ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠰᠢᠯᠢ ᠵᠢᠨ ᠭᠣᠤᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠬᠤᠨᠳᠠᠭ᠎ᠠ᠎ᠪᠠᠨ ᠡᠷᠭᠦᠵᠡᠭᠡᠶ᠎ᠡ᠂ ᠠᠨᠳᠠ ᠨᠠᠷ ᠮᠢᠨᠢ》 ᠭᠡᠰᠡᠨ ᠢᠷᠠᠭᠤᠬᠠᠨ ᠳᠠᠭᠤᠤ ᠬᠠᠩᠭᠢᠨᠠᠨᠠᠮ
ᠨᠡᠶ᠋ᠢᠲᠡᠯᠡᠭᠰᠡᠨ ᠴᠠᠭ᠄ 2021-05-21


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠪᠠ᠃
      ᠰᠢᠯᠢ ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
        —《ᠬᠤᠨᠳᠠᠭ᠎ᠠ᠎ᠪᠠᠨ ᠡᠷᠭᠦᠵᠡᠭᠡᠶ᠎ᠡ᠂ ᠠᠨᠳᠠ ᠨᠠᠷ ᠮᠢᠨᠢ》


          ᠰᠢᠯᠢ ᠵᠢᠨ ᠭᠣᠣᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ


      ᠰᠢᠯᠢ ᠵᠢᠨ ᠭᠣᠤᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 2003 ᠣᠨ᠎ᠤ 5 ᠰᠠᠷ᠎ᠠ᠎ᠳᠤ ᠪᠠᠶ᠋ᠢᠭᠤᠯᠤᠭᠳᠠᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠥᠪᠰᠢᠶᠡᠷᠡᠵᠦ᠂ ᠰᠤᠷᠭ᠋ᠠᠨ ᠬᠦᠮᠤᠵᠢᠯ᠎ᠤᠨ ᠶᠠᠮᠤᠨ᠎ᠳᠤ ᠳᠠᠩᠰᠠᠯᠠᠭᠤᠯᠤᠭᠰᠠᠨ ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ᠎ᠠ᠂ ᠰᠢᠯᠢ ᠵᠢᠨ ᠭᠣᠤᠯ ᠠᠶ᠋ᠢᠮᠠᠭ᠎ᠤᠨ 9 ᠳᠡᠭᠡᠳᠦ ᠪᠠ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠪᠠᠷ ᠪᠦᠷᠢᠯᠳᠦᠭᠰᠡᠨ ᠶᠤᠮ᠃ ᠠᠷᠪᠠ ᠭᠠᠷᠤᠶ ᠵᠢᠯ᠎ᠤᠨ ᠬᠥᠭᠵᠢᠯᠲᠡ᠎ᠪᠠᠷ ᠳᠡᠮᠵᠢᠨ᠂ ᠰᠤᠷᠭ᠋ᠠᠭᠤᠯᠢ ᠡᠷᠭᠢᠯᠡᠬᠦ ᠣᠨᠴᠠᠯᠢᠭ ᠵᠶ᠋ᠠᠷ ᠢᠯᠡ ᠲᠣᠳᠣ᠂ ᠲᠤᠰᠬᠠᠶ ᠮᠡᠷᠭᠡᠵᠢᠯ᠎ᠤᠨ ᠪᠦᠲᠦᠴᠡ ᠪᠠ ᠣᠷᠣᠨ ᠪᠦᠰᠡ ᠵᠢᠨ ᠠᠵᠤ ᠠᠬᠤᠶ ᠵᠢᠨ ᠤᠶᠠᠯᠳᠤᠯ ᠨᠢᠭᠲᠠ᠂ ᠶᠣᠰᠣ ᠰᠤᠷᠲᠠᠬᠤᠨ᠎ᠢ ᠪᠣᠶ ᠪᠣᠯᠭ᠋ᠠᠵᠤ ᠬᠥᠮᠦᠨ᠎ᠢ ᠬᠥᠮᠦᠵᠢᠭᠦᠯᠬᠦ ᠵᠣᠷᠢᠯᠲᠠ ᠲᠣᠪᠣᠶ᠋ᠢᠮ᠎ᠠ᠂   ᠦᠢ᠍ᠯᠡᠴᠢᠯᠡᠭᠡᠨ᠎ᠤ ᠴᠢᠳᠠᠪᠤᠷᠢ᠎ᠪᠠᠷ ᠴᠢᠩᠭ᠎ᠠ ᠶᠡᠷᠦᠩᠬᠡᠶ᠋ᠢᠯᠡᠭᠰᠡᠨ ᠴᠢᠨᠠᠷᠲᠠᠶ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠭᠰᠠᠨ ᠪᠠᠶ᠋ᠢᠨ᠎ᠠ᠃ ᠲᠦᠷᠤ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠰᠦᠨ ᠴᠦᠨ ᠯᠠᠨ᠂ ᠤᠤᠯ᠎ᠤᠨ ᠳᠡᠳ᠋ ᠶᠡᠷᠦᠩᠬᠡᠢ ᠰᠠᠶ᠋ᠢᠳ ᠯᠢᠦ ᠶᠠᠨ ᠳ᠋ᠦᠩ ᠰᠤᠷᠭ᠋ᠠᠭᠤᠯᠢ᠎ᠳᠤ ᠢᠷᠡᠵᠤ᠂ ᠰᠤᠷᠭ᠋ᠠᠭᠤᠯᠢ ᠡᠷᠬᠢᠯᠡᠵᠦ ᠪᠠᠢ᠌ᠭ᠎ᠠ ᠠᠵᠢᠯ ᠵᠢᠴᠢ ᠠᠮᠵᠢᠯᠲᠠ ᠪᠦᠲᠦᠮᠵᠢ ᠵᠢ ᠨᠤᠲᠠᠯᠠᠵᠠᠢ᠃



      ᠰᠢᠯᠢ ᠵᠢᠨ ᠭᠣᠤᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠡᠵᠡᠯᠡᠵᠦ ᠪᠠᠢ᠌ᠭ᠎ᠠ ᠭᠠᠵᠠᠷ 2000 ᠮᠥ᠍᠂ ᠪᠠᠷᠢᠯᠭ᠎ᠠ ᠵᠢᠨ ᠲᠠᠯᠠᠪᠠᠶ᠎ᠨᠢ 44.36 ᠲᠦᠮᠡᠨ ᠲᠡᠭᠰᠢ ᠳᠥᠷᠪᠡᠯᠵᠢᠨ ᠮᠧᠲᠷ ᠪᠠᠶ᠋ᠢᠨ᠎ᠠ᠃ ᠠᠨᠠᠭ᠋ᠠᠬᠤ ᠤᠬᠠᠭ᠋ᠠᠨ᠎ᠤ ᠰᠠᠯᠪᠤᠷᠢ᠂ ᠲᠠᠯ᠎ᠠ ᠨᠤᠲᠤᠭ᠎ᠤᠨ ᠠᠮᠢ ᠠᠬᠤᠶ ᠬᠢᠭᠡᠳ ᠮᠠᠯ ᠠᠵᠤ ᠠᠬᠤᠶ ᠮᠠᠯ ᠡᠮᠨᠡᠯᠭᠡ ᠵᠢᠨ ᠰᠠᠯᠪᠤᠷᠢ᠂ ᠮᠣᠩᠭᠤᠯ ᠬᠡᠯᠡ ᠰᠣᠶᠣᠯ ᠬᠢᠭᠡᠳ ᠤᠷᠠᠯᠢᠭ᠎ᠤᠨ ᠰᠠᠯᠪᠤᠷᠢ ᠵᠡᠷᠭᠡ 17 ᠵᠢᠭ᠋ᠠᠨ ᠰᠤᠷᠭ᠋ᠠᠯᠲᠠ ᠵᠢᠨ ᠨᠢᠭᠡᠴᠢ᠎ᠲᠠᠢ ᠪᠠᠶ᠋ᠢᠵᠤ᠂ ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠡᠷᠭᠡ   ᠳᠡᠭᠡᠳᠦ ᠰᠤᠷᠭ᠋ᠠᠭᠤᠯᠢ᠎ᠲᠠᠢ ᠬᠠᠮᠲᠤᠷᠠᠨ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ (ᠮᠣᠩᠭᠣᠯ᠂ ᠬᠢᠲᠠᠳ)᠂ ᠮᠣᠩᠭᠣᠯ ᠠᠨᠠᠭ᠋ᠠᠬᠤ ᠤᠬᠠᠭ᠋ᠠᠨ᠂ ᠰᠤᠪᠢᠯᠠᠯᠲᠠ᠂ ᠪᠡᠶ᠎ᠡ ᠵᠢᠨ ᠲᠠᠮᠢᠷ᠎ᠤᠨ ᠰᠤᠷᠭ᠋ᠠᠨ ᠬᠥᠮᠦᠵᠢᠯ (ᠬᠥᠯ ᠪᠥᠮᠪᠥᠭᠡ) ᠵᠡᠷᠭᠡ 8 ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠢ ᠨᠡᠭᠡᠭᠡᠵᠡᠶ; ᠰᠤᠪᠢᠯᠠᠯᠲᠠ᠂ ᠴᠠᠬᠢᠯᠭ᠋ᠠᠨ᠎ᠤ ᠦᠢ᠍ᠯᠡᠳᠪᠦᠷᠢ ᠵᠢᠨ ᠢᠯᠴᠢ ᠵᠢᠨ ᠡᠨᠧᠷᠭᠢ ᠵᠢᠨ ᠬᠥᠳᠡᠯᠭᠡᠭᠦᠷ ᠬᠦᠴᠦᠨ᠎ᠤ ᠲᠥᠬᠦᠭᠡᠷᠦᠮᠵᠢ᠂ ᠮᠠᠯ ᠠᠵᠤ ᠠᠬᠤᠶ ᠮᠠᠯ ᠡᠮᠨᠡᠯᠭᠡ᠂ ᠨᠡᠪᠲᠡᠷᠡᠭᠦᠯᠦᠭᠴᠢ ᠪᠠ ᠬᠥᠲᠥᠯᠥᠭᠴᠢ (ᠮᠣᠩᠭᠣᠯ ᠬᠡᠯᠡ) ᠵᠡᠷᠭᠡ 52 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ ᠵᠢᠴᠢ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢᠨ ᠢᠯᠴᠢ ᠵᠢᠨ ᠬᠦᠴᠦᠨ᠎ᠤ ᠲᠥᠬᠥᠭᠡᠷᠦᠮᠵᠢ ᠵᠢ ᠠᠵᠢᠯᠯᠠᠭᠤᠯᠬᠤ ᠪᠠ ᠪᠠᠶ᠋ᠢᠴᠠᠭ᠋ᠠᠨ ᠵᠠᠰᠠᠬᠤ᠂ ᠬᠥᠳᠡᠭᠡ ᠲᠣᠰᠬᠣᠨ᠎ᠤ ᠠᠨᠠᠭ᠋ᠠᠬᠤ ᠤᠬᠠᠭ᠋ᠠᠨ᠂ ᠬᠥᠯ ᠪᠥᠮᠪᠥᠭᠡ ᠵᠡᠷᠭᠡ 35 ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ᠎ᠲᠠᠢ᠃ ᠰᠤᠷᠭ᠋ᠠᠭᠤᠯᠢ᠎ᠨᠢ 21 ᠣᠯᠠᠨ ᠴᠢᠳᠠᠮᠵᠢᠳᠣ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠠ 13 ᠦᠢ᠍ᠯᠡᠳᠪᠦᠷᠢᠯᠡᠯ᠎ᠤᠨ ᠴᠢᠨᠠᠷᠲᠠᠶ ᠳᠠᠳᠤᠯᠭ᠎ᠠ ᠪᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠳᠠᠳᠤᠯᠭ᠎ᠠ ᠪᠣᠯᠪᠠᠰᠤᠷᠠᠯ᠂ ᠨᠣᠮ ᠪᠢᠴᠢᠭ ᠮᠠᠲ᠋ᠧᠷᠢᠶᠠᠯ ᠵᠡᠷᠭᠡ ᠨᠥᠬᠥᠴᠡᠯ᠎ᠨᠢ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠡᠷᠡᠭᠴᠡᠭᠡ ᠵᠢ ᠬᠠᠩᠭ᠋ᠠᠵᠤ ᠳᠡᠶ᠋ᠢᠯᠦᠨ᠎ᠡ᠃ ᠣᠳᠣᠬᠠᠨ᠎ᠳᠤ ᠲᠤᠰᠬᠠᠶ ᠪᠠ ᠲᠤᠰᠢᠶᠠᠯ ᠬᠠᠪᠰᠤᠷᠭ᠋ᠠᠭᠰᠠᠨ ᠪᠠᠭᠰᠢ 935᠂ ᠬᠣᠤᠰ ᠬᠡᠯᠪᠡᠷᠢᠲᠦ ᠪᠠᠭᠰᠢ ᠵᠢᠨ ᠬᠡᠪ ᠪᠣᠯᠪᠠᠰᠤᠷᠠᠯ᠎ᠲᠠᠢ ᠪᠠᠭᠰᠢ 454᠂ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 15963᠂ ᠭᠠᠳᠠᠭ᠋ᠠᠳᠤ ᠵᠢᠨ ᠰᠣᠷᠣᠭᠴᠢ 126 ᠪᠠᠶ᠋ᠢᠵᠤ᠂ ᠵᠢᠯ ᠪᠦᠷᠢ ᠳᠤᠮᠳᠠᠴᠢ᠎ᠪᠠᠷ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ ᠪᠠ ᠬᠢᠨᠠᠨ ᠲᠣᠭᠲᠠᠭ᠋ᠠᠯᠲᠠ ᠵᠢ 5 ᠲᠦᠮᠡ ᠭᠠᠷᠤᠶ ᠬᠥᠮᠦᠨ ᠤᠳᠠᠭ᠎ᠠ ᠵᠢ ᠪᠡᠶᠡᠯᠡᠭᠦᠯᠵᠡᠶ᠃






      ᠰᠢᠯᠢ ᠵᠢᠨ ᠭᠣᠤᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ ᠪᠥᠬᠦᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠰᠤᠷᠭ᠋ᠠᠨ ᠬᠥᠮᠦᠵᠢᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠨᠡᠶ᠋ᠢᠭᠡᠮ ᠵᠢᠷᠤᠮ᠎ᠤᠨ ᠰᠤᠷᠭ᠋ᠠᠭᠤᠯᠢ ᠡᠷᠬᠢᠯᠡᠬᠦ ᠴᠢᠭᠯᠡᠯ᠎ᠢ ᠪᠠᠷᠢᠮᠲᠠᠯᠠᠵᠤ᠂ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠵᠤ᠂ 《ᠨᠠᠮ᠎ᠤᠨ ᠲᠥᠯᠥᠭᠡ ᠬᠥᠮᠦᠨ᠎ᠢ ᠬᠥᠮᠦᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠦᠵᠢᠭᠦᠯᠬᠦ》 ᠲᠠᠷᠬᠠᠨ ᠡᠭᠦᠷᠭᠡ ᠵᠢ ᠦᠨᠡᠨ ᠬᠦ᠌ ᠡᠭᠦᠷᠭᠡᠯᠡᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠦᠴᠦᠯᠡᠨ ᠰᠠᠶ᠋ᠢᠲᠤᠷ ᠡᠷᠬᠢᠯᠡᠪᠡ᠃ ᠤᠢ᠍ᠢ᠍ᠷ᠎ᠠ ᠵᠢᠨ ᠵᠢᠯ᠂ ᠰᠤᠷᠭ᠋ᠠᠭᠤᠯᠢ᠎ᠨᠢ ᠤᠷᠢᠳ ᠬᠣᠵᠢᠳ 《ᠪᠦᠬᠦ ᠤᠯᠤᠰ᠎ᠤᠨ ᠦᠨᠳᠤᠰᠤᠲᠠᠨ᠎ᠤ ᠪᠦᠯᠭᠦᠮᠳᠡᠯ ᠲᠠᠪᠰᠢᠯᠳᠠ ᠵᠢ ᠡᠭᠦᠳᠦᠨ ᠪᠠᠢ᠌ᠭᠤᠯᠤᠭᠰᠠᠨ ᠳᠠᠭᠤᠷᠢᠶᠠᠯ ᠦᠵᠡᠭᠦᠯᠬᠦ ᠨᠢᠭᠡᠴᠢ》᠂ ᠪᠦᠬᠦ ᠤᠯᠤᠰ᠎ᠤᠨ 《ᠲᠠᠪᠤᠳᠤᠭ᠋ᠠᠷ ᠬᠤᠭᠤᠴᠠᠭ᠋ᠠᠨ᠎ᠤ ᠬᠤᠸᠠᠩ ᠶᠠᠨ ᠫᠸᠢ ᠵᠢᠨ ᠰᠢᠯᠢᠳᠡᠭ ᠰᠤᠷᠭ᠋ᠠᠭᠤᠯᠢ ᠵᠢᠨ ᠱᠠᠩᠨᠠᠯ》᠂ 《ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠥᠭᠡᠷᠡᠴᠢᠯᠡᠯᠲᠡ ᠵᠢᠨ ᠰᠢᠨ᠎ᠡ ᠵᠢ ᠡᠭᠦᠳᠴᠦ ᠳᠠᠭᠤᠷᠢᠶᠠᠯ ᠦᠵᠡᠭᠦᠯᠬᠦ ᠳᠡᠭᠡᠳᠦ ᠰᠤᠷᠭ᠋ᠠᠭᠤᠯᠢ》 ᠵᠡᠷᠭᠡ ᠢᠷᠠᠭᠤ ᠠᠯᠳᠠᠷ᠎ᠤᠨ ᠴᠣᠯᠠ ᠵᠢ ᠬᠦᠷᠳᠡᠪᠡ; 2014 ᠣᠨ᠎ᠳᠤ 《ᠪᠦᠬᠦ ᠤᠯᠤᠰ᠎ᠤᠨ ᠲᠡᠭᠦᠰᠬᠦ ᠰᠤᠷᠤᠭᠴᠢ ᠵᠢᠨ ᠠᠵᠢᠯ ᠣᠯᠭᠣᠯᠲᠠ ᠵᠢᠨ 50 ᠬᠦᠴᠦᠷᠬᠡᠭ ᠳᠡᠭᠡᠳᠦ ᠰᠤᠷᠭ᠋ᠠᠭᠤᠯᠢ》᠎ᠪᠠᠷ ᠦᠨᠡᠯᠡᠭᠳᠡᠪᠡ; 2017 — 2019 ᠣᠨ᠎ᠳᠤ ᠭᠤᠷᠪᠠᠨ ᠵᠢᠯ ᠳᠠᠷᠠᠭ᠋ᠠᠯᠠᠨ 《ᠪᠥᠬᠥ ᠤᠯᠤᠰ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠵᠢᠨ ᠳᠡᠯᠡᠬᠡᠶ ᠵᠢ ᠨᠥᠯᠦᠭᠡᠯᠡᠭᠰᠡᠨ 50 ᠬᠦᠴᠦᠷᠬᠡᠭ》 ᠵᠶ᠋ᠠᠷ ᠦᠨᠡᠯᠡᠭᠳᠡᠪᠡ; 2019 ᠣᠨ᠎ᠳᠤ 《ᠪᠥᠬᠥ ᠤᠯᠤᠰ᠎ᠤᠨ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠨᠡᠢ᠌ᠲᠡᠯᠢᠭ ᠳᠤᠷᠰᠢᠯᠭ᠋ᠠᠲᠤ ᠳᠡᠭᠡᠳᠦ ᠰᠤᠷᠭ᠋ᠠᠭᠤᠯᠢ》᠂ ᠪᠥᠬᠥ ᠤᠯᠤᠰ᠎ᠤᠨ 《ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠠᠯᠪᠠᠨ᠎ᠤ ᠸᠢᠴᠠᠲ᠎ᠤᠨ ᠲᠠᠪᠢᠨ ᠬᠦᠴᠦᠷᠬᠡᠭ》 ᠵᠶ᠋ᠠᠷ ᠦᠨᠡᠯᠡᠭᠳᠡᠵᠦ᠂ ᠰᠤᠷᠭ᠋ᠠᠨ ᠬᠦᠮᠤᠵᠢᠯ᠎ᠤᠨ ᠶᠠᠮᠤᠨ᠎ᠤ ᠨᠠᠰᠤᠲᠠᠶ᠋ᠢᠴᠤᠳ᠎ᠢ ᠠᠰᠠᠷᠠᠬᠤ᠂ ᠮᠠᠰᠢᠨ ᠲᠡᠷᠭᠡ ᠰᠡᠯᠪᠢᠨ ᠵᠠᠰᠠᠬᠤ᠂ Web᠎ᠤᠨ ᠡᠮᠦᠨ᠎ᠡ ᠦᠵᠦᠭᠦᠷ ᠵᠡᠷᠭᠡ ᠠᠷᠪᠠᠨ ᠨᠢᠭᠡᠨ 1+X ᠲᠤᠷᠰᠢᠯᠲᠠ ᠵᠢᠨ ᠴᠡᠭ᠎ᠢ ᠭᠥᠷᠳᠡᠪᠡ; 《ᠪᠥᠬᠥ ᠤᠯᠤᠰ᠎ᠤᠨ ᠴᠢᠨᠠᠷᠯᠢᠭ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ》 ᠵᠢ ᠪᠥᠲᠥᠭᠡᠨ ᠪᠠᠢ᠌ᠭᠤᠯᠤᠭᠰᠠᠨ ᠨᠢᠭᠡᠴᠢ᠂ ᠠᠩᠬᠠᠳᠠᠭᠴᠢ ᠪᠦᠯᠦᠭ᠎ᠤᠨ 《ᠥᠪᠡᠷᠲᠡᠭᠡᠨ ᠵᠠᠰᠠᠬᠤ ᠣᠷᠣᠨ᠎ᠤ ᠳᠠᠭᠤᠷᠢᠶᠠᠯ ᠦᠵᠡᠭᠦᠯᠬᠦ ᠴᠢᠨᠠᠷᠲᠠᠶ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ》 ᠪᠠ ᠥᠪᠡᠷᠲᠡᠭᠡᠨ ᠵᠠᠰᠠᠬᠤ ᠣᠷᠣᠨ᠎ᠤ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠢᠨᠵᠧᠨᠧᠷᠢᠩ᠎ᠤᠨ 《ᠳᠡᠭᠡᠳᠦ ᠳᠡᠰ᠎ᠤᠨ ᠴᠢᠳᠠᠪᠤᠷᠢᠲᠠᠨ᠎ᠤ ᠰᠠᠭᠤᠷᠢᠨ ᠭᠠᠵᠠᠷ》 ᠪᠣᠯᠤᠨ᠎ᠠ᠃
   







ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠲᠥᠷᠥ ᠤᠯᠤᠰ》 ᠭᠡᠬᠦ ᠳᠠᠭᠤᠤ ᠬᠠᠩᠭᠢᠨᠠᠨᠠᠮ
ᠴᠤᠭ ᠪᠠᠳᠠᠷᠠᠩᠭᠤᠶ ᠡᠷᠡᠯᠬᠡᠭᠯᠡᠨ ᠤᠷᠤᠭᠰᠢᠯᠠᠵᠠᠭ᠋ᠠᠶ᠎ᠠ! ᠦᠪᠦᠷ ᠮᠤᠨᠭ᠌ᠭᠤᠯ᠎ᠤᠨ ᠬᠣᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ 《ᠤᠯᠠᠭ᠋ᠠᠨ ᠲᠤᠭ ᠰᠠᠯᠬᠢᠨ᠎ᠤ ᠠᠶ᠎ᠠ᠎ᠪᠠᠷ ᠨᠠᠮᠢᠷᠠᠨ᠎ᠠ》 ᠭᠡᠬᠦ ᠳᠠᠭᠤᠤ ᠵᠢ ᠬᠠᠩᠭᠢᠨᠠᠭᠤᠯᠪᠠ
ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ᠎ᠠᠴᠠ 《ᠳᠤᠮᠳᠠᠳᠤ ᠤᠯᠤᠰ》 ᠭᠡᠬᠦ ᠳᠠᠭᠤᠤ ᠵᠢ ᠬᠠᠩᠭᠢᠨᠠᠨᠠᠮ
ᠦᠪᠦᠷ ᠮᠤᠨᠭ᠌ᠭᠤᠯ᠎ᠤᠨ ᠤᠮᠠᠷᠠᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠪᠢ ᠳᠤᠮᠳᠠᠳᠤ ᠤᠯᠤᠰ ᠵᠶ᠋ᠠᠨ ᠬᠠᠶ᠋ᠢᠷᠠᠯᠠᠨ᠎ᠠ》 ᠭᠡᠬᠦ ᠳᠠᠭᠤᠤ ᠵᠢ ᠬᠠᠩᠭᠢᠨᠠᠭᠤᠯᠪᠠ
ᠭᠦᠨ ᠵᠤᠵᠠᠭ᠋ᠠᠨ ᠬᠠᠶ᠋ᠢᠷ᠎ᠠ ᠰᠡᠳᠬᠢᠯᠭᠡ! ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠤᠨ᠎ᠬᠢᠨ 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》 ᠭᠡᠰᠡᠨ ᠳᠠᠭᠤᠤ ᠵᠢ ᠬᠠᠩᠭᠢᠨᠠᠭᠤᠯᠪᠠ
 
             蒙ICP备05000248号