ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ· ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ
— 《ᠳᠤᠮᠳᠠᠳᠤ ᠤᠯᠤᠰ》

ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ
ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ 1958 ᠣᠨ᠎ᠳᠤ ᠪᠠᠶ᠋ᠢᠭᠤᠯᠤᠭᠳᠠᠵᠤ᠂ ᠰᠢᠨ᠎ᠡ ᠳᠤᠮᠳᠠᠳᠤ ᠤᠯᠤᠰ᠎ᠠᠴᠠ ᠴᠥᠭᠡᠨ ᠲᠣᠭ᠋ᠠᠲᠤ ᠦᠨᠳᠦᠰᠦᠲᠡᠨ᠎ᠤ ᠣᠷᠣᠨ᠎ᠳᠤ ᠨᠡᠯᠢᠶᠡᠳ ᠡᠷᠲᠡ ᠪᠠᠶ᠋ᠢᠭᠤᠯᠤᠭᠰᠠᠨ ᠡᠩ᠎ᠤᠨ ᠳᠡᠭᠡᠳᠦ ᠵᠡᠷᠭᠡ ᠵᠢᠨ ᠵᠢᠩᠬᠢᠨᠢ ᠠᠩᠭᠢᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠪᠣᠯᠤᠨ᠎ᠠ᠂ ᠰᠤᠷᠭ᠋ᠠᠭᠤᠯᠢ ᠪᠠᠢ᠌ᠭᠤᠯᠤᠭᠰᠠᠨ ᠵᠢᠯ᠎ᠳᠤ᠎ᠪᠠᠨ ᠲᠠᠪᠤᠨ ᠵᠢᠯ᠎ᠤᠨ ᠳᠦᠷᠢᠮᠲᠦ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠲᠤᠰᠬᠠᠶ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠤᠭᠴᠢ ᠵᠢ ᠡᠯᠰᠡᠵᠡᠶ᠃ 2003 ᠣᠨ᠎ᠳᠤ᠂ ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠵᠢ ᠪᠤᠭᠤᠲᠤ ᠵᠢᠨ ᠪᠣᠯᠣᠳ ᠲᠡᠮᠦᠷ᠎ᠤᠨ ᠳᠡᠭᠡᠳᠦ ᠰᠤᠷᠭ᠋ᠠᠭᠤᠯᠢ᠂ ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠎ᠲᠠᠢ ᠨᠡᠢ᠌ᠯᠡᠭᠦᠯᠵᠦ ᠦᠪᠦᠷ ᠮᠤᠨᠭ᠌ᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠪᠣᠯᠭ᠋ᠠᠨ ᠪᠠᠶ᠋ᠢᠭᠤᠯᠵᠤ᠂ 2005 ᠣᠨ᠎ᠳᠤ ᠦᠪᠦᠷ ᠮᠤᠨᠭ᠌ᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ᠎ᠨᠢ ᠪᠡᠶ᠎ᠡ᠎ᠪᠠᠨ ᠳᠠᠭ᠋ᠠᠭ᠋ᠠᠭᠰᠠᠨ ᠬᠠᠣᠯᠢ ᠵᠢᠨ ᠡᠷᠬᠡᠲᠡᠨ᠎ᠤ ᠬᠢᠷᠢ ᠬᠡᠮᠲᠦ ᠭᠤᠷᠪᠠᠨ ᠰᠤᠷᠭ᠋ᠠᠭᠤᠯᠢ ᠡᠷᠭᠢᠯᠡᠬᠦ ᠪᠣᠳᠠᠲᠤ ᠴᠣᠭᠴᠠ ᠪᠣᠯᠤᠨ ᠬᠤᠪᠢᠶᠠᠭᠳᠠᠵᠤ᠂ ᠦᠪᠦᠷ ᠮᠤᠨᠭ᠌ᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢᠨ ᠪᠤᠭᠤᠲᠤ᠎ᠳᠠᠬᠢ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠭᠡᠵᠦ ᠨᠡᠷᠡᠶ᠋ᠢᠳᠪᠡ᠃

ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ ᠵᠢᠨ ᠲᠠᠯᠠᠪᠠᠶ᠎ᠨᠢ 70 ᠭᠠᠷᠤᠶ ᠲᠦᠮᠡᠨ ᠲᠡᠭᠰᠢ ᠳᠥᠷᠪᠡᠯᠵᠢᠨ ᠮᠧᠲᠷ᠂ ᠭᠡᠷ ᠪᠠᠷᠢᠯᠭ᠎ᠠ ᠵᠢᠨ ᠲᠠᠯᠠᠪᠠᠶ᠎ᠨᠢ 29.76 ᠲᠦᠮᠡᠨ ᠲᠡᠭᠰᠢ ᠳᠥᠷᠪᠡᠯᠵᠢᠨ ᠮᠧᠲᠷ᠃ ᠪᠦᠬᠦᠯᠢ ᠡᠳᠦᠷ᠎ᠤᠨ ᠳᠦᠷᠢᠮᠲᠦ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ᠂ ᠰᠣᠳᠤᠯᠬᠤ ᠰᠤᠷᠤᠭᠴᠢ ᠵᠢᠨ ᠰᠤᠷᠭ᠋ᠠᠨ ᠬᠥᠮᠦᠵᠢᠯ᠂ ᠦᠷᠭᠦᠯᠵᠢᠯᠡᠭᠰᠡᠨ ᠰᠤᠷᠭ᠋ᠠᠨ ᠬᠥᠮᠥᠵᠢᠯ ᠪᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠯᠠᠨ ᠳᠡᠰ ᠳᠠᠪᠬᠤᠷᠭ᠋ᠠᠲᠤ ᠰᠤᠷᠭ᠋ᠠᠭᠤᠯᠢ ᠡᠷᠭᠢᠯᠡᠬᠦ ᠪᠠᠶ᠋ᠢᠷᠢᠰᠢᠯ ᠪᠠ ᠠᠨᠠᠭ᠋ᠠᠬᠤ ᠤᠬᠠᠭ᠋ᠠᠨ ᠵᠶ᠋ᠠᠷ ᠭᠣᠣᠯᠯᠠᠭᠤᠯᠤᠭᠰᠠᠨ᠂ ᠬᠠᠤᠯᠢ ᠵᠢᠨ ᠤᠬᠠᠭ᠋ᠠᠨ᠂ ᠰᠤᠷᠭ᠋ᠠᠨ ᠬᠥᠮᠦᠵᠢᠯ᠎ᠤᠨ ᠤᠬᠠᠭ᠋ᠠᠨ᠂ ᠤᠳᠬ᠎ᠠ ᠵᠣᠬᠢᠶᠠᠯ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠂ ᠬᠠᠮᠢᠶᠠᠷᠤᠯᠲᠠ ᠵᠢᠨ ᠤᠬᠠᠭ᠋ᠠᠨ᠎ᠢ ᠵᠣᠬᠢᠴᠠᠩᠭᠤᠶ᠎ᠪᠠᠷ ᠬᠥᠭᠵᠢᠭᠦᠯᠦᠭᠰᠡᠨ ᠰᠢᠨᠵᠢᠯᠡᠭᠡᠨ᠎ᠤ ᠰᠠᠯᠠᠭ᠋ᠠᠨ᠎ᠤ ᠳᠣᠭᠲᠠᠯᠴᠠᠭ᠎ᠠ ᠵᠢ ᠪᠦᠷᠢᠳᠦᠭᠦᠯᠪᠡ᠃ 1997 ᠣᠨ᠎ᠳᠤ ᠤᠤᠯ᠎ᠤᠨ ᠤᠯᠤᠰ᠎ᠤᠨ ᠰᠤᠷᠭ᠋ᠠᠨ ᠬᠥᠮᠦᠵᠢᠯ᠎ᠤᠨ ᠵᠥᠪᠯᠡᠯ᠎ᠤᠨ ᠵᠢᠩᠬᠢᠨᠢ ᠠᠩᠭᠢ ᠵᠢᠨ ᠵᠢᠭ᠋ᠠᠨ ᠰᠤᠷᠭ᠋ᠠᠯᠲᠠ ᠵᠢᠨ ᠠᠵᠢᠯ᠎ᠤᠨ ᠦᠨᠡᠯᠡᠨ ᠵᠢᠱ᠌ᠢᠯᠲᠡ᠎ᠳᠤ ᠬᠢᠷᠢ ᠲᠡᠩᠴᠡᠵᠦ᠂ 2008 ᠣᠨ᠎ᠳᠤ ᠰᠤᠷᠭ᠋ᠠᠨ ᠬᠦᠮᠤᠵᠢᠯ᠎ᠤᠨ ᠶᠠᠮᠤᠨ᠎ᠤ ᠵᠢᠩᠬᠢᠨᠢ ᠠᠩᠭᠢ ᠵᠢᠨ ᠵᠢᠭ᠋ᠠᠨ ᠰᠤᠷᠭ᠋ᠠᠯᠲᠠ ᠵᠢᠨ ᠠᠵᠢᠯ᠎ᠤᠨ ᠬᠢᠷᠢ ᠲᠦᠪᠰᠢᠨ᠎ᠤ ᠦᠨᠡᠯᠡᠨ ᠵᠢᠱ᠌ᠢᠯᠲᠡ᠎ᠳᠤ 《ᠰᠢᠯᠢᠳᠡᠭ》 ᠵᠶ᠋ᠠᠷ ᠦᠨᠡᠯᠡᠭᠳᠡᠵᠦ᠂ 2017 ᠣᠨ᠎ᠳᠤ ᠰᠤᠷᠭ᠋ᠠᠨ ᠬᠦᠮᠤᠵᠢᠯ᠎ᠤᠨ ᠶᠠᠮᠤᠨ᠎ᠤ ᠵᠢᠩᠬᠢᠨᠢ ᠠᠩᠭᠢ ᠵᠢᠨ ᠵᠢᠭ᠋ᠠᠨ ᠰᠤᠷᠭ᠋ᠠᠯᠲᠠ ᠵᠢᠨ ᠠᠵᠢᠯ᠎ᠤᠨ ᠬᠢᠨᠠᠨ ᠪᠠᠢ᠌ᠴᠠᠭ᠋ᠠᠯᠲᠠ ᠪᠠ ᠦᠨᠡᠯᠡᠨ ᠵᠢᠱ᠌ᠢᠯᠲᠡ ᠵᠢ ᠬᠦᠯᠢᠶᠡᠪᠡ᠃

ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ᠎ᠨᠢ 16 ᠳᠡᠭᠡᠳᠦ ᠰᠤᠷᠭ᠋ᠠᠭᠤᠯᠢ᠂ 10 ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ᠂ 1 ᠣᠶᠤᠨ ᠮᠡᠳᠡᠷᠡᠯ ᠡᠷᠡᠭᠦᠯ ᠬᠠᠮᠠᠭ᠋ᠠᠯᠠᠯ᠎ᠤᠨ ᠳᠡᠭᠡᠳᠦ ᠰᠤᠷᠭ᠋ᠠᠭᠤᠯᠢ ᠪᠠ 34 ᠬᠠᠷᠢᠶᠠᠲᠤ ᠡᠮᠨᠡᠯᠭᠡ ᠵᠢᠨ ᠬᠣᠷᠢᠶ᠎ᠠ᠂ ᠵᠢᠭ᠋ᠠᠨ ᠰᠤᠷᠭ᠋ᠠᠯᠲᠠ ᠵᠢᠨ ᠡᠮᠨᠡᠯᠭᠡ ᠵᠢᠨ ᠬᠣᠷᠢᠶ᠎ᠠ ᠪᠠ ᠳᠠᠳᠤᠯᠭ᠎ᠠ ᠵᠢᠨ ᠡᠮᠨᠡᠯᠭᠡ ᠵᠢᠨ ᠬᠣᠷᠢᠶ᠎ᠠ᠎ᠲᠠᠢ᠂ ᠡᠭᠦᠨ᠎ᠳᠤ ᠰᠢᠭᠤᠳ ᠬᠠᠷᠢᠶ᠎ᠠ ᠬᠠᠷᠢᠶᠠᠲᠤ ᠡᠮᠨᠡᠯᠭᠡ ᠵᠢᠨ ᠬᠣᠷᠢᠶ᠎ᠠ 2 ᠪᠣᠶ᠃ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 22᠂ ᠤᠯᠤᠰ᠎ᠤᠨ ᠳᠡᠰ᠎ᠤᠨ ᠲᠡᠷᠢᠭᠦᠨ᠎ᠤ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ 1᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ 5 ᠵᠢ ᠨᠡᠭᠡᠭᠡᠵᠡᠶ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠠᠷᠠᠲᠤ ᠲᠡᠮᠳᠡᠭᠲᠦ ᠵᠢᠨ ᠲᠤᠰᠬᠠᠶ ᠮᠡᠷᠭᠡᠵᠢᠯ 5 ᠪᠠᠶ᠋ᠢᠵᠤ᠂ 2 ᠲᠤᠰᠬᠠᠶ ᠮᠡᠷᠭᠡᠵᠢᠯ᠎ᠢ ᠭᠣᠣᠯᠳᠠᠯᠭ᠋ᠠᠲᠠᠢ ᠪᠥᠲᠥᠭᠡᠨ ᠪᠠᠢ᠌ᠭᠤᠯᠪᠠ᠃ ᠰᠡᠷᠭᠡᠶ᠋ᠢᠯᠡᠬᠦ ᠠᠨᠠᠭ᠋ᠠᠬᠤ ᠤᠬᠠᠭ᠋ᠠᠨ᠎ᠤ ᠲᠤᠰᠬᠠᠶ ᠮᠡᠷᠭᠡᠵᠢᠯ ᠪᠣᠯ ᠤᠯᠤᠰ᠎ᠤᠨ ᠳᠡᠰ᠎ᠤᠨ ᠤᠨᠴᠠᠯᠢᠬᠳᠤ ᠲᠤᠰᠬᠠᠶ ᠮᠡᠷᠭᠡᠵᠢᠯ᠎ᠤᠨ ᠪᠠᠶ᠋ᠢᠭᠤᠯᠤᠯᠲᠠ ᠵᠢᠨ ᠴᠡᠭ ᠪᠣᠯᠬᠤ ᠪᠥᠭᠡᠳ ᠰᠤᠷᠭ᠋ᠠᠨ ᠬᠦᠮᠤᠵᠢᠯ᠎ᠤᠨ ᠶᠠᠮᠤᠨ᠎ᠤ ᠠᠩᠬᠠᠳᠠᠭᠴᠢ ᠪᠦᠯᠦᠭ᠎ᠤᠨ ᠣᠷᠣᠨ ᠨᠤᠲᠤᠭ᠎ᠤᠨ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ ᠪᠣᠯᠤᠨ᠎ᠠ᠃ 19 ᠮᠤᠵᠢ᠂ ᠥᠪᠡᠷᠲᠡᠭᠡᠨ ᠵᠠᠰᠠᠬᠤ ᠣᠷᠣᠨ᠎ᠠᠴᠠ ᠰᠣᠷᠣᠭᠴᠢ ᠡᠯᠰᠡᠵᠦ᠂ ᠣᠲᠣ ᠡᠯ᠎ᠡ ᠱᠠᠲᠤᠨ᠎ᠤ ᠡᠯ᠎ᠡ ᠲᠥᠷᠥᠯ᠎ᠤᠨ ᠰᠣᠷᠣᠭᠴᠢ 13000 ᠭᠠᠷᠤᠶ ᠪᠣᠶ᠃


ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ᠎ᠨᠢ 1980 ᠣᠨ᠎ᠠᠴᠠ ᠡᠬᠢᠯᠡᠨ ᠰᠣᠳᠤᠯᠬᠤ ᠰᠤᠷᠤᠭᠴᠢ ᠡᠯᠰᠡᠵᠦ᠂ 1986 ᠣᠨ᠎ᠳᠤ ᠮᠠᠰᠲ᠋ᠧᠷ ᠴᠣᠯᠠᠯᠠᠬᠤ ᠡᠷᠬᠡ ᠣᠯᠭᠣᠭᠰᠠᠨ ᠨᠢᠭᠡᠴᠢ᠎ᠪᠠᠷ ᠵᠥᠪᠰᠢᠶᠡᠷᠡᠭᠳᠡᠪᠡ᠃ ᠣᠲᠣ ᠠᠮᠢᠳᠤ ᠪᠣᠳᠠᠰ᠎ᠤᠨ ᠤᠬᠠᠭ᠋ᠠᠨ᠂ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ ᠪᠠ ᠰᠡᠷᠭᠡᠶ᠋ᠢᠯᠡᠬᠦ ᠠᠨᠠᠭ᠋ᠠᠬᠤ ᠤᠬᠠᠭ᠋ᠠᠨ᠂ ᠡᠮᠴᠢᠯᠡᠭᠡᠨ᠎ᠤ ᠠᠨᠠᠭ᠋ᠠᠬᠤ ᠤᠬᠠᠭ᠋ᠠᠨ᠂ ᠮᠠᠷᠺᠰ᠎ᠤᠨ ᠦᠵᠡᠯ᠎ᠤᠨ ᠣᠨᠣᠯ ᠵᠡᠷᠭᠡ 4 ᠨᠢᠭᠡᠳᠦᠭᠡᠷ ᠳᠡᠰ᠎ᠤᠨ ᠰᠢᠨᠵᠢᠯᠡᠭᠡᠨ᠎ᠤ ᠰᠠᠯᠠᠭ᠋ᠠᠨ᠎ᠤ ᠮᠠᠰᠲ᠋ᠧᠷ ᠴᠣᠯᠠᠯᠠᠬᠤ ᠡᠷᠬᠡᠲᠦ ᠴᠡᠭ ᠪᠠ ᠣᠯᠠᠨ ᠨᠡᠢ᠌ᠲᠡ ᠵᠢᠨ ᠡᠷᠡᠭᠦᠯ ᠬᠠᠮᠠᠭ᠋ᠠᠯᠠᠯ᠂ ᠡᠮᠴᠢᠯᠡᠭᠡᠨ᠎ᠤ ᠠᠨᠠᠭ᠋ᠠᠬᠤ ᠤᠬᠠᠭ᠋ᠠᠨ᠂ ᠡᠮ᠎ᠤᠨ ᠤᠬᠠᠭ᠋ᠠᠨ ᠵᠡᠷᠭᠡ 3 ᠮᠠᠰᠲ᠋ᠧᠷ ᠴᠣᠯᠠᠯᠠᠬᠤ ᠡᠷᠬᠡᠲᠦ ᠴᠡᠭ᠎ᠲᠠᠢ᠃

ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ᠎ᠳᠤ ᠤᠯᠤᠰ᠎ᠤᠨ ᠡᠮᠴᠢᠯᠡᠭᠡᠨ᠎ᠤ ᠠᠨᠠᠭ᠋ᠠᠬᠤ ᠤᠬᠠᠭ᠋ᠠᠨ᠎ᠤ ᠭᠣᠣᠯᠳᠠᠯᠭ᠋ᠠᠲᠠᠢ ᠲᠤᠰᠬᠠᠶ ᠮᠡᠷᠭᠡᠵᠢᠯ 1᠂ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠡᠷᠢᠭᠦᠨ᠎ᠤ ᠰᠢᠨᠵᠢᠯᠡᠭᠡᠨ᠎ᠤ ᠰᠠᠯᠠᠭ᠎ᠠ 5᠂ ᠭᠣᠣᠯᠳᠠᠯᠭ᠋ᠠᠲᠠᠢ ᠰᠢᠨᠵᠢᠯᠡᠭᠡᠨ᠎ᠤ ᠰᠠᠯᠠᠭ᠎ᠠ 4᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠭᠣᠣᠯᠳᠠᠯᠭ᠋ᠠᠲᠠᠢ ᠰᠢᠨᠵᠢᠯᠡᠭᠡᠨ᠎ᠤ ᠰᠠᠯᠠᠭ᠎ᠠ 4 ᠪᠣᠶ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ 4᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ 2᠂ ᠳᠡᠭᠡᠳᠦ ᠰᠤᠷᠭ᠋ᠠᠭᠤᠯᠢ ᠵᠢᠨ ᠭᠣᠣᠯᠳᠠᠯᠭ᠋ᠠᠲᠠᠢ ᠲᠤᠷᠰᠢᠯᠲᠠ ᠵᠢᠨ ᠲᠠᠰᠤᠭ 1᠂ ᠲᠤᠷᠰᠢᠯᠲᠠ ᠵᠢᠨ ᠵᠢᠭ᠋ᠠᠨ ᠰᠤᠷᠭ᠋ᠠᠯᠲᠠ ᠵᠢᠨ ᠳᠠᠭᠤᠷᠢᠶᠠᠯ ᠦᠵᠡᠭᠦᠯᠬᠦ ᠲᠥᠪ 5 ᠪᠣᠢ ᠪᠠ ᠥᠪᠡᠷᠲᠡᠭᠡᠨ ᠵᠠᠰᠠᠬᠤ ᠣᠷᠣᠨ᠎ᠤ ᠢᠨᠵᠧᠨᠧᠷᠢᠩ᠎ᠤᠨ ᠰᠤᠳᠤᠯᠭ᠋ᠠᠨ᠎ᠤ ᠲᠥᠪ 2᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ 5 ᠵᠢ ᠪᠠᠢ᠌ᠭᠤᠯᠪᠠ᠃ ᠥᠪᠡᠷᠲᠡᠭᠡᠨ ᠵᠠᠰᠠᠬᠤ ᠣᠷᠣᠨ᠎ᠤ ᠭᠧᠨ ᠵᠶ᠋ᠠᠷ ᠣᠨᠣᠰᠢᠯᠠᠬᠤ ᠰᠤᠳᠤᠯᠭ᠋ᠠᠨ᠎ᠤ ᠭᠠᠵᠠᠷ᠂ ᠬᠡᠷᠡᠭᠯᠡᠭᠡᠨ᠎ᠤ ᠲᠤᠶᠠᠴᠢᠬᠤ ᠰᠤᠳᠤᠯᠭ᠋ᠠᠨ᠎ᠤ ᠭᠠᠵᠠᠷ᠂ ᠰᠢᠩᠭᠡᠭᠡᠯᠲᠡ ᠵᠢᠨ ᠡᠪᠡᠳᠴᠢᠨ᠎ᠢ ᠰᠤᠳᠤᠯᠬᠤ ᠭᠠᠵᠠᠷ᠂ ᠴᠢᠰᠤᠨ ᠳᠠᠷᠤᠯᠲᠠ ᠥᠨᠳᠥᠷ ᠡᠪᠡᠳᠴᠢᠨ᠎ᠢ ᠰᠤᠳᠤᠯᠬᠤ ᠭᠠᠵᠠᠷ᠂ ᠶᠡᠷᠦᠩᠬᠡᠶ ᠰᠠᠯᠠᠭ᠋ᠠᠨ᠎ᠤ ᠠᠨᠠᠭ᠋ᠠᠬᠤ ᠤᠬᠠᠭ᠋ᠠᠨ᠎ᠤ ᠪᠣᠯᠪᠠᠰᠤᠷᠠᠭᠤᠯᠤᠯ᠎ᠤᠨ ᠲᠥᠪ ᠵᠡᠷᠭᠡ ᠪᠠᠶ᠋ᠢᠭᠤᠯᠤᠮᠵᠢ᠎ᠲᠠᠢ᠃

ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠬᠤᠭᠤᠴᠠᠭ᠋ᠠᠨ᠎ᠳᠤ᠂ ᠰᠤᠷᠭ᠋ᠠᠭᠤᠯᠢ ᠵᠢᠨ 1463 ᠵᠦᠢ᠍ᠯ᠎ᠤᠨ ᠡᠷᠳᠡᠮ ᠰᠢᠨᠵᠢᠯᠡᠭᠡᠨ᠎ᠤ ᠲᠥᠰᠦᠯ᠎ᠢ ᠵᠥᠪᠰᠢᠶᠡᠷᠡᠵᠦ᠂ ᠬᠤᠸᠠᠰᠢᠶᠠ ᠠᠨᠠᠭ᠋ᠠᠬᠤ ᠤᠬᠠᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ᠎ᠤᠨ ᠬᠣᠶᠠᠳᠤᠭ᠋ᠠᠷ ᠳᠡᠰ᠎ᠤᠨ ᠱᠠᠩᠨᠠᠯ 1᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠨᠢᠭᠡᠳᠦᠭᠡᠷ ᠳᠡᠰ᠎ᠤᠨ ᠱᠠᠩᠨᠠᠯ 1᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ 18 ᠵᠢᠴᠢ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠢᠯᠢᠳᠡᠭ ᠦᠷ᠎ᠡ ᠪᠦᠲᠦᠭᠡᠯ᠎ᠤᠨ ᠵᠠᠰᠠᠭ᠎ᠤᠨ ᠣᠷᠳᠣᠨ᠎ᠤ ᠱᠠᠩᠨᠠᠯ 6᠂ ᠢᠳᠡᠷ ᠵᠠᠯᠠᠭᠤ ᠨᠠᠰᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠱᠠᠩᠨᠠᠯ 1᠂ ᠡᠭᠦᠳᠦᠯᠲᠡ ᠵᠢᠨ ᠲᠤᠰᠬᠠᠶ ᠠᠰᠢᠭ 12᠂ ᠬᠡᠷᠡᠭᠯᠡᠭᠡᠨ᠎ᠤ ᠰᠢᠨ᠎ᠡ ᠬᠡᠯᠪᠡᠷᠢ ᠵᠢᠨ ᠲᠤᠰᠬᠠᠶ ᠠᠰᠢᠭ 54 ᠵᠢ ᠭᠥᠷᠳᠡᠪᠡ᠃

ᠪᠤᠭᠤᠲᠤ ᠠᠨᠠᠭ᠋ᠠᠬᠤ ᠤᠬᠠᠭ᠋ᠠᠨ᠎ᠤ ᠳᠡᠭᠡᠳᠦ ᠰᠤᠷᠭ᠋ᠠᠭᠤᠯᠢ᠎ᠳᠤ ᠪᠡᠭ᠍ᠰᠢ ᠠᠵᠢᠯᠳᠡᠠ ᠠᠵᠢᠯᠴᠢᠠ 894᠂ ᠳ᠋ᠣᠺᠲ᠋ᠣᠷᠠᠨᠲ᠎ᠤᠨ ᠵᠢᠯᠣᠭᠣᠳᠣᠭᠴᠢ ᠪᠠᠭᠰᠢ 15᠂ ᠮᠠᠰᠲ᠋ᠧᠷ᠎ᠤᠨ ᠵᠢᠯᠣᠭᠣᠳᠣᠭᠴᠢ ᠪᠠᠭᠰᠢ 407 ᠪᠣᠶ᠃ ᠲᠦᠷᠤ ᠵᠢᠨ ᠶᠠᠪᠤᠳᠠᠯ᠎ᠤᠨ ᠬᠣᠷᠢᠶᠠᠨ᠎ᠤ ᠣᠨᠴᠠ ᠨᠥᠬᠥᠪᠥᠷᠢ ᠬᠦᠷᠳᠡᠵᠦ ᠪᠠᠶ᠋ᠢᠭ᠎ᠠ ᠲᠤᠰᠬᠠᠢ ᠮᠡᠷᠭᠡᠵᠢᠯᠲᠡᠨ 20᠂ ᠤᠯᠤᠰ᠎ᠤᠨ ᠵᠠᠭᠤ ᠮᠢᠩᠭ᠎ᠠ ᠲᠦᠮᠡᠨ ᠬᠥᠮᠦᠨ᠎ᠤ ᠴᠢᠳᠠᠪᠤᠷᠢᠲᠠᠨ᠎ᠤ ᠢᠨᠵᠧᠨᠧᠷᠢᠩ᠎ᠲᠤ 1 ᠬᠥᠮᠦᠨ᠂ ᠤᠯᠤᠰ᠎ᠤᠨ ᠲᠤᠪᠤᠢ᠍ᠢ᠍ᠮ᠎ᠠ ᠬᠤᠪᠢ ᠨᠡᠮᠡᠷᠢ ᠦᠵᠡᠭᠦᠯᠦᠭᠰᠡᠨ ᠵᠠᠯᠠᠭᠤ ᠲᠤᠰᠬᠠᠢ ᠮᠡᠷᠭᠡᠵᠢᠯᠲᠡᠨ 1᠂ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠦᠭᠡᠯᠡᠬᠦ ᠴᠢᠨᠠᠷᠲᠠᠢ ᠤᠯᠠᠮᠵᠢᠯᠠᠭᠴᠢ 1 ᠬᠥᠮᠦᠨ ᠪᠤᠢ᠃ ᠰᠤᠷᠭ᠋ᠠᠭᠤᠯᠢ᠎ᠨᠢ ᠤᠷᠢᠳ ᠬᠣᠵᠢᠳ ᠮᠣᠩᠭᠣᠯ ᠤᠯᠤᠰ᠎ᠤᠨ ᠤᠯᠤᠰ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ᠂ ᠣᠷᠣᠰ᠎ᠤᠨ ᠫᠷᠢᠸᠤᠯᠼᠺᠢ ᠰᠤᠳᠤᠯᠭ᠋ᠠᠨ᠎ᠤ ᠬᠡᠯᠪᠡᠷᠢᠲᠦ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠡᠷᠭᠡ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠳᠡᠭᠡᠳᠦ ᠰᠤᠷᠭ᠋ᠠᠭᠤᠯᠢ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠎ᠲᠠᠢ ᠰᠣᠯᠢᠯᠴᠠᠭ᠎ᠠ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠪᠠ᠃

ᠰᠤᠷᠭ᠋ᠠᠭᠤᠯᠢ ᠪᠠᠶ᠋ᠢᠭᠤᠯᠤᠭᠳᠠᠭᠰᠠᠨ᠎ᠠᠴᠠ ᠨᠠᠭ᠋ᠠᠰᠢ᠂ ᠦᠶ᠎ᠡ ᠦᠶ᠎ᠡ ᠵᠢᠨ ᠡᠮᠴᠢ ᠨᠡᠷ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶ᠋ᠢᠨ᠎ᠠ᠃ ᠠᠯᠳᠠᠷᠲᠤ ᠴᠢᠰᠤᠨ᠎ᠤ ᠤᠯᠠᠭ᠋ᠠᠨ ᠤᠭᠤᠷᠠᠭ᠎ᠤᠨ ᠰᠤᠳᠤᠯᠭ᠋ᠠᠨ᠎ᠤ ᠲᠤᠰᠬᠠᠶ ᠮᠡᠷᠭᠡᠵᠢᠯᠲᠡᠨ ᠫᠷᠣᠹᠧᠰᠰᠤᠷ ᠴᠢᠨ ᠸᠧᠨ ᠪᠢᠨ ᠤᠯᠤᠰ᠎ᠤᠨ ᠳᠣᠲᠣᠭ᠋ᠠᠳᠤ᠎ᠳᠤ ᠠᠩᠬ᠎ᠠ ᠤᠳᠠᠭ᠎ᠠ ᠴᠢᠰᠤᠨ᠎ᠤ ᠤᠯᠠᠭ᠋ᠠᠨ ᠤᠭᠤᠷᠠᠭ A2᠎ᠤᠨ ᠦᠵᠡᠭᠳᠡᠯ᠎ᠢ ᠢᠯᠡᠷᠡᠭᠦᠯᠵᠦ᠂ 1978 ᠣᠨ᠎ᠳᠤ ᠪᠥᠬᠥ ᠤᠯᠤᠰ᠎ᠤᠨ ᠰᠢᠨᠵᠢᠯᠡᠬᠦ ᠤᠬᠠᠭ᠋ᠠᠨ᠎ᠤ ᠶᠡᠬᠡ ᠬᠤᠷᠠᠯ ᠳᠡᠭᠡᠷ᠎ᠡ ᠲᠡᠷᠢᠭᠦᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯᠲᠠᠨ᠎ᠤ ᠱᠠᠩᠨᠠᠯ᠎ᠢ ᠭᠥᠷᠳᠡᠪᠡ᠃ ᠲᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ᠎ᠤᠨ ᠠᠺᠠᠳᠧᠮᠢᠴᠢ ᠳ᠋ᠦᠩ ᠡᠯ ᠳ᠋ᠠᠨ᠂ ᠭᠤᠤ ᠴᠠᠩ ᠴᠢᠩ ᠵᠶ᠋ᠠᠷ ᠲᠥᠯᠦᠭᠡᠯᠡᠭᠦᠯᠦᠭᠰᠡᠨ 7 ᠲᠦᠮᠡ ᠭᠠᠷᠤᠶ ᠰᠢᠯᠢᠳᠡᠭ ᠲᠡᠭᠦᠰᠬᠦ ᠰᠤᠷᠤᠭᠴᠢᠢ ᠬᠥᠮᠦᠵᠢᠭᠦᠯᠪᠡ᠃ ᠰᠤᠷᠭ᠋ᠠᠭᠤᠯᠢ ᠵᠢᠨ ᠨᠠᠶ᠋ᠢᠵᠠ ᠸᠠᠩ ᠸᠧᠨ ᠿᠦᠢ᠂ ᠮᠠ ᠵᠢᠶᠠᠨ ᠰᠢᠨ᠂ ᠱ᠌ᠢ ᠵᠠᠨ ᠬᠤᠸᠠ 《ᠪᠥᠬᠥ ᠤᠯᠤᠰ᠎ᠤᠨ ᠰᠢᠨ᠎ᠡ ᠳᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠢ ᠡᠰᠡᠷᠭᠦᠴᠡᠭᠰᠡᠨ ᠲᠡᠷᠢᠭᠦᠨ᠎ᠤ ᠬᠤᠪᠢ ᠬᠥᠮᠦᠨ》 ᠭᠡᠬᠦ ᠴᠣᠯᠠ ᠭᠥᠷᠳᠡᠪᠡ᠃

ᠣᠳᠣᠬᠠᠨ᠎ᠳᠤ᠂ ᠪᠥᠬᠥ ᠰᠤᠷᠭ᠋ᠠᠭᠤᠯᠢ ᠵᠢᠨ ᠪᠠᠭᠰᠢ ᠰᠣᠷᠣᠭᠴᠢ ᠠᠵᠢᠯᠲᠠᠨ ᠠᠵᠢᠯᠴᠢᠨ᠂ ᠰᠢ ᠵᠢᠨ ᠫᠢᠩ ᠵᠢᠨ ᠰᠢᠨ᠎ᠡ ᠴᠠᠭ ᠦᠶ᠎ᠡ ᠵᠢᠨ ᠲᠤᠮᠳᠡᠳᠦ ᠤᠯᠦᠰ᠎ᠤᠨ ᠤᠡᠴᠡᠯᠢᠬ ᠪᠥᠬᠦᠢ ᠨᠡᠢ᠍ᠢ᠍ᠭᠡᠮ ᠵᠢᠷᠦᠮ᠎ᠤᠨ ᠦᠵᠡᠯ ᠰᠠᠨᠠᠭ᠋ᠠᠨ᠎ᠤ ᠵᠢᠯᠣᠭᠣᠳᠣᠯᠭ᠎ᠠ ᠳᠣᠤᠷ᠎ᠠ᠂ 《ᠪᠦᠯᠬᠦᠮᠳᠡᠬᠦ᠂ ᠠᠵᠢᠯ ᠦᠢ᠍ᠯᠡᠰ ᠵᠶ᠋ᠠᠨ ᠳᠡᠭᠡᠳᠦᠯᠡᠬᠦ᠂ ᠦᠨᠡᠨ᠎ᠢ ᠪᠠᠷᠢᠮᠲᠠᠯᠠᠬᠤ᠂ ᠰᠢᠨ᠎ᠡ ᠵᠢ ᠡᠭᠦᠳᠬᠦ》 ᠰᠤᠷᠭ᠋ᠠᠭᠤᠯᠢ ᠵᠢᠨ ᠰᠤᠷᠭ᠋ᠠᠯ ᠵᠶ᠋ᠡᠨ ᠵᠠᠯᠭ᠋ᠠᠮᠵᠢᠯᠠᠵᠤ᠂ ᠤᠯᠤᠰ᠎ᠤᠨ ᠳᠣᠲᠣᠭ᠋ᠠᠳᠤ ᠵᠢᠨ ᠵᠣᠬᠢᠬᠤ ᠨᠥᠯᠥᠭᠡ᠎ᠲᠠᠢ᠂ ᠴᠥᠭᠡᠨ ᠲᠣᠭ᠋ᠠᠲᠤ ᠦᠨᠳᠦᠰᠦᠲᠡᠨ᠎ᠤ ᠬᠢᠯᠢ ᠬᠢᠵᠠᠭ᠋ᠠᠷ ᠣᠷᠤᠨ᠎ᠤ ᠲᠡᠷᠢᠭᠦᠨ᠎ᠤ ᠬᠢᠷᠢ ᠲᠦᠪᠰᠢᠨ᠎ᠳᠤ ᠪᠠᠶ᠋ᠢᠬᠤ᠂ ᠰᠤᠷᠭ᠋ᠠᠭᠤᠯᠢ ᠡᠷᠭᠢᠯᠡᠬᠦ ᠣᠨᠴᠠᠯᠢᠭ ᠵᠶ᠋ᠠᠷ ᠢᠯᠡ ᠲᠣᠳᠣ ᠳᠡᠭᠡᠳᠦ ᠵᠡᠷᠭᠡ ᠵᠢᠨ ᠡᠮᠨᠡᠯᠭᠡ ᠵᠢᠨ ᠳᠡᠭᠡᠳᠦ ᠰᠤᠷᠭ᠋ᠠᠭᠤᠯᠢ ᠵᠢ ᠪᠥᠲᠥᠭᠡᠨ ᠪᠠᠶ᠋ᠢᠭᠤᠯᠬᠤ ᠵᠢᠨ ᠲᠥᠯᠥᠭᠡ ᠴᠢᠷᠮᠠᠶ᠋ᠢᠨ ᠲᠡᠮᠡᠴᠡᠵᠡᠭᠡᠵᠦ ᠪᠣᠢ!