠡᠨ᠎ᠤ ᠰᠠᠯᠠᠭ᠎ᠠ᠎ᠲᠠᠢ᠃ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ ᠪᠣᠯᠬᠤ ᠰᠢᠨᠵᠢᠯᠡᠭᠡᠨ᠎ᠤ ᠰᠠᠯᠠᠭ᠎ᠠ 18᠂ ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠬᠥᠮᠦᠵᠢᠭᠦᠯᠬᠦ ᠰᠢᠨᠵᠢᠯᠡᠭᠡᠨ᠎ᠤ ᠰᠠᠯᠠᠭ᠎ᠠ 8 ᠪᠣᠶ᠃ ᠳ᠋ᠣᠺᠲ᠋ᠣᠷ ᠴᠣᠯᠠᠯᠠᠬᠤ ᠡᠷᠬᠡᠲᠦ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠎ᠠ 12᠂ ᠳ᠋ᠣᠺᠲ᠋ᠣᠷ ᠴᠣᠯᠠᠯᠠᠬᠤ ᠡᠷᠬᠡᠲᠦ ᠬᠣᠶᠠᠳᠤᠭ᠋ᠠᠷ ᠳᠡᠰ᠎ᠤᠨ ᠰᠢᠨᠵᠢᠯᠡᠭᠡᠨ᠎ᠤ ᠰᠠᠯᠠᠭ᠎ᠠ 1 ᠪᠣᠢ᠂ ᠮᠠᠰᠲ᠋ᠧᠷ ᠴᠣᠯᠠᠯᠠᠬᠤ ᠡᠷᠬᠡᠲᠦ ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠎ᠠ 23᠂ ᠮᠠᠰᠲ᠋ᠧᠷ ᠴᠣᠯᠠᠯᠠᠬᠤ ᠡᠷᠬᠡᠲᠦ ᠬᠣᠶᠠᠳᠤᠭ᠋ᠠᠷ ᠳᠡᠰ᠎ᠤᠨ ᠰᠢᠨᠵᠢᠯᠡᠭᠡᠨ᠎ᠤ ᠰᠠᠯᠠᠭ᠎ᠠ 2᠂ ᠳᠤᠰᠬᠠᠢ ᠮᠡᠷᠭᠡᠵᠢᠯ᠎ᠤᠨ ᠮᠠᠰᠲ᠋ᠧᠷ ᠴᠣᠯᠠᠯᠠᠬᠤ ᠡᠷᠬᠡᠲᠦ ᠲᠥᠷᠥᠯ ᠵᠦᠢ᠍ᠯ (ᠡᠭᠦᠨ᠎ᠳᠤ ᠢᠨᠵᠧᠨᠧᠷᠢᠩ᠎ᠤᠨ ᠮᠠᠰᠲ᠋ᠧᠷ᠎ᠲᠤ 7 ᠢᠨᠵᠧᠨᠧᠷᠢᠩ᠎ᠤᠨ ᠬᠦᠷᠢᠶ᠎ᠡ ᠵᠢ ᠪᠠᠭᠲᠠᠭ᠋ᠠᠨ᠎ᠠ) 15 ᠪᠠᠢ᠌ᠵᠤ᠂ ᠠᠬᠠᠯᠠᠭᠴᠢ ᠳ᠋ᠣᠺᠲ᠋ᠤᠷ᠎ᠤᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠥᠷᠲᠡᠭᠡ 8 ᠪᠣᠶ᠃ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 94᠂ ᠮᠣᠩᠭᠤᠯ ᠬᠡᠯᠡ ᠤᠳᠬ᠎ᠠ ᠵᠣᠬᠢᠶᠠᠯ᠂ ᠠᠮᠢᠳᠤ ᠪᠣᠳᠠᠰ᠎ᠤᠨ ᠤᠬᠠᠭ᠋ᠠᠨ᠂ ᠠᠮᠢ ᠨᠠᠰᠤᠨ᠎ᠤ ᠰᠢᠨᠵᠢᠯᠡᠬᠦ ᠤᠬᠠᠭ᠋ᠠᠨ ᠪᠠ ᠮᠡᠷᠭᠡᠵᠢᠯ᠂ ᠲᠣᠭ᠋ᠠᠨ᠎ᠤ ᠤᠬᠠᠭ᠋ᠠᠨ ᠵᠡᠷᠭᠡ ᠤᠯᠤᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ 4᠂ ᠤᠯᠤᠰ᠎ᠤᠨ ᠤᠶᠤᠲᠠᠳ᠎ᠤᠨ ᠰᠣᠶᠣᠯ᠎ᠤᠨ ᠬᠡᠪ ᠪᠣᠯᠪᠠᠰᠤᠷᠠᠯ᠎ᠤᠨ ᠰᠠᠭᠤᠷᠢᠨ ᠭᠠᠵᠠᠷ 1 ᠪᠣᠶ᠃ ᠰᠤᠷᠭ᠋ᠠᠭᠤᠯᠢ᠎ᠳᠤ ᠮᠤᠵᠢ ᠪᠠ ᠶᠠᠮᠤᠨ᠎ᠤ ᠬᠠᠮᠲᠤ᠎ᠪᠠᠷ ᠪᠠᠶ᠋ᠢᠭᠤᠯᠤᠭᠰᠠᠨ ᠨᠤᠲᠤᠭ ᠪᠡᠯᠴᠢᠭᠡᠷ᠎ᠤᠨ ᠲᠡᠵᠢᠭᠡᠪᠦᠷᠢ ᠵᠢᠨ ᠦᠷᠡᠵᠢᠯ᠎ᠢ ᠲᠣᠬᠢᠷᠠᠭᠤᠯᠤᠨ ᠡᠵᠡᠮᠳᠡᠬᠦ ᠪᠠ ᠦᠷᠡᠵᠢᠭᠦᠯᠦᠨ ᠪᠣᠶ᠋ᠢᠵᠢᠭᠤᠯᠬᠤ ᠤᠯᠤᠰ᠎ᠤᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ 1 ᠪᠣᠶ᠂ ᠮᠣᠩᠭᠤᠯ ᠬᠡᠯᠡᠨ᠎ᠤ ᠣᠶᠤᠨᠴᠢ ᠮᠡᠳᠡᠭᠡ ᠵᠠᠩᠭᠢ ᠵᠢ ᠰᠢᠢ᠍ᠳᠪᠦᠷᠢᠯᠡᠬᠦ ᠮᠡᠷᠭᠡᠵᠢᠯ᠎ᠤᠨ ᠤᠯᠤᠰ ᠪᠠ ᠣᠷᠣᠨ ᠨᠤᠲᠤᠭ᠎ᠤᠨ ᠬᠠᠮᠲᠤᠷᠠᠭᠰᠠᠨ ᠢᠨᠵᠧᠨᠧᠷᠢᠩ᠎ᠤᠨ ᠰᠤᠳᠤᠯᠭ᠋ᠠᠨ᠎ᠤ ᠲᠥᠪ 1 ᠪᠣᠶ᠂ ᠡᠭᠦᠨ᠎ᠠᠴᠠ ᠭᠠᠳᠠᠨ᠎ᠠ ᠮᠣᠩᠭᠤᠯ ᠰᠤᠳᠤᠯᠤᠯ᠂ ᠦᠨᠳᠤᠰᠤᠲᠠᠨ᠎ᠤ ᠰᠤᠳᠤᠯᠤᠯ᠂ ᠠᠮᠢᠳᠤ ᠪᠣᠳᠠᠰ᠎ᠤᠨ ᠰᠤᠳᠤᠯᠤᠯ᠂ ᠠᠮᠢ ᠠᠬᠤᠶ ᠵᠢᠨ ᠰᠤᠳᠤᠯᠤᠯ᠂ ᠬᠢᠮᠢ ᠵᠡᠷᠭᠡ ᠬᠦᠷᠢᠶᠡᠨ᠎ᠳᠤ ᠰᠤᠷᠭ᠋ᠠᠨ ᠬᠦᠮᠤᠵᠢᠯ᠎ᠤᠨ ᠶᠠᠮᠤᠨ᠎ᠤ ᠬᠥᠮᠦᠨ ᠰᠣᠶᠣᠯ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠭᠣᠣᠯᠳᠠᠯᠭ᠋ᠠᠲᠠᠢ ᠰᠤᠳᠤᠯᠭ᠋ᠠᠨ᠎ᠤ ᠰᠠᠭᠤᠷᠢᠨ ᠭᠠᠵᠠᠷ᠂ ᠰᠤᠷᠭ᠋ᠠᠨ ᠬᠦᠮᠤᠵᠢᠯ᠎ᠤᠨ ᠶᠠᠮᠤᠨ᠎ᠤ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ᠂ ᠰᠤᠷᠭ᠋ᠠᠨ ᠬᠦᠮᠤᠵᠢᠯ᠎ᠤᠨ ᠶᠠᠮᠤᠨ᠎ᠤ ᠢᠨᠵᠧᠨᠧᠷᠢᠩ᠎ᠤᠨ ᠰᠤᠳᠤᠯᠭ᠋ᠠᠨ᠎ᠤ ᠲᠥᠪ ᠵᠡᠷᠭᠡ ᠶᠠᠮᠤᠨ᠎ᠤ ᠲᠠᠰ᠎ᠤᠨ ᠭᠣᠣᠯᠳᠠᠯᠭ᠋ᠠᠲᠠᠢ ᠰᠤᠳᠤᠯᠭ᠋ᠠᠨ᠎ᠤ ᠲᠠᠪᠴᠠᠩ 12 ᠪᠣᠶ; ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠭᠣᠣᠯ ᠪᠣᠯᠬᠤ ᠲᠤᠷᠰᠢᠯᠲᠠ ᠵᠢᠨ ᠲᠠᠰᠤᠭ᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ᠂ ᠬᠥᠮᠦᠨ ᠰᠣᠶᠤᠯ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠭᠣᠣᠯ ᠪᠣᠯᠬᠤ ᠰᠤᠳᠤᠯᠭ᠋ᠠᠨ᠎ᠤ ᠰᠠᠭᠤᠷᠢᠨ ᠭᠠᠵᠠᠷ ᠵᠡᠷᠭᠡ 42 (ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ 32᠂ ᠬᠥᠮᠦᠨ ᠰᠣᠶᠣᠯ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠲᠥᠷᠥᠯ 10) ᠪᠣᠶ᠃ ᠤᠯᠤᠰ (ᠬᠢᠯᠢ)᠎ᠤᠨ ᠭᠠᠳᠠᠨᠠᠬᠢ 105 ᠳᠡᠭᠡᠳᠦ ᠰᠤᠷᠭ᠋ᠠᠭᠤᠯᠢ ᠪᠠ ᠡᠷᠳᠡᠮ ᠰᠢᠨᠵᠢᠯᠡᠭᠡᠨ᠎ᠤ ᠪᠠᠶ᠋ᠢᠭᠤᠯᠤᠮᠵᠢ᠎ᠲᠠᠢ ᠰᠣᠯᠢᠯᠴᠠᠭ᠎ᠠ ᠪᠠ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠪᠠ᠃

《ᠦᠨᠡᠨ᠎ᠢ ᠪᠠᠷᠢᠮᠲᠠᠯᠠᠵᠤ ᠪᠣᠳᠠᠲᠠᠢ ᠵᠢ ᠡᠷᠬᠢᠮᠯᠡᠬᠦ》 ᠪᠣᠯ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ 1957 ᠣᠨ᠎ᠳᠤ ᠪᠠᠶ᠋ᠢᠭᠤᠯᠤᠭᠳᠠᠭᠰᠠᠨ᠎ᠠᠴᠠ ᠨᠠᠭ᠋ᠠᠰᠢ ᠢᠮᠠᠭᠲᠠ ᠪᠠᠷᠢᠮᠲᠠᠯᠠᠭᠰᠠᠭ᠋ᠠᠷ ᠢᠷᠡᠭᠰᠡᠨ ᠢᠷᠠᠭᠤ ᠠᠯᠳᠠᠷᠲᠤ ᠤᠯᠠᠮᠵᠢᠯᠠᠯ ᠪᠣᠯᠤᠨ᠎ᠠ᠂ ᠮᠥᠨ ᠴᠦ᠍ ᠥᠪᠥᠷ ᠮᠣᠩᠭᠣᠯ᠎ᠤᠨ ᠶᠡᠬᠡ ᠰᠤᠷᠭ᠋ᠠᠭᠤᠯᠢ ᠵᠢᠨ ᠪᠠᠭᠰᠢ ᠰᠤᠷᠤᠬ᠍ᠴᠢ ᠠᠵᠢᠯᠳᠠᠨ ᠠᠵᠢᠯᠴᠢᠨ᠎ᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠤᠨ ᠦᠨᠡᠨ ᠪᠣᠳᠠᠲᠠᠢ ᠵᠢᠷᠤᠭᠯᠠᠯ ᠪᠣᠯᠤᠨ᠎ᠠ᠂ ᠨᠡᠩ ᠴᠤ᠌ ᠦᠶ᠎ᠡ ᠦᠶ᠎ᠡ ᠵᠢᠨ ᠥᠪᠥᠷ ᠮᠣᠩᠭᠣᠯ ᠵᠢᠨ ᠶᠡᠬᠡ ᠰᠤᠷᠭ᠋ᠠᠭᠤᠯᠢ ᠵᠢᠨ᠎ᠬᠢᠨ᠎ᠳᠤ ᠬᠠᠨᠳᠤᠭᠤᠯᠤᠭᠰᠠᠨ ᠳᠣᠲᠣᠭ᠋ᠠᠳᠤ ᠬᠥᠭᠡᠭᠡᠴᠡᠯᠳᠦᠯ ᠪᠠ ᠠᠵᠢᠯᠯᠠᠭ᠋ᠠᠨ᠎ᠤ ᠵᠦᠭᠯᠡᠭᠦᠷ ᠪᠣᠯᠤᠨ᠎ᠠ᠃ ᠰᠤᠷᠭ᠋ᠠᠭᠤᠯᠢ᠎ᠨᠢ ᠠᠩᠬᠠᠳᠠᠭᠴᠢ ᠰᠤᠷᠭ᠋ᠠᠭᠤᠯᠢ ᠵᠢᠨ ᠵᠠᠬᠢᠷᠤᠯ ᠤᠯᠠᠭ᠋ᠠᠨᠬᠦᠦ ᠵᠢᠨ ᠳᠤᠷᠠᠳᠤᠭᠰᠠᠨ 《ᠳᠠᠪᠬᠤᠷ ᠡᠭᠦᠷᠭᠡ》 ᠭᠡᠬᠦ ᠰᠤᠷᠭ᠋ᠠᠭᠤᠯᠢ ᠡᠷᠬᠢᠯᠡᠬᠦ ᠦᠨᠳᠦᠰᠦᠨ ᠴᠢᠭᠯᠡᠯᠲᠡ ᠵᠢ ᠵᠢᠷᠤᠮᠯᠠᠪᠠ᠄ ᠴᠢᠨᠠᠷ ᠴᠢᠨᠰᠠᠭ᠎ᠠ ᠪᠣᠯᠤᠨ ᠬᠢᠷᠢ ᠲᠦᠪᠰᠢᠨ᠎ᠢ ᠴᠢᠬᠤᠯᠠᠴᠢᠯᠠᠵᠤ᠂ ᠪᠦᠬᠦ ᠤᠯᠤᠰ᠎ᠤᠨ ᠵᠣᠬᠢᠬᠤ ᠥᠨᠳᠥᠷ ᠲᠦᠪᠰᠢᠨ᠎ᠳᠤ ᠬᠦᠷᠭᠡᠵᠦ᠂ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠡᠭᠡᠳᠦ ᠰᠤᠷᠭ᠋ᠠᠭᠤᠯᠢ ᠪᠣᠯᠬᠤ᠎ᠪᠠᠷ ᠪᠠᠷᠠᠬᠤ ᠦᠭᠡᠢ ᠪᠠᠰᠠ ᠦᠪᠦᠷ ᠮᠤᠨᠭ᠌ᠭᠤᠯ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠬᠦ᠂ ᠴᠥᠭᠡᠨ ᠲᠣᠭ᠋ᠠᠲᠤ ᠦᠨᠳᠦᠰᠦᠲᠡᠨ᠎ᠤ ᠰᠡᠬᠡᠭᠡᠲᠡᠨᠢ ᠬᠥᠮᠦᠵᠢᠭᠦᠯᠬᠦ ᠡᠭᠦᠷᠭᠡ ᠵᠢ ᠡᠭᠦᠷᠭᠡᠯᠡᠪᠡ᠃ 《ᠤᠮᠠᠷᠠᠲᠤ ᠬᠢᠯᠢ᠎ᠳᠤ ᠰᠠᠭᠤᠷᠢᠯᠠᠵᠤ᠂ ᠪᠥᠬᠥ ᠤᠯᠤᠰ᠎ᠲᠤ ᠬᠠᠨᠳᠤᠨ᠂ ᠬᠥᠮᠦᠨ᠎ᠢ ᠬᠥᠮᠦᠵᠢᠭᠦᠯᠬᠦ᠎ᠪᠠᠷ ᠦᠨᠳᠦᠰᠦ ᠪᠣᠯᠭ᠋ᠠᠵᠤ᠂ ᠣᠨᠴᠠᠯᠢᠭ ᠵᠶ᠋ᠠᠷ ᠰᠤᠷᠭ᠋ᠠᠭᠤᠯᠢ᠎ᠪᠠᠨ ᠬᠦᠴᠦᠷᠬᠡᠭᠵᠢᠭᠦᠯᠬᠦ》 ᠰᠤᠷᠭ᠋ᠠᠭᠤᠯᠢ ᠡᠷᠭᠢᠯᠡᠬᠦ ᠣᠨᠣᠯᠵᠢᠬᠤᠨ᠎ᠢ ᠪᠠᠷᠢᠮᠲᠠᠯᠠᠨ᠂ 《ᠵᠢᠩᠬᠢᠨᠢ ᠮᠡᠳᠡᠯᠭᠡ ᠵᠢ ᠡᠷᠬᠢᠮᠯᠡᠨ᠂ ᠭᠠᠷᠮᠠᠭ᠋ᠠᠶ ᠪᠦᠲᠦᠭᠡᠯ᠎ᠢ ᠬᠥᠭᠡᠭᠡᠴᠡᠯᠳᠦᠬᠦ》 ᠳᠣᠲᠣᠭ᠋ᠠᠳᠤ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠬᠢᠯᠢ ᠬᠢᠵᠠᠭ᠋ᠠᠷᠲᠤ ᠦᠨᠳᠦᠰᠦᠯᠡᠨ᠂ ᠪᠥᠬᠥ ᠤᠯᠤᠰ᠎ᠲᠤ ᠬᠠᠨᠳᠤᠭᠤᠯᠤᠨ᠂ ᠴᠠᠭ᠋ᠠᠰᠢᠯᠠᠨ ᠳᠡᠯᠡᠬᠡᠢ ᠵᠢ ᠪᠠᠷᠠᠯᠠᠵᠤ᠂ 《ᠬᠣᠤᠰ ᠲᠡᠷᠢᠭᠦᠨ》᠎ᠤ ᠪᠠᠶ᠋ᠢᠭᠤᠯᠤᠯᠲᠠ ᠪᠠ 《ᠶᠠᠮᠤᠨ ᠪᠠ ᠣᠷᠣᠨ ᠬᠠᠮᠲᠤᠷᠠᠨ ᠪᠠᠶ᠋ᠢᠭᠤᠯᠬᠤ》 ᠠᠵᠢᠯ᠎ᠢ ᠲᠦᠷᠭᠡᠳᠬᠡᠨ ᠠᠬᠢᠭᠤᠯᠵᠤ᠂ ᠢᠯᠡ ᠲᠣᠳᠣ ᠣᠨᠴᠠᠯᠢᠭᠲᠤ ᠲᠡᠷᠢᠭᠦᠨ ᠵᠡᠷᠭᠡ ᠵᠢᠨ ᠶᠡᠬᠡ ᠰᠤᠷᠭ᠋ᠠᠭᠤᠯᠢ ᠵᠢ ᠴᠢᠷᠮᠠᠶ᠋ᠢᠨ ᠰᠠᠶ᠋ᠢᠲᠤᠷ ᠡᠷᠭᠢᠯᠡᠵᠦ᠂ ᠤᠯᠤᠰ ᠪᠠ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠨᠠᠩ ᠶᠡᠬᠡ ᠬᠤᠪᠢ ᠨᠡᠮᠡᠷᠢ ᠦᠵᠡᠭᠦᠯᠵᠤ ᠪᠠᠢ᠌ᠨ᠎ᠠ᠃

