ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠣᠷᠭᠠᠨ ᠬᠦᠮᠦᠵᠢᠯ᠎ᠤᠨ ᠦᠭᠡᠷᠡᠴᠢᠯᠡᠯᠲᠡ᠎ᠶᠢᠨ ᠦᠷ᠎ᠡ ᠪᠦᠲᠦᠮᠵᠢ
ᠦᠪᠦᠷ ᠮᠤᠨᠭ᠌ᠭᠤᠯ᠎ᠤᠨ ᠤᠮᠠᠷᠠᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠪᠢ ᠳᠤᠮᠳᠠᠳᠤ ᠤᠯᠤᠰ ᠵᠶ᠋ᠠᠨ ᠬᠠᠶ᠋ᠢᠷᠠᠯᠠᠨ᠎ᠠ》 ᠭᠡᠬᠦ ᠳᠠᠭᠤᠤ ᠵᠢ ᠬᠠᠩᠭᠢᠨᠠᠭᠤᠯᠪᠠ
ᠨᠡᠶ᠋ᠢᠲᠡᠯᠡᠭᠰᠡᠨ ᠴᠠᠭ᠄ 2021-05-27


      ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
      ᠦᠪᠦᠷ ᠮᠤᠨᠭ᠌ᠭᠤᠯ᠎ᠤᠨ ᠤᠮᠠᠷᠠᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
     — 《ᠪᠢ ᠳᠤᠮᠳᠠᠳᠤ ᠤᠯᠤᠰ ᠵᠶ᠋ᠠᠨ ᠬᠠᠶ᠋ᠢᠷᠠᠯᠠᠨ᠎ᠠ》

                ᠡᠷᠡᠯᠬᠡᠭᠯᠡᠨ ᠤᠷᠤᠭᠰᠢᠯᠠᠵᠤ ᠪᠠᠶ᠋ᠢᠭ᠎ᠠ ᠦᠪᠦᠷ ᠮᠤᠨᠭ᠌ᠭᠤᠯ᠎ᠤᠨ

                ᠤᠮᠠᠷᠠᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ



      ᠦᠪᠦᠷ ᠮᠤᠨᠭ᠌ᠭᠤᠯ᠎ᠤᠨ ᠤᠮᠠᠷᠠᠲᠤ ᠵᠢᠨ ᠠᠵᠢᠯ ᠮᠡᠷᠭᠡᠵᠢᠯ᠎ᠤᠨ ᠲ᠋ᠡᠭᠡᠳᠦ ᠰᠤᠷᠭ᠋ᠠᠭᠤᠯᠢ ᠪᠣᠯ ᠥᠪᠡᠷᠲᠡᠭᠡᠨ ᠵᠠᠰᠠᠬᠤ ᠣᠷᠣᠨ᠎ᠤ ᠲᠥᠪ ᠬᠥᠬᠡᠬᠣᠲᠠ ᠵᠢᠨ ᠶᠡᠬᠡ ᠰᠤᠷᠭ᠋ᠠᠭᠤᠯᠢ ᠵᠢᠨ ᠲᠣᠭᠣᠷᠢᠭ᠎ᠲᠤ ᠪᠠᠶ᠋ᠢᠷᠢᠯᠠᠵᠤ᠂ 1984 ᠣᠨ᠎ᠳᠤ ᠡᠬᠢᠯᠡᠨ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠂ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠳᠤ ᠳᠠᠩᠰᠠᠯᠠᠭᠤᠯᠤᠭᠰᠠᠨ᠂ ᠤᠯᠤᠰ᠎ᠤᠨ ᠲᠥᠯᠦᠪᠯᠡᠭᠡ᠎ᠪᠠᠷ ᠨᠢᠭᠡᠳᠦᠯᠲᠡᠢ ᠰᠤᠷᠤᠭᠴᠢ ᠡᠯᠰᠡᠭᠰᠡᠨ ᠪᠦᠬᠦᠯᠢ ᠡᠳᠦᠷ᠎ᠤᠨ ᠳᠦᠷᠢᠮᠲᠦ ᠶᠡᠷᠦᠩᠬᠡᠶ᠋ᠢᠯᠡᠭᠰᠡᠨ ᠡᠩ᠎ᠤᠨ ᠳᠡᠭᠡᠳᠦ ᠰᠤᠷᠭ᠋ᠠᠭᠤᠯᠢ ᠪᠣᠯᠤᠨ᠎ᠠ᠃ ᠰᠤᠷᠭ᠋ᠠᠭᠤᠯᠢ᠎ᠨᠢ 《ᠨᠠᠮ᠎ᠤᠨ ᠪᠠᠶ᠋ᠢᠭᠤᠯᠤᠯᠲᠠ᠎ᠪᠠᠷ ᠬᠦᠳᠦᠯᠦᠨ ᠳᠠᠭ᠋ᠠᠭᠤᠯᠬᠤ᠂ ᠶᠣᠰᠣ ᠰᠤᠷᠲᠠᠬᠤᠨ᠎ᠢ ᠪᠤᠢ ᠪᠣᠯᠭ᠋ᠠᠨ ᠬᠥᠮᠦᠨ᠎ᠢ ᠬᠥᠮᠦᠵᠢᠭᠦᠯᠬᠦ᠂ ᠪᠦᠬᠦ ᠲᠠᠯ᠎ᠠ᠎ᠪᠠᠷ ᠬᠥᠭᠵᠢᠭᠦᠯᠬᠦ᠂ ᠬᠥᠮᠦᠨ᠎ᠢ ᠬᠥᠮᠦᠵᠢᠭᠦᠯᠵᠦ ᠤᠯᠤᠰ᠎ᠲᠤ᠎ᠪᠠᠨ ᠵᠢᠳᠬᠦᠭᠦᠯᠬᠦ》 ᠰᠤᠷᠭ᠋ᠠᠭᠤᠯᠢ ᠡᠷᠬᠢᠯᠡᠬᠦ ᠣᠨᠣᠯᠵᠢᠬᠤᠨ᠎ᠢ ᠢᠮᠠᠭᠲᠠ ᠪᠠᠷᠢᠮᠲᠠᠯᠠᠵᠤ᠂ ᠤᠷᠢᠳ ᠬᠣᠵᠢᠳ ᠰᠤᠷᠭ᠋ᠠᠨ ᠬᠥᠮᠦᠵᠢᠯ᠎ᠤᠨ ᠲᠢᠩᠬᠢᠮ᠎ᠳᠤ 《ᠰᠤᠷᠭ᠋ᠠᠨ ᠬᠥᠮᠦᠵᠢᠯ᠎ᠤᠨ ᠳᠠᠭᠤᠷᠢᠶᠠᠯ ᠦᠵᠡᠭᠦᠯᠬᠦ ᠰᠤᠷᠭ᠋ᠠᠭᠤᠯᠢ》᠂ 《ᠰᠤᠷᠭ᠋ᠠᠭᠤᠯᠢ ᠡᠷᠬᠢᠯᠡᠭᠰᠡᠨ ᠰᠢᠯᠢᠳᠡᠭ ᠨᠢᠭᠡᠴᠢ》᠂ 《ᠬᠠᠤᠯᠢ᠎ᠪᠠᠷ ᠰᠤᠷᠭ᠋ᠠᠭᠤᠯᠢ᠎ᠪᠠᠨ ᠵᠠᠰᠠᠬᠤ ᠳᠠᠭᠤᠷᠢᠶᠠᠯ ᠦᠵᠡᠭᠦᠯᠬᠦ ᠰᠤᠷᠭ᠋ᠠᠭᠤᠯᠢ》᠂ 《ᠠᠵᠢᠯ ᠣᠯᠭᠣᠯᠲᠠ ᠵᠢᠨ ᠳᠠᠭᠤᠷᠢᠶᠠᠯ ᠦᠵᠡᠭᠦᠯᠬᠦ 100 ᠬᠦᠴᠦᠷᠬᠡᠭ᠎ᠤᠨ ᠨᠢᠭᠡᠨ》᠂ 《ᠵᠠᠭᠤᠨ ᠰᠢᠯᠢᠳᠡᠭ ᠰᠤᠷᠤᠭᠴᠢ ᠵᠢᠨ ᠡᠭᠡ ᠰᠤᠷᠭ᠋ᠠᠭᠤᠯᠢ》 ᠵᠡᠷᠭᠡ ᠢᠷᠠᠭᠤ ᠠᠯᠳᠠᠷ᠎ᠤᠨ ᠴᠣᠯᠠ ᠵᠢ ᠭᠦᠷᠲᠡᠪᠡ᠃ ᠰᠤᠷᠭ᠋ᠠᠭᠤᠯᠢ ᠵᠢᠨ ᠨᠠᠮ᠎ᠤᠨ ᠵᠣᠬᠢᠶᠠᠨ ᠪᠠᠢ᠍ᠭᠤᠯᠤᠯᠲᠠ ᠵᠢ 2011 ᠣᠨ᠎ᠤ 7 ᠰᠠᠷ᠎ᠠ ᠪᠠ 2016 ᠣᠨ᠎ᠤ 7 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ   ᠬᠣᠷᠢᠶᠠᠨ᠎ᠤ ᠳᠡᠭᠡᠳᠦ ᠰᠤᠷᠭ᠋ᠠᠭᠤᠯᠢ ᠵᠢᠨ ᠠᠵᠢᠯ᠎ᠤᠨ ᠬᠣᠷᠢᠶᠠᠨ᠎ᠠᠴᠠ ᠲᠣᠰ ᠲᠣᠰ 《ᠲᠡᠷᠢᠭᠦᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠍ᠭᠤᠯᠤᠯᠲᠠ》 ᠭᠡᠰᠡᠨ ᠬᠦᠨᠳᠦᠲᠦ ᠴᠣᠯᠠ᠎ᠪᠠᠷ ᠴᠤᠯᠠᠯᠠᠪᠠ᠃



      ᠦᠪᠦᠷ ᠮᠤᠨᠭ᠌ᠭᠤᠯ᠎ᠤᠨ ᠤᠮᠠᠷᠠᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠪᠠᠷᠤᠭ 521 ᠮᠥ᠍ ᠭᠠᠵᠠᠷ ᠡᠵᠡᠯᠡᠵᠦ᠂ ᠪᠠᠷᠢᠯᠭ᠎ᠠ ᠵᠢᠨ ᠲᠠᠯᠠᠪᠠᠶ᠎ᠨᠢ 12 ᠲᠦᠮᠡᠨ ᠲᠡᠭᠰᠢ ᠳᠥᠷᠪᠡᠯᠵᠢᠨ ᠮᠧᠲᠷ᠂ ᠵᠢᠭ᠋ᠠᠨ ᠰᠤᠷᠭ᠋ᠠᠯᠲᠠ ᠵᠢᠨ ᠬᠡᠮᠵᠢᠭᠦᠷᠯᠢᠭ ᠲᠥᠬᠥᠭᠡᠷᠦᠮᠵᠢ ᠵᠢᠨ ᠶᠡᠷᠦᠩᠬᠡᠶ ᠥᠷᠲᠡᠭ᠎ᠨᠢ 1600 ᠭᠠᠷᠤᠶ ᠲᠦᠮᠡᠨ ᠲᠥᠭᠥᠷᠢᠭ᠂ ᠡᠯ᠎ᠡ ᠲᠥᠷᠥᠯ᠎ᠤᠨ ᠨᠣᠮ ᠪᠢᠴᠢᠭ ᠮᠠᠲ᠋ᠧᠷᠢᠶᠠᠯ 23 ᠲᠦᠮᠡ ᠭᠠᠷᠤᠶ ᠳᠡᠪᠲᠡᠷ ᠪᠣᠢ; ᠰᠤᠷᠭ᠋ᠠᠭᠤᠯᠢ᠎ᠳᠤ   ᠪᠠᠷᠢᠮᠵᠢᠶᠠᠵᠢᠭᠤᠯᠤᠭᠰᠠᠨ ᠰᠤᠪᠢᠯᠠᠯᠲᠠ᠂ ᠨᠢᠭᠲᠠᠯᠠᠨ ᠪᠤᠳᠤᠭᠴᠢ ᠵᠢᠨ ᠳᠠᠳᠤᠯᠭ᠎ᠠ ᠪᠣᠯᠪᠠᠰᠤᠷᠠᠯ᠎ᠤᠨ ᠲᠥᠪ᠂ ᠬᠢᠲᠠᠳ ᠡᠮ ᠨᠠᠢ᠌ᠷᠠᠭᠤᠯᠬᠤ ᠳᠠᠳᠤᠯᠭ᠎ᠠ ᠪᠣᠯᠪᠠᠰᠤᠷᠠᠯ᠎ᠤᠨ ᠲᠠᠰᠤᠭ᠂ ᠺᠣᠮᠫᠢᠦ᠋ᠲ᠋ᠧᠷ᠎ᠤᠨ ᠲᠠᠰᠤᠭ ᠵᠡᠷᠭᠡ ᠵᠢ ᠪᠠᠶ᠋ᠢᠭᠤᠯᠪᠠ; ᠰᠤᠷᠭ᠋ᠠᠭᠤᠯᠢ᠎ᠳᠤ ᠦᠪᠦᠷ ᠮᠤᠨᠭ᠌ᠭᠤᠯ᠎ᠤᠨ ᠤᠮᠠᠷᠠᠲᠤ ᠣᠷᠣᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶ᠎ᠠ᠂ ᠬᠥᠳᠡᠭᠡ ᠲᠣᠰᠬᠣᠨ᠎ᠤ ᠡᠮ ᠡᠮᠨᠡᠯᠭᠡ ᠵᠢᠨ ᠰᠣᠨᠢᠨ᠎ᠤ ᠬᠣᠷᠢᠶ᠎ᠠ᠂ ᠱᠧᠩ ᠪᠠᠩ ᠵᠢᠯᠣᠭᠣᠴᠢ ᠵᠢᠨ ᠰᠤᠷᠭ᠋ᠠᠭᠤᠯᠢ᠎ᠲᠠᠢ᠃ ᠰᠤᠷᠭ᠋ᠠᠭᠤᠯᠢ᠎ᠨᠢ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠡᠮᠨᠡᠯᠭᠡ ᠵᠢᠨ ᠬᠣᠷᠢᠶ᠎ᠠ᠂ ᠦᠪᠦᠷ ᠮᠤᠨᠭ᠌ᠭᠤᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶ᠎ᠠ᠂ ᠦᠪᠦᠷ ᠮᠤᠨᠭ᠌ᠭᠤᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ ᠵᠢᠨ ᠬᠣᠷᠢᠶ᠎ᠠ ᠵᠡᠷᠭᠡ 10 ᠭᠠᠷᠤᠶ ᠭᠤᠷᠪᠠᠳᠤᠭ᠋ᠠᠷ ᠳᠡᠰ᠎ᠤᠨ ᠬᠥᠬᠡ ᠳᠡᠰ᠎ᠤᠨ ᠡᠮᠨᠡᠯᠭᠡ ᠵᠢᠨ ᠬᠣᠷᠢᠶ᠎ᠠ᠎ᠲᠠᠢ ᠵᠢᠭ᠋ᠠᠨ ᠰᠤᠷᠭ᠋ᠠᠯᠲᠠ ᠵᠢᠨ ᠬᠠᠷᠢᠴᠠᠭ᠎ᠠ ᠪᠠᠶ᠋ᠢᠭᠤᠯᠤᠭᠰᠠᠨ᠎ᠤ ᠬᠠᠮᠲᠤ 60 ᠭᠠᠷᠤᠶ ᠰᠤᠷᠭ᠋ᠠᠭᠤᠯᠢ ᠵᠢᠨ ᠭᠠᠳᠠᠨᠠᠬᠢ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠠᠶ᠋ᠢᠭᠤᠯᠤᠭᠰᠠᠨ ᠪᠥᠭᠡᠳ ᠣᠷᠣᠨ᠎ᠤ ᠳᠣᠲᠣᠷᠠᠬᠢ ᠬᠣᠯᠪᠤᠭᠳᠠᠬᠤ ᠵᠢᠩᠬᠢᠨᠢ ᠠᠩᠭᠢ ᠵᠢᠨ ᠳᠡᠭᠡᠳᠦ ᠰᠤᠷᠭ᠋ᠠᠭᠤᠯᠢ᠎ᠲᠠᠢ ᠲᠤᠰᠬᠠᠶ ᠮᠡᠷᠭᠡᠵᠢᠯ᠎ᠤᠨ ᠠᠩᠭᠢ᠎ᠠᠴᠠ ᠵᠢᠩᠬᠢᠨᠢ ᠠᠩᠭᠢ᠎ᠳᠤ ᠳᠡᠪᠰᠢᠬᠦ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠤᠭᠰᠠᠨ ᠪᠠᠶ᠋ᠢᠨ᠎ᠠ᠃



      ᠦᠪᠦᠷ ᠮᠤᠨᠭ᠌ᠭᠤᠯ᠎ᠤᠨ ᠤᠮᠠᠷᠠᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠳᠤ ᠰᠤᠪᠢᠯᠠᠯᠲᠠ ᠵᠢᠨ ᠳᠡᠭᠡᠳᠦ ᠰᠤᠷᠭ᠋ᠠᠭᠤᠯᠢ᠂ ᠠᠨᠠᠭ᠋ᠠᠬᠤ ᠤᠬᠠᠭ᠋ᠠᠨ᠎ᠤ ᠰᠠᠯᠪᠤᠷᠢ᠂ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠰᠠᠯᠪᠤᠷᠢ᠂ ᠠᠵᠤ ᠠᠬᠤᠶ ᠵᠢᠨ ᠬᠠᠮᠢᠶᠠᠷᠤᠯᠲᠠ ᠵᠢᠨ ᠰᠠᠯᠪᠤᠷᠢ᠂   ᠦᠷᠭᠦᠯᠵᠢᠯᠡᠯ ᠰᠤᠷᠭ᠋ᠠᠨ ᠬᠥᠮᠦᠵᠢᠯ᠎ᠤᠨ ᠳᠡᠭᠡᠳᠦ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠪᠣᠯᠪᠠᠰᠤᠷᠠᠭᠤᠯᠤᠯ᠎ᠤᠨ ᠲᠥᠪ᠂ ᠴᠢᠳᠠᠪᠤᠷᠢ ᠵᠢᠨ ᠬᠢᠨᠠᠨ ᠲᠣᠭᠲᠠᠭ᠋ᠠᠯᠲᠠ ᠵᠢᠨ ᠲᠥᠪ᠎ᠲᠠᠢ ᠪᠠᠶ᠋ᠢᠵᠤ᠂ ᠬᠢᠲᠠᠳ ᠠᠨᠠᠭ᠋ᠠᠬᠤ ᠤᠬᠠᠭ᠋ᠠᠨ᠂ ᠵᠡᠭᠦᠤ ᠲᠥᠭᠡᠨᠡᠯᠭᠡ ᠢᠯᠢᠯᠲᠡ᠂ ᠰᠣᠪᠢᠯᠠᠯᠲᠠ᠂ ᠠᠮᠠᠨ ᠬᠥᠨᠳᠡᠶ ᠵᠢᠨ ᠠᠨᠠᠭ᠋ᠠᠬᠤ ᠤᠬᠠᠭ᠋ᠠᠨ᠎ᠤ ᠮᠡᠷᠭᠡᠵᠢᠯ᠂ ᠡᠷᠡᠭᠦᠯᠵᠢᠭᠦᠯᠬᠦ ᠡᠮᠴᠢᠯᠡᠭᠡᠨ᠎ᠤ ᠮᠡᠷᠭᠡᠵᠢᠯ᠂ ᠨᠢᠭᠲᠠᠯᠠᠨ ᠪᠣᠳᠤᠭᠴᠢ᠂ ᠡᠮ᠎ᠤᠨ ᠵᠦᠢ᠍ᠯ᠎ᠤᠨ ᠡᠵᠡᠩᠨᠡᠯᠲᠡ ᠪᠠ ᠬᠠᠮᠢᠶᠠᠷᠤᠯᠲᠠ᠂ ᠳᠡᠭᠡᠳᠦ ᠬᠤᠷᠳᠤᠴᠠᠲᠤ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠶᠠᠪᠤᠳᠠᠯ ᠵᠡᠷᠭᠡ 28 ᠲᠤᠰᠬᠠᠶ ᠮᠡᠷᠭᠡᠵᠢᠯ᠎ᠲᠠᠢ᠃ ᠡᠮᠨᠡᠯᠭᠡ᠂ ᠰᠤᠪᠢᠯᠠᠯᠲᠠ ᠵᠢᠨ ᠲᠤᠰᠬᠠᠶ ᠮᠡᠷᠭᠡᠵᠢᠯ ᠵᠶ᠋ᠠᠷ ᠣᠨᠴᠠᠯᠢᠭ ᠪᠣᠯᠭ᠋ᠠᠭᠰᠠᠨ᠂ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠲᠥᠷᠥᠯ ᠪᠠ ᠠᠵᠤ ᠠᠬᠤᠶ ᠵᠢᠨ ᠬᠠᠮᠢᠶᠠᠷᠤᠯᠲᠠ ᠵᠢᠨ ᠲᠥᠷᠥᠯ᠎ᠤᠨ ᠲᠤᠰᠬᠠᠶ ᠮᠡᠷᠭᠡᠵᠢᠯ ᠵᠶ᠋ᠠᠷ ᠲᠤᠯᠭ᠋ᠠᠭᠤᠷᠢᠯᠠᠯ ᠪᠣᠯᠭ᠋ᠠᠭᠰᠠᠨ ᠲᠤᠰᠬᠠᠶ ᠮᠡᠷᠭᠡᠵᠢᠯ᠎ᠤᠨ ᠴᠤᠭᠯᠠᠷᠠᠯ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠬᠥᠭᠵᠢᠭᠦᠯᠬᠦ᠎ᠪᠠᠷ ᠭᠣᠤᠯᠳᠠᠯᠭ᠎ᠠ ᠪᠣᠯᠭ᠋ᠠᠭᠰᠠᠨ᠂ ᠳᠤᠮᠳᠠ ᠵᠡᠷᠭᠡ ᠵᠢᠨ ᠲᠤᠰᠬᠠᠶ ᠮᠡᠷᠭᠡᠵᠢᠯ ᠵᠢᠴᠢ ᠳᠡᠭᠡᠳᠦ ᠵᠡᠷᠭᠡ ᠵᠢᠨ ᠲᠤᠰᠬᠠᠶ ᠮᠡᠷᠭᠡᠵᠢᠯ ᠵᠢ ᠦᠨᠳᠦᠰᠦᠨ ᠠᠩᠭᠢ ᠵᠢᠨ ᠰᠤᠷᠭ᠋ᠠᠨ ᠬᠥᠮᠦᠵᠢᠯ ᠲᠡᠢ᠌ᠰᠢ ᠦᠷᠭᠦᠯᠵᠢᠯᠡᠭᠦᠯᠬᠦ᠂ ᠦᠷᠭᠦᠯᠵᠢᠯᠡᠯ ᠰᠤᠷᠭ᠋ᠠᠨ ᠬᠥᠮᠥᠵᠢᠯ ᠵᠶ᠋ᠡᠷ ᠨᠥᠬᠥᠪᠥᠷᠢ ᠪᠣᠯᠭ᠋ᠠᠭᠰᠠᠨ ᠬᠥᠭᠵᠢᠯᠲᠡ ᠵᠢᠨ ᠪᠠᠶ᠋ᠢᠷᠢᠰᠢᠯ᠎ᠢ ᠪᠣᠶ ᠪᠣᠯᠭ᠋ᠠᠪᠠ᠃ ᠰᠣᠪᠢᠯᠠᠯᠲᠠ ᠵᠢᠨ ᠮᠡᠷᠭᠡᠵᠢᠯ᠎ᠨᠢ ᠥᠪᠡᠷᠲᠡᠭᠡᠨ ᠵᠠᠰᠠᠬᠤ ᠣᠷᠣᠨ᠎ᠤ ᠨᠠᠷᠠᠲᠤ ᠲᠡᠮᠳᠡᠭᠲᠦ ᠵᠢᠨ ᠲᠤᠰᠬᠠᠶ ᠮᠡᠷᠭᠡᠵᠢᠯ ᠵᠶ᠋ᠠᠷ ᠦᠨᠡᠯᠡᠭᠳᠡᠵᠦ᠂ ᠰᠣᠪᠢᠯᠠᠯᠲᠠ ᠵᠢᠨ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠎ᠨᠢ ᠲᠥᠪ᠎ᠤᠨ ᠡᠳ᠋᠎ᠤᠨ ᠵᠠᠰᠠᠭ᠎ᠤᠨ ᠳᠡᠮᠵᠢᠯᠭᠡ ᠵᠢ ᠣᠯᠵᠤ᠂ 《ᠰᠠᠭᠤᠷᠢ ᠰᠤᠪᠢᠯᠠᠯᠲᠠ》᠂ 《ᠳᠣᠲᠣᠷ ᠰᠠᠯᠠᠭ᠋ᠠᠨ᠎ᠤ ᠰᠤᠪᠢᠯᠠᠯᠲᠠ ᠵᠢᠨ ᠰᠤᠳᠤᠯᠤᠯ》᠂ 《ᠰᠠᠭᠤᠷᠢ ᠨᠢᠭᠲᠠᠯᠠᠨ ᠪᠣᠳᠤᠬᠤ》᠎ᠨᠢ ᠥᠪᠡᠷᠲᠡᠭᠡᠨ ᠵᠠᠰᠠᠬᠤ ᠣᠷᠣᠨ᠎ᠤ ᠰᠣᠳᠣᠨ ᠬᠢᠴᠢᠶᠡᠯ ᠵᠶ᠋ᠠᠷ ᠦᠨᠡᠯᠡᠭᠳᠡᠪᠡ᠃



      ᠦᠪᠦᠷ ᠮᠤᠨᠭ᠌ᠭᠤᠯ᠎ᠤᠨ ᠤᠮᠠᠷᠠᠲᠤ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠰᠤᠷᠭ᠋ᠠᠭᠤᠯᠢ ᠡᠷᠬᠢᠯᠡᠭᠰᠡᠡ 37 ᠵᠢᠯ᠎ᠤᠨ ᠲᠤᠷᠰᠢ᠂ 《ᠦᠢ᠍ᠯᠡᠳᠪᠦᠷᠢᠯᠡᠯ ᠪᠣᠯᠤᠨ ᠰᠤᠷᠭ᠋ᠠᠨ ᠬᠥᠮᠦᠵᠢᠯ᠎ᠢ ᠠᠭᠤᠰᠬᠠᠬᠤ᠂ ᠰᠤᠷᠭ᠋ᠠᠭᠤᠯᠢ ᠪᠣᠯᠤᠨ ᠠᠵᠤ ᠠᠬᠤᠶ᠋ᠢᠯᠠᠯ ᠬᠠᠮᠲᠤᠷᠠᠬᠤ᠂ ᠠᠵᠤ ᠦᠢ᠍ᠯᠡᠳᠪᠦᠷᠢ ᠪᠣᠯᠤᠨ ᠰᠤᠷᠭ᠋ᠠᠨ ᠬᠥᠮᠦᠵᠢᠯ᠎ᠢ ᠤᠶᠠᠯᠳᠤᠭᠤᠯᠬᠤ᠂ ᠮᠡᠳᠡᠯᠭᠡ ᠪᠣᠯᠤᠨ ᠦᠢ᠍ᠯᠡ ᠠᠵᠢᠯᠯᠠᠭ᠎ᠠ ᠵᠢ ᠨᠢᠭᠡᠳᠬᠡᠬᠦ》 ᠰᠤᠷᠭ᠋ᠠᠭᠤᠯᠢ ᠡᠷᠬᠢᠯᠡᠬᠦ ᠬᠡᠪ ᠵᠠᠭᠪᠤᠷ᠎ᠢ ᠪᠠᠷᠢᠮᠲᠠᠯᠠᠵᠤ᠂ 《ᠦᠢ᠍ᠯᠡᠳᠪᠦᠷᠢᠯᠡᠬᠦ᠂ ᠰᠤᠷᠤᠯᠴᠠᠬᠤ᠂ ᠰᠤᠳᠤᠯᠬᠤ》 ᠵᠢ ᠤᠶᠠᠯᠳᠤᠭᠤᠯᠬᠤ᠂ ᠣᠯᠠᠨ ᠡᠰᠢᠵᠢᠯᠲᠡ᠎ᠢ ᠬᠥᠭᠵᠢᠭᠦᠯᠬᠦ ᠰᠤᠷᠭ᠋ᠠᠭᠤᠯᠢ ᠡᠷᠬᠢᠯᠡᠬᠦ ᠵᠠᠮ᠎ᠢ ᠬᠠᠶ᠋ᠢᠨ ᠰᠦᠪᠡᠭᠴᠢᠯᠡᠵᠦ ᠭᠠᠷᠭ᠋ᠠᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠭᠦᠨ ᠵᠤᠵᠠᠭ᠋ᠠᠨ ᠬᠠᠶ᠋ᠢᠷ᠎ᠠ ᠰᠡᠳᠬᠢᠯᠭᠡ! ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠤᠨ᠎ᠬᠢᠨ 《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》 ᠭᠡᠰᠡᠨ ᠳᠠᠭᠤᠤ ᠵᠢ ᠬᠠᠩᠭᠢᠨᠠᠭᠤᠯᠪᠠ
ᠦᠪᠦᠷ ᠮᠤᠨᠭ᠌ᠭᠤᠯ᠎ᠤᠨ ᠪᠠᠭᠰᠢ ᠵᠢᠨ ᠶᠡᠬᠡ ᠰᠤᠷᠭ᠋ᠠᠭᠤᠯᠢ ᠵᠢᠨ ᠵᠠᠯᠠᠭᠤᠴᠤᠳ᠎ᠤᠨ ᠤᠯᠤᠰ ᠲᠦᠷᠦ ᠵᠢᠨ ᠳᠡᠭᠡᠳᠦ ᠰᠤᠷᠭ᠋ᠠᠭᠤᠯᠢ᠎ᠠᠴᠠ 《ᠠᠯᠲᠠᠨ ᠨᠡᠷᠡᠨ᠎ᠤ ᠳᠣᠣᠷ᠎ᠠ》 ᠭᠡᠬᠦ ᠳᠠᠭᠤᠤ ᠬᠠᠩᠭᠢᠨᠠᠨᠠᠮ
ᠪᠤᠭᠤᠲᠤ ᠵᠢᠨ ᠪᠠᠭᠰᠢ ᠵᠢᠨ ᠳᠡᠭᠡᠳᠦ ᠰᠤᠷᠭ᠋ᠠᠭᠤᠯᠢ᠎ᠠᠴᠠ 《ᠬᠦᠰᠡᠯᠡᠩᠲᠦ ᠰᠠᠢ᠌ᠬᠠᠨ ᠬᠥᠳᠡᠭᠡ ᠲᠠᠯ᠎ᠠ》 ᠭᠡᠬᠦ ᠳᠠᠭᠤᠤ ᠬᠠᠩᠭᠢᠨᠠᠨᠠᠮ
ᠦᠪᠦᠷ ᠮᠤᠨᠭ᠌ᠭᠤᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ 《ᠡᠬᠡ ᠤᠯᠤᠰ ᠵᠶ᠋ᠠᠨ ᠵᠦᠩᠨᠡᠨ ᠢᠷᠥᠭᠡᠶ᠎ᠡ》 ᠭᠡᠬᠦ ᠳᠠᠭᠤᠤ ᠵᠢ ᠬᠠᠩᠭᠢᠨᠠᠭᠤᠯᠪᠠ
ᠬᠦᠬᠡᠬᠤᠳᠠ ᠦᠨᠳᠤᠰᠤᠲᠠᠨ᠎ᠤ ᠳᠡᠭᠡᠳᠦ ᠰᠤᠷᠭ᠋ᠠᠭᠤᠯᠢ᠎ᠠᠴᠠ 《ᠮᠠᠭᠲᠠᠭ᠋ᠠᠯ ᠳᠠᠭᠤᠤ》 ᠬᠠᠩᠭᠢᠨᠠᠨᠠᠮ
 
             蒙ICP备05000248号