ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠵᠦ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
—《ᠲᠥᠷᠥ ᠤᠯᠤᠰ》
ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ


ᠲᠠᠯ᠎ᠠ ᠨᠤᠲᠤᠭ᠎ᠤᠨ ᠨᠡᠷᠡᠳᠦ ᠬᠤᠳᠠ᠂ ᠦᠵᠡᠰᠬᠦᠯᠡᠩᠲᠦ ᠰᠠᠶ᠋ᠢᠬᠠᠨ ᠲᠦᠩᠯᠢᠶᠣᠤ ᠬᠣᠲᠠ᠎ᠳᠤ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠭᠡᠷᠡᠯᠲᠦ ᠰᠤᠪᠤᠳ — ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠠᠢ᠌ᠷᠢᠯᠠᠳᠠᠭ᠃ ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠣᠳᠣᠬᠠᠨ᠎ᠳᠤ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠦᠯᠢᠭᠡᠷ ᠵᠢᠱ᠌ᠢᠶ᠎ᠡ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠴᠡᠴᠡᠷᠯᠢᠭ᠎ᠲᠦ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠪᠣᠯᠪᠠᠰᠤᠨ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠠᠮᠤᠷ ᠳᠣᠭᠲᠠᠭᠤᠨ ᠰᠤᠷᠭ᠋ᠠᠭᠤᠯᠢ᠂ ᠳᠤᠮᠳᠠᠳᠤ ᠤᠯᠤᠰ᠎ᠤᠨ ᠰᠤᠷᠭ᠋ᠠᠨ ᠬᠥᠮᠦᠵᠢᠯ᠎ᠤᠨ ᠬᠥᠭᠵᠢᠭᠦᠯᠦᠯᠲᠡ ᠵᠢᠨ ᠪᠠᠶ᠋ᠢᠯᠳᠤᠬᠤ ᠪᠤᠳᠤᠯᠭ᠎ᠠ ᠵᠢᠨ ᠨᠡᠶ᠋ᠢᠭᠡᠮᠯᠢᠭ᠎ᠤᠨ ᠦᠢ᠍ᠯᠡᠳᠪᠦᠷᠢᠯᠡᠯ ᠰᠤᠷᠭ᠋ᠠᠨ ᠬᠥᠮᠦᠵᠢᠯ᠎ᠢ ᠠᠭᠤᠰᠬᠠᠬᠤ ᠲᠤᠰᠬᠠᠢ ᠮᠡᠷᠭᠡᠵᠢᠯ᠎ᠤᠨ ᠵᠥᠪᠯᠡᠯ᠎ᠤᠨ ᠪᠠᠶ᠋ᠢᠩᠭᠤ ᠵᠢᠨ ᠬᠡᠷᠡᠭ ᠡᠷᠬᠢᠯᠡᠬᠦ ᠨᠢᠭᠡᠴᠢ᠂ ᠪᠦᠬᠦ ᠤᠯᠤᠰ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠵᠠᠬᠢᠷᠤᠯ᠎ᠤᠨ ᠬᠣᠯᠪᠤᠭ᠋ᠠᠲᠤ ᠬᠤᠷᠠᠯ᠎ᠤᠨ ᠪᠦᠷᠢᠯᠳᠦᠭᠦᠨ ᠨᠢᠭᠡᠴᠢ ᠪᠣᠯᠣᠨ᠎ᠠ᠃

ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠤᠷᠲᠤ ᠤᠳᠠᠭ᠋ᠠᠨ ᠲᠡᠦᠬᠡ᠎ᠲᠠᠢ᠂ ᠤᠯᠠ ᠰᠠᠭᠤᠷᠢ ᠵᠤᠵᠠᠭ᠋ᠠᠨ ᠳᠡᠭᠡᠳᠦ ᠰᠤᠷᠭ᠋ᠠᠭᠤᠯᠢ ᠪᠣᠯᠤᠨ᠎ᠠ᠃ ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 1951 ᠣᠨ᠎ᠠᠴᠠ ᠡᠬᠢᠯᠡᠵᠦ ᠰᠤᠷᠭ᠋ᠠᠭᠤᠯᠢ ᠡᠷᠬᠢᠯᠡᠭᠰᠡᠨ ᠲᠡᠦᠬᠡ᠎ᠲᠠᠢ᠂ 2004 ᠣᠨ᠎ᠳᠤ ᠤᠤᠯ᠎ᠤᠨ ᠵᠢᠷᠢᠮ ᠠᠶ᠋ᠢᠮᠠᠭ᠎ᠤᠨ ᠪᠠᠭᠰᠢ ᠵᠢᠨ ᠰᠤᠷᠭ᠋ᠠᠭᠤᠯᠢ᠂ ᠵᠢᠷᠢᠮ ᠠᠶ᠋ᠢᠮᠠᠭ᠎ᠤᠨ ᠡᠷᠡᠭᠦᠯ ᠬᠠᠮᠠᠭ᠋ᠠᠯᠠᠯ᠎ᠤᠨ ᠰᠤᠷᠭ᠋ᠠᠭᠤᠯᠢ᠂ ᠵᠢᠷᠢᠮ ᠠᠶ᠋ᠢᠮᠠᠭ᠎ᠤᠨ ᠰᠤᠷᠭ᠋ᠠᠨ ᠬᠥᠮᠦᠵᠢᠯ᠎ᠤᠨ ᠳᠡᠭᠡᠳᠦ ᠰᠤᠷᠭ᠋ᠠᠭᠤᠯᠢ᠂ ᠦᠪᠦᠷ ᠮᠤᠨᠭ᠌ᠭᠤᠯ᠎ᠤᠨ ᠷᠠᠳᠢᠤ᠋ ᠲᠧᠯᠧᠰ ᠶᠡᠬᠡ ᠰᠤᠷᠭ᠋ᠠᠭᠤᠯᠢ ᠵᠢᠨ ᠲᠦᠩᠯᠢᠶᠣᠤ᠎ᠳᠠᠬᠢ ᠬᠤᠪᠢᠶᠠᠷᠢ ᠰᠤᠷᠭ᠋ᠠᠭᠤᠯᠢ ᠵᠢ ᠨᠡᠶ᠋ᠢᠯᠡᠭᠦᠯᠦᠨ ᠪᠠᠶ᠋ᠢᠭᠤᠯᠤᠭᠰᠠᠨ ᠠᠯᠪᠠᠨ᠎ᠠᠴᠠ ᠡᠷᠬᠢᠯᠡᠭᠰᠡᠨ ᠪᠦᠬᠦᠯᠢ ᠡᠳᠦᠷ᠎ᠤᠨ ᠳᠦᠷᠢᠮᠲᠦ ᠶᠡᠷᠦᠩᠬᠡᠶ᠋ᠢᠯᠡᠭᠰᠡᠨ ᠴᠢᠨᠠᠷᠲᠠᠢ ᠡᠩ᠎ᠤᠨ ᠳᠡᠭᠡᠳᠦ ᠰᠤᠷᠭ᠋ᠠᠭᠤᠯᠢ ᠪᠠᠶ᠋ᠢᠵᠤ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ ᠵᠶ᠋ᠠᠷ ᠭᠣᠣᠯᠯᠠᠭᠤᠯᠵᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠷᠠᠳᠢᠤ᠋ ᠲᠧᠯᠧᠰ ᠶᠡᠬᠡ ᠰᠤᠷᠭ᠋ᠠᠭᠤᠯᠢ ᠵᠢᠨ ᠨᠡᠭᠡᠭᠡᠯᠲᠡᠲᠦ ᠰᠤᠷᠭ᠋ᠠᠨ ᠬᠥᠮᠦᠵᠢᠯ ᠪᠠ ᠨᠡᠶ᠋ᠢᠭᠡᠮ᠎ᠤᠨ ᠪᠣᠯᠪᠠᠰᠤᠷᠠᠭᠤᠯᠤᠯ᠎ᠤᠨ ᠡᠭᠦᠷᠭᠡ ᠴᠢᠳᠠᠮᠵᠢ ᠵᠢ ᠬᠠᠪᠰᠤᠷᠭ᠋ᠠᠭᠰᠠᠨ ᠪᠠᠶ᠋ᠢᠨ᠎ᠠ᠃ ᠰᠤᠷᠭ᠋ᠠᠭᠤᠯᠢ ᠵᠢᠨ ᠪᠡᠭ᠍ᠰᠢ ᠠᠵᠢᠯᠳᠡᠠ ᠠᠵᠢᠯᠴᠢᠠ 800 ᠭᠠᠷᠤᠶ ᠬᠥᠮᠦᠨ᠂ ᠡᠯ᠎ᠡ ᠭᠠᠵᠠᠷ᠎ᠤᠨ ᠡᠯ᠎ᠡ ᠲᠥᠷᠥᠯ᠎ᠤᠨ ᠮᠡᠷᠭᠡᠵᠢᠯ᠎ᠳᠤ ᠰᠤᠷᠤᠯᠴᠠᠭ᠎ᠠ ᠰᠤᠷᠤᠭᠴᠢ 1.5 ᠲᠦᠮᠡ ᠭᠠᠷᠤᠶ ᠪᠠᠶ᠋ᠢᠵᠤ᠂ ᠡᠭᠦᠨ᠎ᠤ ᠳᠣᠲᠣᠷ᠎ᠠ ᠪᠦᠬᠦᠯᠢ ᠡᠳᠦᠷ᠎ᠤᠨ ᠳᠦᠷᠢᠮᠲᠦ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 1 ᠲᠦᠮᠡ ᠭᠠᠷᠤᠶ ᠪᠠᠶ᠋ᠢᠨ᠎ᠠ᠃ ᠳᠣᠤᠷ᠎ᠠ᠎ᠪᠠᠨ 12 ᠵᠢᠭ᠋ᠠᠨ ᠰᠤᠷᠭ᠋ᠠᠯᠲᠠ ᠵᠢᠨ ᠪᠠᠶ᠋ᠢᠭᠤᠯᠤᠮᠵᠢ ᠪᠠ 2 ᠬᠠᠷᠢᠶᠠᠲᠤ ᠡᠮᠨᠡᠯᠭᠡ ᠵᠢᠨ ᠬᠣᠷᠢᠶ᠎ᠠ ᠪᠠᠢ᠌ᠭᠤᠯᠵᠤ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠪᠠᠭᠰᠢ ᠵᠢᠨ ᠰᠤᠷᠭ᠋ᠠᠨ ᠬᠥᠮᠦᠵᠢᠯ ᠵᠡᠷᠭᠡ 5 ᠶᠡᠬᠡ ᠲᠥᠷᠥᠯ᠎ᠤᠨ 32 ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ᠎ᠲᠠᠢ᠂ ᠤᠷᠢᠳ ᠬᠣᠵᠢᠳ ᠰᠤᠪᠢᠯᠠᠯᠲᠠ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠡᠮ᠎ᠤᠨ ᠤᠬᠠᠭ᠋ᠠᠨ ᠵᠡᠷᠭᠡ 6 ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠢ ᠬᠠᠮᠲᠤᠷᠠᠨ ᠡᠷᠭᠢᠯᠡᠪᠡ᠃ ᠣᠲᠣ ᠰᠤᠪᠢᠯᠠᠯᠲᠠ᠂ ᠡᠮ᠎ᠤᠨ ᠤᠬᠠᠭ᠋ᠠᠨ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠂ ᠨᠢᠭᠲᠠᠯᠠᠨ ᠪᠣᠳᠤᠭᠴᠢ᠂ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠬᠢᠨᠠᠯᠲᠠ ᠬᠠᠮᠢᠶᠠᠷᠤᠯᠲᠠ ᠵᠡᠷᠭᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠡᠷᠡᠲᠡᠢ ᠲᠤᠰᠬᠠᠶ ᠮᠡᠷᠭᠡᠵᠢᠯ 5 ᠪᠣᠢ; ᠰᠤᠪᠢᠯᠠᠯᠲᠠ᠂ ᠡᠮ᠎ᠤᠨ ᠤᠬᠠᠭ᠋ᠠᠨ ᠵᠡᠷᠭᠡ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠪᠥᠲᠥᠭᠡᠨ ᠪᠠᠶ᠋ᠢᠭᠤᠯᠤᠯᠲᠠ ᠵᠢᠨ ᠲᠤᠰᠬᠠᠶ ᠮᠡᠷᠭᠡᠵᠢᠯ 2 ᠪᠣᠢ; ᠰᠤᠷᠭ᠋ᠠᠨ ᠬᠦᠮᠤᠵᠢᠯ᠎ᠤᠨ ᠶᠠᠮᠤᠨ᠎ᠠᠴᠠ ᠮᠠᠭ᠋ᠠᠳᠯᠠᠨ ᠲᠣᠭᠲᠠᠭ᠋ᠠᠭᠰᠠᠨ 《ᠡᠭᠦᠳᠦᠯᠲᠡ ᠬᠥᠭᠵᠢᠯᠲᠡ ᠵᠢᠨ ᠠᠵᠢᠯᠯᠠᠭ᠋ᠠᠨ᠎ᠤ ᠲᠥᠯᠥᠪᠯᠡᠭᠡ》 ᠵᠢᠨ ᠭᠣᠤᠯᠯᠠᠭᠴᠢ ᠲᠤᠰᠬᠠᠶ ᠮᠡᠷᠭᠡᠵᠢᠯ 2 ᠪᠣᠶ; ᠮᠣᠩᠭᠣᠯ ᠬᠢᠲᠠᠳ ᠬᠣᠤᠰ ᠬᠡᠯᠡᠨ᠎ᠤ 《ᠬᠣᠤᠰ ᠬᠡᠯᠪᠡᠷᠢᠲᠦ ᠪᠠᠭᠰᠢ》 ᠵᠢᠨ ᠪᠠᠭᠰᠢ ᠵᠢ ᠬᠥᠮᠦᠵᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠠᠷ 1 ᠪᠣᠶ᠃ ᠤᠯᠤᠰ᠎ᠤᠨ ᠳᠡᠰ᠎ᠤᠨ ᠰᠡᠳᠦᠪ 1᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠷᠳᠡᠮ ᠰᠢᠨᠵᠢᠯᠡᠭᠡᠨ᠎ᠤ ᠲᠥᠰᠦᠯ 161 ᠵᠢ ᠳᠠᠭ᠋ᠠᠭ᠋ᠠᠵᠤ ᠭᠦᠢ᠍ᠴᠡᠳᠭᠡᠪᠡ᠃

ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠬᠥᠮᠦᠨ ᠵᠶ᠋ᠠᠷ ᠦᠨᠳᠦᠰᠦ ᠪᠣᠯᠭ᠋ᠠᠭᠰᠠᠨ᠂ ᠢᠯᠡ ᠲᠣᠳᠣ ᠣᠨᠴᠠᠯᠢᠭ᠎ᠲᠠᠢ ᠳᠡᠭᠡᠳᠦ ᠰᠤᠷᠭ᠋ᠠᠭᠤᠯᠢ ᠪᠣᠯᠤᠨ᠎ᠠ᠃ ᠲᠤᠰ ᠰᠤᠷᠭ᠋ᠠᠭᠤᠯᠢ᠎ᠨᠢ ᠨᠢᠭᠡᠨᠲᠡ 《ᠨᠢᠭᠡ ᠲᠠᠯ᠎ᠠ᠎ᠪᠠᠷ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠎ᠢ ᠠᠳᠬᠤᠵᠤ᠂ ᠨᠥᠭᠥᠭᠡ ᠲᠠᠯ᠎ᠠ᠎ᠪᠠᠷ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠢ ᠠᠳᠬᠤᠬᠤ》 ᠰᠤᠷᠭ᠋ᠠᠭᠤᠯᠢ ᠡᠷᠭᠢᠯᠡᠬᠦ ᠣᠨᠴᠠᠯᠢᠭ᠎ᠢ ᠪᠣᠶ ᠪᠣᠯᠭ᠋ᠠᠪᠠ᠄ 《ᠶᠣᠰᠣ ᠪᠠ ᠪᠣᠳᠠᠲᠠᠶ ᠵᠢ ᠨᠢᠭᠡ ᠴᠤᠭᠴᠠᠵᠢᠭᠤᠯᠬᠤ》 ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢ ᠶᠡᠬᠡ᠎ᠪᠠᠷ ᠬᠡᠷᠡᠭᠵᠢᠭᠦᠯᠪᠡ; ᠪᠥᠬᠥ ᠣᠷᠣᠨ᠎ᠤ ᠠᠳᠠᠯᠢ ᠲᠥᠷᠥᠯ᠎ᠤᠨ ᠳᠡᠭᠡᠳᠦ ᠰᠤᠷᠭ᠋ᠠᠭᠤᠯᠢ ᠵᠢᠨ ᠳᠣᠲᠤᠷ᠎ᠠ ᠰᠤᠷᠤᠯᠭ᠎ᠠ ᠵᠢᠨ ᠬᠤᠪᠢ ᠵᠢᠨ ᠲᠦᠷᠢᠮ᠎ᠤᠨ ᠬᠠᠮᠢᠶᠠᠷᠤᠯᠲᠠ ᠵᠢ ᠤᠷᠢᠳ ᠵᠶ᠋ᠠᠷ ᠬᠡᠷᠡᠭᠵᠢᠭᠦᠯᠪᠡ; ᠰᠤᠷᠤᠭᠴᠢᠳ᠎ᠠᠴᠠ ᠦᠨᠡᠯᠡᠬᠦ ᠵᠢᠭ᠋ᠠᠨ ᠰᠤᠷᠭ᠋ᠠᠯᠲᠠ ᠵᠢᠨ ᠲᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠪᠡ; ᠪᠡᠷᠢᠮᠵᠢᠶᠡᠵᠢᠭᠤᠯᠤᠭᠰᠠᠨ ᠰᠢᠯᠭ᠋ᠠᠯᠲᠠ ᠵᠢᠨ ᠲᠠᠯᠠᠪᠠᠶ 200 ᠰᠢᠬᠠᠮ᠂ ᠳᠡᠭᠡᠳᠦ ᠲᠠᠰ᠎ᠤᠨ ᠣᠯᠠᠨ ᠵᠠᠭᠤᠴᠢ᠎ᠳᠤ ᠲᠥᠬᠥᠭᠡᠷᠦᠮᠵᠢ 200 ᠭᠠᠷᠤᠶ ᠢᠵᠢ ᠪᠠᠶ᠋ᠢᠵᠤ᠂ ᠰᠤᠷᠭ᠋ᠠᠭᠤᠯᠢ ᠵᠢᠨ ᠳᠣᠲᠣᠨ᠎ᠠ ᠭᠠᠳᠠᠨᠠᠬᠢ ᠪᠣᠳᠠᠲᠠᠶ ᠪᠣᠯᠪᠠᠰᠤᠷᠠᠯ᠎ᠤᠨ ᠲᠠᠯᠠᠪᠠᠶ 300 ᠭᠠᠷᠤᠶ ᠪᠣᠢ᠃ ᠰᠤᠷᠭ᠋ᠠᠭᠤᠯᠢ ᠵᠢᠨ ᠤᠯᠤᠰ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢ ᠬᠢᠨᠠᠨ ᠳᠣᠭᠲᠠᠭ᠋ᠠᠬᠤ ᠭᠠᠵᠠᠷ ᠪᠣᠯ ᠲᠦᠩᠯᠢᠶᠣᠤ ᠬᠣᠲᠠ ᠵᠢᠨ ᠴᠢᠳᠠᠪᠤᠷᠢ ᠵᠢᠨ ᠵᠡᠷᠭᠡ ᠳᠡᠰ᠎ᠢ ᠲᠣᠭᠲᠠᠭ᠋ᠠᠬᠤ ᠲᠤᠷᠰᠢᠯᠲᠠ ᠵᠢᠨ ᠴᠡᠭ ᠪᠠ ᠨᠡᠶ᠋ᠢᠭᠡᠮ᠎ᠤᠨ ᠪᠣᠯᠪᠠᠰᠤᠷᠠᠭᠤᠯᠤᠯ᠎ᠢ ᠦᠨᠡᠯᠡᠬᠦ ᠵᠣᠬᠢᠶᠠᠨ ᠪᠠᠢ᠌ᠭᠤᠯᠬᠤ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠶᠠᠳᠠᠭᠤ ᠵᠢ ᠲᠡᠳᠬᠦᠬᠦ ᠠᠯᠪᠠᠨ ᠭᠡᠷ᠎ᠤᠨ ᠦᠢ᠍ᠯᠡᠰ ᠪᠤᠰᠬᠠᠵᠤ ᠴᠢᠨᠡᠭᠡᠯᠢᠭᠵᠢᠭᠦᠯᠬᠦ ᠳᠠᠭ᠋ᠠᠭᠤᠯᠤᠭᠴᠢ ᠵᠢᠨ ᠳᠣᠭᠲᠠᠭ᠋ᠠᠭᠰᠠᠨ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ ᠶᠤᠮ᠂ ᠥᠪᠡᠷᠲᠡᠭᠡᠨ ᠵᠠᠰᠠᠬᠤ ᠣᠷᠣᠨ᠎ᠤ ᠭᠡᠷ᠎ᠤᠨ ᠬᠥᠮᠦᠵᠢᠯ᠎ᠳᠤ ᠦᠢ᠍ᠯᠡᠴᠢᠯᠡᠵᠦ ᠵᠢᠯᠣᠭᠣᠳᠬᠤ ᠵᠡᠭᠦᠨ ᠬᠡᠰᠡᠭ᠎ᠤᠨ ᠲᠥᠪ᠂ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ ᠵᠢᠨ ᠯᠢᠶᠠᠩ ᠵᠢᠶᠧ》 ᠵᠢᠨ ᠬᠣᠯᠪᠣᠭ᠋ᠠᠨ᠎ᠤ ᠪᠦᠷᠢᠯᠳᠦᠬᠦᠨ ᠨᠢᠭᠡᠴᠢ᠂ ᠥᠪᠥᠷ ᠮᠣᠩᠭᠣᠯ᠎ᠤᠨ ᠵᠡᠭᠦᠨ ᠬᠡᠰᠡᠭ᠎ᠤᠨ ᠪᠡᠶ᠎ᠡ ᠵᠢᠨ ᠲᠠᠮᠢᠷ᠎ᠤᠨ ᠠᠵᠢᠯ ᠮᠡᠷᠭᠡᠵᠢᠯ᠎ᠤᠨ ᠴᠢᠳᠠᠪᠤᠷᠢ᠂ ᠲᠦᠩᠯᠢᠶᠣᠤ ᠬᠣᠲᠠ ᠵᠢᠨ ᠳᠠᠬᠢᠨ ᠠᠵᠢᠯ ᠣᠯᠤᠭᠰᠠᠳ᠂ ᠴᠡᠷᠢᠭ᠎ᠠᠴᠠ ᠬᠠᠯᠠᠭᠳᠠᠭᠰᠠᠳ ᠪᠠ ᠮᠣᠩᠭᠣᠯ ᠬᠢᠲᠠᠳ ᠡᠮ ᠡᠮᠨᠡᠯᠭᠡ ᠵᠢᠨ ᠠᠵᠤ ᠦᠢ᠍ᠯᠡᠰ ᠵᠢᠴᠢ ᠣᠲᠣ ᠦᠶ᠎ᠡ ᠵᠢᠨ ᠬᠡᠷ ᠪᠦᠯᠢ ᠵᠢᠨ ᠦᠢ᠍ᠯᠡᠴᠢᠯᠡᠭᠡᠨ᠎ᠤ ᠦᠢ᠍ᠯᠡᠰ ᠵᠡᠷᠭᠡ ᠣᠯᠠᠨ ᠵᠦᠢ᠍ᠯ᠎ᠤᠨ ᠠᠵᠢᠯ ᠲᠥᠷᠥᠯ᠎ᠤᠨ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠲᠠᠢ ᠪᠠᠶ᠋ᠢᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠭᠤᠯᠤᠯ᠂ ᠡᠮᠴᠢᠯᠡᠭᠡ ᠰᠤᠪᠢᠯᠠᠯᠲᠠ ᠡᠷᠡᠭᠦᠯᠵᠢᠯ᠂ 《1+X》 ᠦᠨᠡᠮᠯᠡᠯ᠎ᠤᠨ ᠲᠤᠷᠰᠢᠯᠲᠠ ᠵᠢᠨ ᠴᠡᠭ ᠵᠡᠷᠭᠡ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ ᠵᠢᠴᠢ ᠭᠤᠷᠪᠠ᠂ ᠳᠥᠷᠪᠡ᠂ ᠲᠠᠪᠤᠳᠤᠭ᠋ᠠᠷ ᠳᠡᠰ᠎ᠤᠨ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢ ᠳᠠᠭ᠋ᠠᠭ᠋ᠠᠨ ᠭᠦᠢ᠍ᠴᠡᠳᠭᠡᠨ᠎ᠡ᠃ ᠭᠢᠷᠢᠨ᠎ᠤ ᠨᠢᠭᠡᠳᠦᠭᠡᠷ ᠮᠠᠰᠢᠨ ᠲᠡᠷᠭᠡᠨ᠎ᠤ ᠦᠢ᠍ᠯᠡᠳᠪᠦᠷᠢ ᠵᠡᠷᠭᠡ ᠤᠯᠠᠨ ᠨᠡᠷᠡᠳᠦ ᠠᠵᠤ ᠠᠬᠤᠶ᠋ᠢᠯᠠᠯ᠎ᠲᠠᠢ ᠬᠠᠮᠲᠤᠷᠠᠨ ᠡᠷᠬᠢᠯᠡᠭᠰᠡᠨ 《ᠵᠠᠬᠢᠶᠠᠯᠠᠭ᠎ᠠ ᠵᠢᠨ ᠠᠩᠬᠢ》᠎ᠨᠢ ᠣᠷᠣᠨ ᠨᠤᠲᠤᠭ᠎ᠤᠨ ᠠᠵᠤ ᠠᠬᠤᠢ ᠵᠢᠨ ᠬᠥᠭᠵᠢᠯᠲᠡ᠎ᠯᠦᠭᠡ ᠵᠡᠷᠭᠡ᠎ᠪᠠᠷ ᠤᠷᠤᠭᠰᠢᠯᠠᠵᠤ᠂ ᠭᠠᠴᠠᠭᠠᠢ ᠬᠥᠭᠵᠢᠭᠦᠯᠦᠨ ᠮᠠᠨᠳᠤᠭᠤᠯᠬᠤ ᠵᠢ ᠲᠦᠷᠭᠡᠳᠬᠡᠬᠦ᠎ᠳᠤ ᠬᠦᠴᠦ ᠨᠡᠮᠡᠷᠢᠯᠡᠵᠡᠢ᠃

ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠭᠣᠶᠤ ᠰᠠᠢ᠌ᠬᠠᠨ ᠣᠷᠴᠢᠨ ᠲᠣᠭᠤᠷᠢᠨ᠂ ᠳᠡᠭᠡᠳᠦ ᠵᠡᠷᠭᠡ ᠵᠢᠨ ᠦᠢ᠍ᠯᠡᠴᠢᠯᠡᠭᠡ ᠪᠥᠬᠦᠢ ᠳᠡᠭᠡᠳᠦ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ ᠵᠢᠨ ᠡᠵᠡᠯᠡᠵᠦ ᠪᠠᠢ᠌ᠭ᠎ᠠ ᠭᠠᠵᠠᠷ 803 ᠮᠥ᠍᠂ ᠪᠠᠷᠢᠯᠭ᠎ᠠ ᠵᠢᠨ ᠲᠠᠯᠠᠪᠠᠶ 17 ᠲᠦᠮᠡᠨ ᠲᠡᠭᠰᠢ ᠳᠥᠷᠪᠡᠯᠵᠢᠨ ᠮᠧᠲᠷ᠂ ᠰᠤᠷᠭ᠋ᠠᠭᠤᠯᠢ ᠵᠢᠨ ᠳᠣᠲᠣᠨ᠎ᠠ ᠭᠠᠳᠠᠨᠠᠬᠢ ᠡᠯ᠎ᠡ ᠲᠥᠷᠥᠯ᠎ᠤᠨ ᠲᠤᠷᠰᠢᠯᠲᠠ ᠵᠢᠨ ᠳᠠᠳᠤᠯᠭ᠎ᠠ ᠪᠣᠯᠪᠠᠰᠤᠷᠠᠯ᠎ᠤᠨ ᠲᠠᠯᠠᠪᠤᠷ ᠪᠠ ᠪᠣᠳᠠᠲᠠᠢ ᠪᠣᠯᠪᠠᠰᠤᠷᠠᠯ᠎ᠤᠨ ᠰᠠᠭᠤᠷᠢᠨ ᠭᠠᠵᠠᠷ 305 ᠪᠤᠶ; ᠲᠣᠭᠲᠠᠮᠠᠯ ᠬᠥᠷᠦᠩᠭᠡ 6.49 ᠳ᠋ᠦᠩᠰᠢᠭᠤᠷ ᠲᠥᠭᠥᠷᠢᠭ᠎ᠲᠤ ᠬᠦᠷᠴᠦ᠂ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠬᠡᠮᠵᠢᠭᠦᠷᠯᠢᠭ ᠲᠥᠬᠥᠭᠡᠷᠦᠮᠵᠢ ᠵᠢᠨ ᠶᠡᠷᠦᠩᠬᠡᠶ ᠥᠷᠲᠡᠭ 1.5 ᠳ᠋ᠦᠩᠰᠢᠭᠤᠷ ᠲᠥᠭᠥᠷᠢᠭ᠂ ᠨᠣᠮ᠎ᠤᠨ ᠰᠠᠩ᠎ᠳᠤ ᠬᠠᠳᠠᠭ᠋ᠠᠯᠠᠵᠤ ᠪᠠᠢ᠌ᠭ᠎ᠠ ᠨᠣᠮ ᠪᠢᠴᠢᠭ 65 ᠲᠦᠮᠡᠨ ᠳᠡᠪᠲᠡᠷ ᠪᠣᠶ; ᠰᠤᠷᠭ᠋ᠠᠭᠤᠯᠢ ᠵᠢᠨ ᠬᠦᠷᠢᠶᠡᠨ᠎ᠤ ᠰᠦᠯᠵᠢᠶᠡᠨ᠎ᠤ ᠥᠷᠭᠡᠨ ᠪᠦᠰᠡ ᠵᠢᠨ ᠶᠡᠷᠦᠩᠬᠡᠶ ᠬᠡᠮᠵᠢᠶ᠎ᠡ 6G ᠂ ᠰᠤᠷᠭ᠋ᠠᠭᠤᠯᠢ ᠵᠢᠨ ᠬᠦᠷᠢᠶᠡᠨ᠎ᠳᠤ ᠲᠥᠯᠦᠪᠦᠷᠢ ᠦᠭᠡᠢ Wi-Fi ᠵᠢ ᠨᠡᠶ᠋ᠢᠳᠡᠮ ᠪᠦᠷᠬᠦᠭᠦᠯᠪᠡ᠃ ᠣᠶ᠋ᠢᠷ᠎ᠠ ᠵᠢᠨ ᠭᠤᠷᠪᠠᠨ ᠵᠢᠯ᠎ᠳᠤ᠂ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠰᠤᠷᠭ᠋ᠠᠭᠤᠯᠢ ᠵᠢᠨ ᠬᠠᠲᠠᠭᠤ ᠲᠣᠨᠤᠭ᠎ᠢ ᠪᠥᠬᠥ ᠲᠠᠯ᠎ᠠ᠎ᠪᠠᠷ ᠰᠠᠶ᠋ᠢᠵᠢᠷᠠᠭᠤᠯᠵᠤ᠂ ᠵᠢᠭ᠋ᠠᠨ ᠰᠤᠷᠭ᠋ᠠᠯᠲᠠ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠨᠥᠬᠥᠴᠡᠯ ᠰᠢᠯᠢᠳᠡᠭ ᠰᠠᠶ᠋ᠢᠨ᠂ ᠰᠣᠶᠣᠯ ᠪᠠ ᠪᠡᠶ᠎ᠡ ᠵᠢᠨ ᠲᠠᠮᠢᠷ᠎ᠤᠨ ᠲᠥᠬᠥᠭᠡᠷᠦᠮᠵᠢ ᠵᠢ ᠰᠢᠨᠡᠳᠭᠡᠵᠦ᠂ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠣᠷᠢᠨ᠎ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠣᠨᠴᠠᠯᠢᠭ ᠨᠠᠩ ᠢᠯᠡ ᠲᠣᠳᠣ ᠪᠣᠯᠵᠣ᠂ ᠮᠡᠳᠡᠭᠡ ᠵᠠᠩᠭᠢᠴᠢᠯᠠᠯᠲᠠ ᠵᠢᠨ ᠬᠢᠷᠢ ᠲᠦᠪᠰᠢᠨ ᠶᠡᠬᠡ᠎ᠪᠠᠷ ᠳᠡᠭᠡᠭᠰᠢᠯᠡᠨ᠂ ᠪᠠᠭᠰᠢ ᠰᠤᠷᠤᠭᠴᠢᠳ᠎ᠤᠨ ᠠᠮᠤᠷ ᠲᠦᠪᠰᠢᠨ ᠪᠠ ᠡᠮ ᠡᠮᠨᠡᠯᠭᠡ ᠡᠷᠡᠭᠦᠯ ᠬᠠᠮᠠᠭ᠋ᠠᠯᠠᠯ ᠪᠠᠲᠤᠯᠠᠭ᠎ᠠ᠎ᠲᠠᠢ ᠪᠣᠯᠵᠣ᠂ ᠪᠣᠯᠪᠠᠰᠤᠨ ᠰᠤᠷᠭ᠋ᠠᠭᠤᠯᠢ ᠵᠢᠨ ᠬᠦᠷᠢᠶ᠎ᠡ᠂ ᠠᠮᠤᠷ ᠳᠣᠭᠲᠠᠭᠤᠨ ᠰᠤᠷᠭ᠋ᠠᠭᠤᠯᠢ ᠵᠢᠨ ᠬᠦᠷᠢᠶ᠎ᠡ᠂ ᠪᠢᠴᠢᠭ᠎ᠤᠨ ᠰᠤᠷᠪᠤᠯᠵᠢᠲᠤ ᠰᠤᠷᠭ᠋ᠠᠭᠤᠯᠢ ᠵᠢᠨ ᠬᠦᠷᠢᠶ᠎ᠡ᠂ ᠴᠡᠴᠡᠷᠯᠢᠭ᠎ᠲᠦ ᠰᠤᠷᠭ᠋ᠠᠭᠤᠯᠢ ᠵᠢᠨ ᠬᠦᠷᠢᠶ᠎ᠡ᠂ ᠤᠶᠤᠨᠲᠤ ᠰᠤᠷᠭ᠋ᠠᠭᠤᠯᠢ ᠵᠢᠨ ᠬᠦᠷᠢᠶᠡᠨ᠎ᠤ ᠪᠥᠲᠥᠭᠡᠨ ᠪᠠᠶ᠋ᠢᠭᠤᠯᠤᠯᠲᠠ ᠡᠯᠪᠡᠭ ᠪᠠᠶᠠᠯᠢᠭ ᠦᠷ᠎ᠡ ᠪᠦᠲᠦᠮᠵᠢ ᠤᠯᠪᠠ᠃

ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠠᠮᠵᠢᠯᠲᠠ ᠭᠠᠷᠭ᠋ᠠᠬᠤ᠎ᠪᠠᠷ ᠮᠡᠷᠡᠢ᠌ᠨ ᠴᠢᠷᠮᠠᠢ᠌ᠵᠤ᠂ ᠡᠯᠪᠡᠭ ᠪᠠᠶᠠᠯᠢᠭ ᠦᠷ᠎ᠡ ᠪᠥᠲᠦᠮᠵᠢ ᠣᠯᠤᠭᠰᠠᠨ ᠳᠡᠭᠡᠳᠦ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ᠎ᠨᠢ ᠤᠷᠢᠳ ᠬᠣᠵᠢᠳ ᠪᠦᠬᠦ ᠤᠯᠤᠰ᠎ᠤᠨ ᠰᠤᠷᠭ᠋ᠠᠨ ᠬᠥᠮᠦᠵᠢᠯ᠎ᠤᠨ ᠰᠢᠰᠲ᠋ᠧᠮ᠎ᠤᠨ ᠲᠡᠷᠢᠭᠦᠨ᠎ᠤ ᠬᠠᠮᠲᠤ ᠨᠡᠢ᠌ᠲᠡ᠂ ᠪᠦᠬᠦ ᠤᠯᠤᠰ᠎ᠤᠨ 《3 · 8》᠎ᠤ ᠤᠯᠠᠭ᠋ᠠᠨ ᠲᠤᠭᠴᠢ ᠬᠠᠮᠲᠤ ᠨᠡᠢ᠌ᠲᠡ᠂ ᠪᠦᠬᠦ ᠤᠯᠤᠰ᠎ᠤᠨ ᠵᠢᠱ᠌ᠢᠶᠡᠴᠢ ᠠᠵᠢᠯᠳᠠᠨ ᠠᠵᠢᠯᠴᠢᠨ᠎ᠤ ᠭᠡᠷ ᠣᠷᠣᠨ ᠵᠡᠷᠭᠡ ᠢᠷᠠᠭᠤ ᠠᠯᠳᠠᠷ᠎ᠤᠨ ᠴᠣᠯᠠ ᠵᠢ ᠬᠦᠷᠳᠡᠵᠤ᠂ ᠥᠪᠡᠷᠲᠡᠭᠡᠨ ᠵᠠᠰᠠᠬᠤ ᠣᠷᠣᠨ᠎ᠤ ᠲᠠᠨᠢᠯᠴᠠᠭᠤᠯᠭ᠎ᠠ᠎ᠪᠠᠷ ᠪᠦᠬᠦ ᠤᠯᠤᠰ᠎ᠤᠨ ᠨᠠᠮ᠎ᠤᠨ ᠪᠠᠶ᠋ᠢᠭᠤᠯᠤᠯᠲᠠ ᠵᠢᠨ ᠦᠯᠢᠭᠡᠷ ᠵᠢᠱ᠌ᠢᠶ᠎ᠡ ᠳᠡᠭᠡᠳᠦ ᠰᠤᠷᠭ᠋ᠠᠭᠤᠯᠢ᠎ᠪᠠᠷ ᠦᠨᠡᠯᠡᠭᠳᠡᠵᠦ᠂ 2 ᠨᠠᠮ᠎ᠤᠨ ᠶᠡᠷᠦᠩᠬᠡᠢ ᠡᠭᠦᠷ᠎ᠨᠢ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠍ᠭᠤᠯᠤᠯᠲᠠ᠎ᠪᠠᠷ ᠦᠨᠡᠯᠡᠭᠳᠡᠵᠦ᠂ 1 ᠨᠠᠮ᠎ᠤᠨ ᠡᠭᠦᠷ ᠪᠦᠬᠦ ᠤᠯᠤᠰ᠎ᠤᠨ ᠨᠠᠮ᠎ᠤᠨ ᠪᠠᠶ᠋ᠢᠭᠤᠯᠤᠯᠲᠠ ᠵᠢᠨ ᠦᠯᠢᠭᠡᠷ ᠵᠢᠱ᠌ᠢᠶ᠎ᠡ ᠨᠠᠮ᠎ᠤᠨ ᠡᠭᠦᠷ ᠵᠶ᠋ᠠᠷ ᠰᠣᠩᠭᠣᠭᠳᠠᠵᠠᠢ᠃ ᠡᠯ᠎ᠡ ᠱᠠᠲᠤᠨ᠎ᠤ ᠡᠯ᠎ᠡ ᠲᠦᠷᠦᠯ᠎ᠤᠨ ᠤᠷᠤᠯᠳᠤᠭ᠋ᠠᠨ᠎ᠳᠤ᠂ ᠪᠦᠬᠦ ᠤᠯᠤᠰ᠎ᠤᠨ ᠰᠤᠪᠢᠯᠠᠯᠲᠠ ᠵᠢᠨ ᠤᠷ᠎ᠠ ᠮᠡᠷᠭᠡᠵᠢᠯ᠎ᠤᠨ ᠤᠷᠤᠯᠳᠤᠭ᠋ᠠᠨ᠎ᠤ ᠨᠢᠭᠡᠳᠦᠭᠡᠷ ᠳᠡᠰ᠎ᠤᠨ ᠱᠠᠩᠨᠠᠯ᠂ 《ᠢᠨᠲ᠋ᠧᠷ ᠰᠦᠯᠵᠢᠶ᠎ᠡ +》 ᠤᠶᠤᠲᠠᠳ᠎ᠤᠨ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠤᠷᠤᠯᠳᠤᠭ᠋ᠠᠨ᠎ᠤ ᠪᠦᠬᠦ ᠤᠯᠤᠰ᠎ᠤᠨ ᠭᠠᠤᠯᠢᠨ ᠮᠧᠲᠠᠯ ᠪᠣᠯᠤᠨ ᠦᠪᠦᠷ ᠮᠤᠨᠭ᠌ᠭᠤᠯ᠎ᠤᠨ ᠠᠯᠳᠠᠨ ᠮᠧᠲᠠᠯ ᠵᠡᠷᠭᠡ ᠤᠯᠠᠨ ᠵᠦᠢ᠍ᠯ᠎ᠤᠨ ᠢᠷᠠᠭᠤ ᠠᠯᠳᠠᠷ᠎ᠢ ᠬᠦᠷᠳᠡᠵᠤ᠂ 《ᠪᠦᠬᠦ ᠤᠯᠤᠰ᠎ᠤᠨ ᠦᠵᠡᠯ ᠰᠠᠨᠠᠭ᠎ᠠ ᠤᠯᠤᠰ ᠲᠦᠷᠦ ᠵᠢᠨ ᠤᠨᠤᠯ᠎ᠤᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠭᠣᠣᠯᠯᠠᠭᠴᠢ ᠬᠦᠴᠦᠲᠡᠨᠤ ᠨᠢᠭᠡ》 ᠹᠸᠩ ᠴᠢᠩ ᠹᠠᠩ ᠪᠠᠭᠰᠢ᠂ 《ᠪᠦᠬᠦ ᠤᠯᠤᠰ᠎ᠤᠨ ᠶᠣᠰᠣ ᠰᠤᠷᠲᠠᠬᠤᠨ᠎ᠤ ᠵᠢᠱ᠌ᠢᠶᠡᠴᠢ᠂ ᠪᠦᠬᠦ ᠤᠯᠤᠰ᠎ᠤᠨ ᠥᠭᠡᠳᠡᠯᠡᠨ ᠳᠠᠪᠰᠢᠭᠰᠠᠨ ᠰᠠᠢ᠍ᠢ᠍ᠨ ᠵᠠᠯᠠᠭᠤ》 ᠰᠤᠷᠤᠭᠴᠢ ᠵᠧᠦ ᠶᠠᠨ ᠮᠧᠢ ᠵᠡᠷᠭᠡ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠴᠣᠯᠭᠣᠷᠠᠨ ᠭᠠᠷᠴᠠᠢ᠃ ᠰᠤᠷᠭ᠋ᠠᠭᠤᠯᠢ ᠲᠡᠭᠦᠰᠦᠭᠰᠡᠳ ᠦᠪᠦᠷ ᠮᠤᠨᠭ᠌ᠭᠤᠯ᠎ᠳᠤ ᠲᠦᠭᠡᠵᠦ᠂ ᠵᠡᠭᠦᠨ ᠬᠣᠶ᠋ᠢᠲᠤ ᠵᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠡᡁᠸᠪᠸᠢ ᠪᠣᠯᠤᠨ ᠶᠦᠨᠨᠠᠨ ᠭᠦᠢ᠍ᠵᠧᠦ ᠵᠡᠷᠭᠡ ᠭᠠᠵᠠᠷ᠎ᠢ ᠬᠠᠮᠤᠷᠴᠤ᠂ ᠲᠡᠭᠦᠰᠦᠭᠰᠡᠳ᠎ᠤᠨ ᠠᠵᠢᠯ ᠣᠯᠭᠤᠯᠲᠠ ᠵᠢᠨ ᠨᠤᠷᠮ᠎ᠠ ᠢᠮᠠᠭᠲᠠ 90%᠎ᠠᠴᠠ ᠳᠡᠭᠡᠭᠰᠢ ᠪᠠᠶ᠋ᠢᠬᠤ ᠵᠢ ᠪᠠᠲᠤᠯᠠᠭᠰᠠᠭ᠋ᠠᠷ ᠢᠷᠡᠵᠠᠢ᠃

ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠠᠴᠠ ᠨᠠᠭ᠋ᠠᠰᠢ᠂ ᠲᠦᠩᠯᠢᠶᠣᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠨᠠᠮ᠎ᠤᠨ ᠬᠣᠷᠢᠶᠠᠨ᠎ᠠᠴᠠ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠭᠣᠣᠯᠳᠠᠯᠭ᠋ᠠᠲᠠᠢ ᠠᠵᠢᠯ᠎ᠢ ᠠᠬᠢᠭᠤᠯᠬᠤ᠎ᠲᠠᠢ ᠨᠢᠭᠲᠠ ᠤᠶᠠᠯᠳᠤᠭᠤᠯᠵᠤ᠂ ᠨᠠᠮ᠎ᠤᠨ ᠲᠡᠦᠬᠡ ᠵᠢᠨ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠠᠵᠢᠯ᠎ᠤᠨ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠵᠤ᠂ 《ᠪᠢ ᠪᠠᠭᠰᠢ ᠰᠤᠷᠤᠭᠴᠢᠳ᠎ᠲᠤ ᠪᠤᠳᠡᠳᠡᠢ ᠠᠵᠢᠯ ᠬᠢᠵᠦ ᠥᠭᠬᠦ》 ᠵᠢ ᠢᠳᠡᠪᠬᠢᠲᠡᠢ ᠦᠢ᠍ᠯᠡᠳᠦᠯᠭᠡᠵᠢᠭᠦᠯᠵᠦ᠂ 《ᠪᠣᠳᠠᠲᠠᠢ ᠠᠵᠢᠯ ᠬᠢᠵᠦ ᠰᠢᠨ᠎ᠡ ᠪᠠᠶ᠋ᠢᠳᠠᠯ᠎ᠢ ᠡᠭᠦᠳᠬᠦ》᠎ᠳᠤ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠭᠰᠠᠨ ᠪᠠᠶ᠋ᠢᠨ᠎ᠠ᠃ ᠪᠠᠶ᠋ᠢᠴᠠᠭ᠋ᠠᠨ ᠰᠤᠳᠤᠯᠤᠯᠲᠠ ᠵᠢ ᠥᠷᠭᠡᠨ ᠵᠶ᠋ᠠᠷ ᠥᠷᠨᠢᠭᠦᠯᠬᠦ᠎ᠪᠠᠷ ᠳᠠᠮᠵᠢᠭᠤᠯᠤᠨ᠂ ᠭᠣᠮᠣᠳᠠᠯ ᠲᠣᠭ᠋ᠠᠴᠢᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ 51 ᠬᠤᠪᠢ ᠪᠤᠳᠡᠳᠡᠢ ᠠᠵᠢᠯ ᠬᠢᠵᠦ᠂ 34 ᠤᠳᠠᠭ᠎ᠠ ᠰᠠᠢ᠍ᠢ᠍ᠨ ᠳᠤᠷ᠎ᠠ ᠵᠢᠨ ᠦᠢ᠍ᠯᠡᠴᠢᠯᠡᠭᠡ ᠵᠢ ᠥᠷᠨᠢᠭᠦᠯᠵᠦ᠂ ᠬᠦᠴᠢᠷᠳᠡᠯ᠎ᠲᠠᠢ ᠠᠵᠢᠯᠳᠠᠨ ᠠᠵᠢᠯᠴᠢᠨ᠎ᠢ 7 ᠤᠳᠠᠭ᠎ᠠ ᠰᠤᠷᠪᠤᠯᠵᠢᠯᠠᠨ ᠲᠣᠬᠣᠨᠢᠭᠤᠯᠪᠠ᠃ ᠨᠠᠮ᠎ᠤᠨ ᠪᠠᠶ᠋ᠢᠭᠤᠯᠤᠯᠲᠠ᠎ᠪᠠᠷ ᠲᠤᠬᠠᠶ᠋ᠢᠯᠠᠭᠰᠠᠨ ᠠᠵᠢᠯ ᠵᠶ᠋ᠠᠨ ᠠᠬᠢᠭᠤᠯᠬᠤ ᠵᠢ ᠪᠠᠷᠢᠮᠲᠠᠯᠠᠵᠤ᠂ ᠰᠤᠷᠭ᠋ᠠᠭᠤᠯᠢ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠲᠣᠭᠣᠷᠢᠨ᠎ᠳᠤ ᠪᠦᠬᠦ ᠣᠷᠣᠨ ᠪᠦᠬᠦ ᠬᠤᠳᠠ ᠵᠢᠨ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠬᠦ᠎ᠳᠤ ᠰᠠᠭᠤᠷᠢᠯᠠᠵᠤ᠂ ᠲᠤᠰ ᠵᠢᠯ᠎ᠤᠨ 22 ᠵᠦᠢ᠍ᠯ᠎ᠤᠨ ᠭᠣᠣᠯᠳᠠᠯᠭ᠋ᠠᠲᠠᠢ ᠡᠭᠦᠷᠭᠡ᠂ 11 ᠭᠣᠣᠯᠳᠠᠯᠭ᠋ᠠᠲᠠᠢ ᠲᠥᠰᠦᠯ᠎ᠢ ᠲᠣᠭᠲᠠᠭ᠋ᠠᠵᠤ᠂ 27 ᠵᠦᠢ᠍ᠯ᠎ᠤᠨ ᠠᠵᠢᠯ᠎ᠤᠨ ᠭᠣᠣᠯᠳᠠᠯᠭ᠎ᠠ ᠵᠢ ᠲᠥᠯᠥᠪᠵᠢᠭᠦᠯᠵᠦ᠂ ᠰᠤᠷᠭ᠋ᠠᠭᠤᠯᠢ ᠵᠢᠨ ᠴᠢᠨᠠᠷᠯᠢᠭ ᠬᠥᠭᠵᠢᠯᠲᠡ ᠰᠠᠢ᠍ᠢ᠍ᠨ ᠡᠬᠢᠯᠡᠯᠲᠡ ᠵᠢ ᠪᠠᠲᠤᠯᠠᠪᠠ᠃
