ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠮᠠᠨᠵᠤᠤᠷ᠎ᠤᠨ ᠤᠷᠤᠰ ᠬᠡᠯᠡᠨ᠎ᠤ ᠲᠤᠰᠬᠠᠢ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠪᠢ ᠡᠬᠡ ᠤᠯᠤᠰ᠎ᠲᠠᠢ᠎ᠪᠠᠨ》 ᠭᠡᠬᠦ ᠳᠠᠭᠤᠤ ᠵᠢ ᠬᠠᠩᠭᠢᠨᠠᠭᠤᠯᠪᠠ
ᠨᠡᠶ᠋ᠢᠲᠡᠯᠡᠭᠰᠡᠨ ᠴᠠᠭ᠄ 2021-05-21


    ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠪᠠ᠃
    ᠮᠠᠨᠵᠤᠤᠷ᠎ᠤᠨ ᠤᠷᠤᠰ ᠬᠡᠯᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
        —《ᠪᠢ ᠡᠬᠡ ᠤᠯᠤᠰ᠎ᠲᠠᠢ᠎ᠪᠠᠨ》
   

              ᠮᠠᠨᠵᠤᠤᠷ᠎ᠤᠨ ᠤᠷᠤᠰ ᠬᠡᠯᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ



      ᠮᠠᠨᠵᠤᠤᠷ᠎ᠤᠨ ᠤᠷᠤᠰ ᠬᠡᠯᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠵᠥᠪᠰᠢᠶᠡᠷᠡᠭᠰᠡᠨ᠂ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠳᠤ ᠳᠠᠩᠰᠠᠯᠠᠭᠤᠯᠤᠭᠰᠠᠨ ᠠᠯᠪᠠᠨ᠎ᠠᠴᠠ ᠡᠷᠬᠢᠯᠡᠭᠰᠡᠨ ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠂ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠮᠠᠨᠵᠤᠤᠷ᠎ᠲᠠᠬᠢ ᠳᠡᠭᠡᠳᠦ ᠰᠤᠷᠭ᠋ᠠᠭᠤᠯᠢ᠎ᠲᠠᠢ ᠨᠢᠭᠡ ᠴᠤᠬ᠍ᠴᠠᠵᠢᠭᠤᠯᠤᠨ ᠪᠠᠶ᠋ᠢᠭᠤᠯᠵᠤ᠂ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠪᠡ᠃ ᠳᠡᠭᠡᠳᠦ ᠰᠤᠷᠭ᠋ᠠᠭᠤᠯᠢ᠎ᠨᠢ 200 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠰᠣᠨᠢᠨ ᠮᠡᠳᠡᠭᠡᠨ᠎ᠤ ᠲᠤᠷᠰᠢᠯᠲᠠ ᠵᠢᠨ ᠲᠠᠰᠤᠭ᠂ ᠠᠪᠢᠶᠠᠨ᠎ᠤ ᠲᠤᠷᠰᠢᠯᠲᠠ ᠵᠢᠨ ᠲᠠᠰᠤᠭ᠂ ᠢᠵᠢᠯ ᠠᠯᠬᠤᠮᠲᠤ ᠣᠷᠴᠢᠭᠤᠯᠤᠨ ᠳᠠᠮᠵᠢᠭᠤᠯᠬᠤ ᠲᠠᠰᠤᠭ᠂ ᠮᠥᠩᠭᠥᠨ ᠭᠦᠢ᠍ᠯᠭᠡᠭᠡᠨ᠎ᠤ ᠲᠤᠷᠰᠢᠯᠲᠠ ᠵᠢᠨ ᠲᠠᠰᠤᠭ᠂ ᠮᠠᠰᠢᠨ ᠲᠡᠷᠭᠡ ᠰᠡᠯᠪᠢᠨ ᠵᠠᠰᠠᠬᠤ ᠪᠣᠳᠠᠲᠠᠶ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ ᠵᠡᠷᠭᠡ ᠣᠳᠣᠬᠢᠴᠢᠯᠠᠭᠰᠠᠨ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠲᠥᠬᠥᠭᠡᠷᠦᠮᠵᠢ ᠵᠢ ᠲᠣᠬᠢᠷᠠᠭᠤᠯᠪᠠ᠃



      ᠮᠠᠨᠵᠤᠤᠷ᠎ᠤᠨ ᠤᠷᠤᠰ ᠬᠡᠯᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠤᠯᠤᠰ᠎ᠤᠨ ᠤᠮᠠᠷᠠᠰᠢ ᠨᠡᠬᠡᠬᠡᠯᠳᠡ ᠬᠢᠬᠦ ᠪᠠᠶ᠋ᠢᠯᠳᠤᠬᠤ ᠪᠤᠳᠤᠯᠭ᠎ᠠ ᠵᠢᠨ ᠬᠡᠷᠡᠭᠴᠡᠭᠡ᠎ᠳᠤ ᠵᠣᠬᠢᠴᠠᠭᠰᠠᠨ ᠤᠷᠤᠰ ᠬᠡᠯᠡᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠪᠣᠯᠤᠨ ᠤᠷᠤᠰ ᠬᠡᠯᠡ+ ᠲᠤᠰᠬᠠᠢ ᠮᠡᠷᠭᠡᠵᠢᠯ᠎ᠤᠨ ᠬᠡᠷᠡᠭᠯᠡᠭᠡᠨ᠎ᠤ ᠬᠡᠯᠪᠡᠷᠢᠲᠦ᠂ ᠬᠠᠮ ᠬᠡᠯᠪᠡᠷᠢᠲᠦ ᠴᠢᠳᠠᠪᠤᠷᠢᠲᠠᠨ᠎ᠢ ᠬᠥᠮᠦᠵᠢᠭᠦᠯᠬᠦ᠎ᠪᠠᠷ ᠴᠢᠷᠮᠠᠶ᠋ᠢᠵᠤ ᠪᠤᠢ᠃ ᠣᠲᠣ ᠣᠷᠣᠰ ᠬᠡᠯᠡᠨ᠎ᠤ ᠤᠳᠬ᠎ᠠ ᠵᠣᠬᠢᠶᠠᠯ᠎ᠤᠨ ᠰᠠᠯᠪᠤᠷᠢ᠂ ᠵᠢᠭᠤᠯᠴᠢᠯᠠᠯ᠎ᠤᠨ ᠤᠬᠠᠭ᠋ᠠᠨ᠎ᠤ ᠰᠠᠯᠪᠤᠷᠢ᠂ ᠤᠷᠠᠯᠢᠭ᠎ᠤᠨ ᠰᠠᠯᠪᠤᠷᠢ᠂ ᠠᠵᠤ ᠠᠬᠤᠶ ᠵᠢᠨ ᠤᠬᠠᠭ᠋ᠠᠨ᠎ᠤ ᠰᠠᠯᠪᠤᠷᠢ᠂ ᠮᠧᠬᠠᠨᠢᠭ᠎ᠤᠨ ᠢᠨᠵᠧᠨᠧᠷᠢᠩ᠎ᠤᠨ ᠰᠠᠯᠪᠤᠷᠢ ᠪᠠ ᠮᠡᠳᠡᠭᠡ ᠵᠠᠩᠭᠢᠴᠢᠯᠠᠯᠲᠠ᠎ᠶᠢᠨ ᠢᠨᠵᠧᠨᠧᠷᠢᠩ᠎ᠤᠨ ᠰᠠᠯᠪᠤᠷᠢ ᠵᠡᠷᠭᠡ 6 ᠰᠠᠯᠪᠤᠷᠢ᠎ᠲᠠᠢ᠃ ᠬᠡᠷᠡᠭᠯᠡᠭᠡᠨ᠎ᠤ ᠣᠷᠣᠰ ᠬᠡᠯᠡ᠂ ᠮᠥᠩᠭᠥᠨ ᠭᠦᠢ᠍ᠯᠭᠡᠭᠡᠨ᠎ᠤ ᠬᠠᠮᠢᠶᠠᠷᠤᠯᠲᠠ᠂ ᠵᠢᠭᠤᠯᠴᠢᠯᠠᠯ᠎ᠤᠨ ᠬᠠᠮᠢᠶᠠᠷᠤᠯᠲᠠ᠂ ᠧᠦ᠋ᠷᠣᠫᠠ ᠬᠣᠭᠣᠯᠠᠨ᠎ᠤ ᠭᠠᠷ ᠤᠷᠠᠯᠠᠯ᠂ ᠨᠢᠭᠲᠠᠯᠠᠨ ᠪᠤᠳᠤᠬᠤ᠂ ᠺᠣᠮᠫᠢᠦ᠋ᠲ᠋ᠧᠷ᠎ᠤᠨ ᠰᠦᠯᠵᠢᠶᠡᠨ᠎ᠤ ᠮᠡᠷᠭᠡᠵᠢᠯ᠂ ᠬᠢᠯᠢ ᠠᠯᠤᠰᠯᠠᠭᠰᠠᠨ ᠡᠯᠧᠺᠲᠷᠤᠨ ᠠᠷᠠᠯᠵᠢᠶ᠎ᠠ᠂ ᠮᠠᠰᠢᠨ ᠲᠡᠷᠭᠡᠨ᠎ᠤ ᠬᠡᠷᠡᠭᠯᠡᠯᠲᠡ ᠪᠠ ᠰᠡᠯᠪᠢᠨ ᠵᠠᠰᠠᠬᠤ ᠮᠡᠷᠭᠡᠵᠢᠯ᠂ ᠮᠠᠰᠢᠨ ᠲᠡᠷᠭᠡᠨ᠎ᠤ ᠡᠵᠡᠩᠨᠡᠨ ᠪᠣᠷᠣᠯᠠᠭᠤᠯᠤᠯᠲᠠ ᠪᠠ ᠦᠢ᠍ᠯᠡᠴᠢᠯᠡᠭᠡ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠮᠡᠷᠭᠡᠵᠢᠯ᠂ ᠤᠷᠠᠨ ᠵᠢᠷᠤᠭ (ᠲᠣᠰᠣᠨ ᠪᠤᠳᠤᠭ᠎ᠤᠨ ᠵᠢᠷᠤᠭ)᠂ ᠣᠷᠴᠢᠨ ᠲᠣᠭᠣᠷᠢᠨ᠎ᠤ ᠤᠷᠠᠯᠢᠭ᠎ᠤᠨ ᠵᠢᠷᠤᠭ ᠲᠥᠯᠥᠪᠯᠡᠭᠡ᠂ ᠬᠡᠤᠬᠡᠳ᠎ᠤᠨ ᠬᠥᠭᠵᠢᠯᠲᠡ ᠪᠠ ᠡᠷᠡᠭᠦᠯ ᠮᠡᠨᠳᠦ ᠵᠢᠨ ᠬᠠᠮᠢᠶᠠᠷᠤᠯᠲᠠ ᠵᠡᠷᠭᠡ ᠲᠤᠰᠬᠠᠶ ᠮᠡᠷᠭᠡᠵᠢᠯ᠎ᠢ ᠨᠡᠭᠡᠭᠡᠪᠡ᠃ 2021 ᠣᠨ᠎ᠳᠤ᠂ ᠮᠠᠨᠵᠤᠤᠷ᠎ᠤᠨ ᠤᠷᠤᠰ ᠬᠡᠯᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ᠎ᠨᠢ ᠲᠠᠪᠠᠯᠳᠠᠳᠤ ᠴᠢᠨᠠᠷᠲᠠᠢ ᠬᠥᠭᠵᠢᠯᠲᠡ ᠵᠢ ᠪᠡᠶᠡᠯᠡᠭᠦᠯᠵᠦ᠂ ᠨᠢᠭᠡ ᠯᠡ ᠤᠳᠠᠭ᠎ᠠ᠎ᠳᠤ 6 ᠰᠢᠨ᠎ᠡ ᠲᠤᠰᠬᠠᠶ ᠮᠡᠷᠭᠡᠵᠢᠯ ᠨᠡᠮᠡᠭᠳᠡᠨ᠂ ᠲᠤᠰᠬᠠᠶ ᠮᠡᠷᠭᠡᠵᠢᠯ᠎ᠤᠨ ᠲᠣᠭ᠎ᠠ ᠬᠡᠮᠵᠢᠶ᠎ᠡ ᠪᠠ ᠪᠦᠲᠦᠴᠡ᠎ᠳᠤ ᠴᠥᠮ ᠢᠯᠡᠳᠲᠡ ᠬᠤᠪᠢᠷᠠᠯᠲᠠ ᠭᠠᠷᠴᠠᠶ᠃



      ᠮᠠᠨᠵᠤᠤᠷ᠎ᠤᠨ ᠤᠷᠤᠰ ᠬᠡᠯᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠣᠳᠣᠬᠠᠨ᠎ᠤ ᠨᠡᠶ᠋ᠢᠭᠡᠮ᠎ᠤᠨ ᠠᠵᠤ ᠠᠬᠤᠢ ᠵᠢᠨ ᠬᠥᠭᠵᠢᠯᠲᠡ ᠵᠢᠨ ᠴᠢᠳᠠᠪᠤᠷᠢᠲᠠᠨ ᠬᠡᠷᠡᠭᠰᠡᠬᠦ ᠱᠠᠭ᠋ᠠᠷᠳᠠᠯᠭ᠎ᠠ ᠵᠢᠨ ᠬᠤᠪᠢᠷᠠᠯᠲᠠ᠎ᠲᠠᠢ ᠤᠶᠠᠯᠳᠤᠭᠤᠯᠤᠨ᠂ 《ᠥᠨᠳᠦᠷ ᠡᠬᠢᠯᠡᠯᠲᠡ᠂ ᠴᠢᠨᠠᠷᠯᠢᠭ᠂ ᠥᠪᠡᠷᠮᠢᠴᠡ ᠣᠨᠴᠠᠯᠢᠭᠲᠤ ᠪᠠ ᠳᠡᠯᠡᠬᠡᠢ᠍ᠢ᠍ᠴᠢᠯᠡᠬᠦ》 ᠰᠤᠷᠭ᠋ᠠᠭᠤᠯᠢ ᠡᠷᠭᠢᠯᠡᠬᠦ ᠴᠢᠭᠯᠡᠯ ᠪᠠ ᠣᠨᠣᠯᠵᠢᠬᠤᠨ᠎ᠢ ᠵᠢᠷᠤᠮᠯᠠᠪᠠ᠃ 《ᠲᠤᠰᠬᠠᠶ ᠮᠡᠷᠭᠡᠵᠢᠯ ᠵᠶ᠋ᠠᠨ ᠮᠡᠳᠡᠬᠦ᠂ ᠦᠢ᠍ᠯᠡᠳᠦᠯᠭᠡ ᠵᠢ ᠴᠢᠬᠤᠯᠠᠴᠢᠯᠠᠬᠤ᠂ ᠴᠢᠳᠠᠪᠤᠷᠢ᠎ᠪᠠᠨ ᠰᠢᠯᠢᠳᠡᠭᠵᠢᠭᠦᠯᠬᠦ ᠪᠠ ᠥᠨᠳᠦᠷ ᠬᠡᠪ ᠪᠣᠯᠪᠠᠰᠤᠷᠠᠯ᠎ᠲᠠᠢ》 ᠬᠡᠷᠡᠭᠯᠡᠭᠡᠨ᠎ᠤ   ᠬᠡᠯᠪᠡᠷᠢᠲᠦ ᠴᠢᠳᠠᠪᠤᠷᠢᠲᠠᠨ᠎ᠢ ᠢᠳᠡᠪᠬᠢᠲᠡᠶ ᠬᠥᠮᠥᠵᠢᠭᠦᠯᠵᠦ ᠪᠣᠢ᠃


      ᠰᠤᠷᠭ᠋ᠠᠭᠤᠯᠢ ᠡᠷᠬᠢᠯᠡᠬᠦ ᠣᠨᠴᠠᠯᠢᠭ
      ᠭᠠᠵᠠᠷ ᠣᠷᠣᠨ᠎ᠤ ᠳᠠᠪᠠᠭᠤᠯᠢᠭ ᠵᠶ᠋ᠠᠨ ᠪᠠᠳᠠᠷᠠᠭᠤᠯᠤᠨ᠂ ᠲᠡᠯᠡᠬᠡᠢ᠌ᠴᠢᠯᠡᠭᠰᠡᠨ ᠰᠤᠷᠭ᠋ᠠᠭᠤᠯᠢ ᠡᠷᠭᠢᠯᠡᠬᠦ ᠣᠨᠴᠠᠯᠢᠭ᠎ᠢ ᠳᠣᠪᠣᠶ᠋ᠢᠯᠭ᠋ᠠᠵᠤ᠂ ᠰᠤᠷᠤᠭᠴᠢᠳ᠎ᠲᠤ 《ᠬᠣᠤᠰ ᠭᠠᠳᠠᠭ᠋ᠠᠳᠤ ᠬᠡᠯᠡ》 ᠵᠢᠨ ᠵᠢᠭ᠋ᠠᠨ ᠰᠤᠷᠭ᠋ᠠᠯᠲᠠ ᠵᠢ ᠬᠡᠷᠡᠭᠵᠢᠭᠦᠯᠦᠨ᠂ ᠠᠩᠭ᠍ᠯᠢ ᠬᠡᠯᠡ ᠪᠠ ᠣᠷᠣᠰ ᠬᠡᠯᠡ ᠵᠢ ᠵᠠᠪᠠᠯ ᠰᠤᠷᠬᠤ ᠣᠯᠠᠨ ᠨᠡᠶ᠋ᠢᠲᠡ ᠵᠢᠨ ᠭᠠᠳᠠᠭ᠋ᠠᠳᠤ ᠬᠡᠯᠡᠨ᠎ᠤ ᠬᠢᠴᠢᠶᠡᠯ ᠪᠣᠯᠭ᠋ᠠᠵᠤ᠂ 《ᠣᠷᠣᠰ ᠬᠡᠯᠡ + ᠲᠤᠰᠬᠠᠶ ᠮᠡᠷᠭᠡᠵᠢᠯ》᠎ᠤᠨ ᠰᠤᠷᠭ᠋ᠠᠭᠤᠯᠢ ᠡᠷᠭᠢᠯᠡᠬᠦ ᠬᠡᠪ ᠵᠠᠭᠪᠤᠷ᠎ᠢ ᠳᠣᠪᠣᠶ᠋ᠢᠯᠭ᠋ᠠᠵᠤ᠂ ᠰᠤᠷᠤᠭᠴᠢᠳ᠎ᠢ ᠵᠣᠬᠢᠶᠠᠨ ᠪᠠᠶ᠋ᠢᠭᠤᠯᠤᠨ ᠣᠷᠣᠰ᠎ᠤᠨ ᠳᠡᠭᠡᠳᠦ ᠰᠤᠷᠭ᠋ᠠᠭᠤᠯᠢ᠎ᠳᠤ ᠣᠴᠢᠭᠤᠯᠵᠤ᠂ ᠲᠣᠭᠲᠠᠮᠠᠯ ᠬᠤᠭᠤᠴᠠᠭ᠋ᠠᠲᠠᠢ᠎ᠪᠠᠷ ᠰᠣᠯᠢᠯᠴᠠᠭᠤᠯᠤᠨ ᠰᠤᠷᠤᠯᠴᠠᠭᠤᠯᠵᠤ᠂ ᠣᠷᠣᠰ ᠬᠡᠯᠡᠨ᠎ᠤ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠪᠡ᠃
      ᠤᠷᠢᠳ ᠬᠣᠵᠢᠳ ᠣᠷᠣᠰ᠎ᠤᠨ ᠢᠷᠺᠦ᠋ᠼᠺ ᠤᠯᠤᠰ᠎ᠤᠨ ᠶᠡᠬᠡ ᠰᠤᠷᠭ᠋ᠠᠭᠤᠯᠢ᠂ ᠴᠢᠲ᠋ᠠ ᠤᠯᠤᠰ᠎ᠤᠨ ᠶᠡᠬᠡ ᠰᠤᠷᠭ᠋ᠠᠭᠤᠯᠢ᠂ ᠪᠤᠷᠢᠶᠠᠳ ᠤᠯᠤᠰ᠎ᠤᠨ ᠶᠡᠬᠡ ᠰᠤᠷᠭ᠋ᠠᠭᠤᠯᠢ᠂ ᠪᠡᠢ᠍ᠢ᠍ᠭ᠋ᠠᠯ ᠤᠯᠤᠰ᠎ᠤᠨ ᠬᠥᠮᠦᠨ ᠰᠣᠶᠣᠯ᠎ᠤᠨ ᠪᠠᠭᠰᠢ ᠵᠢᠨ ᠶᠡᠬᠡ ᠰᠤᠷᠭ᠋ᠠᠭᠤᠯᠢ᠂ ᠳ᠋ᠣᠰᠲ᠋ᠣᠶᠧᠧᠰᠺᠢ ᠵᠢᠨ ᠤᠮᠰᠺ ᠤᠯᠤᠰ᠎ᠤᠨ ᠶᠡᠬᠡ ᠰᠤᠷᠭ᠋ᠠᠭᠤᠯᠢ᠂ ᠵᠡᠭᠦᠨ ᠰᠢᠪᠢᠷᠢ ᠵᠢᠨ ᠤᠯᠤᠰ᠎ᠤᠨ ᠭᠠᠷ ᠤᠷᠠᠯᠠᠯ᠎ᠤᠨ ᠬᠠᠮᠢᠶᠠᠷᠤᠯᠲᠠ ᠵᠢᠨ ᠶᠡᠬᠡ ᠰᠤᠷᠭ᠋ᠠᠭᠤᠯᠢ ᠵᠡᠷᠭᠡ 10 ᠭᠠᠷᠤᠶ ᠣᠷᠣᠰ᠎ᠤᠨ ᠳᠡᠭᠡᠳᠦ ᠰᠤᠷᠭ᠋ᠠᠭᠤᠯᠢ᠎ᠲᠠᠢ ᠣᠯᠠᠨ ᠤᠯᠤᠰ᠎ᠤᠨ ᠰᠣᠯᠢᠯᠴᠠᠭ᠎ᠠ ᠵᠢᠴᠢ ᠬᠠᠮᠲᠤᠷᠠᠨ ᠰᠤᠷᠭ᠋ᠠᠭᠤᠯᠢ ᠡᠷᠭᠢᠯᠡᠬᠦ ᠬᠡᠯᠡᠯᠴᠡᠭᠡᠷ ᠲᠣᠭᠲᠠᠪᠠ᠃ ᠰᠤᠷᠭ᠋ᠠᠭᠤᠯᠢ ᠵᠢᠨ ᠵᠠᠬᠢᠷᠤᠯ ᠬᠠᠷᠢᠯᠴᠠᠨ ᠰᠤᠷᠪᠤᠯᠵᠢᠯᠠᠬᠤ᠂ ᠪᠠᠭᠰᠢ ᠬᠠᠷᠢᠯᠴᠠᠨ ᠲᠣᠮᠢᠯᠠᠬᠤ᠂ ᠪᠠᠭᠰᠢ ᠰᠤᠷᠤᠭᠴᠢᠳ᠎ᠤᠨ ᠰᠣᠯᠢᠯᠴᠠᠭ᠎ᠠ ᠬᠢᠬᠦ ᠵᠡᠷᠭᠡ ᠠᠵᠢᠯ᠎ᠢ ᠶᠠᠪᠤᠭᠤᠯᠪᠠ᠃



      ᠪᠠᠭᠰᠢ ᠵᠢᠨ ᠬᠦᠴᠦᠨ
      ᠮᠠᠨᠵᠤᠤᠷ᠎ᠤᠨ ᠤᠷᠤᠰ ᠬᠡᠯᠡᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠤᠨ ᠦᠪᠦᠷ ᠮᠤᠨᠭ᠌ᠭᠤᠯ᠎ᠤᠨ ᠶᠡᠬᠡ ᠰᠤᠷᠭ᠋ᠠᠭᠤᠯᠢ ᠵᠢᠨ ᠮᠠᠨᠵᠤᠤᠷ᠎ᠲᠠᠬᠢ ᠳᠡᠭᠡᠳᠦ ᠰᠤᠷᠭ᠋ᠠᠭᠤᠯᠢ ᠰᠤᠷᠭ᠋ᠠᠨ ᠬᠥᠮᠦᠵᠢᠯ᠂ ᠵᠢᠭ᠋ᠠᠨ ᠰᠤᠷᠭ᠋ᠠᠯᠲᠠ ᠵᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠵᠦ᠂ ᠥᠨᠳᠥᠷ ᠬᠡᠪ ᠪᠣᠯᠪᠠᠰᠤᠷᠠᠯ᠎ᠲᠠᠢ ᠪᠠᠭᠰᠢ ᠵᠢᠨ ᠡᠩᠨᠡᠭᠡ ᠵᠢ ᠪᠠᠶ᠋ᠢᠭᠤᠯᠪᠠ᠃ ᠳᠡᠭᠡᠳᠦ ᠰᠤᠷᠭ᠋ᠠᠭᠤᠯᠢ᠎ᠳᠤ ᠣᠳᠣ 187 ᠪᠡᠭ᠍ᠰᠢ ᠠᠵᠢᠯᠳᠡᠠ ᠠᠵᠢᠯᠴᠢᠠ᠎ᠲᠠᠢ᠃ ᠡᠭᠦᠨ᠎ᠳᠤ ᠫᠷᠣᠹᠧᠰᠰᠤᠷ 3᠂ ᠳᠡᠳ᠋ ᠫᠷᠣᠹᠧᠰᠰᠤᠷ 16᠂ ᠳ᠋ᠣᠺᠲ᠋ᠣᠷ 24 ᠪᠣᠶ᠃ ᠣᠷᠣᠰ ᠨᠤᠲᠤᠭᠲᠠᠢ ᠭᠠᠳᠠᠭ᠋ᠠᠳᠤ ᠵᠢᠨ ᠪᠠᠭᠰᠢ 4 ᠬᠥᠮᠦᠨ᠎ᠢ ᠤᠷᠢᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠨᠠᠷᠠᠲᠤ ᠫᠷᠤᠹᠧᠰᠰᠤᠷ ᠵᠶ᠋ᠠᠷ ᠪᠦᠷᠢᠯᠳᠦᠭᠰᠡᠨ ᠵᠣᠴᠢᠮᠠᠳ ᠫᠷᠤᠹᠧᠰᠰᠤᠷ᠎ᠤᠨ ᠪᠠᠭᠰᠢ ᠵᠢᠨ ᠬᠥᠮᠥᠷᠭᠡ᠎ᠲᠠᠢ᠃



      ᠡᠷᠳᠡᠮ ᠰᠢᠨᠵᠢᠯᠡᠭᠡᠨ᠎ᠤ   ᠰᠣᠳᠤᠯᠭ᠋ᠠᠨ
      ᠡᠷᠳᠡᠮ ᠰᠢᠨᠵᠢᠯᠡᠭᠡᠨ᠎ᠤ ᠰᠤᠳᠤᠯᠭ᠋ᠠᠨ᠎ᠢ ᠴᠢᠬᠤᠯᠠᠴᠢᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠡᠭᠡᠳᠦ ᠰᠤᠷᠭ᠋ᠠᠭᠤᠯᠢ᠎ᠯᠤᠭ᠎ᠠ ᠬᠠᠮᠲᠤᠷᠠᠨ ᠠᠵᠢᠯᠯᠠᠬᠤ ᠵᠢ ᠴᠢᠩᠭ᠋ᠠᠳᠬᠠᠪᠠ᠃ ᠤᠷᠤᠰ᠎ᠤᠨ ᠰᠤᠳᠤᠯᠭ᠋ᠠᠨ᠎ᠤ ᠲᠥᠪ᠂ ᠮᠣᠩᠭᠣᠯ ᠤᠯᠤᠰ᠎ᠤᠨ ᠰᠤᠳᠤᠯᠭ᠋ᠠᠨ᠎ᠤ ᠲᠥᠪ ᠵᠢᠴᠢ ᠵᠡᠭᠦᠨ ᠬᠣᠶ᠋ᠢᠲᠤ ᠠᠽᠢᠶ᠎ᠠ ᠵᠢᠨ ᠰᠤᠳᠤᠯᠭ᠋ᠠᠨ᠎ᠤ ᠭᠠᠵᠠᠷ᠎ᠢ ᠪᠠᠶ᠋ᠢᠭᠤᠯᠪᠠ᠃ ᠲᠤᠰ ᠰᠤᠷᠭ᠋ᠠᠭᠤᠯᠢ ᠵᠢᠨ ᠪᠠᠭᠰᠢ ᠨᠠᠷ ᠤᠯᠠᠨ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠰᠡᠳᠦᠪ᠎ᠢ ᠤᠯᠬᠤ᠎ᠪᠠᠷ ᠭᠤᠶᠤᠴᠢᠯᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠲᠤᠮᠤ ᠬᠡᠯᠪᠡᠷᠢᠲᠦ ᠡᠷᠳᠡᠮ ᠰᠢᠨᠵᠢᠯᠡᠭᠡᠨ᠎ᠤ ᠬᠤᠷᠠᠯ᠎ᠢ ᠤᠯᠠᠨ ᠤᠳᠠᠭ᠎ᠠ ᠡᠷᠬᠢᠯᠡᠭᠰᠡᠨ ᠪᠤᠶᠤ ᠳᠠᠭ᠋ᠠᠭ᠋ᠠᠨ ᠡᠷᠬᠢᠯᠡᠵᠤ ᠪᠠᠶ᠋ᠢᠭ᠎ᠠ ᠪᠥᠭᠡᠳ ᠠᠯᠳᠠᠷᠲᠤ ᠡᠷᠳᠡᠮᠲᠡᠨ᠎ᠢ ᠰᠤᠷᠭ᠋ᠠᠭᠤᠯᠢ᠎ᠳᠤ᠎ᠪᠠᠨ ᠤᠷᠢᠵᠤ ᠲᠤᠰᠬᠠᠶ ᠰᠡᠳᠦᠪᠲᠦ ᠲᠠᠶ᠋ᠢᠯᠤᠮᠵᠢ ᠬᠢᠯᠭᠡᠵᠦ᠂ ᠤᠯᠠᠨ ᠪᠠᠭᠰᠢ ᠨᠢᠭᠡᠨᠲᠡ ᠭᠣᠣᠯᠯᠠᠭᠴᠢ ᠰᠡᠳᠬᠦᠯ᠎ᠤᠳ ᠳᠡᠭᠡᠷ᠎ᠡ ᠥᠭᠦᠯᠡᠯ ᠨᠡᠶ᠋ᠢᠲᠡᠯᠡᠭᠦᠯᠦᠭᠰᠡᠨ ᠪᠥᠭᠡᠳ ᠡᠯ᠎ᠡ ᠵᠦᠢ᠍ᠯ᠎ᠤᠨ ᠡᠷᠳᠡᠮ ᠰᠢᠨᠵᠢᠯᠡᠭᠡᠨ᠎ᠤ ᠪᠦᠯᠬᠦᠮ᠎ᠤᠨ ᠠᠵᠢᠯᠯᠠᠭ᠎ᠠ᠎ᠳᠤ ᠣᠷᠣᠯᠴᠠᠭᠰᠠᠨ ᠪᠠᠶ᠋ᠢᠨ᠎ᠠ᠃


      ᠰᠤᠷᠭ᠋ᠠᠭᠤᠯᠢ ᠳᠡᠪᠰᠢᠬᠦ ᠠᠷᠭ᠎ᠠ ᠵᠠᠮ
      ᠰᠤᠷᠤᠭᠴᠢᠳ᠎ᠪᠠᠷ ᠰᠤᠷᠭ᠋ᠠᠭᠤᠯᠢ ᠵᠢᠨ ᠣᠯᠠᠨ ᠤᠯᠤᠰ᠎ᠤᠨ ᠬᠠᠮᠲᠤᠷᠠᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ ᠡᠷᠭᠢᠯᠡᠬᠦ ᠬᠡᠯᠡᠯᠴᠡᠭᠡᠷ ᠬᠢᠭᠰᠡᠨ ᠣᠷᠣᠰ᠎ᠤᠨ ᠳᠡᠭᠡᠳᠦ ᠰᠤᠷᠭ᠋ᠠᠭᠤᠯᠢ᠎ᠳᠤ ᠣᠴᠢᠵᠤ᠂ ᠵᠢᠩᠬᠢᠨᠢ ᠠᠩᠭᠢ᠎ᠳᠤ ᠦᠷᠭᠦᠯᠵᠢᠯᠡᠨ ᠰᠤᠷᠤᠯᠴᠠᠬᠤ ᠪᠤᠶᠤ ᠰᠤᠳᠤᠯᠬᠤ ᠰᠤᠷᠤᠭᠴᠢ ᠦᠵᠡᠬᠦ ᠵᠡᠷᠭᠡ ᠰᠣᠯᠢᠯᠴᠠᠭ᠋ᠠᠨ᠎ᠤ ᠠᠵᠢᠯᠯᠠᠭ᠎ᠠ ᠵᠢ ᠰᠣᠩᠭᠣᠵᠤ ᠪᠣᠯᠤᠨ᠎ᠠ᠂ ᠭᠠᠳᠠᠭ᠋ᠠᠳᠤ᠎ᠳᠤ ᠰᠤᠷᠤᠯᠴᠠᠬᠤ ᠵᠠᠷᠤᠳᠠᠯ᠎ᠨᠢ ᠨᠡᠯᠢᠶᠡᠳ ᠳᠣᠣᠷ᠎ᠠ ᠪᠠᠶ᠋ᠢᠳᠠᠭ᠃ ᠡᠭᠦᠨ᠎ᠤ ᠬᠠᠮᠲᠤ ᠪᠠᠰᠠ ᠮᠤᠰᠺᠸᠠ᠂ ᠰᠠᠨᠲ ᠫᠧᠲ᠋ᠧᠷᠪᠦᠷᠢᠭ ᠵᠡᠷᠭᠡ ᠶᠡᠬᠡ ᠰᠤᠷᠭ᠋ᠠᠭᠤᠯᠢ᠎ᠳᠤ ᠬᠦᠷᠴᠦ ᠮᠠᠰᠲ᠋ᠧᠷ᠂ ᠳ᠋ᠣᠺᠲ᠋ᠣᠷ ᠴᠣᠯᠠ ᠬᠠᠮᠠᠭ᠋ᠠᠯᠠᠬᠤ᠎ᠪᠠᠷ ᠰᠤᠷᠤᠯᠴᠠᠵᠤ ᠪᠣᠯᠤᠨ᠎ᠠ᠃ 2012 ᠣᠨ᠎ᠠᠴᠠ ᠡᠬᠢᠯᠡᠨ᠂ ᠰᠤᠷᠭ᠋ᠠᠭᠤᠯᠢ᠎ᠠᠴᠠ ᠣᠷᠣᠰ᠎ᠤᠨ ᠬᠠᠮᠲᠤᠷᠠᠯᠴᠠᠭ᠋ᠠᠨ᠎ᠤ ᠳᠡᠭᠡᠳᠦ ᠰᠤᠷᠭ᠋ᠠᠭᠤᠯᠢ᠎ᠳᠤ 200 ᠭᠠᠷᠤᠶ ᠰᠤᠷᠤᠭᠴᠢ ᠵᠢ ᠶᠠᠪᠤᠭᠤᠯᠵᠤ ᠵᠢᠩᠬᠢᠨᠢ ᠠᠩᠭᠢ᠎ᠳᠤ ᠰᠤᠷᠤᠯᠴᠠᠭᠤᠯᠵᠤ᠂ 30 ᠭᠠᠷᠤᠶ ᠰᠤᠷᠤᠭᠴᠢ ᠣᠷᠣᠰ᠎ᠤᠨ ᠳᠡᠭᠡᠳᠦ ᠰᠤᠷᠭ᠋ᠠᠭᠤᠯᠢ᠎ᠳᠤ ᠮᠠᠰᠲ᠋ᠧᠷ ᠴᠣᠯᠠ ᠬᠠᠮᠠᠭ᠋ᠠᠯᠠᠭᠰᠠᠨ ᠪᠠᠢ᠌ᠨ᠎ᠠ᠃ ᠤᠯᠤᠰ᠎ᠤᠨ ᠳᠣᠲᠣᠭ᠋ᠠᠳᠤ ᠵᠢᠨ ᠳᠡᠭᠡᠳᠦ ᠰᠤᠷᠭ᠋ᠠᠭᠤᠯᠢ᠎ᠳᠤ ᠬᠠᠷᠠᠮᠥ᠋ᠷᠡᠨ᠎ᠤ ᠶᠡᠬᠡ ᠰᠤᠷᠭ᠋ᠠᠭᠤᠯᠢ᠂ ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ᠂ ᠬᠥᠯᠦᠨ ᠪᠦᠢ᠍ᠷ ᠳᠡᠭᠡᠳᠦ ᠰᠤᠷᠭ᠋ᠠᠭᠤᠯᠢ᠎ᠲᠠᠢ ᠤᠷᠢᠳ ᠬᠣᠵᠢᠳ ᠬᠠᠮᠲᠤᠷᠠᠨ ᠠᠵᠢᠯᠯᠠᠵᠤ᠂ ᠰᠤᠷᠤᠭᠴᠢᠳ ᠵᠢᠩᠬᠢᠨᠢ ᠠᠩᠭᠢ᠎ᠳᠤ ᠳᠡᠪᠰᠢᠬᠦ᠎ᠳᠤ ᠳᠥᠭᠥᠮ ᠨᠥᠬᠥᠴᠡᠯ ᠪᠠ ᠰᠠᠭ᠋ᠠᠳ ᠦᠭᠡᠶ ᠨᠡᠪᠲᠡᠷᠡᠬᠦ ᠵᠠᠮ᠎ᠢ   ᠨᠡᠭᠡᠭᠡᠵᠦ ᠥᠭᠭᠦᠭᠰᠡᠨ ᠪᠠᠶ᠋ᠢᠨ᠎ᠠ᠃

   


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠢᠯᠢ ᠵᠢᠨ ᠭᠣᠤᠯ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠬᠤᠨᠳᠠᠭ᠎ᠠ᠎ᠪᠠᠨ ᠡᠷᠭᠦᠵᠡᠭᠡᠶ᠎ᠡ᠂ ᠠᠨᠳᠠ ᠨᠠᠷ ᠮᠢᠨᠢ》 ᠭᠡᠰᠡᠨ ᠢᠷᠠᠭᠤᠬᠠᠨ ᠳᠠᠭᠤᠤ ᠬᠠᠩᠭᠢᠨᠠᠨᠠᠮ
ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠠᠴᠠ 《ᠲᠥᠷᠥ ᠤᠯᠤᠰ》 ᠭᠡᠬᠦ ᠳᠠᠭᠤᠤ ᠬᠠᠩᠭᠢᠨᠠᠨᠠᠮ
ᠴᠤᠭ ᠪᠠᠳᠠᠷᠠᠩᠭᠤᠶ ᠡᠷᠡᠯᠬᠡᠭᠯᠡᠨ ᠤᠷᠤᠭᠰᠢᠯᠠᠵᠠᠭ᠋ᠠᠶ᠎ᠠ! ᠦᠪᠦᠷ ᠮᠤᠨᠭ᠌ᠭᠤᠯ᠎ᠤᠨ ᠬᠣᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ 《ᠤᠯᠠᠭ᠋ᠠᠨ ᠲᠤᠭ ᠰᠠᠯᠬᠢᠨ᠎ᠤ ᠠᠶ᠎ᠠ᠎ᠪᠠᠷ ᠨᠠᠮᠢᠷᠠᠨ᠎ᠠ》 ᠭᠡᠬᠦ ᠳᠠᠭᠤᠤ ᠵᠢ ᠬᠠᠩᠭᠢᠨᠠᠭᠤᠯᠪᠠ
ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ᠎ᠠᠴᠠ 《ᠳᠤᠮᠳᠠᠳᠤ ᠤᠯᠤᠰ》 ᠭᠡᠬᠦ ᠳᠠᠭᠤᠤ ᠵᠢ ᠬᠠᠩᠭᠢᠨᠠᠨᠠᠮ
ᠦᠪᠦᠷ ᠮᠤᠨᠭ᠌ᠭᠤᠯ᠎ᠤᠨ ᠤᠮᠠᠷᠠᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠪᠢ ᠳᠤᠮᠳᠠᠳᠤ ᠤᠯᠤᠰ ᠵᠶ᠋ᠠᠨ ᠬᠠᠶ᠋ᠢᠷᠠᠯᠠᠨ᠎ᠠ》 ᠭᠡᠬᠦ ᠳᠠᠭᠤᠤ ᠵᠢ ᠬᠠᠩᠭᠢᠨᠠᠭᠤᠯᠪᠠ
 
             蒙ICP备05000248号