ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠦᠪᠦᠷ ᠮᠤᠨᠭ᠌ᠭᠤᠯ᠎ᠤᠨ ᠬᠤᠩ ᠳ᠋ᠧ ᠨᠡᠶ᠋ᠢᠭᠡᠮ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ
— 《ᠤᠯᠠᠭ᠋ᠠᠨ ᠲᠤᠭ ᠰᠠᠯᠬᠢᠨ᠎ᠤ ᠠᠶ᠎ᠠ᠎ᠪᠠᠷ ᠨᠠᠮᠢᠷᠠᠨ᠎ᠠ》
ᠦᠪᠦᠷ ᠮᠤᠨᠭ᠌ᠭᠤᠯ᠎ᠤᠨ ᠬᠣᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠄ ᠥᠪᠡᠷᠮᠢᠴᠡ ᠣᠨᠴᠠᠯᠢᠭᠲᠤ᠂ ᠴᠢᠨᠠᠷᠯᠢᠭ ᠬᠡᠷᠡᠭᠯᠡᠭᠡᠨ᠎ᠤ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠵᠢ ᠪᠥᠲᠥᠭᠡᠨ ᠪᠠᠢ᠌ᠭᠤᠯᠪᠠ
ᠦᠪᠦᠷ ᠮᠤᠨᠭ᠌ᠭᠤᠯ᠎ᠤᠨ ᠬᠤᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠂ ᠤᠤᠯ᠎ᠤᠨ ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠬᠤᠩ ᠳ᠋ᠧ ᠳᠡᠭᠡᠳᠦ ᠰᠤᠷᠭ᠋ᠠᠭᠤᠯᠢ᠂ ᠰᠤᠷᠭ᠋ᠠᠨ ᠬᠦᠮᠤᠵᠢᠯ᠎ᠤᠨ ᠶᠠᠮᠤᠨ᠎ᠤ ᠵᠥᠪᠰᠢᠶᠡᠷᠡᠯ ᠵᠶ᠋ᠠᠷ ᠪᠠᠶ᠋ᠢᠭᠤᠯᠤᠭᠰᠠᠨ ᠪᠦᠬᠦᠯᠢ ᠡᠳᠦᠷ᠎ᠤᠨ ᠳᠦᠷᠢᠮᠲᠦ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ᠎ᠨᠢ 2008 ᠣᠨ᠎ᠠᠴᠠ ᠡᠬᠢᠯᠡᠨ ᠵᠢᠩᠬᠢᠨᠢ ᠠᠩᠭᠢ ᠵᠢᠨ ᠰᠤᠷᠤᠭᠴᠢ ᠡᠯᠰᠡᠪᠡ; 2010 ᠣᠨ᠎ᠳᠤ ᠭᠠᠳᠠᠭ᠋ᠠᠳᠤ ᠵᠢᠨ ᠰᠤᠷᠤᠭᠴᠢ ᠵᠢᠨ ᠬᠥᠮᠦᠵᠢᠯ᠎ᠢ ᠥᠷᠨᠢᠭᠦᠯᠬᠦ ᠵᠦᠪᠰᠢᠶᠡᠷᠡᠯ᠎ᠢ ᠣᠯᠪᠠ; 2016 ᠣᠨ᠎ᠳᠤ ᠬᠣᠤᠰ ᠡᠷᠳᠡᠮ᠎ᠤᠨ ᠴᠣᠯᠠ ᠵᠢᠨ ᠰᠤᠷᠭ᠋ᠠᠨ ᠬᠥᠮᠦᠵᠢᠯ᠎ᠢ ᠡᠬᠢᠯᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠲᠤᠷᠰᠢᠯᠲᠠ ᠵᠢᠨ ᠰᠤᠷᠭ᠋ᠠᠭᠤᠯᠢ᠎ᠪᠠᠷ ᠲᠣᠭᠳᠠᠭ᠋ᠠᠭᠳᠠᠪᠠ; 2017 ᠣᠨ᠎ᠳᠤ 《ᠲᠤᠰᠬᠠᠶ ᠮᠡᠷᠭᠡᠵᠢᠯ᠎ᠠᠴᠠ ᠵᠢᠩᠬᠢᠨᠢ ᠠᠩᠭᠢ᠎ᠳᠤ ᠳᠡᠪᠰᠢᠬᠦ》 ᠰᠣᠷᠣᠭᠴᠢ ᠡᠯᠰᠡᠬᠦ ᠬᠢᠷᠢ ᠬᠡᠮ᠎ᠢ ᠤᠯᠪᠠ; 2020 ᠣᠨ᠎ᠤ 3 ᠰᠠᠷ᠎ᠠ ᠵᠢᠨ 18᠎ᠤ ᠡᠳᠦᠷ᠂ ᠰᠤᠷᠭ᠋ᠠᠨ ᠬᠦᠮᠤᠵᠢᠯ᠎ᠤᠨ ᠶᠠᠮᠤᠨ᠎ᠤ ᠵᠥᠪᠰᠢᠶᠡᠷᠡᠯ ᠵᠶ᠋ᠠᠷ ᠠᠮᠵᠢᠯᠲᠠ᠎ᠲᠠᠢ᠎ᠪᠠᠷ ᠰᠢᠯᠵᠢᠭᠦᠯᠦᠨ ᠪᠠᠶ᠋ᠢᠭᠤᠯᠵᠤ᠂ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠩᠬᠠᠳᠠᠭᠴᠢ ᠲᠤᠰᠠᠭ᠋ᠠᠷ ᠪᠠᠶ᠋ᠢᠭᠤᠯᠤᠭᠰᠠᠨ ᠠᠷᠠᠳ᠎ᠠᠴᠠ ᠡᠷᠭᠢᠯᠡᠭᠰᠡᠨ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠪᠣᠯᠪᠠ᠃ ᠳᠡᠭᠡᠳᠦ ᠰᠤᠷᠭ᠋ᠠᠭᠤᠯᠢ᠎ᠳᠤ ᠣᠲᠣ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 26᠂ ᠲᠤᠰᠬᠠᠶ ᠮᠡᠷᠭᠡᠵᠢᠯ᠎ᠤᠨ ᠠᠩᠭᠢ ᠵᠢᠨ ᠮᠡᠷᠭᠡᠵᠢᠯ 5᠂ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 1.3 ᠲᠦᠮᠡ ᠭᠠᠷᠤᠶ ᠪᠣᠶ᠃

ᠨᠢᠭᠡ᠂ ᠬᠠᠲᠠᠭᠤ ᠲᠣᠨᠤᠭ᠎ᠤᠨ ᠲᠥᠬᠦᠭᠡᠷᠦᠮᠵᠢ ᠪᠦᠷᠢᠨ ᠲᠡᠭᠦᠯᠳᠡᠷ᠂ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠤᠷᠢᠨ ᠭᠤᠶᠤ ᠰᠠᠢ᠌ᠬᠠᠨ
2008 ᠣᠨ᠎ᠳᠤ᠂ ᠦᠪᠦᠷ ᠮᠤᠨᠭ᠌ᠭᠤᠯ᠎ᠤᠨ ᠬᠤᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠎ᠨᠢ 《ᠲᠤᠰᠠᠭ᠋ᠠᠷ ᠳᠡᠭᠡᠳᠦ ᠰᠤᠷᠭ᠋ᠠᠭᠤᠯᠢ ᠵᠢ ᠪᠠᠶ᠋ᠢᠭᠤᠯᠬᠤ ᠪᠠ ᠬᠠᠮᠢᠶᠠᠷᠬᠤ ᠠᠷᠭ᠎ᠠ》 ᠵᠢ ᠦᠨᠳᠦᠰᠦᠯᠡᠨ ᠪᠡᠯᠡᠳᠬᠡᠨ ᠪᠠᠶ᠋ᠢᠭᠤᠯᠬᠤ ᠠᠵᠢᠯ ᠵᠶ᠋ᠠᠨ ᠳᠠᠭᠤᠰᠬᠠᠵᠤ᠂ ᠰᠤᠷᠭ᠋ᠠᠨ ᠬᠦᠮᠤᠵᠢᠯ᠎ᠤᠨ ᠶᠠᠮᠤᠨ᠎ᠠᠴᠠ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠲᠤᠰᠠᠭ᠋ᠠᠷ ᠳᠡᠭᠡᠳᠦ ᠰᠤᠷᠭ᠋ᠠᠭᠤᠯᠢ᠎ᠪᠠᠷ ᠵᠦᠪᠰᠢᠶᠡᠷᠡᠵᠦ᠂ ᠬᠥᠭᠵᠢᠯᠲᠡ ᠵᠢᠨ ᠬᠤᠷᠳᠦᠠᠤ ᠵᠡᠮ᠎ᠳᠤ᠎ᠪᠠᠨ ᠣᠷᠣᠭᠰᠠᠨ ᠪᠠᠶ᠋ᠢᠨ᠎ᠠ᠃ ᠡᠭᠦᠨ᠎ᠠᠴᠠ ᠡᠬᠢᠯᠡᠨ᠂ ᠳᠡᠭᠡᠳᠦ ᠰᠤᠷᠭ᠋ᠠᠭᠤᠯᠢ᠎ᠨᠢ ᠰᠤᠷᠭ᠋ᠠᠨ ᠬᠦᠮᠤᠵᠢᠯ᠎ᠤᠨ ᠶᠠᠮᠤᠨ᠎ᠠᠴᠠ ᠲᠣᠭᠲᠠᠭ᠋ᠠᠭᠰᠠᠨ 《ᠡᠩ᠎ᠤᠨ ᠵᠢᠩᠬᠢᠨᠢ ᠠᠩᠭᠢᠲᠤ ᠰᠤᠷᠭ᠋ᠠᠭᠤᠯᠢ ᠵᠢᠨ ᠪᠠᠶ᠋ᠢᠷᠢᠯᠠᠭᠤᠯᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》᠎ᠢ ᠴᠢᠩᠭ᠎ᠠ ᠵᠢᠷᠤᠮᠯᠠᠨ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ ᠵᠢᠨ ᠬᠡᠪᠴᠢᠶ᠎ᠡ᠎ᠪᠠᠨ ᠦᠨᠳᠦᠰᠦᠯᠡᠨ ᠰᠤᠷᠭ᠋ᠠᠭᠤᠯᠢ ᠡᠷᠭᠢᠯᠡᠬᠦ ᠨᠥᠬᠥᠴᠡᠯ ᠵᠶ᠋ᠠᠨ ᠵᠢᠯ ᠳᠠᠷᠠᠭ᠋ᠠᠯᠠᠨ ᠲᠡᠭᠦᠯᠳᠡᠷᠵᠢᠭᠦᠯᠵᠦ᠂ ᠰᠤᠷᠭ᠋ᠠᠭᠤᠯᠢ ᠵᠢᠨ ᠡᠵᠡᠯᠡᠬᠦ ᠭᠠᠵᠠᠷ᠂ ᠰᠤᠷᠭ᠋ᠠᠭᠤᠯᠢ ᠵᠢᠨ ᠭᠡᠷ ᠪᠠᠷᠢᠯᠭ᠎ᠠ ᠵᠢᠨ ᠲᠠᠯᠠᠪᠠᠶ᠂ ᠪᠠᠭᠰᠢ ᠵᠢᠨ ᠡᠩᠨᠡᠭᠡ᠂ ᠵᠢᠭ᠋ᠠᠨ ᠰᠤᠷᠭ᠋ᠠᠯᠲᠠ ᠵᠢᠨ ᠲᠥᠬᠥᠭᠡᠷᠦᠮᠵᠢ ᠬᠢᠭᠡᠳ ᠨᠣᠮ ᠪᠢᠴᠢᠭ ᠵᠡᠷᠭᠡ ᠰᠤᠷᠭ᠋ᠠᠭᠤᠯᠢ ᠡᠷᠭᠢᠯᠡᠬᠦ ᠭᠦᠢ᠍ᠴᠡᠳᠭᠡᠯ ᠲᠣᠭ᠎ᠠ ᠵᠢ ᠴᠥᠮ ᠡᠩ᠎ᠤᠨ ᠵᠢᠩᠬᠢᠨᠢ ᠠᠩᠭᠢᠲᠤ ᠰᠤᠷᠭ᠋ᠠᠭᠤᠯᠢ ᠵᠢᠨ ᠪᠠᠶ᠋ᠢᠷᠢᠯᠠᠭᠤᠯᠤᠯᠲᠠ ᠵᠢᠨ ᠪᠠᠷᠢᠮᠵᠢᠶᠠᠨ᠎ᠳᠤ ᠬᠦᠷᠭᠡᠭᠰᠡᠨ ᠪᠠᠶ᠋ᠢᠨ᠎ᠠ᠃ ᠰᠤᠷᠭ᠋ᠠᠭᠤᠯᠢ᠎ᠳᠤ ᠤᠳᠤ 40 ᠲᠦᠮᠡᠨ ᠲᠡᠭᠰᠢ ᠳᠥᠷᠪᠡᠯᠵᠢᠨ ᠮᠧᠲᠷ ᠰᠤᠷᠭ᠋ᠠᠭᠤᠯᠢ ᠵᠢᠨ ᠭᠡᠷ ᠪᠠᠷᠢᠯᠭ᠎ᠠ᠎ᠲᠠᠢ᠂ ᠵᠢᠭ᠋ᠠᠨ ᠰᠤᠷᠭ᠋ᠠᠯᠲᠠ ᠵᠢᠨ ᠬᠡᠮᠵᠢᠭᠦᠷᠯᠢᠭ ᠲᠥᠬᠥᠭᠡᠷᠦᠮᠵᠢ 6600 ᠭᠠᠷᠤᠢ ᠲᠦᠮᠡᠨ ᠲᠥᠭᠥᠷᠢᠭ᠂ ᠨᠣᠮ ᠪᠢᠴᠢᠭ 130 ᠲᠦᠮᠡᠨ ᠳᠡᠪᠲᠡᠷ ᠪᠠᠢ᠌ᠵᠤ᠂ ᠵᠢᠭ᠋ᠠᠨ ᠰᠤᠷᠭ᠋ᠠᠯᠲᠠ ᠵᠢᠨ ᠲᠥᠬᠥᠭᠡᠷᠦᠮᠵᠢ ᠪᠦᠷᠢᠨ ᠲᠡᠭᠦᠯᠳᠡᠷ᠂ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠤᠷᠢᠨ ᠭᠣᠶᠤ ᠰᠠᠢ᠌ᠬᠠᠨ ᠶᠤᠮ᠃ 2016 ᠣᠨ᠎ᠳᠤ ᠬᠦᠬᠡᠬᠤᠳᠠ ᠵᠢᠨ ᠴᠡᠴᠡᠷᠯᠢᠭᠵᠢᠭᠦᠯᠦᠯᠲᠡ ᠵᠢᠨ ᠳᠣᠪᠴᠢᠶᠠᠨ᠎ᠠᠴᠠ 《ᠬᠥᠬᠡᠬᠣᠲᠠ ᠵᠢᠨ ᠴᠡᠴᠡᠷᠯᠢᠭ ᠮᠠᠶᠢᠭ᠎ᠲᠤ ᠨᠢᠭᠡᠴᠢ》᠎ᠪᠠᠷ ᠦᠨᠡᠯᠡᠵᠦ᠂ 2020 ᠣᠨ᠎ᠳᠤ ᠬᠥᠬᠡᠬᠣᠲᠠ ᠵᠢᠨ ᠨᠣᠭᠣᠭ᠋ᠠᠷᠠᠭᠤᠯᠤᠯᠲᠠ ᠵᠢᠨ ᠵᠥᠪᠯᠡᠯ᠎ᠠᠴᠠ 《ᠣᠷᠣᠨ᠎ᠤ ᠲᠥᠪ᠎ᠤᠨ ᠴᠡᠴᠡᠭᠲᠦ ᠰᠤᠷᠭ᠋ᠠᠭᠤᠯᠢ ᠵᠢᠨ ᠬᠦᠷᠢᠶ᠎ᠡ》᠎ᠪᠠᠷ ᠦᠨᠡᠯᠡᠪᠡ᠃

ᠬᠣᠶᠠᠷ᠂ ᠬᠥᠭᠵᠢᠯᠲᠡ᠎ᠲᠠᠢ ᠤᠶᠠᠯᠳᠤᠭᠤᠯᠤᠨ ᠨᠠᠮ᠎ᠤᠨ ᠪᠠᠶ᠋ᠢᠭᠤᠯᠤᠯᠲᠠ ᠵᠢ ᠠᠳᠬᠤᠵᠤ᠂ ᠨᠠᠮ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ ᠬᠥᠭᠵᠢᠯᠲᠡ ᠵᠢ ᠠᠬᠢᠭᠤᠯᠪᠠ
ᠦᠪᠦᠷ ᠮᠤᠨᠭ᠌ᠭᠤᠯ᠎ᠤᠨ ᠬᠤᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠎ᠨᠢ ᠰᠤᠷᠭ᠋ᠠᠭᠤᠯᠢ ᠡᠷᠬᠢᠯᠡᠬᠦ ᠦᠶ᠎ᠡ 《ᠭᠤᠷᠪᠠᠨ ᠰᠠᠨᠠᠭ᠎ᠠ ᠠᠮᠤᠷ》 ᠪᠠ 《ᠭᠤᠷᠪᠠᠨ ᠡᠮᠦᠨ᠎ᠡ ᠡᠩᠨᠡᠭᠡ》 ᠭᠡᠬᠦ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠠᠷᠠᠯᠲᠠ ᠵᠢ ᠳᠤᠷᠠᠳᠤᠨ ᠭᠠᠷᠭ᠋ᠠᠭᠰᠠᠨ ᠶᠤᠮ᠃ 《ᠭᠤᠷᠪᠠᠨ ᠰᠠᠨᠠᠭ᠎ᠠ ᠠᠮᠤᠷ》᠄ ᠨᠠᠮ ᠪᠣᠯᠤᠨ ᠵᠠᠰᠠᠭ᠎ᠤᠨ ᠣᠷᠳᠣᠨ᠎ᠢ ᠰᠠᠨᠠᠭ᠎ᠠ ᠠᠮᠤᠷ ᠪᠠᠶ᠋ᠢᠯᠭ᠋ᠠᠵᠤ᠂ ᠭᠡᠷ᠎ᠤᠨ ᠠᠬᠠᠮᠠᠳ ᠪᠣᠯᠤᠨ ᠰᠤᠷᠤᠭᠴᠢᠳ᠎ᠢ ᠰᠠᠨᠠᠭ᠎ᠠ ᠠᠮᠤᠷ ᠪᠠᠶ᠋ᠢᠯᠭ᠋ᠠᠵᠤ᠂ ᠪᠡᠭ᠍ᠰᠢ ᠠᠵᠢᠯᠳᠡᠠ ᠠᠵᠢᠯᠴᠢᠠᠢ ᠰᠠᠨᠠᠭ᠎ᠠ ᠠᠮᠤᠷ ᠪᠠᠶ᠋ᠢᠯᠭ᠋ᠠᠨ᠎ᠠ; 《ᠭᠤᠷᠪᠠᠨ ᠡᠮᠦᠨ᠎ᠡ ᠡᠩᠨᠡᠭᠡ》᠄ ᠳᠡᠭᠡᠳᠦ ᠰᠤᠷᠭ᠋ᠠᠭᠤᠯᠢ ᠵᠢᠨ ᠡᠯ᠎ᠡ ᠲᠦᠷᠦᠯ᠎ᠤᠨ ᠠᠵᠢᠯ᠂ ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ (ᠰᠢᠯᠵᠢᠬᠦ᠎ᠠᠴᠠ ᠡᠮᠦᠨᠡᠬᠢ ᠤᠤᠯ᠎ᠤᠨ ᠲᠤᠰᠠᠭ᠋ᠠᠷ ᠳᠡᠭᠡᠳᠦ ᠰᠤᠷᠭ᠋ᠠᠭᠤᠯᠢ ᠵᠢᠨ ᠶᠡᠷᠦᠩᠬᠡᠢ ᠳᠡᠭᠡᠳᠦ ᠰᠤᠷᠭ᠋ᠠᠭᠤᠯᠢ) ᠵᠢᠨ ᠡᠯ᠎ᠡ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ᠂ ᠪᠦᠬᠦ ᠣᠷᠣᠨ᠎ᠤ ᠠᠷᠠᠳ᠎ᠠᠴᠠ ᠡᠷᠬᠢᠯᠡᠭᠰᠡᠨ ᠳᠡᠭᠡᠳᠦ ᠰᠤᠷᠭ᠋ᠠᠭᠤᠯᠢ ᠵᠢᠨ ᠳᠣᠲᠤᠷ᠎ᠠ ᠬᠣᠩ ᠳ᠋ᠸ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ ᠡᠮᠦᠨ᠎ᠡ ᠡᠩᠨᠡᠭᠡᠨ᠎ᠳᠤ ᠣᠷᠣᠨ᠎ᠠ᠃ ᠬᠥᠭᠵᠢᠯᠲᠡ ᠵᠢᠨ ᠲᠣᠭᠣᠷᠢᠨ᠎ᠳᠤ ᠨᠠᠮ᠎ᠤᠨ ᠪᠠᠶ᠋ᠢᠭᠤᠯᠤᠯᠲᠠ ᠵᠢ ᠠᠳᠬᠤᠵᠤ᠂ ᠨᠠᠮ᠎ᠤᠨ ᠪᠠᠶ᠋ᠢᠭᠤᠯᠤᠯᠲᠠ ᠵᠢ ᠰᠠᠶ᠋ᠢᠲᠤᠷ ᠠᠳᠬᠤᠵᠤ ᠬᠥᠭᠵᠢᠯᠲᠡ ᠵᠢ ᠠᠬᠢᠭᠤᠯᠤᠨ᠂ ᠰᠤᠷᠭ᠋ᠠᠭᠤᠯᠢ ᠵᠢᠨ ᠡᠷᠡᠭᠦᠯ ᠪᠥᠭᠡᠳ ᠲᠦᠷᠭᠡᠨ ᠬᠥᠭᠵᠢᠯᠲᠡ ᠵᠢ ᠬᠦᠴᠦᠲᠡᠢ ᠠᠬᠢᠭᠤᠯᠵᠠᠢ᠃ ᠰᠤᠷᠭ᠋ᠠᠭᠤᠯᠢ ᠵᠢᠨ ᠨᠠᠮ᠎ᠤᠨ ᠬᠣᠷᠢᠶ᠎ᠠ ᠪᠦᠬᠦ ᠣᠷᠣᠨ᠎ᠤ ᠳᠡᠭᠡᠳᠦ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠠᠵᠢᠯ᠎ᠤᠨ ᠬᠤᠷᠠᠯ ᠪᠠ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠳᠡᠭᠡᠷ᠎ᠡ ᠨᠡᠶ᠋ᠢᠲᠡᠯᠢᠭ ᠵᠢᠱ᠌ᠢᠶ᠎ᠡ᠎ᠪᠠᠷ ᠤᠯᠠᠨ ᠤᠳᠠᠭ᠎ᠠ ᠶᠠᠷᠢᠶ᠎ᠠ ᠲᠠᠯᠪᠢᠵᠠᠢ᠃

ᠭᠤᠷᠪᠠ᠂ ᠳᠦᠷᠢᠮᠵᠢᠭᠰᠡᠨ ᠪᠥᠭᠡᠳ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠵᠢᠨ ᠳᠣᠭᠲᠠᠯᠴᠠᠭ᠎ᠠ ᠵᠢ ᠪᠠᠢ᠌ᠭᠤᠯᠪᠠ
ᠦᠪᠦᠷ ᠮᠤᠨᠭ᠌ᠭᠤᠯ᠎ᠤᠨ ᠬᠣᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠎ᠨᠢ ᠬᠡᠷᠡᠭ ᠮᠡᠳᠡᠭᠴᠢᠳ᠎ᠤᠨ ᠵᠦᠪᠯᠡᠯ᠎ᠤᠨ ᠤᠳᠤᠷᠢᠳᠤᠯᠭ᠎ᠠ ᠳᠣᠣᠷᠠᠬᠢ ᠰᠤᠷᠭ᠋ᠠᠭᠤᠯᠢ ᠵᠢᠨ ᠵᠠᠬᠢᠷᠤᠯ᠎ᠤᠨ ᠬᠠᠷᠢᠭᠤᠴᠠᠯᠭ᠎ᠠ ᠵᠢᠨ ᠲᠦᠷᠢᠮ᠎ᠢ ᠬᠡᠷᠡᠭᠵᠢᠭᠦᠯᠵᠦ᠂ ᠴᠢᠬᠤᠯᠠ ᠶᠡᠬᠡ ᠤᠴᠢᠷ ᠶᠠᠪᠤᠳᠠᠯ᠎ᠢ ᠬᠡᠷᠡᠭ ᠮᠡᠳᠡᠭᠴᠢᠳ᠎ᠤᠨ ᠵᠦᠪᠯᠡᠯ᠎ᠠᠴᠠ ᠲᠣᠭᠲᠠᠭ᠋ᠠᠵᠤ᠂ ᠡᠳᠦᠷ ᠲᠤᠳᠤᠮ᠎ᠤᠨ ᠠᠵᠢᠯ᠎ᠢ ᠰᠤᠷᠭ᠋ᠠᠭᠤᠯᠢ ᠵᠢᠨ ᠵᠠᠬᠢᠷᠤᠯ ᠲᠦᠯᠬᠢᠨ ᠠᠬᠢᠭᠤᠯᠤᠨ᠎ᠠ᠃ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶ᠎ᠠ᠎ᠨᠢ ᠭᠣᠣᠯᠳᠠᠭᠤ ᠤᠯᠤᠰ ᠲᠥᠷᠥ ᠵᠢᠨ ᠭᠣᠣᠯᠯᠠᠭᠴᠢ ᠪᠠ ᠪᠠᠲᠤᠯᠠᠵᠤ ᠬᠢᠨᠠᠯᠲᠠ ᠲᠠᠯᠪᠢᠬᠤ ᠦᠢ᠍ᠯᠡᠳᠦᠯ ᠵᠶ᠋ᠠᠨ ᠪᠠᠳᠠᠷᠠᠭᠤᠯᠤᠨ᠎ᠠ᠃ ᠨᠠᠮ᠎ᠤᠨ ᠬᠣᠷᠢᠶᠠᠨ᠎ᠤ ᠱᠦᠵᠢ ᠵᠢ ᠳᠡᠭᠡᠳᠦ ᠱᠠᠲᠤᠨ᠎ᠤ ᠨᠠᠮ᠎ᠤᠨ ᠵᠣᠬᠢᠶᠠᠨ ᠪᠠᠢ᠍ᠭᠤᠯᠤᠯᠲᠠ᠎ᠠᠴᠠ ᠲᠣᠮᠢᠯᠠᠵᠤ᠂ ᠲᠡᠷᠡ᠎ᠨᠢ ᠬᠡᠷᠡᠭ ᠮᠡᠳᠡᠭᠴᠢᠳ᠎ᠤᠨ ᠵᠦᠪᠯᠡᠯ᠎ᠤᠨ ᠬᠡᠰᠢᠭᠦᠨ ᠪᠣᠯᠬᠤ ᠮᠥᠷᠲᠡᠭᠡᠨ ᠪᠠᠰᠠ ᠳᠡᠳ᠋ ᠵᠠᠬᠢᠷᠤᠯ᠎ᠤᠨ ᠲᠤᠰᠢᠶᠠᠯ᠎ᠢ ᠬᠠᠪᠰᠤᠷᠭ᠋ᠠᠨ ᠬᠠᠷᠢᠭᠤᠴᠠᠨ᠎ᠠ; ᠰᠤᠷᠭ᠋ᠠᠭᠤᠯᠢ ᠵᠢᠨ ᠵᠠᠬᠢᠷᠤᠯ᠎ᠨᠢ ᠨᠠᠮ᠎ᠤᠨ ᠬᠣᠷᠢᠶᠠᠨ᠎ᠤ ᠳᠡᠳ᠋ ᠱᠦᠵᠢ ᠵᠢᠨ ᠲᠤᠰᠢᠶᠠᠯ᠎ᠢ ᠬᠠᠪᠰᠤᠷᠭ᠋ᠠᠨ ᠬᠠᠷᠢᠭᠤᠴᠠᠨ᠎ᠠ; ᠰᠤᠷᠭ᠋ᠠᠭᠤᠯᠢ ᠵᠢᠨ ᠨᠠᠮ᠎ᠤᠨ ᠬᠣᠷᠢᠶ᠎ᠠ᠎ᠨᠢ ᠳᠡᠭᠡᠳᠦ ᠰᠤᠷᠭ᠋ᠠᠭᠤᠯᠢ ᠵᠢᠨ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠣᠯᠤᠨ ᠴᠢᠬᠤᠯᠠ ᠬᠤᠷᠠᠯ᠎ᠤᠨ ᠪᠦᠬᠦ ᠶᠠᠪᠤᠴᠠ᠎ᠳᠤ ᠣᠷᠣᠯᠴᠠᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ ᠪᠣᠯᠤᠨ ᠳᠡᠭᠡᠳᠦ ᠰᠤᠷᠭ᠋ᠠᠭᠤᠯᠢ ᠵᠢᠨ ᠭᠣᠣᠯ ᠠᠵᠢᠯ᠎ᠢ ᠬᠠᠮᠲᠤ᠎ᠪᠠᠷ ᠲᠥᠯᠥᠪᠵᠢᠭᠦᠯᠵᠦ᠂ ᠬᠠᠮᠲᠤ᠎ᠪᠠᠷ ᠪᠠᠶ᠋ᠢᠷᠢᠯᠠᠭᠤᠯᠵᠤ᠂ ᠬᠠᠮᠲᠤ᠎ᠪᠠᠷ ᠨᠠᠶ᠋ᠢᠳᠠᠪᠤᠷᠢᠵᠢᠭᠤᠯᠬᠤ ᠵᠢ ᠪᠡᠶᠡᠯᠡᠭᠦᠯᠵᠦ᠂ ᠬᠦᠴᠦᠷᠬᠡᠭ ᠶᠡᠬᠡ ᠠᠵᠢᠯ᠎ᠤᠨ ᠬᠠᠮ ᠬᠦᠴᠦᠨ᠎ᠢ ᠪᠦᠷᠢᠯᠳᠦᠭᠦᠯᠵᠡᠢ᠃ ᠰᠤᠷᠭ᠋ᠠᠭᠤᠯᠢ ᠪᠠᠶ᠋ᠢᠭᠤᠯᠤᠭᠳᠠᠭᠰᠠᠨ ᠡᠬᠢᠨ᠎ᠤ ᠦᠶ᠎ᠡ᠎ᠳᠤ᠂ ᠰᠤᠷᠭ᠋ᠠᠭᠤᠯᠢ ᠵᠢᠨ ᠳᠠᠷᠤᠭ᠎ᠠ ᠵᠧᠦ ᠢᠦᠢ ᠱᠦ᠍ 《ᠲᠦᠷᠢᠮ ᠵᠶ᠋ᠠᠷ ᠳᠡᠭᠡᠳᠦ ᠰᠤᠷᠭ᠋ᠠᠭᠤᠯᠢ᠎ᠪᠠᠨ ᠬᠠᠮᠢᠶᠠᠷᠤᠨ᠎ᠠ》 ᠭᠡᠵᠦ ᠳᠤᠷᠠᠳᠤᠭᠰᠠᠨ ᠪᠥᠭᠡᠳ ᠡᠭᠦᠨ᠎ᠢ 《ᠰᠤᠷᠤᠭᠴᠢ ᠵᠢᠨ ᠭᠠᠷ ᠠᠪᠤᠯᠭ᠎ᠠ》 ᠪᠠ 《ᠬᠣᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠲᠦᠷᠢᠮ᠎ᠤᠨ ᠡᠮᠬᠢᠳᠬᠡᠯ》᠎ᠳᠤ᠎ᠪᠠᠨ ᠪᠢᠴᠢᠵᠦ ᠣᠷᠣᠭᠤᠯᠪᠠ᠃ ᠣᠯᠠᠨ ᠵᠢᠯ᠎ᠤᠨ ᠰᠥᠪᠡᠭᠴᠢᠯᠡᠯᠲᠡ ᠪᠠ ᠦᠢ᠍ᠯᠡᠳᠦᠯᠭᠡ᠎ᠪᠠᠷ ᠳᠡᠮᠵᠢᠨ᠂ ᠰᠤᠷᠭ᠋ᠠᠭᠤᠯᠢ ᠵᠢᠨ ᠨᠢᠭᠡᠨ ᠢᠵᠢ ᠦᠨᠡᠨ ᠬᠦ᠌ ᠬᠡᠷᠡᠭᠵᠢᠭᠦᠯᠵᠦ ᠪᠣᠯᠬᠤᠶ᠋ᠢᠴᠠ ᠲᠦᠷᠢᠮ᠎ᠤᠨ ᠰᠢᠰᠲ᠋ᠧᠮ ᠪᠠ ᠨᠢᠭᠡᠨ ᠰᠠᠯᠠᠭ᠎ᠠ ᠳᠥᠭᠥᠮ ᠳᠥᠲᠡ ᠥᠨᠳᠥᠷ ᠪᠦᠲᠦᠮᠵᠢᠲᠡᠶ ᠬᠠᠮᠢᠶᠠᠷᠤᠯᠲᠠ ᠵᠢᠨ ᠪᠦᠯᠬᠦᠮ ᠨᠡᠶ᠋ᠢᠲᠡ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠪᠥᠬᠥ ᠰᠤᠷᠭ᠋ᠠᠭᠤᠯᠢ ᠵᠢᠨ ᠪᠠᠭᠰᠢ ᠰᠤᠷᠤᠭᠴᠢᠳ ᠢᠳᠡᠪᠬᠢᠯᠡᠨ ᠳᠠᠪᠰᠢᠵᠦ᠂ ᠦᠨᠡᠨ᠎ᠢ ᠪᠠᠷᠢᠮᠲᠠᠯᠠᠨ ᠪᠣᠳᠠᠲᠠᠶ ᠵᠢ ᠡᠷᠬᠢᠮᠯᠡᠵᠦ᠂ ᠰᠤᠷᠭ᠋ᠠᠭᠤᠯᠢ ᠵᠢᠨ ᠬᠦᠷᠢᠶ᠎ᠡ ᠲᠣᠭᠲᠠᠭᠤᠨ ᠪᠥᠭᠡᠳ ᠡᠶ᠎ᠡ ᠵᠣᠬᠢᠴᠠᠯ᠎ᠲᠠᠢ᠂ ᠥᠷᠨᠢᠭᠦᠨ ᠪᠠᠳᠠᠷᠠᠩᠭᠤᠶ ᠪᠠᠶ᠋ᠢᠨ᠎ᠠ᠃

ᠲᠦᠷᠪᠡ᠂ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠳᠦ ᠰᠤᠷᠭ᠋ᠠᠭᠤᠯᠢ ᠵᠢᠨ ᠬᠥᠭᠵᠢᠯᠲᠡ ᠵᠢᠨ ᠠᠮᠢᠨ ᠰᠤᠳᠠᠰᠤ ᠪᠣᠯᠭ᠋ᠠᠪᠠ
ᠤᠢ᠍ᠢ᠍ᠷ᠎ᠠ ᠵᠢᠨ ᠵᠢᠯ᠂ ᠦᠪᠦᠷ ᠮᠤᠨᠭ᠌ᠭᠤᠯ᠎ᠤᠨ ᠬᠣᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠎ᠨᠢ ᠰᠤᠷᠤᠭᠴᠢᠳ ᠪᠣᠯᠤᠨ ᠭᠡᠷ᠎ᠤᠨ ᠠᠬᠠᠮᠠᠳ᠎ᠲᠤ 《ᠥᠪᠥᠷ ᠮᠣᠩᠭᠣᠯ᠎ᠤᠨ ᠬᠠᠮᠢᠶᠠᠷᠤᠯᠲᠠ᠎ᠪᠠᠷ ᠬᠠᠮᠤᠭ᠎ᠤᠨ ᠴᠢᠩᠭ᠎ᠠ ᠶᠡᠬᠡ ᠰᠤᠷᠭ᠋ᠠᠭᠤᠯᠢ》 ᠬᠡᠮᠡᠭᠳᠡᠪᠡ᠃ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠲᠠᠯ᠎ᠠ᠎ᠪᠠᠷ᠂ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠠᠮᠢᠨ ᠰᠤᠳᠠᠰᠤ᠎ᠪᠠᠷ ᠦᠵᠡᠵᠦ᠂ ᠡᠳᠦᠷ ᠪᠦᠷᠢ ᠬᠢᠴᠢᠶᠡᠯ ᠣᠷᠣᠵᠤ ᠪᠠᠶ᠋ᠢᠭ᠎ᠠ ᠪᠠᠶ᠋ᠢᠳᠠᠯ᠎ᠢ ᠪᠠᠶ᠋ᠢᠴᠠᠭ᠋ᠠᠬᠤ᠂ ᠭᠠᠷᠠᠭ ᠪᠦᠷᠢ ᠵᠢᠭ᠋ᠠᠨ ᠰᠤᠷᠭ᠋ᠠᠯᠲᠠ ᠵᠢᠨ ᠠᠵᠢᠯ᠎ᠤᠨ ᠬᠤᠷᠠᠯ ᠬᠢᠬᠦ᠂ ᠰᠤᠷᠤᠯᠭ᠎ᠠ ᠵᠢᠨ ᠬᠤᠭᠤᠴᠠᠭ᠎ᠠ ᠪᠦᠷᠢ᠎ᠳᠤ ᠵᠢᠭ᠋ᠠᠨ ᠰᠤᠷᠭ᠋ᠠᠯᠲᠠ ᠵᠢᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠵᠢᠭ᠋ᠠᠨ ᠰᠤᠷᠭ᠋ᠠᠯᠲᠠ ᠵᠢᠨ ᠬᠠᠮᠢᠶᠠᠷᠤᠯᠲᠠ ᠵᠢ ᠴᠢᠩᠭ᠋ᠠᠳᠬᠠᠬᠤ ᠪᠠ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠵᠢᠨ ᠬᠠᠮᠲᠤ ᠡᠪᠯᠡᠯ᠎ᠤᠨ ᠪᠠᠢ᠌ᠭᠤᠯᠤᠯᠲᠠ ᠵᠢᠨ 《ᠲᠠᠪᠤᠨ ᠶᠡᠬᠡ ᠢᠨᠵᠧᠨᠧᠷᠢᠩ》 (ᠬᠥᠮᠦᠨ ᠰᠣᠶᠤᠯ᠎ᠤᠨ ᠬᠡᠪ ᠪᠣᠯᠪᠠᠰᠤᠷᠠᠯ᠎ᠤᠨ ᠥᠷᠭᠡᠳᠭᠡᠯ᠂ ᠭᠠᠷᠮᠠᠭ᠋ᠠᠶ ᠬᠠᠮᠢᠶᠠᠷᠤᠯᠲᠠ ᠵᠢᠨ ᠪᠣᠯᠪᠠᠰᠤᠷᠠᠭᠤᠯᠤᠯ᠂ ᠰᠤᠷᠭ᠋ᠠᠭᠤᠯᠢ ᠵᠢᠨ ᠬᠦᠷᠢᠶᠡᠨ᠎ᠤ ᠪᠣᠯᠪᠠᠰᠤᠨ᠎ᠤ ᠪᠠᠶ᠋ᠢᠭᠤᠯᠤᠯᠲᠠ᠂ ᠨᠡᠶ᠋ᠢᠭᠡᠮ᠎ᠤᠨ ᠠᠯᠪᠠᠨ ᠵᠢᠷᠤᠮ᠎ᠤᠨ ᠠᠵᠢᠯ ᠪᠠ ᠨᠡᠶ᠋ᠢᠭᠡᠮ᠎ᠤᠨ ᠦᠢ᠍ᠯᠡᠳᠦᠯᠭᠡ)᠎ᠪᠠᠷ ᠳᠠᠮᠵᠢᠭᠤᠯᠤᠨ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠪᠣᠯᠪᠠᠰᠤᠷᠠᠯ᠎ᠢ ᠳᠡᠭᠡᠭᠰᠢᠯᠡᠭᠦᠯᠪᠡ᠃ ᠰᠤᠷᠤᠭᠴᠢᠳ᠎ᠤᠨ ᠬᠠᠮᠢᠶᠠᠷᠤᠯᠲᠠ ᠵᠢᠨ ᠲᠠᠯ᠎ᠠ᠎ᠪᠠᠷ᠂ ᠰᠤᠷᠭ᠋ᠠᠭᠤᠯᠢ᠎ᠨᠢ 《ᠳᠥᠷᠪᠡ ᠵᠢ ᠪᠠᠶ᠋ᠢᠴᠠᠭ᠋ᠠᠬᠤ ᠲᠦᠷᠢᠮ》 (ᠥᠷᠯᠥᠭᠡ ᠵᠢᠨ ᠲᠠᠮᠢᠷ᠂ ᠣᠷᠣᠶ ᠵᠢᠨ ᠳᠠᠪᠲᠠᠯᠭ᠎ᠠ᠂ ᠰᠥᠨᠢ᠎ᠳᠤ᠎ᠪᠠᠨ ᠬᠠᠷᠢᠬᠤ ᠥᠬᠡᠶ᠂ ᠬᠥᠳᠡᠯᠮᠦᠷᠢ ᠵᠢᠨ ᠬᠥᠮᠦᠵᠢᠯ᠎ᠢ ᠪᠠᠢ᠌ᠴᠠᠭ᠋ᠠᠬᠤ) ᠵᠶ᠋ᠠᠷ ᠳᠠᠮᠵᠢᠭᠤᠯᠤᠨ ᠰᠤᠷᠤᠭᠴᠢᠳ᠎ᠤᠨ ᠡᠳᠦᠷ ᠲᠤᠲᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠬᠠᠮᠲᠤ 《ᠤᠯᠤᠰ ᠲᠥᠷᠥ ᠦᠵᠡᠯ ᠰᠠᠨᠠᠭ᠋ᠠᠨ᠎ᠤ ᠲᠠᠯ᠎ᠠ᠎ᠪᠠᠷ ᠬᠡᠯᠪᠡᠶ᠋ᠢᠬᠦ ᠥᠬᠡᠶ᠂ ᠤᠰᠤ ᠴᠠᠬᠢᠯᠭ᠋ᠠᠨ ᠳᠤᠯᠠᠭ᠋ᠠᠯᠠᠭ᠎ᠠ ᠬᠣᠭᠣᠯᠠᠨ ᠭᠡᠷ᠎ᠤᠨ ᠰᠠᠭᠤᠷᠢ ᠵᠢ ᠲᠠᠯᠪᠢᠬᠤ᠂ ᠰᠤᠷᠤᠭᠴᠢᠳ᠎ᠤᠨ ᠪᠡᠶ᠎ᠡ ᠰᠡᠳᠬᠢᠯ ᠪᠣᠯ ᠵᠠᠩᠭᠢᠯᠠᠭ᠎ᠠ᠂ ᠭᠠᠯ᠎ᠢ ᠰᠡᠷᠭᠡᠢ᠌ᠯᠡᠬᠦ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠬᠥᠪᠴᠢ ᠵᠢ ᠴᠢᠩᠭ᠋ᠠᠯᠠᠬᠤ》 ᠵᠡᠷᠭᠡ ᠠᠮᠤᠷ ᠲᠦᠪᠰᠢᠨ᠎ᠤ ᠠᠵᠢᠯ᠎ᠢ ᠵᠢᠯᠣᠭᠣᠳᠬᠤ ᠦᠵᠡᠯ ᠰᠠᠨᠠᠭ᠎ᠠ ᠵᠢ ᠳᠤᠷᠠᠳᠤᠨ ᠭᠠᠷᠭ᠋ᠠᠵᠤ᠂ ᠠᠷᠤ ᠲᠠᠯ᠎ᠠ ᠵᠢᠨ ᠦᠢ᠍ᠯᠡᠴᠢᠯᠡᠭᠡᠨ᠎ᠤ ᠠᠵᠢᠯ ᠪᠠ ᠠᠮᠤᠷ ᠲᠦᠪᠰᠢᠨ᠎ᠤ ᠪᠠᠲᠤᠯᠠᠭ᠋ᠠᠨ᠎ᠤ ᠠᠵᠢᠯ᠎ᠢ ᠴᠢᠩᠭ᠋ᠠᠳᠬᠠᠪᠠ᠃

ᠲᠠᠪᠤ᠂ ᠴᠢᠳᠠᠪᠤᠷᠢᠲᠠᠨ᠎ᠢ ᠬᠥᠮᠦᠵᠢᠭᠦᠯᠬᠦ ᠴᠢᠨᠠᠷ ᠴᠢᠨᠰᠠᠭ᠎ᠠ ᠰᠠᠢ᠍ᠢ᠍ᠨ ᠰᠠᠶ᠋ᠢᠬᠠᠨ ᠮᠠᠭᠲᠠᠭ᠋ᠠᠯ ᠰᠠᠶ᠋ᠢᠰᠢᠶᠠᠯ᠎ᠢ ᠤᠯᠪᠠ
ᠦᠪᠦᠷ ᠮᠤᠨᠭ᠌ᠭᠤᠯ᠎ᠤᠨ ᠬᠣᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠎ᠨᠢ ᠬᠡᠷᠡᠭᠯᠡᠭᠡᠨ᠎ᠤ ᠴᠢᠳᠠᠪᠤᠷᠢᠲᠠᠨ᠎ᠢ ᠬᠥᠮᠦᠵᠢᠭᠦᠯᠬᠦ᠎ᠪᠠᠷ ᠬᠠᠷᠠᠯᠲᠠ ᠪᠣᠯᠭ᠋ᠠᠨ᠂ ᠨᠡᠶ᠋ᠢᠭᠡᠮ᠎ᠤᠨ ᠴᠢᠳᠠᠪᠤᠷᠢᠲᠠᠨ᠎ᠤ ᠬᠡᠷᠡᠭᠴᠡᠭᠡ ᠵᠢ ᠦᠨᠳᠦᠰᠦᠯᠡᠨ᠂ ᠴᠢᠳᠠᠪᠤᠷᠢᠲᠠᠨ᠎ᠢ ᠬᠥᠮᠦᠵᠢᠭᠦᠯᠬᠦ ᠲᠥᠰᠦᠯ᠎ᠳᠤ ᠤᠷᠢᠳ ᠬᠣᠵᠢᠳ ᠭᠤᠷᠪᠠ ᠤᠳᠠᠭ᠎ᠠ ᠲᠤᠬᠢᠷᠠᠭᠤᠯᠤᠯᠳᠠ ᠬᠢᠵᠦ᠂ ᠬᠢᠴᠢᠶᠡᠯ᠎ᠤᠨ ᠳᠣᠭᠲᠠᠯᠴᠠᠭ᠋ᠠᠨ᠎ᠤ ᠥᠭᠡᠷᠡᠴᠢᠯᠡᠯᠲᠡ ᠵᠢ ᠲᠠᠰᠤᠷᠠᠯᠳᠠ ᠦᠭᠡᠢ ᠭᠦᠨᠵᠡᠭᠡᠶ᠋ᠢᠷᠡᠭᠦᠯᠵᠦ᠂ ᠰᠤᠷᠤᠭᠴᠢᠳ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢ ᠬᠥᠮᠦᠵᠢᠭᠦᠯᠬᠦ ᠵᠢ ᠴᠢᠩᠭ᠋ᠠᠳᠬᠠᠵᠤ᠂ ᠲᠡᠭᠦᠰᠬᠦ ᠰᠤᠷᠤᠭᠴᠢ ᠵᠢᠨ ᠠᠵᠢᠯ᠎ᠤᠨ ᠪᠠᠶ᠋ᠢᠷᠢ᠎ᠳᠤ᠎ᠪᠠᠨ ᠡᠭᠦᠷᠭᠡᠯᠡᠵᠦ ᠳᠡᠢ᠌ᠯᠬᠦᠢ᠌ᠴᠡ ᠴᠢᠳᠠᠪᠤᠷᠢ ᠪᠠ ᠠᠵᠢᠯ ᠤᠯᠬᠤ ᠴᠢᠳᠠᠪᠤᠷᠢ ᠵᠢ ᠳᠡᠭᠡᠭᠰᠢᠯᠡᠭᠦᠯᠪᠡ᠃ ᠳᠡᠭᠡᠳᠦ ᠰᠤᠷᠭ᠋ᠠᠭᠤᠯᠢ ᠵᠢᠨ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ ᠵᠢᠨ ᠲᠣᠭ᠎ᠠ 13 ᠵᠢᠯ᠎ᠳᠤ 13 ᠳᠠᠬᠢᠨ ᠨᠡᠮᠡᠭᠳᠡᠵᠦ᠂ ᠣᠳᠣᠬᠠᠨ᠎ᠳᠤ ᠨᠡᠶ᠋ᠢᠲᠡ 1.6 ᠲᠦᠮᠡᠨ ᠵᠢᠩᠬᠢᠨᠢ ᠠᠩᠭᠢ ᠵᠢᠨ ᠲᠡᠭᠦᠰᠬᠦ ᠰᠤᠷᠤᠭᠴᠢ ᠵᠢ ᠬᠥᠮᠦᠵᠢᠭᠦᠯᠦᠨ ᠲᠡᠭᠦᠰᠭᠡᠵᠦ᠂ ᠬᠤᠭᠤᠴᠠᠭ᠎ᠠ ᠪᠦᠷᠢ ᠵᠢᠨ ᠲᠡᠭᠦᠰᠦᠭᠰᠡᠨ ᠰᠤᠷᠤᠭᠴᠢ ᠵᠢᠨ ᠠᠵᠢᠯ ᠣᠯᠭᠤᠯᠲᠠ ᠵᠢᠨ ᠨᠤᠷᠮ᠎ᠠ ᠴᠥᠮ ᠨᠡᠯᠢᠶᠡᠳ ᠥᠨᠳᠥᠷ ᠬᠢᠷᠢ ᠲᠦᠪᠰᠢᠨ᠎ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠵᠢᠨ ᠡᠮᠦᠨ᠎ᠡ ᠡᠩᠨᠡᠭᠡᠨ᠎ᠳᠤ ᠣᠷᠣᠵᠤ᠂ ᠨᠡᠶ᠋ᠢᠭᠡᠮ᠎ᠤᠨ ᠰᠠᠶ᠋ᠢᠨ ᠰᠠᠢ᠌ᠬᠠᠨ ᠮᠠᠭᠲᠠᠭ᠋ᠠᠯ ᠰᠠᠶ᠋ᠢᠰᠢᠶᠠᠯ᠎ᠢ ᠣᠯᠤᠭᠰᠠᠨ ᠪᠠᠶ᠋ᠢᠨ᠎ᠠ᠃

ᠣᠶ᠋ᠢᠷ᠎ᠠ ᠵᠢᠨ ᠵᠢᠯ᠂ ᠦᠪᠦᠷ ᠮᠤᠨᠭ᠌ᠭᠤᠯ᠎ᠤᠨ ᠬᠣᠩ ᠳ᠋ᠧ ᠨᠡᠶ᠋ᠢᠭᠡᠮ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠬᠦ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠰᠤᠷᠭ᠋ᠠᠭᠤᠯᠢ ᠡᠷᠭᠢᠯᠡᠬᠦ ᠬᠢᠷᠢ ᠪᠦᠲᠦᠮᠵᠢ᠎ᠨᠢ ᠡᠳᠦᠷ ᠢᠷᠡᠬᠦᠶ᠎ᠡ ᠲᠣᠪᠣᠶ᠋ᠢᠮ᠎ᠠ ᠪᠣᠯᠵᠣ᠂ ᠨᠡᠷ᠎ᠡ ᠠᠯᠳᠠᠷᠰᠢᠵᠤ᠂ ᠤᠷᠢᠳ ᠬᠣᠵᠢᠳ 《ᠪᠥᠬᠥ ᠤᠯᠤᠰ᠎ᠤᠨ ᠲᠡᠷᠢᠭᠦᠨ᠎ᠤ ᠲᠤᠰᠠᠭ᠋ᠠᠷ ᠳᠡᠭᠡᠳᠦ ᠰᠤᠷᠭ᠋ᠠᠭᠤᠯᠢ》᠂ 《ᠳᠤᠮᠳᠠᠳᠤ ᠤᠯᠤᠰ᠎ᠤᠨ ᠠᠷᠠᠳ᠎ᠠᠴᠠ ᠡᠷᠭᠢᠯᠡᠭᠰᠡᠨ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠰᠢᠯᠢᠳᠡᠭ ᠳᠡᠭᠡᠳᠦ ᠰᠤᠷᠭ᠋ᠠᠭᠤᠯᠢ》᠂ 《ᠥᠪᠡᠷᠲᠡᠭᠡᠨ ᠵᠠᠰᠠᠬᠤ ᠣᠷᠣᠨ᠎ᠤ ᠠᠮᠤᠷ ᠳᠣᠭᠲᠠᠭᠤᠨ ᠰᠤᠷᠭ᠋ᠠᠭᠤᠯᠢ ᠵᠢᠨ ᠬᠦᠷᠢᠶ᠎ᠡ》᠂ 《ᠪᠥᠬᠥ ᠣᠷᠣᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠲᠡᠷᠢᠭᠦᠨ᠎ᠤ ᠬᠠᠮᠲᠤ ᠨᠡᠢ᠌ᠲᠡ》᠂ 《ᠬᠥᠬᠡᠬᠣᠲᠠ ᠵᠢᠨ ᠴᠡᠴᠡᠷᠯᠢᠭ ᠮᠠᠶᠢᠭ᠎ᠲᠤ ᠨᠢᠭᠡᠴᠢ》 《ᠣᠷᠣᠨ᠎ᠤ ᠲᠥᠪ᠎ᠤᠨ ᠴᠡᠴᠡᠭᠲᠦ ᠰᠤᠷᠭ᠋ᠠᠭᠤᠯᠢ ᠵᠢᠨ ᠬᠦᠷᠢᠶ᠎ᠡ》 ᠵᠡᠷᠭᠡ ᠢᠷᠠᠭᠤ ᠠᠯᠳᠠᠷ᠎ᠢ ᠭᠥᠷᠳᠡᠭᠰᠡᠨ ᠪᠠᠶ᠋ᠢᠨ᠎ᠠ᠃ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠠᠴᠠ ᠤᠷᠢᠳ ᠬᠣᠵᠢᠳ 《ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠲᠡᠷᠢᠭᠦᠨ᠎ᠤ ᠨᠠᠮ᠎ᠤᠨ ᠬᠣᠷᠢᠶ᠎ᠠ》᠂ 《ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠍ᠭᠤᠯᠤᠯᠲᠠ》᠂ 《ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ 〈ᠵᠢᠷᠭᠤᠭ᠋ᠠᠨ ᠰᠠᠢ᠍ᠢ᠍ᠨ〉᠎ᠤ ᠳᠠᠭᠤᠷᠢᠶᠠᠯ ᠦᠵᠡᠭᠦᠯᠬᠦ ᠴᠡᠭ》 ᠵᠡᠷᠭᠡ᠎ᠪᠠᠷ ᠦᠨᠡᠯᠡᠪᠡ᠃

ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠡᠬᠢᠯᠡᠯᠲᠡ ᠵᠢᠨ ᠵᠢᠯ ᠮᠥᠨ᠂ ᠦᠪᠦᠷ ᠮᠤᠨᠭ᠌ᠭᠤᠯ᠎ᠤᠨ ᠬᠤᠩ ᠳ᠋ᠧ ᠨᠡᠶ᠋ᠢᠭᠡᠮ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠳᠡᠭᠡᠳᠦ ᠰᠤᠷᠭ᠋ᠠᠭᠤᠯᠢ᠎ᠨᠢ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ 《ᠠᠮᠤᠷ ᠳᠣᠭᠲᠠᠭᠤᠨ ᠰᠤᠷᠭ᠋ᠠᠭᠤᠯᠢ ᠵᠢᠨ ᠬᠦᠷᠢᠶ᠎ᠡ᠂ ᠳᠦᠷᠢᠮᠵᠢᠭᠰᠡᠨ ᠬᠠᠮᠢᠶᠠᠷᠤᠯᠲᠠ᠂ ᠲᠣᠭᠲᠠᠭᠤᠨ ᠬᠥᠭᠵᠢᠯᠲᠡ᠂ ᠳᠡᠰ ᠳᠠᠪᠬᠤᠷᠭ᠎ᠠ ᠵᠢ ᠳᠡᠭᠡᠭᠰᠢᠯᠡᠭᠦᠯᠬᠦ》 ᠠᠵᠢᠯ᠎ᠤᠨ ᠵᠢᠯᠣᠭᠣᠳᠬᠤ ᠦᠵᠡᠯ ᠰᠠᠨᠠᠭ᠎ᠠ ᠵᠢ ᠲᠣᠭᠲᠠᠭ᠋ᠠᠭᠰᠠᠨ ᠪᠠᠶ᠋ᠢᠨ᠎ᠠ᠃ ᠶᠣᠰᠣ ᠰᠤᠷᠲᠠᠬᠤᠨ᠎ᠢ ᠪᠤᠢ ᠪᠣᠯᠭ᠋ᠠᠵᠤ ᠬᠥᠮᠦᠨ᠎ᠢ ᠬᠥᠮᠦᠵᠢᠭᠦᠯᠬᠦ᠎ᠪᠠᠷ ᠦᠨᠳᠦᠰᠦᠨ ᠡᠭᠦᠷᠭᠡ᠎ᠪᠠᠨ ᠪᠣᠯᠭ᠋ᠠᠬᠤ ᠵᠢ ᠪᠠᠷᠢᠮᠲᠠᠯᠠᠵᠤ᠂ ᠲᠦᠷᠢᠮ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠬᠡᠪᠴᠢᠶ᠎ᠡ᠂ ᠴᠢᠨᠠᠷ ᠴᠢᠨᠰᠠᠭ᠎ᠠ᠂ ᠪᠦᠲᠦᠴᠡ᠂ ᠦᠷ᠎ᠡ ᠠᠰᠢᠭ᠎ᠤᠨ ᠵᠣᠬᠢᠴᠠᠩᠭᠤᠢ ᠬᠥᠭᠵᠢᠯᠲᠡ ᠵᠢ ᠪᠡᠶᠡᠯᠡᠭᠦᠯᠵᠦ᠂ ᠰᠤᠷᠭ᠋ᠠᠭᠤᠯᠢ ᠵᠶ᠋ᠠᠨ ᠥᠪᠡᠷᠮᠢᠴᠡ ᠣᠨᠴᠠᠯᠢᠭ᠎ᠲᠠᠢ᠂ ᠴᠢᠨᠠᠷᠯᠢᠭ ᠬᠡᠷᠡᠭᠯᠡᠭᠡᠨ᠎ᠤ ᠵᠢᠩᠬᠢᠨᠢ ᠠᠩᠭᠢᠲᠤ ᠳᠡᠭᠡᠳᠦ ᠰᠤᠷᠭ᠋ᠠᠭᠤᠯᠢ ᠪᠣᠯᠭ᠋ᠠᠨ ᠪᠦᠳᠦᠭᠡᠨ ᠪᠠᠶ᠋ᠢᠭᠤᠯᠬᠤ᠎ᠪᠠᠷ ᠴᠢᠷᠮᠠᠶ᠋ᠢᠵᠤ᠂ ᠨᠡᠶ᠋ᠢᠭᠡᠮ᠎ᠳᠤ ᠨᠡᠩ ᠤᠯᠠᠨ ᠰᠢᠯᠢᠳᠡᠭ ᠴᠢᠳᠠᠪᠤᠷᠢᠲᠠᠨ᠎ᠢ ᠬᠥᠮᠦᠵᠢᠭᠦᠯᠵᠦ ᠥᠭᠭᠦᠨ᠎ᠡ᠃
