ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠵᠦ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠵᠠᠮ
ᠬᠠᠷᠢᠯᠴᠠᠭ᠋ᠠᠨ ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
— 《ᠪᠢ ᠳᠤᠮᠳᠠᠳᠤ ᠤᠯᠤᠰ᠎ᠲᠤ᠎ᠪᠠᠨ ᠬᠠᠢ᠌ᠷᠠᠲᠠᠢ》

ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ (ᠵᠠᠮ ᠬᠠᠷᠢᠯᠴᠠᠭ᠋ᠠᠨ᠎ᠤ ᠳᠡᠭᠡᠳᠦ ᠰᠤᠷᠭ᠋ᠠᠭᠤᠯᠢ) 1956 ᠣᠨ᠎ᠳᠤ ᠵᠠᠮ ᠬᠠᠷᠢᠯᠴᠠᠭ᠋ᠠᠨ᠎ᠤ ᠶᠠᠮᠤᠨ᠎ᠠᠴᠠ ᠪᠠᠢ᠌ᠭᠤᠯᠤᠭᠰᠠᠨ ᠤᠤᠯ᠎ᠤᠨ ᠬᠦᠬᠡᠬᠤᠳᠠ ᠵᠢᠨ ᠵᠠᠮ ᠬᠠᠷᠢᠯᠴᠠᠭ᠋ᠠᠨ᠎ᠤ ᠰᠤᠷᠭ᠋ᠠᠭᠤᠯᠢ ᠶᠤᠮ᠂ ᠤᠯᠤᠰ᠎ᠤᠨ ᠵᠠᠮ ᠬᠠᠷᠢᠯᠴᠠᠭ᠋ᠠᠨ᠎ᠤ ᠶᠠᠮᠤᠨ᠎ᠤ ᠪᠠᠶ᠋ᠢᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠨ ᠡᠭᠦᠳᠡᠨ᠎ᠠᠴᠠ ᠬᠢᠯᠢ ᠬᠢᠵᠠᠭ᠋ᠠᠷ᠎ᠤᠨ ᠴᠥᠭᠡᠨ ᠲᠣᠭ᠋ᠠᠲᠤ ᠦᠨᠳᠦᠰᠦᠲᠡᠨ᠎ᠤ ᠣᠷᠣᠨ᠎ᠳᠤ ᠪᠠᠶ᠋ᠢᠭᠤᠯᠤᠭᠰᠠᠨ ᠲᠧᠭᠨᠢᠭ᠎ᠤᠨ ᠤᠬᠠᠭ᠋ᠠᠨ᠎ᠤ ᠰᠤᠷᠭ᠋ᠠᠭᠤᠯᠢ ᠪᠣᠯᠤᠨ᠎ᠠ᠃1980 ᠣᠨ᠎ᠳᠤ ᠰᠤᠷᠭ᠋ᠠᠨ ᠬᠦᠮᠤᠵᠢᠯ᠎ᠤᠨ ᠶᠠᠮᠤᠨ᠎ᠠᠴᠠ ᠪᠥᠬᠥ ᠤᠯᠤᠰ᠎ᠤᠨ ᠭᠣᠣᠯᠳᠠᠯᠭ᠋ᠠᠲᠠᠢ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ᠎ᠪᠠᠷ ᠲᠣᠭᠲᠠᠭ᠋ᠠᠵᠤ᠂ 1988 ᠣᠨ᠎ᠳᠤ ᠲᠦᠷᠤ ᠵᠢᠨ ᠶᠠᠪᠤᠳᠠᠯ᠎ᠤᠨ ᠬᠣᠷᠢᠶᠠᠨ᠎ᠠᠴᠠ ᠰᠤᠷᠭ᠋ᠠᠭᠤᠯᠢ᠎ᠳᠤ 《ᠪᠥᠬᠥ ᠤᠯᠤᠰ᠎ᠤᠨ ᠦᠨᠳᠤᠰᠤᠲᠠᠨ᠎ᠤ ᠪᠦᠯᠭᠦᠮᠳᠡᠯ ᠳᠠᠪᠰᠢᠯᠲᠠ ᠵᠢᠨ ᠲᠡᠷᠢᠭᠦᠨ᠎ᠤ ᠬᠠᠮᠲᠤ》 ᠭᠡᠬᠦ ᠴᠣᠯᠠ ᠣᠯᠭᠣᠵᠤ᠂1996 ᠣᠨ᠎ᠳᠤ ᠤᠯᠤᠰ᠎ᠤᠨ ᠰᠤᠷᠭ᠋ᠠᠨ ᠬᠥᠮᠦᠵᠢᠯ᠎ᠤᠨ ᠵᠥᠪᠯᠡᠯ᠎ᠠᠴᠠ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠡᠷᠭᠢᠯᠡᠬᠦ ᠵᠢ ᠵᠥᠪᠰᠢᠶᠡᠷᠡᠪᠡ᠃ 2000 ᠣᠨ᠎ᠳᠤ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ᠎ᠲᠠᠢ ᠨᠡᠢ᠌ᠯᠡᠵᠦ᠂ 2009 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ ᠵᠶ᠋ᠠᠷ ᠳᠡᠰᠯᠡᠭᠴᠢ ᠲᠢᠩᠬᠢᠮ᠎ᠤᠨ ᠲᠡᠰ᠎ᠤᠨ ᠪᠠᠶ᠋ᠢᠭᠤᠯᠤᠮᠵᠢ ᠵᠢᠨ ᠲᠦᠷᠢᠮ ᠵᠶ᠋ᠠᠷ ᠲᠡᠰ ᠳᠡᠪᠰᠢᠭᠦᠯᠵᠦ᠂ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠭᠡᠵᠦ ᠨᠡᠷ᠎ᠡ᠎ᠪᠠᠨ ᠬᠠᠯᠠᠪᠠ᠃ ᠰᠤᠷᠭ᠋ᠠᠭᠤᠯᠢ᠎ᠨᠢ 《ᠵᠠᠮ ᠬᠠᠷᠢᠯᠴᠠᠭ᠎ᠠ᠎ᠳᠤ ᠰᠠᠭᠤᠷᠢᠯᠠᠵᠤ᠂ ᠠᠵᠢᠯ ᠲᠥᠷᠥᠯ᠎ᠳᠤ ᠲᠦᠰᠢᠭᠯᠡᠨ᠂ ᠨᠡᠶ᠋ᠢᠭᠡᠮ᠎ᠳᠤ ᠬᠠᠨᠳᠤᠵᠤ᠂ ᠠᠵᠤ ᠠᠬᠤᠶ᠎ᠳᠤ ᠦᠢ᠍ᠯᠡᠴᠢᠯᠡᠬᠦ》 ᠰᠤᠷᠭ᠋ᠠᠭᠤᠯᠢ ᠡᠷᠭᠢᠯᠡᠬᠦ ᠵᠣᠷᠢᠯᠲᠠ ᠵᠢ ᠪᠠᠷᠢᠮᠲᠠᠯᠠᠵᠤ᠂ ᠤᠯᠤᠰ᠎ᠤᠨ ᠵᠠᠮ ᠬᠠᠷᠢᠯᠴᠠᠭ᠋ᠠᠨ᠎ᠤ ᠠᠵᠢᠯ ᠲᠥᠷᠥᠯ ᠪᠠ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠦᠢ᠍ᠯᠡᠳᠦᠯ ᠦᠵᠡᠭᠦᠯᠪᠡ᠃ ᠤᠤᠯ᠎ᠤᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠳᠡᠳ᠋ ᠬᠤᠷᠢᠶᠠᠨ ᠳᠠᠷᠤᠭ᠎ᠠ᠂ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠲᠡᠷᠢᠭᠦᠯᠡᠭᠴᠢ ᠪᠦᠬᠡ ᠰᠤᠷᠭ᠋ᠠᠭᠤᠯᠢ ᠵᠢ ᠪᠠᠶ᠋ᠢᠴᠠᠭ᠋ᠠᠬᠤ᠎ᠳᠤ᠎ᠪᠠᠨ 《ᠡᠯ᠎ᠡ ᠦᠨᠳᠦᠰᠦᠲᠡᠨ᠎ᠤ ᠴᠢᠳᠠᠪᠤᠷᠢᠲᠠᠨ᠎ᠢ ᠬᠥᠮᠦᠵᠢᠭᠦᠯᠵᠦ᠂ ᠵᠠᠮ ᠬᠠᠷᠢᠯᠴᠠᠭ᠋ᠠᠨ᠎ᠤ ᠦᠢ᠍ᠯᠡᠰ᠎ᠢ ᠬᠥᠭᠵᠢᠭᠦᠯᠰᠦᠭᠡᠢ》 ᠭᠡᠬᠦ ᠪᠢᠴᠢᠭᠡᠰᠦ ᠪᠢᠴᠢᠵᠦ ᠥᠭᠴᠦ᠂ ᠤᠤᠯ᠎ᠤᠨ ᠵᠠᠮ ᠬᠠᠷᠢᠯᠴᠠᠭ᠋ᠠᠨ᠎ᠤ ᠶᠠᠮᠤᠨ᠎ᠤ ᠰᠠᠶ᠋ᠢᠳ ᠴᠢᠶᠠᠨ ᠶᠦᠩ ᠴᠠᠩ ᠰᠤᠷᠭ᠋ᠠᠭᠤᠯᠢ ᠵᠢ ᠪᠠᠶ᠋ᠢᠴᠠᠭ᠋ᠠᠬᠤ᠎ᠳᠤ᠎ᠪᠠᠨ 《ᠵᠠᠮ ᠬᠠᠷᠢᠯᠴᠠᠭ᠋ᠠᠨ᠎ᠤ ᠴᠢᠳᠠᠪᠤᠷᠢᠲᠠᠨ᠎ᠤ ᠥᠯᠥᠭᠡᠢ᠂ ᠲᠦᠷᠪᠡ ᠵᠢ ᠣᠳᠣᠬᠢᠴᠢᠯᠠᠬᠤ ᠪᠦᠳᠦᠭᠡᠨ ᠪᠠᠶ᠋ᠢᠭᠤᠯᠤᠯᠲᠠ ᠵᠢᠨ ᠬᠦᠰᠡᠯ ᠡᠷᠡᠮᠡᠯᠵᠡᠯ》 ᠭᠡᠬᠦ ᠪᠢᠴᠢᠭᠡᠰᠦ ᠪᠢᠴᠢᠵᠦ ᠥᠭᠪᠡ᠃

ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠣᠲᠣ ᠵᠢᠷᠭᠤᠭ᠋ᠠᠨ ᠰᠠᠯᠪᠤᠷᠢ ᠨᠢᠭᠡ ᠬᠡᠯᠲᠡᠰ 7 ᠵᠢᠭ᠋ᠠᠨ ᠰᠤᠷᠭ᠋ᠠᠯᠲᠠ ᠵᠢᠨ ᠨᠢᠭᠡᠴᠢ᠎ᠲᠠᠢ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ (ᠭᠠᠳᠠᠭ᠋ᠠᠳᠤ᠎ᠳᠤ ᠰᠤᠷᠤᠯᠴᠠᠵᠤ ᠪᠠᠶ᠋ᠢᠭ᠎ᠠ ᠰᠤᠷᠤᠭᠴᠢᠳ᠎ᠤᠨ ᠰᠤᠷᠭ᠋ᠠᠨ ᠬᠥᠮᠦᠵᠢᠯ᠎ᠢ ᠪᠠᠭᠲᠠᠭ᠋ᠠᠨ᠎ᠠ)᠂ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ ᠵᠡᠷᠭᠡ ᠭᠤᠷᠪᠠᠨ ᠲᠠᠰ ᠳᠠᠪᠬᠤᠷᠭ᠎ᠠ᠎ᠲᠠᠢ ᠪᠠᠶ᠋ᠢᠵᠤ᠂ ᠰᠤᠷᠭ᠋ᠠᠭᠤᠯᠢ᠎ᠳᠤ ᠪᠠᠶ᠋ᠢᠭ᠎ᠠ ᠡᠯ᠎ᠡ ᠲᠥᠷᠥᠯ᠎ᠤᠨ ᠰᠣᠷᠣᠭᠴᠢ ᠵᠢᠨ ᠪᠥᠬᠥ ᠲᠣᠭ᠎ᠠ 3500 ᠵᠢ ᠳᠠᠪᠠᠵᠠᠶ᠃ ᠲᠤᠰᠬᠠᠶ ᠲᠤᠰᠢᠶᠠᠯᠲᠤ ᠪᠠᠭᠰᠢ 144᠂ ᠳ᠋ᠣᠺᠲ᠋ᠣᠷ ᠴᠤᠯᠠᠲᠠᠢ ᠪᠠᠭᠰᠢ 41᠂ ᠳᠡᠳ᠋ ᠳᠡᠭᠡᠳᠦ ᠳᠡᠰ᠎ᠤᠨ ᠮᠡᠷᠭᠡᠵᠢᠯ᠎ᠤᠨ ᠴᠤᠯᠠᠲᠠᠢ ᠪᠠᠭᠰᠢ 75᠂ ᠬᠣᠤᠰ ᠬᠡᠯᠪᠡᠷᠢᠲᠦ ᠪᠠᠭᠰᠢ 58 ᠪᠣᠶ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ 2᠂ ᠤᠯᠤᠰ᠎ᠤᠨ ᠶᠡᠷᠦᠩᠬᠡᠶ᠋ᠢᠯᠡᠭᠰᠡᠨ ᠬᠥᠬᠡ ᠲᠠᠰ᠎ᠤᠨ ᠵᠠᠰᠠᠮᠠᠯ ᠵᠠᠮ᠎ᠤᠨ ᠢᠨᠵᠧᠨᠧᠷᠢᠩ᠎ᠤᠨ ᠲᠤᠷᠰᠢᠯᠲᠠ ᠬᠢᠵᠦ ᠪᠠᠶ᠋ᠢᠴᠠᠭ᠋ᠠᠨ ᠬᠡᠮᠵᠢᠬᠦ ᠲᠥᠪ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢᠨ ᠳᠠᠭᠤᠷᠢᠶᠠᠯ ᠦᠵᠡᠭᠦᠯᠬᠦ ᠲᠥᠪ 1 ᠵᠢ ᠪᠠᠢ᠌ᠭᠤᠯᠪᠠ᠃ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠪᠣᠯᠤᠨ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ 《ᠲᠢᠩᠬᠢᠮ ᠰᠤᠷᠭ᠋ᠠᠭᠤᠯᠢ ᠬᠠᠮᠲᠤᠷᠠᠨ ᠪᠠᠢ᠌ᠭᠤᠯᠤᠭᠰᠠᠨ》 ᠳᠡᠭᠡᠳᠦ ᠰᠤᠷᠭ᠋ᠠᠭᠤᠯᠢ ᠪᠠᠢ᠌ᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ 20 ᠭᠠᠷᠤᠢ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠎ᠲᠠᠢ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠥᠷᠨᠢᠭᠦᠯᠵᠦ᠂ ᠣᠷᠣᠨ᠎ᠤ ᠳᠣᠲᠣᠷ᠎ᠠ ᠭᠠᠳᠠᠨᠠᠬᠢ 50 ᠰᠢᠬᠠᠮ ᠵᠠᠮ ᠬᠠᠷᠢᠯᠴᠠᠭ᠋ᠠᠨ᠎ᠤ ᠠᠵᠤ ᠠᠬᠤᠶ᠋ᠢᠯᠠᠯ᠎ᠳᠤ 《ᠵᠢᠭ᠋ᠠᠨ ᠰᠤᠷᠭ᠋ᠠᠯᠲᠠ ᠵᠢᠨ ᠳᠠᠳᠤᠯᠭ᠎ᠠ ᠪᠠ ᠪᠣᠯᠪᠠᠰᠤᠷᠠᠯ᠎ᠤᠨ ᠰᠠᠭᠤᠷᠢᠨ ᠭᠠᠵᠠᠷ》᠎ᠢ ᠪᠠᠶ᠋ᠢᠭᠤᠯᠵᠠᠢ᠃




ᠰᠢᠨ᠎ᠡ ᠴᠠᠭ ᠦᠶ᠎ᠡ᠎ᠳᠤ᠂ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠵᠠᠮ ᠬᠠᠷᠢᠯᠴᠠᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠠᠴᠠ 《ᠭᠣᠣᠯ ᠱᠤᠭᠤᠮ᠎ᠢ ᠪᠠᠷᠢᠮᠲᠠᠯᠠᠵᠤ᠂ ᠬᠣᠶᠠᠷ᠎ᠢ ᠳᠡᠭᠡᠭᠰᠢᠯᠡᠭᠦᠯᠬᠦ ᠵᠢᠨ ᠲᠣᠭᠣᠷᠢᠨ᠎ᠳᠤ ᠲᠠᠪᠤᠨ ᠲᠠᠯ᠎ᠠ᠎ᠪᠠᠷ ᠰᠢᠪᠲᠤᠯᠬᠤ᠎ᠪᠠᠷ ᠬᠦᠴᠦᠯᠡᠬᠦ》 ᠬᠥᠭᠵᠢᠯᠲᠡ ᠵᠢᠨ ᠰᠡᠳᠬᠢᠮᠵᠢ ᠵᠢ ᠲᠥᠪ ᠴᠢᠩᠭ᠎ᠠ᠎ᠪᠠᠷ ᠳᠤᠷᠠᠳᠴᠠᠢ᠃ ᠰᠤᠷᠭ᠋ᠠᠭᠤᠯᠢ᠎ᠪᠠᠷ ᠵᠶ᠋ᠠᠨ ᠰᠢᠨ᠎ᠡ ᠬᠥᠭᠵᠢᠯᠲᠡ ᠵᠢᠨ ᠣᠨᠣᠯᠵᠢᠬᠤᠨ ᠪᠠ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠲᠤᠭᠤᠰᠢᠯᠠᠭᠤᠯᠵᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠵᠠᠮ ᠨᠡᠭᠡᠭᠡᠨ ᠤᠷᠤᠭᠰᠢᠯᠠᠵᠤ᠂ ᠴᠢᠳᠠᠪᠤᠷᠢᠲᠠᠨ᠎ᠢ ᠬᠥᠮᠦᠵᠢᠭᠦᠯᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠨᠡᠶ᠋ᠢᠭᠡᠮ᠎ᠤᠨ ᠦᠢ᠍ᠯᠡᠴᠢᠯᠡᠭᠡ ᠪᠠ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠴᠢᠳᠠᠪᠤᠷᠢ ᠪᠠ ᠬᠢᠷᠢ ᠲᠦᠪᠰᠢᠨ ᠵᠶ᠋ᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠰᠤᠷᠭ᠋ᠠᠭᠤᠯᠢ ᠵᠢᠨ ᠵᠶ᠋ᠠᠨ ᠶᠡᠷᠦᠩᠬᠡᠶ᠋ᠢᠯᠡᠭᠰᠡᠨ ᠪᠣᠳᠠᠲᠤ ᠬᠦᠴᠦᠨ ᠪᠣᠯᠤᠨ ᠭᠣᠣᠯᠯᠠᠬᠤ ᠥᠷᠢᠰᠥᠯᠳᠦᠬᠦ ᠬᠦᠴᠦᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠴᠢᠨᠠᠷᠯᠢᠭ ᠬᠥᠭᠵᠢᠯᠲᠡ ᠵᠢ ᠰᠠᠶ᠋ᠢᠲᠤᠷ ᠡᠬᠢᠯᠡᠭᠦᠯᠬᠦ ᠵᠢ ᠠᠬᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠋ᠠᠨ᠎ᠤ ᠬᠦᠴᠦᠷᠬᠡᠭ ᠤᠯᠤᠰ᠎ᠢ ᠪᠥᠳᠥᠭᠡᠨ ᠪᠠᠶ᠋ᠢᠭᠤᠯᠬᠤ ᠪᠠ ᠴᠢᠨᠠᠷᠯᠢᠭ ᠵᠠᠮ ᠬᠠᠷᠢᠯᠴᠠᠭ᠋ᠠᠨ᠎ᠤ ᠬᠦᠴᠦᠷᠬᠡᠭ ᠣᠷᠣᠨ᠎ᠢ ᠪᠥᠳᠥᠭᠡᠨ ᠪᠠᠶ᠋ᠢᠭᠤᠯᠬᠤ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢ ᠪᠡᠶᠡᠯᠡᠭᠦᠯᠬᠦ᠎ᠳᠤ ᠬᠦᠴᠦᠨ ᠴᠢᠳᠠᠯ ᠵᠶ᠋ᠠᠨ ᠡᠷᠭᠦᠵᠦ ᠪᠠᠢ᠌ᠨ᠎ᠠ᠃

