ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ 《ᠬᠠᠲᠤᠨ ᠭᠣᠤᠯ ᠨᠠᠶ᠋ᠢᠷᠠᠯ ᠳᠠᠭᠤᠤ》 ᠵᠢ ᠬᠠᠩᠭᠢᠨᠠᠭᠤᠯᠪᠠ
ᠨᠡᠶ᠋ᠢᠲᠡᠯᠡᠭᠰᠡᠨ ᠴᠠᠭ᠄ 2021-05-17

      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠵᠦ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠵᠠᠭ᠋ᠠᠬᠤ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠢᠳᠡᠪᠬᠢᠲᠡᠢ ᠵᠠᠯᠭ᠋ᠠᠭᠤᠯᠤᠨ   ᠳᠠᠭᠤᠯᠠᠵᠠᠭ᠋ᠠᠵᠤ ᠪᠠᠢ᠌ᠨ᠎ᠠ᠃
      ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
         —  《ᠬᠠᠲᠤᠨ ᠭᠣᠣᠯ ᠨᠠᠶ᠋ᠢᠷᠠᠯ ᠳᠠᠭᠤᠤ》


      ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ


      ᠦᠨᠳᠦᠰᠦᠨ ᠪᠠᠶ᠋ᠢᠳᠠᠯ
      ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ 2001 ᠣᠨ᠎ᠳᠤ ᠭᠠᠵᠠᠷ ᠣᠷᠣᠨ᠎ᠤ᠎ᠪᠠᠨ 7 ᠳᠡᠭᠡᠳᠦ ᠰᠤᠷᠭ᠋ᠠᠭᠤᠯᠢ ᠪᠠ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ᠎ᠢ ᠨᠡᠢ᠌ᠯᠡᠭᠦᠯᠵᠦ᠂ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠵᠶ᠋ᠠᠷ ᠪᠠᠢ᠌ᠭᠤᠯᠤᠭᠳᠠᠭᠰᠠᠨ ᠬᠢᠩᠭ᠋ᠠᠨ ᠠᠶ᠋ᠢᠮᠠᠭ᠎ᠤᠨ ᠴᠣᠷᠢ ᠵᠢᠨ ᠭᠠᠭᠴᠠ ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠯᠢᠭᠡᠷ ᠳᠠᠭᠤᠷᠢᠶᠠᠯ ᠰᠤᠷᠭ᠋ᠠᠭᠤᠯᠢ᠂ ᠮᠥᠨ ᠴᠦ᠍ ᠤᠯᠤᠰ᠎ᠤᠨ ᠳᠡᠭᠡᠳᠦ ᠳᠡᠰ᠎ᠤᠨ ᠴᠢᠳᠠᠪᠤᠷᠢᠲᠠᠨ᠎ᠤ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠪᠠ ᠪᠥᠬᠥ ᠣᠷᠣᠨ᠎ᠤ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠳᠠᠭ᠋ᠠᠭᠤᠯᠤᠭᠴᠢ ᠵᠢᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠮᠥᠨ᠂ 2017 ᠣᠨ᠎ᠳᠤ ᠪᠥᠬᠥ ᠤᠯᠤᠰ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠦᠯᠢᠭᠡᠷ ᠳᠠᠭᠤᠷᠢᠶᠠᠯ ᠳᠡᠭᠡᠳᠦ ᠰᠤᠷᠭ᠋ᠠᠭᠤᠯᠢ᠎ᠪᠠᠷ ᠦᠨᠡᠯᠡᠭᠳᠡᠵᠦ᠂ 2019 ᠣᠨ᠎ᠳᠤ ᠦᠪᠦᠷ ᠮᠤᠨᠭ᠌ᠭᠤᠯ᠎ᠤᠨ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠦᠢ᠍ᠯᠡᠳᠦᠯᠭᠡ ᠪᠠ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ ᠪᠣᠯᠵᠣ᠂ 2020 ᠣᠨ᠎ᠳᠤ ᠥᠪᠡᠷᠲᠡᠭᠡᠨ ᠵᠠᠰᠠᠬᠤ ᠣᠷᠣᠨ᠎ᠤ 《ᠨᠢᠭᠡᠳᠦᠮᠡᠯ ᠹᠷᠣᠨᠲ᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠰᠠᠭᠤᠷᠢᠨ ᠭᠠᠵᠠᠷ》 ᠪᠣᠯᠪᠠ᠃ ᠰᠤᠷᠭ᠋ᠠᠭᠤᠯᠢ ᠵᠢᠨ ᠬᠠᠭᠤᠴᠢᠨ ᠰᠤᠷᠭ᠋ᠠᠭᠤᠯᠢ ᠵᠢᠨ ᠲᠣᠭᠣᠷᠢᠭ᠎ᠤᠨ ᠡᠵᠡᠯᠡᠬᠦ ᠲᠠᠯᠠᠪᠠᠢ 350 ᠮᠦ᠍᠂ ᠲᠣᠭᠲᠠᠮᠠᠯ ᠬᠥᠷᠦᠩᠭᠡ ᠵᠢᠨ ᠶᠡᠷᠦᠩᠬᠡᠢ ᠲᠣᠭ᠎ᠠ 26701.58 ᠲᠦᠮᠡᠨ ᠲᠥᠭᠥᠷᠢᠭ᠂ ᠨᠣᠮ᠎ᠤᠨ ᠰᠠᠩ᠎ᠳᠤ ᠬᠠᠳᠠᠭ᠋ᠠᠯᠠᠵᠤ ᠪᠠᠶ᠋ᠢᠭ᠎ᠠ ᠨᠣᠮ 50 ᠲᠦᠮᠡᠨ ᠳᠡᠪᠲᠡᠷ᠂ ᠵᠢᠭ᠋ᠠᠨ ᠰᠤᠷᠭ᠋ᠠᠯᠲᠠ ᠵᠢᠨ ᠬᠡᠮᠵᠢᠭᠦᠷᠯᠢᠭ ᠲᠥᠬᠥᠭᠡᠷᠦᠮᠵᠢ ᠵᠢᠨ ᠶᠡᠷᠦᠩᠬᠡᠢ ᠦᠷᠳᠡᠭ 12625.65 ᠲᠦᠮᠡᠨ ᠲᠥᠭᠥᠷᠢᠭ᠂ ᠰᠤᠷᠭ᠋ᠠᠭᠤᠯᠢ ᠵᠢᠨ ᠭᠡᠷ ᠪᠠᠶ᠋ᠢᠰᠢᠩ᠎ᠤᠨ ᠪᠠᠷᠢᠯᠭ᠎ᠠ ᠵᠢᠨ ᠲᠠᠯᠠᠪᠠᠢ 14.47 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠡᠢ᠃ ᠡᠭᠦᠨ᠎ᠳᠤ᠂ ᠳᠠᠳᠤᠯᠭ᠎ᠠ᠂ ᠲᠤᠷᠰᠢᠯᠲᠠ ᠵᠢᠨ ᠭᠠᠵᠠᠷ᠎ᠤᠨ ᠪᠠᠷᠢᠯᠭ᠎ᠠ ᠵᠢᠨ ᠲᠠᠯᠠᠪᠠᠶ᠎ᠨᠢ 4.25 ᠲᠦᠮᠡᠨ ᠲᠡᠭᠰᠢ ᠳᠥᠷᠪᠡᠯᠵᠢᠨ ᠮᠧᠲᠷ; ᠳᠠᠳᠤᠯᠭ᠎ᠠ᠂ ᠲᠤᠷᠰᠢᠯᠲᠠ ᠵᠢᠨ ᠲᠥᠬᠥᠭᠡᠷᠦᠮᠵᠢ ᠵᠢᠨ ᠶᠡᠷᠦᠩᠬᠡᠢ ᠦᠷᠳᠡᠭ 8834.74 ᠲᠦᠮᠡᠨ ᠲᠥᠭᠥᠷᠢᠭ᠎ᠲᠤ ᠬᠦᠷᠴᠡᠢ; ᠲᠠᠮᠢᠷ᠎ᠤᠨ ᠲᠠᠯᠠᠪᠠᠶ 1.6 ᠲᠦᠮᠡᠨ ᠲᠡᠭᠰᠢ ᠳᠥᠷᠪᠡᠯᠵᠢᠨ ᠮᠧᠲᠷ; ᠶᠠᠭ ᠪᠠᠶ᠋ᠢᠭᠤᠯᠵᠤ ᠪᠠᠶ᠋ᠢᠭ᠎ᠠ ᠰᠢᠨ᠎ᠡ ᠰᠤᠷᠭ᠋ᠠᠭᠤᠯᠢ ᠵᠢᠨ ᠲᠣᠭᠣᠷᠢᠭ᠎ᠨᠢ ᠬᠢᠩᠭ᠋ᠠᠨ ᠠᠶ᠋ᠢᠮᠠᠭ᠎ᠤᠨ ᠵᠠᠰᠠᠭ ᠵᠠᠬᠢᠷᠭ᠋ᠠᠨ᠎ᠤ ᠰᠢᠨ᠎ᠡ ᠲᠣᠭᠣᠷᠢᠭ᠎ᠲᠤ ᠪᠠᠶ᠋ᠢᠷᠢᠯᠠᠵᠤ᠂ ᠬᠡᠷᠡᠭᠯᠡᠭᠰᠡᠨ ᠭᠠᠵᠠᠷ1515.2 ᠮᠦ᠍᠂ ᠶᠡᠷᠦᠩᠬᠡᠢ ᠪᠠᠷᠢᠯᠭ᠎ᠠ ᠵᠢᠨ ᠲᠠᠯᠠᠪᠠᠢ᠎ᠨᠢ 19.8 ᠲᠦᠮᠡᠨ ᠲᠡᠭᠰᠢ ᠳᠥᠷᠪᠡᠯᠵᠢᠨ ᠮᠧᠲᠷ ᠪᠠᠶ᠋ᠢᠵᠤ᠂ ᠵᠢᠱ᠌ᠢᠯᠲᠡ᠎ᠪᠠᠷ ᠶᠡᠷᠦᠩᠬᠡᠢ ᠪᠡᠯᠡ ᠣᠷᠤᠭᠤᠯᠤᠯᠲᠠ 12.51 ᠳ᠋ᠦᠩᠰᠢᠭᠤᠷ ᠲᠥᠭᠥᠷᠢᠭ᠎ᠲᠤ ᠬᠦᠷᠦᠨ᠎ᠡ᠃ ᠰᠤᠷᠭ᠋ᠠᠭᠤᠯᠢ᠎ᠳᠤ 33 ᠰᠠᠯᠠᠭ᠎ᠠ ᠮᠥᠴᠢᠷ᠎ᠲᠠᠢ᠂ ᠡᠭᠦᠨ᠎ᠳᠤ ᠨᠠᠮ ᠵᠠᠰᠠᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ 14᠂ ᠵᠢᠭ᠋ᠠᠨ ᠰᠤᠷᠭ᠋ᠠᠯᠲᠠ ᠵᠢᠨ ᠰᠠᠯᠠᠭ᠎ᠠ ᠮᠥᠴᠢᠷ 16᠂ ᠵᠢᠭ᠋ᠠᠨ ᠰᠤᠷᠭ᠋ᠠᠯᠲᠠ ᠵᠢ ᠬᠠᠪᠰᠤᠷᠤᠨ ᠵᠢᠯᠣᠭᠣᠳᠬᠤ ᠰᠠᠯᠠᠭ᠎ᠠ ᠮᠥᠴᠢᠷ 3 ᠪᠣᠶ᠃ ᠣᠲᠣ ᠪᠡᠭ᠍ᠰᠢ ᠠᠵᠢᠯᠳᠡᠠ ᠠᠵᠢᠯᠴᠢᠠ 634 (ᠵᠢᠩᠬᠢᠨᠢ ᠳᠡᠭᠡᠳᠦ ᠳᠡᠰ᠎ᠤᠨ ᠮᠡᠷᠭᠡᠵᠢᠯ᠎ᠤᠨ ᠴᠤᠯᠠᠲᠠᠢ ᠪᠠᠭᠰᠢ 38᠂ ᠳᠡᠳ᠋ ᠳᠡᠭᠡᠳᠦ ᠳᠡᠰ᠎ᠤᠨ ᠮᠡᠷᠭᠡᠵᠢᠯ᠎ᠤᠨ ᠴᠤᠯᠠᠲᠠᠢ ᠪᠠᠭᠰᠢ 218᠂ ᠳᠤᠮᠳᠠ ᠵᠡᠷᠭᠡ ᠵᠢᠨ ᠮᠡᠷᠭᠡᠵᠢᠯ᠎ᠤᠨ ᠴᠤᠯᠠᠲᠠᠢ ᠪᠠᠭᠰᠢ 138)᠂ ᠰᠣᠳᠤᠯᠬᠤ ᠰᠤᠷᠤᠭᠴᠢ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠠᠭᠰᠢ 152 ᠪᠣᠶ᠃



      ᠲᠤᠰᠬᠠᠶ ᠮᠡᠷᠭᠡᠵᠢᠯ᠎ᠤᠨ ᠲᠣᠬᠢᠷᠠᠭᠤᠯᠤᠯᠲᠠ
      ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠤᠯᠤᠰ᠎ᠤᠨ ᠡᠳ᠋᠎ᠤᠨ ᠵᠠᠰᠠᠭ᠎ᠠᠴᠠ ᠳᠡᠮᠵᠢᠵᠦ ᠭᠣᠣᠯᠳᠠᠯᠭ᠋ᠠᠲᠠᠢ ᠪᠥᠳᠥᠭᠡᠨ ᠪᠠᠢ᠌ᠭᠤᠯᠤᠭᠰᠠᠨ ᠲᠤᠰᠬᠠᠶ ᠮᠡᠷᠭᠡᠵᠢᠯ 1᠂ ᠥᠪᠡᠷᠲᠡᠭᠡᠨ ᠵᠠᠰᠠᠬᠤ ᠣᠷᠣᠨ᠎ᠠᠴᠠ ᠭᠣᠣᠯᠳᠠᠯᠭ᠋ᠠᠲᠠᠢ ᠪᠥᠳᠥᠭᠡᠨ ᠪᠠᠢ᠌ᠭᠤᠯᠤᠭᠰᠠᠨ ᠲᠤᠰᠬᠠᠶ ᠮᠡᠷᠭᠡᠵᠢᠯ 6 (ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠲᠤᠰᠬᠠᠶ ᠮᠡᠷᠭᠡᠵᠢᠯ᠂ ᠰᠤᠪᠢᠯᠠᠯᠲᠠ ᠵᠢᠨ ᠲᠤᠰᠬᠠᠶ ᠮᠡᠷᠭᠡᠵᠢᠯ ᠭᠡᠬᠦ 2 ᠣᠷᠣᠨ᠎ᠤ ᠲᠡᠰ᠎ᠤᠨ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠪᠠ)᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠰᠣᠳᠣᠨ ᠬᠢᠴᠢᠶᠡᠯ 8᠂ ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠳᠤ ᠴᠢᠯᠥᠭᠡᠲᠡᠶ ᠨᠡᠭᠡᠭᠡᠭᠰᠡᠨ ᠰᠣᠳᠣᠨ ᠬᠢᠴᠢᠶᠡᠯ 5᠂ ᠳᠡᠭᠡᠳᠦ ᠰᠤᠷᠭ᠋ᠠᠭᠤᠯᠢ ᠵᠢᠨ ᠲᠡᠰ᠎ᠤᠨ ᠰᠦᠯᠵᠢᠶᠡᠨ᠎ᠳᠤ ᠴᠢᠯᠦᠭᠡᠲᠡᠢ ᠨᠡᠭᠡᠭᠡᠭᠰᠡᠨ ᠬᠢᠴᠢᠶᠡᠯ 30 ᠪᠠᠶ᠋ᠢᠨ᠎ᠠ᠃ ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠦᠪᠦᠷ ᠮᠤᠨᠭ᠌ᠭᠤᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠵᠡᠷᠭᠡ ᠵᠢᠩᠬᠢᠨᠢ ᠠᠩᠭᠢᠲᠤ 7 ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠰᠤᠷᠭ᠋ᠠᠭᠤᠯᠢ ᠡᠷᠭᠢᠯᠡᠵᠦ᠂ ᠵᠢᠩᠬᠢᠨᠢ ᠠᠩᠭᠢ ᠵᠢᠨ ᠰᠣᠷᠣᠭᠴᠢ ᠡᠯᠰᠡᠬᠦ ᠲᠤᠰᠬᠠᠶ ᠮᠡᠷᠭᠡᠵᠢᠯ 14᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠂ ᠲᠠᠷᠢᠶᠠᠯᠠᠩ᠂ ᠠᠵᠤ ᠦᠢ᠍ᠯᠡᠳᠪᠦᠷᠢ᠂ ᠠᠨᠠᠭ᠋ᠠᠬᠤ ᠤᠬᠠᠭ᠋ᠠᠨ ᠵᠡᠷᠭᠡ ᠲᠠᠪᠤᠨ ᠶᠡᠬᠡ ᠲᠥᠷᠥᠯ᠎ᠤᠨ 48 ᠲᠤᠰᠬᠠᠶ ᠮᠡᠷᠭᠡᠵᠢᠯ᠎ᠲᠠᠢ᠂ ᠡᠭᠦᠨ᠎ᠳᠤ ᠵᠣᠩᠬᠢᠯᠠᠬᠤ ᠲᠣᠭ᠋ᠠᠨ᠎ᠤ ᠲᠤᠰᠬᠠᠶ ᠮᠡᠷᠭᠡᠵᠢᠯ᠎ᠨᠢ ᠴᠥᠮ ᠵᠢᠩᠬᠢᠨᠢ ᠠᠩᠭᠢ᠎ᠳᠤ ᠳᠡᠪᠰᠢᠬᠦ ᠲᠣᠬᠢᠶᠠᠯ᠎ᠲᠠᠢ ᠶᠤᠮ᠃ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠣᠳᠣ ᠪᠠᠭᠰᠢ ᠵᠢᠨ ᠰᠤᠷᠭ᠋ᠠᠨ ᠬᠥᠮᠦᠵᠢᠯ᠎ᠤᠨ ᠰᠠᠯᠪᠤᠷᠢ᠂ ᠠᠨᠠᠭ᠋ᠠᠬᠤ ᠤᠬᠠᠭ᠋ᠠᠨ ᠡᠷᠡᠭᠦᠯ ᠮᠡᠨᠳᠦ ᠵᠢᠨ ᠰᠠᠯᠪᠤᠷᠢ᠂ ᠵᠢᠭᠤᠯᠴᠢᠯᠠᠯ ᠪᠠ ᠦᠨᠳᠦᠰᠦᠲᠡᠨ᠎ᠤ ᠰᠣᠶᠣᠯ᠎ᠤᠨ ᠰᠠᠯᠪᠤᠷᠢ᠂ ᠡᠳ᠋᠎ᠤᠨ ᠵᠠᠰᠠᠭ ᠠᠵᠤ ᠠᠬᠤᠶ ᠪᠠ ᠣᠯᠠᠨ ᠨᠡᠶ᠋ᠢᠲᠡ ᠵᠢᠨ ᠬᠠᠮᠢᠶᠠᠷᠤᠯᠲᠠ ᠵᠢᠨ ᠰᠠᠯᠪᠤᠷᠢ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠵᠢᠨ ᠤᠬᠠᠭ᠋ᠠᠨ ᠪᠠ ᠠᠮᠢᠳᠤ ᠪᠣᠳᠠᠰ᠎ᠤᠨ ᠢᠨᠵᠧᠨᠧᠷᠢᠩ᠎ᠤᠨ ᠰᠠᠯᠪᠤᠷᠢ᠂ ᠺᠣᠮᠫᠢᠦ᠋ᠲ᠋ᠧᠷ ᠪᠠ ᠣᠶᠤᠨᠴᠢ ᠬᠡᠷᠡᠭᠯᠡᠭᠡᠨ᠎ᠤ ᠰᠠᠯᠪᠤᠷᠢ᠂ ᠵᠠᠮ ᠬᠠᠷᠢᠯᠴᠠᠭ᠎ᠠ ᠪᠠ ᠮᠠᠰᠢᠨ ᠴᠠᠬᠢᠯᠭ᠋ᠠᠨ᠎ᠤ ᠢᠨᠵᠧᠨᠧᠷᠢᠩ᠎ᠤᠨ ᠰᠠᠯᠪᠤᠷᠢ᠂ ᠣᠷᠴᠢᠨ ᠲᠣᠭᠣᠷᠢᠨ ᠪᠠ ᠪᠠᠷᠢᠯᠭ᠎ᠠ ᠵᠢᠨ ᠢᠨᠵᠧᠨᠧᠷᠢᠩ᠎ᠤᠨ ᠰᠠᠯᠪᠤᠷᠢ᠂ ᠳᠠᠭᠤᠤ ᠬᠥᠭᠵᠢᠮ ᠵᠠᠭᠤᠴᠢᠯᠠᠭᠤᠷ᠎ᠤᠨ ᠰᠠᠯᠪᠤᠷᠢ᠂ ᠤᠷᠠᠨ ᠵᠢᠷᠤᠭ ᠭᠠᠷ ᠤᠷᠠᠯᠠᠯ᠎ᠤᠨ ᠰᠠᠯᠪᠤᠷᠢ᠂ ᠪᠡᠶ᠎ᠡ ᠵᠢᠨ ᠲᠠᠮᠢᠷ᠎ᠤᠨ ᠰᠠᠯᠪᠤᠷᠢ᠂ ᠬᠥᠯ ᠪᠥᠮᠪᠦᠭᠡᠨ᠎ᠤ ᠰᠠᠯᠪᠤᠷᠢ᠂ ᠮᠣᠷᠢᠨ ᠮᠡᠷᠭᠡᠵᠢᠯ᠎ᠤᠨ ᠰᠠᠯᠪᠤᠷᠢ᠂ ᠨᠡᠷᠡᠨ ᠭᠡᠷᠡᠯᠲᠦ ᠰᠡᠳᠬᠢᠴᠡ ᠵᠢᠨ ᠰᠠᠯᠪᠤᠷᠢ᠂ ᠬᠠᠷᠢᠶᠠᠲᠤ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ᠂ ᠬᠠᠷᠢᠶᠠᠲᠤ ᠳᠤᠮᠳᠠᠳᠤ ᠪᠠᠭ᠎ᠠ ᠰᠤᠷᠭ᠋ᠠᠭᠤᠯᠢ ᠵᠡᠷᠭᠡ ᠪᠣᠢ᠃ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 11833᠂ ᠡᠭᠦᠨ᠎ᠤ ᠳᠣᠲᠣᠷ᠎ᠠ ᠴᠥᠭᠡᠨ ᠲᠣᠭ᠋ᠠᠲᠤ ᠦᠨᠳᠦᠰᠦᠲᠡᠨ᠎ᠤ ᠰᠣᠷᠣᠭᠴᠢ 42%᠎ᠢ ᠡᠵᠡᠯᠡᠵᠦ ᠪᠣᠶ᠃



      ᠰᠤᠷᠭ᠋ᠠᠭᠤᠯᠢ ᠡᠷᠬᠢᠯᠡᠬᠦ ᠣᠨᠣᠯᠵᠢᠬᠤᠨ
      ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ 《ᠬᠢᠴᠢᠶᠡᠨ ᠴᠢᠷᠮᠠᠶ᠋ᠢᠵᠤ ᠡᠷᠴᠢ ᠵᠣᠷᠢᠭ ᠵᠶ᠋ᠠᠨ ᠬᠥᠪᠴᠢᠯᠡᠨ᠂ ᠬᠠᠶ᠋ᠢᠨ ᠰᠦᠪᠡᠭᠴᠢᠯᠡᠵᠦ ᠦᠨᠡᠨᠴᠢ ᠰᠢᠳᠤᠷᠭᠤ᠎ᠪᠠᠷ ᠬᠡᠷᠡᠭᠵᠢᠭᠦᠯᠬᠦ》 ᠰᠤᠷᠭ᠋ᠠᠭᠤᠯᠢ ᠵᠢᠨ ᠰᠤᠷᠭ᠋ᠠᠯ᠎ᠤᠨ ᠵᠣᠷᠢᠭ ᠰᠠᠨᠠᠭ᠎ᠠ᠎ᠪᠠᠷ 《ᠰᠣᠷᠣᠭᠴᠢ ᠡᠯᠰᠡᠬᠦ ᠪᠣᠯ ᠠᠵᠢᠯᠴᠢᠨ ᠡᠯᠰᠡᠬᠦ᠂ ᠰᠤᠷᠭ᠋ᠠᠭᠤᠯᠢ᠎ᠳᠤ ᠣᠷᠣᠬᠤ᠎ᠨᠢ ᠦᠢ᠍ᠯᠡᠳᠪᠦᠷᠢ᠎ᠳᠤ ᠣᠷᠣᠬᠤ᠂ ᠰᠣᠷᠣᠭᠴᠢ ᠪᠣᠯ ᠱᠠᠪᠢ ᠠᠵᠢᠯᠴᠢᠨ᠂ ᠪᠠᠭᠰᠢ ᠪᠣᠯ ᠬᠥᠮᠥᠵᠢᠭᠦᠯᠦᠭᠴᠢ᠂ ᠬᠢᠴᠢᠶᠡᠯ᠎ᠤᠨ ᠲᠠᠩᠬᠢᠮ ᠪᠣᠯ ᠦᠢ᠍ᠯᠡᠳᠪᠦᠷᠢ ᠵᠢᠨ ᠲᠠᠰᠤᠭ᠂ ᠰᠤᠷᠭ᠋ᠠᠭᠤᠯᠢ ᠲᠡᠭᠦᠰᠬᠦ ᠪᠣᠯ ᠠᠵᠢᠯ ᠤᠯᠬᠤ》 ᠣᠲᠣ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠣᠯᠵᠢᠬᠤᠨ᠎ᠢ ᠪᠠᠷᠢᠮᠲᠠᠯᠠᠵᠤ᠂ ᠤᠷᠢᠳ ᠬᠣᠵᠢᠳ ᠤᠮᠠᠷᠠᠲᠤ ᠵᠢᠨ ᠰᠤᠷᠭ᠋ᠠᠨ ᠬᠥᠮᠦᠵᠢᠯ᠎ᠤᠨ ᠪᠦᠯᠦᠭᠯᠡᠯ᠂ ᠯᠠᠶ ᠳ᠋ᠧ ᠮᠣᠷᠢᠨ᠎ᠤ ᠦᠢ᠍ᠯᠡᠰ᠂ ᠵᠢᠶᠧ ᠺᠧ ᠬᠥᠯ ᠪᠥᠮᠪᠦᠭᠡᠨ᠎ᠤ ᠨᠡᠶ᠋ᠢᠭᠡᠮᠯᠢᠭ᠂ ᠽᠢ ᠰᠢ ᠪᠦᠯᠦᠭᠯᠡᠯ᠂ ᠬᠤᠸᠠ ᠸᠧᠶ ᠪᠦᠯᠦᠭᠯᠡᠯ ᠵᠡᠷᠭᠡ 137 ᠨᠠᠷᠠᠲᠤ ᠠᠵᠤ ᠠᠬᠤᠶ᠋ᠢᠯᠠᠯ᠎ᠲᠠᠢ ᠬᠠᠮᠲᠤᠷᠠᠨ ᠰᠤᠷᠭ᠋ᠠᠭᠤᠯᠢ ᠵᠢᠨ ᠳᠣᠲᠣᠨ᠎ᠠ ᠭᠠᠳᠠᠨᠠᠬᠢ ᠳᠠᠳᠤᠯᠭ᠎ᠠ ᠪᠣᠯᠪᠠᠰᠤᠷᠠᠯ᠂ ᠠᠵᠢᠯ ᠣᠯᠵᠤ ᠦᠢ᠍ᠯᠡᠰ ᠪᠣᠰᠬᠠᠬᠤ ᠰᠠᠭᠤᠷᠢᠨ ᠭᠠᠵᠠᠷ᠎ᠢ ᠪᠠᠶ᠋ᠢᠭᠤᠯᠵᠠᠶ᠃ ᠭᠡᠷ᠎ᠡ ᠲᠣᠭᠲᠠᠨ ᠬᠠᠮᠲᠤᠷᠠᠯᠴᠠᠵᠤ ᠴᠢᠳᠠᠪᠤᠷᠢᠲᠠᠨ᠎ᠢ ᠬᠥᠮᠦᠵᠢᠭᠦᠯᠬᠦ᠎ᠳᠤ ᠨᠢᠭᠡᠨᠲᠡ 《ᠨᠢᠭᠡ ᠳᠡᠭᠡᠳᠦ ᠰᠤᠷᠭ᠋ᠠᠭᠤᠯᠢ ᠰᠠᠯᠪᠤᠷᠢ᠎ᠳᠤ ᠨᠢᠭᠡ ᠠᠵᠢᠯ ᠲᠥᠷᠥᠯ᠎ᠢ ᠵᠢᠷᠤᠮᠵᠢᠯ᠎ᠲᠠᠢ ᠬᠥᠲᠥᠯᠦᠨ ᠳᠠᠭ᠋ᠠᠭᠤᠯᠬᠤ᠂ ᠨᠢᠭᠡ ᠲᠤᠰᠬᠠᠶ ᠮᠡᠷᠭᠡᠵᠢᠯ᠎ᠢ ᠨᠢᠭᠡ ᠳᠠᠭ᠋ᠠᠭᠤᠯᠤᠭᠴᠢ ᠠᠵᠤ ᠠᠬᠤᠶ᠋ᠢᠯᠠᠯ᠎ᠲᠠᠢ ᠵᠣᠯᠭ᠋ᠠᠭᠤᠯᠬᠤ᠂ ᠨᠢᠭᠡ   ᠵᠦᠢ᠍ᠯ᠎ᠤᠨ ᠤᠷ᠎ᠠ ᠴᠢᠳᠠᠪᠤᠷᠢ᠎ᠢ ᠨᠢᠭᠡ ᠠᠵᠤ ᠠᠬᠤᠶ᠋ᠢᠯᠠᠯ᠎ᠤᠨ ᠪᠠᠭᠰᠢ ᠳᠠᠭ᠋ᠠᠭᠤᠯᠬᠤ᠂ ᠨᠢᠭᠡ ᠰᠣᠷᠣᠭᠴᠢ ᠵᠢ ᠣᠯᠠᠨ ᠵᠦᠢ᠍ᠯ᠎ᠤᠨ ᠣᠨᠴᠠ ᠴᠢᠳᠠᠪᠤᠷᠢ᠎ᠲᠠᠢ ᠪᠣᠯᠭ᠋ᠠᠵᠤ ᠠᠵᠢᠯ ᠣᠯᠭᠣᠯᠲᠠ ᠵᠢ ᠪᠠᠲᠤᠯᠠᠬᠤ》 ᠰᠤᠷᠭ᠋ᠠᠭᠤᠯᠢ ᠪᠠ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ᠂ ᠠᠵᠤ ᠦᠢ᠍ᠯᠡᠰ ᠪᠠ ᠵᠢᠭ᠋ᠠᠨ ᠰᠤᠷᠭ᠋ᠠᠯᠲᠠ ᠵᠢ ᠠᠭᠤᠰᠬᠠᠨ ᠬᠥᠭᠵᠢᠭᠦᠯᠬᠦ ᠪᠠᠶ᠋ᠢᠷᠢᠰᠢᠯ᠎ᠢ ᠦᠨᠳᠦᠰᠦᠨ᠎ᠳᠤ᠎ᠪᠠᠨ ᠪᠦᠷᠢᠯᠳᠦᠭᠦᠯᠪᠡ᠃ ᠪᠡᠭᠡᠵᠢᠩ᠎ᠲᠠᠢ ᠬᠣᠯᠪᠤᠭ᠋ᠠᠯᠠᠵᠤ ᠶᠡᠬᠡ ᠰᠤᠷᠭ᠋ᠠᠭᠤᠯᠢ ᠬᠠᠮᠲᠤᠷᠠᠨ 3 ᠪᠦᠯᠦᠭ ᠵᠢᠭᠤᠯᠴᠢᠯᠠᠯ᠎ᠤᠨ ᠰᠢᠨ᠎ᠡ ᠵᠢ ᠡᠭᠦᠳᠬᠦ ᠲᠤᠷᠰᠢᠯᠲᠠ ᠵᠢᠨ ᠠᠩᠭᠢ᠂ ᠰᠣᠶᠤᠯ ᠵᠢᠭᠤᠯᠴᠢᠯᠠᠯ᠎ᠤᠨ ᠬᠡᠯᠲᠡᠰ᠎ᠤᠨ ᠣᠣᠮᠧᠨ ᠲᠠᠶ᠋ᠢᠸᠠᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠡᠪᠯᠡᠯ᠎ᠤᠨ ᠲᠥᠪ ᠬᠣᠷᠢᠶᠠᠨ᠎ᠤ ᠬᠤᠪᠢᠰᠬᠠᠯ᠎ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠳᠤᠯᠤᠨ ᠰᠤᠷᠤᠯᠴᠠᠬᠤ ᠪᠠᠭᠤᠴᠠ ᠵᠢ ᠪᠠᠢ᠌ᠭᠤᠯᠬᠤ ᠵᠥᠪᠰᠢᠶᠡᠷᠡᠯ᠎ᠢ ᠣᠯᠵᠤ᠂ 《ᠲᠤᠰᠬᠠᠶ ᠮᠡᠷᠭᠡᠵᠢᠯ》 ᠪᠠ 《ᠠᠵᠤ ᠦᠢ᠍ᠯᠡᠰ᠎ᠤᠨ ᠠᠵᠢᠯ ᠮᠡᠷᠭᠡᠵᠢᠯ》᠂ 《ᠲᠤᠰᠬᠠᠶ ᠮᠡᠷᠭᠡᠵᠢᠯ᠎ᠤᠨ ᠬᠢᠴᠢᠶᠡᠯ》 ᠪᠠ 《ᠠᠵᠢᠯ ᠮᠡᠷᠭᠡᠵᠢᠯ᠎ᠤᠨ ᠪᠠᠷᠢᠮᠵᠢᠶ᠎ᠠ》᠂ 《ᠵᠢᠭ᠋ᠠᠨ ᠰᠤᠷᠭ᠋ᠠᠯᠲᠠ ᠵᠢᠨ ᠶᠠᠪᠤᠴᠠ》 ᠪᠠ 《ᠦᠢ᠍ᠯᠡᠳᠪᠦᠷᠢᠯᠡᠯ᠎ᠤᠨ ᠶᠠᠪᠤᠴᠠ》᠂ 《ᠰᠤᠷᠤᠯᠭ᠎ᠠ ᠵᠢᠨ ᠨᠠᠮᠲᠠᠷ᠎ᠤᠨ ᠦᠨᠡᠮᠯᠡᠯ》 ᠪᠠ 《ᠠᠵᠢᠯ ᠮᠡᠷᠭᠡᠵᠢᠯ᠎ᠤᠨ ᠬᠢᠷᠢ ᠬᠡᠮ》᠂ 《ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ》 ᠪᠠ 《ᠨᠠᠰᠤᠨ ᠲᠤᠷᠰᠢ ᠵᠢᠨ ᠰᠤᠷᠭ᠋ᠠᠨ ᠬᠥᠮᠦᠵᠢᠯ》 ᠵᠡᠷᠭᠡ ᠲᠠᠪᠤ ᠵᠢ ᠵᠣᠯᠭ᠋ᠠᠭᠤᠯᠬᠤ ᠵᠢ ᠪᠡᠶᠡᠯᠡᠭᠦᠯᠪᠡ᠃



      ᠴᠢᠯᠥᠭᠡᠲᠡᠶ ᠰᠤᠷᠭ᠋ᠠᠭᠤᠯᠢ ᠡᠷᠬᠢᠯᠡᠬᠦ
      ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ ᠲᠦᠷᠦᠭᠦᠯᠡᠨ ᠬᠢᠩᠭ᠋ᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠦᠯᠦᠭᠯᠡᠯ᠎ᠢ ᠵᠣᠬᠢᠶᠠᠨ ᠪᠠᠶ᠋ᠢᠭᠤᠯᠵᠤ᠂ ᠣᠷᠣᠨ ᠪᠦᠰᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠣᠷᠣᠨ ᠪᠦᠰᠡ ᠵᠢᠨ ᠬᠥᠭᠵᠢᠯᠲᠡ ᠪᠠ ᠪᠥᠲᠥᠭᠡᠨ ᠪᠠᠶ᠋ᠢᠭᠤᠯᠤᠯᠲᠠ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠬᠠᠩᠭ᠋ᠠᠪᠠ᠃ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠮᠣᠩᠭᠣᠯ ᠤᠯᠤᠰ᠎ᠤᠨ ᠳᠣᠷᠤᠨᠠᠲᠤ ᠠᠢ᠌ᠮᠠᠭ᠎ᠲᠠᠢ ᠬᠣᠯᠪᠣᠭ᠋ᠠᠯᠠᠨ ᠬᠠᠷᠢᠯᠴᠠᠨ ᠭᠠᠳᠠᠭ᠋ᠠᠳᠤ᠎ᠳᠤ ᠰᠤᠷᠤᠯᠴᠠᠬᠤ ᠰᠤᠷᠤᠭᠴᠢ ᠲᠣᠮᠢᠯᠠᠵᠤ᠂ ᠳᠤᠮᠳᠠᠳᠤ ᠮᠣᠩᠭᠣᠯ ᠤᠷᠤᠰ ᠭᠤᠷᠪᠠᠨ ᠤᠯᠤᠰ (ᠣᠷᠣᠨ ᠪᠦᠰᠡ)᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠣᠯᠪᠣᠭ᠎ᠠ ᠵᠢ ᠲᠦᠷᠦᠭᠦᠯᠡᠨ ᠪᠠᠶ᠋ᠢᠭᠤᠯᠵᠤ᠂ ᠳᠤᠮᠳᠠᠳᠤ ᠭᠠᠳᠠᠭ᠋ᠠᠳᠤ ᠵᠢᠨ 9 ᠳᠡᠭᠡᠳᠦ ᠰᠤᠷᠭ᠋ᠠᠭᠤᠯᠢ ᠵᠢ ᠲᠦᠰᠢᠭᠯᠡᠨ 《ᠳᠤᠮᠳᠠᠳᠤ ᠮᠣᠩᠭᠣᠯ ᠤᠷᠤᠰ᠎ᠤᠨ ᠵᠡᠭᠦᠨ ᠬᠣᠶ᠋ᠢᠲᠤ ᠠᠽᠢᠶ᠎ᠠ ᠵᠢᠨ ᠤᠯᠠᠨ ᠤᠯᠤᠰ᠎ᠤᠨ ᠵᠤᠭ᠋ᠠᠴᠠᠯ ᠬᠤᠳᠠᠯᠳᠤᠭ᠋ᠠᠨ᠎ᠤ ᠶᠠᠪᠤᠳᠠᠯ᠎ᠤᠨ ᠳᠡᠭᠡᠳᠦ ᠰᠤᠷᠭ᠋ᠠᠭᠤᠯᠢ》 ᠵᠢ ᠪᠠᠶ᠋ᠢᠭᠤᠯᠵᠤ᠂ ᠢᠰᠫᠠᠨᠢ᠎ᠤᠨ ᠰᠠᠯᠠᠮᠠᠨᠺᠠ ᠶᠡᠬᠡ ᠰᠤᠷᠭ᠋ᠠᠭᠤᠯᠢ᠎ᠲᠠᠢ ᠬᠣᠯᠪᠣᠭ᠋ᠠᠯᠠᠨ ᠦᠪᠦᠷ ᠮᠤᠨᠭ᠌ᠭᠤᠯ᠎ᠤᠨ ᠢᠰᠫᠠᠨᠢ ᠬᠡᠯᠡᠨ᠎ᠤ ᠳᠡᠭᠡᠳᠦ ᠰᠤᠷᠭ᠋ᠠᠭᠤᠯᠢ ᠵᠢ ᠪᠠᠶ᠋ᠢᠭᠤᠯᠵᠤ᠂ ᠤᠳᠤ ᠦᠶ᠎ᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠬᠡᠷᠡᠭᠴᠡᠭᠡ᠎ᠳᠤ ᠵᠣᠬᠢᠴᠠᠭᠰᠠᠨ᠂ ᠪᠦᠲᠦᠮᠵᠢᠲᠡᠢ ᠵᠣᠯᠭ᠋ᠠᠭᠤᠯᠤᠭᠰᠠᠨ᠂ ᠤᠯᠠᠨ ᠡᠰᠢᠵᠢᠭᠰᠡᠨ ᠵᠦᠷᠢᠯᠢᠭ ᠦᠨᠳᠦᠰᠦᠨ ᠱᠠᠭ᠋ᠠᠷᠳᠠᠯᠭ᠎ᠠ᠎ᠢ ᠨᠡᠯᠢᠶᠡᠳ ᠰᠠᠢ᠍ᠢ᠍ᠨ ᠵᠢᠷᠤᠮᠯᠠᠭᠰᠠᠨ ᠪᠠᠶ᠋ᠢᠨ᠎ᠠ᠃



      ᠰᠢᠨ᠎ᠡ ᠵᠢ ᠡᠭᠦᠳᠬᠦ ᠪᠠ ᠬᠥᠭᠵᠢᠭᠦᠯᠬᠦ
      ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠤᠯᠤᠰ᠎ᠤᠨ ᠳᠡᠭᠡᠳᠦ ᠳᠡᠰ᠎ᠤᠨ ᠴᠢᠳᠠᠪᠤᠷᠢᠲᠠᠨ᠎ᠤ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠳᠡᠳᠬᠦᠨ ᠨᠡᠭᠡᠭᠡᠯᠲᠡ ᠬᠢᠵᠦ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠳᠠᠭ᠋ᠠᠭᠤᠯᠤᠭᠴᠢ ᠵᠢᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠂ ᠳᠤᠮᠳᠠᠳᠤ ᠤᠯᠤᠰ᠎ᠤᠨ ᠬᠡᠷᠡᠯ ᠵᠢᠷᠤᠭ᠎ᠢ ᠵᠠᠬᠢᠳᠠᠯ ᠵᠶ᠋ᠠᠷ ᠰᠤᠷᠭ᠋ᠠᠬᠤ ᠳᠡᠭᠡᠳᠦ ᠰᠤᠷᠭ᠋ᠠᠭᠤᠯᠢ ᠵᠢᠨ ᠬᠢᠩᠭ᠋ᠠᠨ ᠠᠶ᠋ᠢᠮᠠᠭ᠎ᠳᠠᠬᠢ ᠵᠠᠬᠢᠳᠠᠯ ᠵᠶ᠋ᠠᠷ ᠰᠤᠷᠭ᠋ᠠᠬᠤ ᠥᠷᠲᠡᠭᠡ ᠵᠢ ᠪᠠᠢ᠌ᠭᠤᠯᠪᠠ; ᠰᠢᠨ᠎ᠡ ᠵᠢ ᠡᠭᠦᠳᠴᠦ ᠦᠢ᠍ᠯᠡᠰ ᠪᠤᠰᠬᠠᠬᠤ ᠰᠤᠷᠭ᠋ᠠᠨ ᠬᠥᠮᠦᠵᠢᠯ᠎ᠢ ᠴᠢᠬᠤᠯᠠᠴᠢᠯᠠᠵᠤ᠂ ᠠ ᠯᠢ ᠪᠠ ᠪᠠ ᠪᠦᠯᠦᠭᠯᠡᠯ᠂ ᠽᠢ ᠰᠢ 3D ᠺᠣᠮᠫᠠᠨᠢ ᠵᠡᠷᠭᠡ ᠠᠵᠤ ᠠᠬᠤᠶ᠋ᠢᠯᠠᠯ᠎ᠲᠠᠢ ᠬᠠᠮᠲᠤᠷᠠᠨ ᠤᠶᠤᠲᠠᠳ᠎ᠤᠨ ᠦᠢ᠍ᠯᠡᠰ ᠪᠤᠰᠬᠠᠬᠤ ᠲᠠᠪᠴᠠᠩ᠎ᠢ ᠪᠠᠶ᠋ᠢᠭᠤᠯᠵᠤ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ   ᠬᠣᠷᠢᠶ᠎ᠠ᠎ᠲᠠᠢ ᠬᠠᠮᠲᠤᠷᠠᠨ ᠤᠯᠤᠰ᠎ᠤᠨ ᠳᠣᠲᠣᠭ᠋ᠠᠳᠤ ᠵᠢᠨ ᠳᠡᠭᠡᠳᠦ ᠰᠤᠷᠭ᠋ᠠᠭᠤᠯᠢ᠎ᠳᠠᠬᠢ ᠠᠩᠬᠠᠳᠠᠭᠴᠢ ᠳᠤᠮᠳᠠᠳᠤ ᠤᠯᠤᠰ᠎ᠤᠨ ᠵᠠᠯᠠᠭᠤᠴᠤᠳ᠎ᠤᠨ ᠦᠢ᠍ᠯᠡᠰ ᠪᠤᠰᠬᠠᠬᠤ ᠨᠡᠶ᠋ᠢᠭᠡᠮ ᠲᠣᠭᠣᠷᠢᠭ᠎ᠢ ᠪᠠᠶ᠋ᠢᠭᠤᠯᠪᠠ; ᠦᠪᠦᠷ ᠮᠤᠨᠭ᠌ᠭᠤᠯ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠢᠩᠭ᠋ᠠᠨ᠎ᠳᠠᠬᠢ ᠬᠤᠪᠢᠶᠠᠷᠢ ᠬᠦᠷᠢᠶᠡᠯᠡᠩ᠂ ᠬᠢᠩᠭ᠋ᠠᠨ᠎ᠤ ᠪᠣᠳᠠᠰ᠎ᠤᠨ ᠪᠤᠰᠤ ᠰᠣᠶᠣᠯ᠎ᠢ ᠬᠠᠮᠠᠭ᠋ᠠᠯᠠᠨ ᠵᠠᠯᠭ᠋ᠠᠮᠵᠢᠯᠠᠬᠤ ᠳᠡᠭᠡᠳᠦ ᠰᠤᠷᠭ᠋ᠠᠭᠤᠯᠢ᠂ ᠪᠠᠶ᠋ᠢᠷᠢᠰᠢᠯ᠎ᠤᠨ ᠬᠤᠳᠠᠯᠳᠤᠭ᠋ᠠᠨ᠎ᠤ ᠳᠡᠭᠡᠳᠦ ᠰᠤᠷᠭ᠋ᠠᠭᠤᠯᠢ ᠵᠢᠨ ᠬᠢᠩᠭ᠋ᠠᠨ᠎ᠳᠠᠬᠢ ᠬᠤᠪᠢᠶᠠᠷᠢ ᠳᠡᠭᠡᠳᠦ ᠰᠤᠷᠭ᠋ᠠᠭᠤᠯᠢ ᠵᠡᠷᠭᠡ ᠲᠠᠪᠴᠠᠩ᠎ᠢ ᠪᠠᠶ᠋ᠢᠭᠤᠯᠪᠠ; ᠤᠤᠷ ᠰᠣᠶᠤᠯ᠎ᠤᠨ ᠬᠥᠮᠦᠵᠢᠯ᠎ᠢ ᠡᠷᠬᠢᠮᠯᠡᠨ᠂ ᠮᠢᠭᠮᠡᠨ ᠰᠢᠲᠠᠷ᠎ᠠ ᠵᠢᠨ ᠳᠡᠭᠡᠳᠦ ᠰᠤᠷᠭ᠋ᠠᠭᠤᠯᠢ᠂ ᠨᠡᠷᠡᠬᠦᠢ ᠨᠢᠳᠤᠷᠭ᠋ᠠᠨ᠎ᠤ ᠳᠡᠭᠡᠳᠦ ᠰᠤᠷᠭ᠋ᠠᠭᠤᠯᠢ ᠵᠢ ᠪᠠᠶ᠋ᠢᠭᠤᠯᠵᠤ᠂ ᠰᠤᠷᠤᠭᠴᠢᠳ᠎ᠳᠤ ᠤᠷᠠᠨ ᠪᠢᠴᠢᠯᠭᠡ᠂ ᠶᠠᠲᠤᠭ᠎ᠠ᠂ ᠴᠠᠶ ᠵᠢᠨ ᠤᠷᠠᠯᠢᠭ ᠵᠡᠷᠭᠡ ᠵᠢ ᠳᠡᠯᠭᠡᠷᠡᠭᠦᠯᠪᠡ; ᠬᠢᠩᠭ᠋ᠠᠨ ᠠᠶ᠋ᠢᠮᠠᠭ᠎ᠤᠨ ᠨᠠᠷᠢᠯᠢᠭ ᠣᠨᠣᠴᠠᠲᠠᠶ᠎ᠪᠠᠷ ᠶᠠᠳᠠᠭᠤ ᠵᠢ ᠲᠡᠳᠬᠦᠬᠦ᠂ ᠨᠠᠷᠢᠯᠢᠭ ᠣᠨᠣᠴᠠᠲᠠᠶ᠎ᠪᠠᠷ ᠶᠠᠳᠠᠭᠤ᠎ᠠᠴᠠ ᠠᠩᠭᠢᠵᠢᠷᠠᠭᠤᠯᠬᠤ ᠮᠡᠷᠭᠡᠵᠢᠯ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠡᠭᠦᠷᠭᠡ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠶ᠋ᠢᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠭᠠᠵᠠᠷ ᠣᠷᠣᠨ᠎ᠤ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠳᠠᠭ᠋ᠠᠭᠤᠯᠤᠭᠴᠢ ᠵᠢᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠲᠤ ᠲᠦᠰᠢᠭᠯᠡᠨ᠂ ᠵᠢᠯ ᠪᠦᠷᠢ ᠡᠯ᠎ᠡ ᠱᠠᠲᠤᠨ᠎ᠤ ᠡᠯ᠎ᠡ ᠲᠥᠷᠥᠯ᠎ᠤᠨ ᠪᠣᠯᠪᠠᠰᠤᠷᠠᠭᠤᠯᠤᠯ᠎ᠤᠨ ᠡᠭᠦᠷᠭᠡ ᠵᠢ 15000 ᠭᠠᠷᠤᠶ ᠬᠥᠮᠦᠨ ᠳᠠᠭ᠋ᠠᠭ᠋ᠠᠨ ᠡᠭᠦᠷᠭᠡᠯᠡᠪᠡ; 《ᠬᠣᠣᠰ ᠦᠨᠡᠮᠯᠡᠯ》᠎ᠤᠨ ᠲᠦᠷᠢᠮ᠎ᠢ ᠶᠡᠬᠡ᠎ᠪᠠᠷ ᠬᠡᠷᠡᠭᠵᠢᠭᠦᠯᠵᠦ᠂ ᠵᠢᠯ ᠪᠦᠷᠢ 4000 ᠭᠠᠷᠤᠶ ᠬᠥᠮᠦᠨ᠎ᠳᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠳᠣᠭᠲᠠᠭ᠋ᠠᠬᠤ ᠪᠣᠯᠪᠠᠰᠤᠷᠠᠭᠤᠯᠤᠯ ᠬᠢᠪᠡ᠃



      ᠬᠥᠭᠵᠢᠯᠲᠡ ᠵᠢᠨ ᠬᠠᠷᠠᠯᠲᠠ
      ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠬᠢᠩᠭ᠋ᠠᠨ ᠠᠢ᠌ᠮᠠᠭ᠎ᠲᠤ ᠰᠠᠭᠤᠷᠢᠯᠠᠵᠤ᠂ ᠬᠢᠩᠭ᠋ᠠᠨ ᠠᠢ᠌ᠮᠠᠭ᠎ᠲᠤ ᠬᠠᠨᠳᠤᠵᠤ᠂ ᠬᠢᠩᠭ᠋ᠠᠨ ᠠᠢ᠌ᠮᠠᠭ᠎ᠲᠤ ᠦᠢ᠍ᠯᠡᠴᠢᠯᠡᠵᠦ᠂ ᠬᠡᠷᠡᠭᠯᠡᠭᠡᠨ᠎ᠤ ᠬᠡᠯᠪᠡᠷᠢᠲᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠰᠤᠷᠭ᠋ᠠᠭᠤᠯᠢ ᠡᠷᠭᠢᠯᠡᠬᠦ ᠪᠠᠶ᠋ᠢᠷᠢ ᠲᠣᠭᠲᠠᠭ᠋ᠠᠯᠲᠠ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠰᠢᠨ᠎ᠡ ᠪᠠᠶ᠋ᠢᠳᠠᠯ᠎ᠳᠠᠬᠢ ᠨᠡᠶ᠋ᠢᠭᠡᠮ᠎ᠤᠨ ᠬᠡᠷᠡᠭᠴᠡᠭᠡ᠎ᠳᠤ ᠵᠣᠬᠢᠴᠠᠭᠰᠠᠨ᠂ ᠰᠤᠷᠭ᠋ᠠᠭᠤᠯᠢ ᠡᠷᠭᠢᠯᠡᠬᠦ ᠣᠨᠴᠠᠯᠢᠭ ᠵᠶ᠋ᠠᠷ ᠢᠯᠡ ᠲᠣᠳᠣ᠂ ᠪᠡᠶ᠎ᠡ᠎ᠪᠠᠨ ᠳᠠᠭ᠋ᠠᠭ᠋ᠠᠭᠰᠠᠨ ᠲᠡᠮᠳᠡᠭᠲᠦ ᠵᠢ ᠡᠭᠦᠳᠴᠦ᠂ ᠣᠷᠣᠨ ᠨᠤᠲᠤᠭ᠎ᠤᠨ ᠬᠥᠭᠵᠢᠯᠲᠡ᠎ᠳᠤ ᠦᠢ᠍ᠯᠡᠴᠢᠯᠡᠬᠦ ᠬᠡᠷᠡᠭᠯᠡᠭᠡᠨ᠎ᠤ ᠮᠡᠷᠭᠡᠵᠢᠯ᠎ᠤᠨ ᠬᠡᠯᠪᠡᠷᠢᠲᠦ ᠳᠡᠭᠡᠳᠦ ᠰᠤᠷᠭ᠋ᠠᠭᠤᠯᠢ ᠵᠢ ᠴᠢᠷᠮᠠᠶ᠋ᠢᠨ ᠰᠠᠶ᠋ᠢᠲᠤᠷ ᠡᠷᠭᠢᠯᠡᠵᠦ᠂ ᠬᠢᠩᠭ᠋ᠠᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠪᠠᠨ ᠬᠢᠩᠭ᠋ᠠᠨ ᠠᠶ᠋ᠢᠮᠠᠭ᠎ᠤᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠲᠠᠭ᠋ᠠᠭᠤᠯᠤᠭᠴᠢ᠂ ᠬᠡᠷᠡᠭᠯᠡᠭᠡᠨ᠎ᠤ ᠬᠡᠯᠪᠡᠷᠢᠲᠦ ᠳᠡᠭᠡᠳᠦ ᠳᠡᠰ᠎ᠤᠨ ᠴᠢᠳᠠᠪᠤᠷᠢᠲᠠᠨ᠎ᠢ ᠪᠣᠯᠪᠠᠰᠤᠷᠠᠭᠤᠯᠬᠤ ᠰᠠᠭᠤᠷᠢᠨ ᠭᠠᠵᠠᠷ᠂ ᠮᠡᠷᠭᠡᠵᠢᠯ ᠴᠢᠳᠠᠪᠤᠷᠢ ᠵᠢᠨ ᠰᠢᠨ᠎ᠡ ᠵᠢ ᠡᠭᠦᠳᠬᠦ ᠲᠠᠪᠴᠠᠩ᠂ ᠬᠢᠩᠭ᠋ᠠᠨ᠎ᠤ ᠬᠤᠪᠢᠰᠬᠠᠯᠲᠤ ᠤᠶᠤᠨ᠎ᠤ ᠬᠥᠮᠥᠷᠭᠡ᠂ ᠠᠵᠢᠯ ᠮᠡᠷᠭᠡᠵᠢᠯ᠎ᠤᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠪᠣᠯᠭ᠋ᠠᠨ ᠴᠢᠷᠮᠠᠶ᠋ᠢᠨ ᠪᠥᠳᠥᠭᠡᠨ ᠪᠠᠶ᠋ᠢᠭᠤᠯᠬᠤ ᠵᠢᠨ ᠬᠠᠮᠲᠤ ᠳᠤᠮᠳᠠᠳᠤ ᠤᠯᠤᠰ᠎ᠤᠨ ᠣᠨᠴᠠᠯᠢᠭ ᠪᠥᠬᠥᠢ᠂ ᠥᠨᠳᠥᠷ ᠬᠢᠷᠢ ᠲᠦᠪᠰᠢᠨᠲᠦ ᠳᠡᠭᠡᠳᠦ ᠰᠤᠷᠭ᠋ᠠᠭᠤᠯᠢ ᠪᠣᠯᠤᠨ ᠥᠨᠳᠥᠷ ᠬᠢᠷᠢ ᠲᠦᠪᠰᠢᠨᠲᠦ ᠲᠤᠰᠬᠠᠶ ᠮᠡᠷᠭᠡᠵᠢᠯ᠎ᠢ   ᠪᠠᠶ᠋ᠢᠭᠤᠯᠬᠤ ᠬᠠᠷᠠᠯᠲᠠ ᠲᠡᠢ᠌ᠰᠢ ᠬᠥᠭᠵᠢᠭᠦᠯᠦᠨ᠎ᠡ᠃
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ 《ᠪᠢ ᠳᠤᠮᠳᠠᠳᠤ ᠤᠯᠤᠰ᠎ᠲᠤ᠎ᠪᠠᠨ ᠬᠠᠢ᠌ᠷᠠᠲᠠᠢ》 ᠭᠡᠬᠦ ᠳᠠᠭᠤᠤ ᠵᠢ ᠬᠠᠩᠭᠢᠨᠠᠭᠤᠯᠪᠠ
ᠮᠠᠨᠵᠤᠤᠷ᠎ᠤᠨ ᠤᠷᠤᠰ ᠬᠡᠯᠡᠨ᠎ᠤ ᠲᠤᠰᠬᠠᠢ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠪᠢ ᠡᠬᠡ ᠤᠯᠤᠰ᠎ᠲᠠᠢ᠎ᠪᠠᠨ》 ᠭᠡᠬᠦ ᠳᠠᠭᠤᠤ ᠵᠢ ᠬᠠᠩᠭᠢᠨᠠᠭᠤᠯᠪᠠ
ᠰᠢᠯᠢ ᠵᠢᠨ ᠭᠣᠤᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠬᠤᠨᠳᠠᠭ᠎ᠠ᠎ᠪᠠᠨ ᠡᠷᠭᠦᠵᠡᠭᠡᠶ᠎ᠡ᠂ ᠠᠨᠳᠠ ᠨᠠᠷ ᠮᠢᠨᠢ》 ᠭᠡᠰᠡᠨ ᠢᠷᠠᠭᠤᠬᠠᠨ ᠳᠠᠭᠤᠤ ᠬᠠᠩᠭᠢᠨᠠᠨᠠᠮ
ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠲᠥᠷᠥ ᠤᠯᠤᠰ》 ᠭᠡᠬᠦ ᠳᠠᠭᠤᠤ ᠬᠠᠩᠭᠢᠨᠠᠨᠠᠮ
ᠴᠤᠭ ᠪᠠᠳᠠᠷᠠᠩᠭᠤᠶ ᠡᠷᠡᠯᠬᠡᠭᠯᠡᠨ ᠤᠷᠤᠭᠰᠢᠯᠠᠵᠠᠭ᠋ᠠᠶ᠎ᠠ! ᠦᠪᠦᠷ ᠮᠤᠨᠭ᠌ᠭᠤᠯ᠎ᠤᠨ ᠬᠣᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ 《ᠤᠯᠠᠭ᠋ᠠᠨ ᠲᠤᠭ ᠰᠠᠯᠬᠢᠨ᠎ᠤ ᠠᠶ᠎ᠠ᠎ᠪᠠᠷ ᠨᠠᠮᠢᠷᠠᠨ᠎ᠠ》 ᠭᠡᠬᠦ ᠳᠠᠭᠤᠤ ᠵᠢ ᠬᠠᠩᠭᠢᠨᠠᠭᠤᠯᠪᠠ
 
             蒙ICP备05000248号