ᠬᠤᠪᠢᠰᠬᠠᠯᠲᠤ ᠰᠣᠩᠭᠣᠳᠠᠭ ᠳᠠᠭᠤᠤ ᠵᠢ ᠳᠠᠭᠤᠯᠠᠵᠤ᠂ ᠴᠠᠭ ᠦᠶ᠎ᠡ ᠵᠢᠨ ᠬᠦᠴᠦᠲᠦ ᠳᠠᠭᠤᠨ᠎ᠢ ᠬᠠᠮᠲᠤ᠎ᠪᠠᠷ ᠴᠤᠤᠷᠢᠶᠠᠳᠤᠭᠤᠯᠤᠶ᠎ᠠ᠃ ᠲᠤᠮᠳᠠᠳᠤ ᠤᠯᠤᠰ᠎ᠤᠨ ᠡᠪ ᠬᠠᠮᠳᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ ᠵᠢ ᠪᠡᠯᠭᠡᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠪᠦᠬᠦ ᠣᠷᠣᠨ᠎ᠤ ᠳᠡᠭᠡᠳᠦ ᠰᠤᠷᠭ᠋ᠠᠭᠤᠯᠢ᠎ᠳᠤ 《ᠮᠠᠭᠲᠠᠭ᠋ᠠᠯ ᠳᠠᠭᠤᠤ᠎ᠪᠠᠨ ᠨᠠᠮ᠎ᠳᠤ᠎ᠪᠠᠨ ᠡᠷᠭᠦᠶ᠎ᠡ · ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠬᠤᠪᠢᠰᠬᠠᠯᠲᠤ ᠳᠠᠭᠤᠤ ᠵᠢ ᠵᠠᠯᠭ᠋ᠠᠭᠤᠯᠤᠨ ᠳᠠᠭᠤᠯᠠᠬᠤ ᠠᠵᠢᠯᠯᠠᠭ᠎ᠠ ᠵᠢ ᠥᠷᠨᠢᠭᠦᠯᠪᠡ᠃ ᠳᠡᠭᠡᠳᠦ ᠰᠤᠷᠭ᠋ᠠᠭᠤᠯᠢ ᠵᠢᠨ ᠪᠠᠭᠰᠢ ᠰᠤᠷᠤᠭᠴᠢᠳ ᠨᠠᠷᠢᠨ ᠨᠢᠮᠪᠠᠢ ᠳᠡᠯᠭᠡᠷᠡᠭᠦᠯᠵᠦ᠂ ᠵᠠᠯᠭ᠋ᠠᠭᠤᠯᠤᠨ ᠳᠠᠭᠤᠯᠠᠵᠠᠭ᠋ᠠᠵᠤ ᠪᠠᠢ᠌ᠨ᠎ᠠ᠃
ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ
—《ᠨᠤᠲᠤᠭ᠎ᠤᠨ ᠳᠠᠭᠤᠤ᠎ᠪᠠᠨ ᠨᠠᠮ᠎ᠳᠤ᠎ᠪᠠᠨ ᠡᠷᠭᠦᠶ᠎ᠡ》
ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ

ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠳᠠᠭᠤᠷᠢᠶᠠᠯ ᠦᠵᠡᠭᠦᠯᠬᠦ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠡᠷᠲᠡ ᠵᠢᠩᠬᠢᠨᠢ ᠠᠩᠭᠢ ᠵᠢᠨ ᠲᠤᠰᠬᠠᠶ ᠮᠡᠷᠭᠡᠵᠢᠯ᠎ᠢ ᠨᠡᠭᠡᠭᠡᠭᠰᠡᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠴᠣᠷᠢ ᠵᠢᠨ ᠭᠠᠭᠴᠠ ᠮᠠᠰᠲ᠋ᠧᠷ᠎ᠤᠨ ᠴᠡᠭ ᠭᠠᠷᠭ᠋ᠠᠭᠰᠠᠨ᠂ ᠰᠣᠳᠤᠯᠬᠤ ᠰᠣᠷᠤᠭᠴᠢ ᠬᠥᠮᠦᠵᠢᠭᠦᠯᠦᠭᠰᠡᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠣᠯᠤᠨ᠎ᠠ᠃ ᠲᠦᠮᠡᠳ ᠪᠠᠷᠠᠭᠤᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ 4 ᠳ᠋ᠦᠩᠰᠢᠭᠤᠷ ᠰᠢᠬᠠᠮ ᠲᠥᠭᠥᠷᠢᠭ᠎ᠤᠨ ᠪᠡᠯᠡ ᠣᠷᠣᠭᠤᠯᠵᠤ ᠪᠦᠲᠦᠭᠡᠨ ᠪᠠᠶ᠋ᠢᠭᠤᠯᠤᠭᠰᠠᠨ 《ᠳᠤᠮᠳᠠᠳᠤ ᠤᠯᠤᠰ · ᠴᠡᠯᠡᠭᠡᠷ ᠲᠠᠯ᠎ᠠ ᠤᠳᠤ ᠦᠶ᠎ᠡ ᠵᠢᠨ ᠲᠠᠷᠢᠶᠠᠯᠠᠩ᠎ᠤᠨ ᠦᠵᠡᠰᠬᠦᠯᠡᠩ᠎ᠤᠨ ᠬᠦᠷᠢᠶᠡᠯᠡᠩ》᠂ 《ᠦᠢ᠍ᠯᠡᠳᠪᠦᠷᠢᠯᠡᠬᠦ ᠰᠤᠷᠬᠤ ᠰᠣᠳᠤᠯᠬᠤ ᠡᠭᠦᠳᠬᠦ ᠵᠤᠭ᠋ᠠᠴᠠᠯ》᠎ᠤᠨ ᠴᠢᠳᠠᠮᠵᠢ ᠵᠢ ᠲᠥᠪᠯᠡᠷᠡᠭᠦᠯᠦᠭᠰᠡᠨ ᠨᠢᠭᠡ ᠴᠣᠭᠴᠠ᠎ᠨᠢ ᠪᠤᠭᠤᠲᠤ ᠵᠢᠨ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ᠎ᠤᠨ ᠭᠣᠣᠯ ᠲᠣᠭᠣᠷᠢᠭ ᠪᠣᠯᠵᠤ᠂ ᠲᠠᠷᠢᠶᠠᠯᠠᠩ ᠪᠠ ᠬᠥᠳᠡᠭᠡ ᠲᠣᠰᠬᠣᠨ᠎ᠤ ᠶᠠᠮᠤᠨ᠎ᠳᠤ 《ᠤᠯᠤᠰ᠎ᠤᠨ ᠤᠳᠤ ᠦᠶ᠎ᠡ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ》 ᠵᠶ᠋ᠠᠷ ᠦᠨᠡᠯᠡᠭᠳᠡᠵᠡᠢ᠃

ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠦᠪᠦᠷ ᠮᠤᠨᠭ᠌ᠭᠤᠯ᠎ᠳᠤ ᠰᠠᠭᠤᠷᠢᠯᠠᠵᠤ᠂ ᠰᠢᠨ᠎ᠡ ᠲᠠᠷᠢᠶᠠᠴᠢᠨ᠂ ᠰᠢᠨ᠎ᠡ ᠲᠠᠷᠢᠶᠠᠯᠠᠩ᠂ ᠰᠢᠨ᠎ᠡ ᠬᠥᠳᠡᠭᠡ ᠲᠣᠰᠬᠣᠨ᠎ᠳᠤ ᠬᠠᠨᠳᠤᠵᠤ᠂ ᠶᠣᠰᠣ ᠰᠤᠷᠲᠠᠬᠤᠨ᠎ᠢ ᠪᠤᠢ ᠪᠣᠯᠭ᠋ᠠᠨ ᠬᠥᠮᠦᠨ᠎ᠢ ᠬᠥᠮᠦᠵᠢᠭᠦᠯᠵᠦ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠯᠠᠩ᠎ᠢ ᠬᠥᠭᠵᠢᠭᠦᠯᠪᠡ᠃ ᠠᠵᠢᠯ ᠮᠡᠷᠭᠡᠵᠢᠯ᠎ᠤᠨ ᠵᠢᠩᠬᠢᠨᠢ ᠠᠩᠭᠢ ᠵᠢᠨ ᠰᠤᠷᠭ᠋ᠠᠨ ᠬᠥᠮᠦᠵᠢᠯ ᠵᠶ᠋ᠠᠷ ᠭᠣᠤᠯ ᠴᠣᠭᠴᠠ ᠪᠣᠯᠭ᠋ᠠᠨ᠂ ᠲᠤᠰᠬᠠᠶ ᠮᠡᠷᠭᠡᠵᠢᠯ᠎ᠤᠨ ᠡᠷᠳᠡᠮ᠎ᠤᠨ ᠴᠣᠯᠠ ᠵᠢᠨ ᠮᠠᠰᠲ᠋ᠧᠷ᠎ᠤᠨ ᠰᠤᠷᠭ᠋ᠠᠨ ᠬᠥᠮᠦᠵᠢᠯ ᠵᠶ᠋ᠠᠷ ᠵᠢᠯᠣᠭᠣᠳᠤᠭᠤᠯᠵᠤ᠂ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠲᠠᠢ ᠬᠣᠯᠪᠣᠭ᠋ᠠᠯᠠᠨ ᠬᠥᠳᠡᠯᠦᠯᠴᠡᠵᠦ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠲᠤᠰᠬᠠᠶ ᠮᠡᠷᠭᠡᠵᠢᠯ᠎ᠤᠨ ᠠᠩᠭᠢ᠂ ᠠᠵᠢᠯ ᠮᠡᠷᠭᠡᠵᠢᠯ᠎ᠤᠨ ᠵᠢᠩᠬᠢᠨᠢ ᠠᠩᠭᠢ᠂ ᠲᠤᠰᠬᠠᠶ ᠮᠡᠷᠭᠡᠵᠢᠯ᠎ᠤᠨ ᠡᠷᠳᠡᠮ᠎ᠤᠨ ᠴᠣᠯᠠ ᠵᠢᠨ ᠮᠠᠰᠲ᠋ᠧᠷ ᠵᠡᠷᠭᠡ ᠪᠥᠬᠥ ᠳᠠᠪᠬᠤᠷᠭ᠋ᠠᠨᠳᠤ ᠲᠤᠰᠬᠠᠶ ᠮᠡᠷᠭᠡᠵᠢᠯ᠎ᠤᠨ ᠰᠤᠷᠭ᠋ᠠᠨ ᠬᠥᠮᠥᠵᠢᠯ᠎ᠤᠨ ᠳᠣᠭᠲᠠᠯᠴᠠᠭ᠎ᠠ ᠵᠢ ᠪᠠᠢ᠌ᠭᠤᠯᠪᠠ᠃ ᠣᠨᠴᠠᠯᠢᠭᠲᠤ ᠳᠤᠰᠬᠠᠢ ᠮᠡᠷᠭᠡᠵᠢᠯ᠎ᠤᠨ ᠴᠤᠭᠯᠠᠷᠠᠯ᠎ᠤᠨ ᠪᠥᠲᠦᠭᠡᠨ ᠪᠠᠢ᠌ᠭᠤᠯᠤᠯᠲᠠ᠎ᠠᠴᠠ ᠭᠠᠷᠳᠠᠵᠤ᠂ ᠲᠠᠷᠢᠶᠠᠯᠠᠩ ᠮᠠᠯ ᠠᠵᠤ ᠠᠬᠤᠶ ᠵᠢᠨ ᠲᠥᠷᠥᠯ᠎ᠤᠨ ᠲᠤᠰᠬᠠᠶ ᠮᠡᠷᠭᠡᠵᠢᠯ ᠵᠶ᠋ᠠᠷ ᠭᠣᠤᠯᠳᠠᠯᠭ᠎ᠠ ᠪᠣᠯᠭ᠋ᠠᠨ᠂ ᠲᠠᠷᠢᠶᠠᠯᠠᠩ᠂ ᠠᠵᠤ ᠦᠢ᠍ᠯᠡᠳᠪᠦᠷᠢ᠂ ᠠᠵᠤ ᠠᠬᠤᠶ᠂ ᠬᠠᠮᠢᠶᠠᠷᠤᠯᠲᠠ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠵᠡᠷᠭᠡ ᠵᠢ ᠵᠣᠬᠢᠴᠠᠩᠭᠤᠶ᠎ᠪᠠᠷ ᠬᠥᠭᠵᠢᠭᠦᠯᠬᠦ ᠰᠢᠨᠵᠢᠯᠡᠭᠡᠨ᠎ᠤ ᠰᠠᠯᠠᠭ᠋ᠠᠨ᠎ᠤ ᠲᠤᠰᠬᠠᠶ ᠮᠡᠷᠭᠡᠵᠢᠯ᠎ᠤᠨ ᠳᠣᠭᠲᠠᠯᠴᠠᠭ᠎ᠠ ᠵᠢ ᠲᠡᠭᠦᠯᠳᠡᠷᠵᠢᠭᠦᠯᠪᠡ᠃ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠦᠢ᠍ᠯᠡᠴᠢᠯᠡᠬᠦ᠎ᠪᠠᠷ ᠤᠳᠤᠷᠢᠳᠤᠮᠵᠢ ᠪᠣᠯᠭ᠋ᠠᠵᠤ᠂ ᠠᠵᠢᠯ ᠮᠡᠷᠭᠡᠵᠢᠯ᠎ᠤᠨ ᠴᠢᠳᠠᠪᠤᠷᠢ ᠵᠢ ᠬᠥᠮᠦᠵᠢᠭᠦᠯᠬᠦ᠎ᠠᠴᠠ ᠭᠠᠷᠳᠠᠵᠤ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠢᠨ᠎ᠡ ᠬᠡᠪ ᠵᠠᠭᠪᠤᠷ᠎ᠢ ᠬᠠᠶ᠋ᠢᠨ ᠰᠦᠪᠡᠭᠴᠢᠯᠡᠵᠦ᠂ ᠥᠨᠳᠥᠷ ᠬᠡᠪ ᠪᠣᠯᠪᠠᠰᠤᠷᠠᠯ ᠪᠥᠬᠥᠶ ᠳᠡᠭᠡᠳᠦ ᠲᠠᠰ᠎ᠤᠨ ᠴᠢᠳᠠᠪᠤᠷᠢᠲᠠᠨ᠎ᠢ ᠬᠥᠮᠦᠵᠢᠭᠦᠯᠵᠦ᠂ ᠰᠤᠷᠭ᠋ᠠᠭᠤᠯᠢ᠎ᠪᠠᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠳᠣᠭᠲᠠᠯᠴᠠᠭ᠋ᠠᠨ᠎ᠤ ᠳᠠᠪᠠᠭᠤᠯᠢᠭ ᠲᠣᠪᠣᠶ᠋ᠢᠮ᠎ᠠ᠂ ᠲᠤᠰᠬᠠᠶ ᠮᠡᠷᠭᠡᠵᠢᠯ᠎ᠤᠨ ᠣᠨᠴᠠᠯᠢᠭ ᠢᠯᠡ ᠲᠣᠳᠣ᠂ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢᠨ ᠠᠭᠤᠰᠤᠯᠴᠠᠭ᠎ᠠ ᠨᠢᠭᠲᠠ᠂ ᠰᠤᠷᠭ᠋ᠠᠭᠤᠯᠢ ᠡᠷᠭᠢᠯᠡᠬᠦ ᠪᠠᠶ᠋ᠢᠷᠢᠰᠢᠯ ᠣᠯᠠᠨ ᠡᠰᠢᠵᠢᠭᠰᠡᠨ ᠣᠲᠣ ᠦᠶ᠎ᠡ ᠵᠢᠨ ᠥᠨᠳᠥᠷ ᠬᠢᠷᠢ ᠲᠦᠪᠰᠢᠨ ᠪᠥᠬᠦᠢ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯᠭ᠋ᠠᠨ ᠪᠥᠲᠥᠭᠡᠨ ᠪᠠᠢ᠌ᠭᠤᠯᠪᠠ᠃


ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ 《ᠲᠠᠷᠢᠶᠠᠯᠠᠩ᠎ᠤᠨ ᠬᠠᠮᠢᠶᠠᠷᠤᠯᠲᠠ》᠂ 《ᠵᠤᠭ᠋ᠠᠴᠠᠯ᠎ᠤᠨ ᠬᠠᠮᠢᠶᠠᠷᠤᠯᠲᠠ》 ᠪᠠ 《ᠤᠷᠠᠯᠢᠭ》 ᠵᠡᠷᠭᠡ 3 ᠮᠠᠰᠲ᠋ᠧᠷ᠎ᠤᠨ ᠴᠡᠭ᠎ᠲᠠᠢ᠂ ᠳ᠋ᠣᠺᠲ᠋ᠤᠷᠠᠨᠲᠤᠨ ᠵᠢᠯᠣᠭᠣᠳᠣᠭᠴᠢ ᠪᠠᠭᠰᠢ 1᠂ ᠮᠠᠰᠲ᠋ᠧᠷ᠎ᠤᠨ ᠵᠢᠯᠣᠭᠣᠳᠣᠭᠴᠢ ᠪᠠᠭᠰᠢ 26 ᠪᠣᠶ᠃ ᠣᠲᠣ ᠵᠢᠩᠬᠢᠨᠢ ᠠᠩᠭᠢ ᠵᠢᠨ ᠲᠤᠰᠬᠠᠶ ᠮᠡᠷᠭᠡᠵᠢᠯ 23᠂ ᠲᠤᠰᠬᠠᠶ ᠮᠡᠷᠭᠡᠵᠢᠯ᠎ᠤᠨ ᠠᠩᠭᠢ ᠵᠢᠨ ᠮᠡᠷᠭᠡᠵᠢᠯ 34 ᠪᠠᠶ᠋ᠢᠵᠤ᠂ ᠲᠠᠷᠢᠶᠠᠯᠠᠩ᠂ ᠮᠠᠯ ᠠᠵᠤ ᠠᠬᠤᠶ᠂ ᠢᠳᠡᠭᠡᠨ᠎ᠤ ᠲᠥᠷᠥᠯ᠎ᠤᠨ ᠲᠤᠰᠬᠠᠶ ᠮᠡᠷᠭᠡᠵᠢᠯ ᠵᠶ᠋ᠠᠷ ᠭᠣᠣᠯᠯᠠᠭᠤᠯᠵᠤ᠂ ᠲᠧᠭᠨᠢᠭ ᠮᠡᠷᠭᠡᠵᠢᠯ᠂ ᠠᠵᠤ ᠠᠬᠤᠶ᠂ ᠬᠠᠮᠢᠶᠠᠷᠤᠯᠲᠠ᠂ ᠨᠡᠶ᠋ᠢᠭᠡᠮ᠎ᠤᠨ ᠰᠢᠨᠵᠢᠯᠡᠬᠦ ᠤᠬᠠᠭ᠋ᠠᠨ ᠵᠡᠷᠭᠡ ᠲᠤᠰᠬᠠᠶ ᠮᠡᠷᠭᠡᠵᠢᠯ᠎ᠢ ᠵᠣᠬᠢᠴᠠᠩᠭᠤᠶ᠎ᠪᠠᠷ ᠬᠥᠭᠵᠢᠭᠦᠯᠦᠭᠰᠡᠨ 9 ᠲᠤᠰᠬᠠᠶ ᠮᠡᠷᠭᠡᠵᠢᠯ᠎ᠤᠨ ᠴᠤᠭᠯᠠᠷᠠᠯ᠎ᠲᠠᠢ ᠪᠣᠯᠵᠠᠶ᠃ ᠴᠡᠴᠡᠷᠯᠢᠭ᠎ᠤᠨ ᠮᠡᠷᠭᠡᠵᠢᠯ᠎ᠤᠨ ᠲᠤᠰᠬᠠᠶ ᠮᠡᠷᠭᠡᠵᠢᠯ ᠪᠠ ᠮᠠᠯ ᠠᠵᠤ ᠠᠬᠤᠶ ᠮᠠᠯ ᠡᠮᠨᠡᠯᠭᠡ ᠵᠢᠨ ᠲᠤᠰᠬᠠᠶ ᠮᠡᠷᠭᠡᠵᠢᠯ᠎ᠨᠢ ᠪᠥᠬᠥ ᠤᠯᠤᠰ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠵᠢᠭ᠋ᠠᠨ ᠰᠤᠷᠭ᠋ᠠᠯᠲᠠ ᠵᠢᠨ ᠥᠭᠡᠷᠡᠴᠢᠯᠡᠯᠲᠡ ᠵᠢᠨ ᠲᠤᠷᠰᠢᠯᠲᠠ ᠵᠢᠨ ᠲᠤᠰᠬᠠᠶ ᠮᠡᠷᠭᠡᠵᠢᠯ ᠪᠠᠢ᠌ᠵᠤ᠂ ᠡᠭᠦᠨ᠎ᠤ ᠬᠠᠮᠲᠤ ᠴᠡᠴᠡᠷᠯᠢᠭ᠎ᠤᠨ ᠮᠡᠷᠭᠡᠵᠢᠯ᠎ᠤᠨ ᠲᠤᠰᠬᠠᠶ ᠮᠡᠷᠭᠡᠵᠢᠯ᠎ᠨᠢ ᠪᠥᠬᠥ ᠤᠯᠤᠰ᠎ᠤᠨ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠥᠵᠢᠯ ᠵᠢᠨ ᠰᠣᠳᠣᠨ ᠮᠡᠷᠭᠡᠵᠢᠯ; ᠰᠤᠷᠭ᠋ᠠᠭᠤᠯᠢ ᠵᠢᠨ 10 ᠲᠤᠰᠬᠠᠶ ᠮᠡᠷᠭᠡᠵᠢᠯ᠎ᠨᠢ ᠥᠪᠡᠷᠲᠡᠭᠡᠨ ᠵᠠᠰᠠᠬᠤ ᠣᠷᠣᠨ᠎ᠤ ᠨᠠᠷᠠᠲᠤ ᠲᠡᠮᠳᠡᠭᠲᠦ ᠵᠢᠨ ᠲᠤᠰᠬᠠᠶ ᠮᠡᠷᠭᠡᠵᠢᠯ ᠵᠶ᠋ᠠᠷ ᠦᠨᠡᠯᠡᠭᠳᠡᠵᠦ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠋ᠠᠲᠠᠢ ᠪᠥᠲᠥᠭᠡᠨ ᠪᠠᠶ᠋ᠢᠭᠤᠯᠤᠯᠲᠠ ᠵᠢᠨ ᠲᠤᠰᠬᠠᠶ ᠮᠡᠷᠭᠡᠵᠢᠯ 1; ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠬᠢᠴᠢᠶᠡᠯ 12᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠡᠷᠢᠭᠦᠨ᠎ᠤ ᠬᠢᠴᠢᠶᠡᠯ 6᠂ ᠬᠡᠷᠡᠭᠯᠡᠭᠡᠨ᠎ᠤ ᠤᠷᠭᠤᠮᠠᠯ ᠪᠠ ᠠᠮᠢᠳᠤ ᠪᠣᠳᠠᠰ᠎ᠤᠨ ᠤᠬᠠᠭ᠋ᠠᠨ᠎ᠤ ᠰᠠᠭᠤᠷᠢᠨ᠎ᠢ ᠤᠯᠤᠰ᠎ᠤᠨ ᠰᠣᠳᠣᠨ ᠬᠢᠴᠢᠶᠡᠯ ᠪᠣᠯᠪᠠ᠃


ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠪᠦᠬᠦ ᠤᠯᠤᠰ᠎ᠤᠨ ᠠᠩᠬᠠᠳᠠᠭᠴᠢ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠮᠤᠷᠢᠨ ᠮᠡᠷᠭᠡᠵᠢᠯ᠎ᠤᠨ ᠲᠤᠰᠬᠠᠢ ᠮᠡᠷᠭᠡᠵᠢᠯ᠎ᠢ ᠪᠠᠶ᠋ᠢᠭᠤᠯᠵᠤ᠂ ᠪᠦᠬᠦ ᠤᠯᠤᠰ᠎ᠤᠨ ᠠᠩᠬᠠᠳᠠᠭᠴᠢ ᠤᠶᠤᠲᠠᠳ᠎ᠤᠨ ᠮᠤᠷᠢᠨ ᠪᠥᠮᠪᠦᠭᠡᠨ᠎ᠤ ᠠᠩᠬᠢ ᠵᠢ ᠪᠠᠶ᠋ᠢᠭᠤᠯᠵᠤ᠂ ᠪᠦᠬᠦ ᠤᠯᠤᠰ᠎ᠤᠨ ᠠᠩᠬᠠᠳᠠᠭᠴᠢ ᠠᠳᠤᠭᠤᠨ᠎ᠤ ᠦᠢ᠍ᠯᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠰᠤᠷᠭ᠋ᠠᠨ ᠬᠥᠮᠦᠵᠢᠯ᠎ᠤᠨ ᠬᠣᠯᠪᠣᠭ᠎ᠠ ᠵᠢ ᠡᠭᠦᠰᠭᠡᠨ ᠪᠠᠶ᠋ᠢᠭᠤᠯᠵᠤ᠂ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ᠂ ᠤᠯᠠᠨ ᠤᠯᠤᠰ᠎ᠲᠠᠢ ᠵᠤᠯᠭ᠋ᠠᠭᠤᠯᠤᠭᠰᠠᠨ ᠠᠳᠤᠭᠤᠨ᠎ᠤ ᠦᠢ᠍ᠯᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ᠎ᠢ ᠦᠷᠭᠦᠯᠵᠢᠯᠡᠨ ᠪᠠᠶ᠋ᠢᠭᠤᠯᠵᠤ᠂ ᠳᠤᠮᠳᠠᠳᠤ ᠤᠯᠤᠰ᠎ᠤᠨ ᠤᠳᠤ ᠦᠶ᠎ᠡ ᠵᠢᠨ ᠠᠳᠤᠭᠤᠨ᠎ᠤ ᠦᠢ᠍ᠯᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠴᠢᠭᠯᠡᠯ᠎ᠢ ᠬᠦᠳᠦᠯᠥᠨ ᠳᠠᠭ᠋ᠠᠭᠤᠯᠵᠠᠢ᠃


ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠣᠯ ᠪᠥᠬᠥ ᠣᠷᠣᠨ᠎ᠤ ᠴᠣᠷᠢ ᠵᠢᠨ ᠭᠠᠭᠴᠠ 《ᠥᠪᠡᠷᠲᠡᠭᠡᠨ ᠵᠠᠰᠠᠬᠤ ᠣᠷᠣᠨ᠎ᠤ ᠦᠨᠳᠦᠰᠦᠨ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠵᠦ ᠠᠵᠢᠯᠲᠠᠨ᠎ᠤ ᠮᠡᠳᠡᠯᠭᠡ ᠵᠢ ᠰᠢᠨᠡᠴᠢᠯᠡᠬᠦ ᠪᠣᠯᠪᠠᠰᠤᠷᠠᠭᠤᠯᠤᠯ》᠎ᠢ ᠡᠭᠦᠷᠭᠡᠯᠡᠬᠦ ᠬᠢᠷᠢ ᠬᠡᠮ᠎ᠢ ᠪᠦᠷᠢᠳᠦᠭᠦᠯᠦᠭᠰᠡᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠴᠡᠷᠢᠭ᠎ᠠᠴᠠ ᠬᠠᠯᠠᠭᠳᠠᠭᠰᠠᠳ᠎ᠤᠨ ᠬᠥᠮᠦᠵᠢᠯ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠣᠭᠲᠠᠭ᠋ᠠᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠡᠷᠲᠡᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢ ᠬᠢᠨᠠᠨ ᠲᠣᠭᠲᠠᠭ᠋ᠠᠬᠤ ᠨᠢᠭᠡᠴᠢ ᠪᠠᠶ᠋ᠢᠵᠤ᠂ ᠪᠥᠬᠥ ᠣᠷᠣᠨ᠎ᠤ ᠠᠩᠬᠠᠳᠠᠭᠴᠢ ᠪᠦᠯᠦᠭ᠎ᠤᠨ 《ᠥᠪᠡᠷᠲᠡᠭᠡᠨ ᠵᠠᠰᠠᠬᠤ ᠣᠷᠣᠨ᠎ᠤ ᠳᠡᠭᠡᠳᠦ ᠳᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠰᠠᠭᠤᠷᠢᠨ ᠭᠠᠵᠠᠷ》 ᠶᠤᠮ᠃

ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ᠎ᠨᠢ ᠲᠡᠯᠡᠬᠡᠢ᠎ᠳᠤ ᠬᠠᠨᠳᠤᠭᠤᠯᠤᠭᠰᠠᠨ ᠰᠤᠷᠭ᠋ᠠᠭᠤᠯᠢ ᠡᠷᠬᠢᠯᠡᠬᠦ ᠠᠬᠢᠴᠠ ᠵᠢ ᠢᠳᠡᠪᠬᠢᠲᠡᠢ ᠠᠬᠢᠭᠤᠯᠵᠤ᠂ ᠲᠡᠷᠢᠭᠦᠨ᠎ᠤ ᠰᠤᠷᠭ᠋ᠠᠨ ᠬᠥᠮᠦᠵᠢᠯ᠎ᠤᠨ ᠣᠨᠣᠯᠵᠢᠬᠤᠨ ᠪᠣᠯᠤᠨ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠰᠤᠷᠤᠭᠴᠢᠳ᠎ᠤᠨ ᠳᠡᠯᠡᠬᠡᠢ ᠵᠢᠨ ᠬᠠᠷᠠᠭ᠋ᠠᠰᠤ ᠵᠢ ᠥᠷᠭᠡᠳᠬᠡᠪᠡ᠃ ᠠᠩᠭ᠍ᠯᠢ᠂ ᠹᠷᠠᠨᠼᠢ᠂ ᠬᠣᠯᠠᠨᠳ᠋᠂ ᠣᠷᠣᠰ᠂ ᠠᠮᠧᠷᠢᠺᠠ᠂ ᠺᠠᠨᠠᠳᠠ᠂ ᠠᠦ᠋ᠰᠲᠷᠠᠯᠢᠶ᠎ᠠ᠂ ᠶᠠᠫᠣᠨ᠂ ᠺᠣᠷᠢᠶᠠ᠂ᠲᠠᠢ ᠤᠯᠤᠰ᠂ ᠮᠠᠯᠳᠠᠶ᠋ᠢᠹ᠂ ᠲᠠᠵᠢᠺᠰᠲ᠋ᠠᠨ᠂ ᠮᠠᠦ᠋ᠷᠢᠲ᠋ᠢᠦ᠋ᠰ᠂ ᠮᠣᠩᠭᠣᠯ ᠤᠯᠤᠰ ᠵᠡᠷᠭᠡ 14 ᠤᠯᠤᠰ᠎ᠤᠨ ᠠᠵᠢᠯ ᠲᠥᠷᠦᠯᠤᠨᠬᠢᠨᠤ ᠨᠡᠢ᠌ᠭᠡᠮᠯᠢᠭ᠂ ᠠᠵᠤ ᠠᠬᠤᠶ᠋ᠢᠯᠠᠯ᠂ ᠳᠡᠭᠡᠳᠦ ᠰᠤᠷᠭ᠋ᠠᠭᠤᠯᠢ ᠵᠢᠴᠢ ᠰᠢᠶᠠᠩᠭ᠋ᠠᠩ᠎ᠤᠨ ᠮᠣᠷᠢᠨ ᠤᠷᠤᠯᠳᠤᠭ᠋ᠠᠨ᠎ᠤ ᠨᠡᠢ᠌ᠭᠡᠮᠯᠢᠭ᠎ᠲᠠᠢ ᠬᠠᠮᠲᠤᠷᠠᠨ ᠰᠤᠷᠭ᠋ᠠᠭᠤᠯᠢ ᠡᠷᠭᠢᠯᠡᠬᠦ ᠬᠠᠷᠢᠴᠠᠭ᠎ᠠ ᠪᠠᠶ᠋ᠢᠭᠤᠯᠵᠠᠶ᠃ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ᠎ᠠᠴᠠ ᠨᠠᠭ᠋ᠠᠰᠢ᠂ 31 ᠰᠣᠷᠣᠭᠴᠢ ᠣᠯᠠᠨ ᠤᠯᠤᠰ᠎ᠤᠨ 《3+2》 ᠲᠤᠰᠬᠠᠶ ᠮᠡᠷᠭᠡᠵᠢᠯ᠎ᠠᠴᠠ ᠵᠢᠩᠬᠢᠨᠢ ᠠᠩᠭᠢ᠎ᠳᠤ ᠳᠡᠪᠰᠢᠬᠦ ᠲᠥᠰᠦᠯ ᠵᠶ᠋ᠠᠷ ᠳᠡᠮᠵᠢᠨ ᠭᠠᠳᠠᠭ᠋ᠠᠳᠤ᠎ᠳᠤ ᠭᠠᠷᠴᠤ ᠵᠢᠩᠬᠢᠨᠢ ᠠᠩᠭᠢ ᠵᠢᠨ ᠡᠷᠳᠡᠮ᠎ᠤᠨ ᠴᠣᠯᠠ ᠵᠢ ᠬᠠᠮᠠᠭ᠋ᠠᠯᠠᠬᠤ᠎ᠪᠠᠷ ᠰᠤᠷᠤᠯᠴᠠᠵᠤ᠂ 43 ᠰᠣᠷᠣᠭᠴᠢ ᠳᠡᠯᠡᠬᠡᠢ᠍ᠢ᠍ᠴᠢᠯᠡᠬᠦ ᠲᠤᠰᠬᠠᠶ ᠮᠡᠷᠭᠡᠵᠢᠯ᠎ᠤᠨ ᠪᠣᠯᠪᠠᠰᠤᠷᠠᠯ᠎ᠢ ᠭᠥᠷᠳᠡᠵᠦ᠂ 103 ᠰᠣᠷᠣᠭᠴᠢ ᠵᠢ ᠰᠣᠩᠭᠣᠨ ᠭᠠᠳᠠᠭ᠋ᠠᠳᠤ (ᠬᠢᠯᠢ ᠵᠢᠨ ᠭᠠᠳᠠᠨ᠎ᠠ)᠎ᠳᠤ ᠣᠴᠢᠭᠤᠯᠵᠤ ᠲᠤᠰᠬᠠᠶ ᠮᠡᠷᠭᠡᠵᠢᠯ᠎ᠤᠨ ᠳᠠᠳᠤᠯᠭ᠎ᠠ ᠪᠣᠯᠪᠠᠰᠤᠷᠠᠯ ᠬᠢᠯᠭᠡᠬᠦ ᠪᠠ ᠭᠠᠳᠠᠭ᠋ᠠᠳᠤ᠎ᠳᠤ ᠵᠣᠷᠢᠭᠤᠯᠤᠭᠰᠠᠨ ᠬᠢᠲᠠᠳ ᠬᠡᠯᠡ᠎ᠪᠠᠷ ᠰᠤᠷᠭ᠋ᠠᠨ ᠬᠥᠮᠦᠵᠢᠯ᠎ᠢ ᠳᠡᠮᠵᠢᠬᠦ ᠵᠡᠷᠭᠡ ᠲᠥᠰᠦᠯ᠎ᠢ ᠬᠢᠯᠭᠡᠵᠦ᠂ ᠢᠰᠫᠠᠨᠢ ᠵᠢᠨ ᠺᠠᠷᠲ᠋ᠠᠾᠤᠨᠠ ᠪᠠᠶ᠋ᠢᠭ᠋ᠠᠯᠢ ᠲᠧᠭᠨᠢᠭ᠎ᠤᠨ ᠤᠬᠠᠭ᠋ᠠᠨ᠎ᠤ ᠶᠡᠬᠡ ᠰᠤᠷᠭ᠋ᠠᠭᠤᠯᠢ᠂ ᠺᠣᠷᠢᠶᠠ ᠵᠢᠨ ᠴᠢ ᠮᠢᠩ ᠶᠡᠬᠡ ᠰᠤᠷᠭ᠋ᠠᠭᠤᠯᠢ᠎ᠲᠠᠢ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠲᠤᠰᠬᠠᠶ ᠮᠡᠷᠭᠡᠵᠢᠯ᠎ᠠᠴᠠ ᠮᠠᠰᠲ᠋ᠧᠷ ᠳᠡᠪᠰᠢᠬᠦ ᠲᠥᠰᠦᠯ᠎ᠢ ᠬᠡᠷᠡᠭᠵᠢᠭᠦᠯᠪᠡ᠃



ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠦᠪᠦᠷ ᠮᠤᠨᠭ᠌ᠭᠤᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠲᠠᠷᠢᠶᠠᠯᠠᠩ᠎ᠲᠠᠢ ᠬᠣᠯᠪᠣᠭᠳᠠᠬᠤ ᠳᠡᠭᠡᠳᠦ ᠰᠤᠷᠭ᠋ᠠᠭᠤᠯᠢ ᠵᠢᠨ ᠱᠦᠵᠢ᠂ ᠵᠠᠬᠢᠷᠤᠯ ᠪᠣᠯᠤᠨ ᠲᠤᠰᠬᠠᠶ ᠮᠡᠷᠭᠡᠵᠢᠯᠲᠡᠨ᠎ᠤ ᠲᠥᠯᠦᠭᠡᠯᠡᠭᠴᠢᠳ᠎ᠲᠤ ᠢᠯᠡᠭᠡᠭᠰᠡᠨ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠨᠠᠢ᠌ᠳᠠᠪᠤᠷᠢᠵᠢᠭᠤᠯᠵᠤ ᠪᠠᠶ᠋ᠢᠨ᠎ᠠ᠃ 《ᠪᠦᠯᠬᠦᠮᠳᠡᠬᠦ᠂ ᠦᠨᠡᠨ᠎ᠢ ᠪᠠᠷᠢᠮᠲᠠᠯᠠᠬᠤ᠂ ᠮᠡᠳᠡᠯᠭᠡ᠎ᠪᠠᠨ ᠥᠷᠭᠡᠳᠭᠡᠬᠦ᠂ ᠰᠢᠨ᠎ᠡ ᠵᠢ ᠡᠭᠦᠳᠬᠦ》 ᠰᠤᠷᠭ᠋ᠠᠭᠤᠯᠢ ᠵᠢᠨ ᠰᠤᠷᠭ᠋ᠠᠯ ᠪᠠ 《ᠠᠵᠢᠯ ᠦᠢ᠍ᠯᠡᠰ ᠵᠶ᠋ᠠᠨ ᠳᠡᠭᠡᠳᠦᠯᠡᠨ ᠪᠣᠳᠠᠲᠠᠶ ᠵᠢ ᠡᠷᠬᠢᠮᠯᠡᠬᠦ᠂ ᠪᠦᠯᠬᠦᠮᠳᠡᠨ ᠬᠤᠪᠢ ᠨᠡᠮᠡᠷᠢ ᠦᠵᠡᠭᠦᠯᠬᠦ᠂ ᠵᠠᠮ ᠨᠡᠭᠡᠭᠡᠨ ᠤᠷᠤᠭᠰᠢᠯᠠᠬᠤ᠂ ᠲᠡᠰᠪᠦᠷᠢ ᠬᠠᠲᠠᠭᠤᠵᠢᠯᠲᠠᠶ᠎ᠪᠠᠷ ᠦᠢ᠍ᠯᠡᠰ ᠪᠣᠰᠬᠠᠬᠤ》 ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠵᠣᠷᠢᠭ ᠰᠠᠨᠠᠭ᠎ᠠ ᠵᠢ ᠪᠠᠷᠢᠮᠲᠠᠯᠠᠨ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ᠂ ᠡᠷᠡᠰ ᠰᠢᠭᠤᠷᠬᠠᠶ᠎ᠪᠠᠷ ᠤᠷᠤᠭᠰᠢᠯᠠᠨ ᠳᠡᠪᠰᠢᠵᠦ᠂ ᠶᠣᠰᠣ ᠰᠤᠷᠲᠠᠬᠤᠨ᠎ᠢ ᠪᠣᠶ ᠪᠣᠯᠭ᠋ᠠᠵᠤ ᠬᠥᠮᠦᠨ᠎ᠢ ᠬᠥᠮᠦᠵᠢᠭᠦᠯᠬᠦ᠎ᠪᠠᠷ ᠦᠨᠳᠦᠰᠦ ᠪᠣᠯᠭ᠋ᠠᠵᠤ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠯᠠᠩ᠎ᠢ ᠬᠥᠭᠵᠢᠭᠦᠯᠬᠦ᠎ᠪᠠᠷ ᠡᠭᠦᠷᠭᠡ᠎ᠪᠠᠨ ᠪᠣᠯᠭ᠋ᠠᠵᠤ᠂ ᠰᠡᠳᠬᠢᠯ ᠵᠶ᠋ᠠᠨ ᠨᠢᠭᠲᠠᠷᠠᠭᠤᠯᠤᠨ ᠬᠦᠴᠦᠨ ᠵᠶ᠋ᠠᠨ ᠲᠥᠪᠯᠡᠷᠡᠭᠦᠯᠵᠦ᠂ ᠨᠠᠷᠢᠯᠢᠭ ᠳᠠᠷᠢᠵᠤ ᠨᠢᠮᠪᠠᠶ ᠠᠷᠠᠴᠢᠯᠠᠵᠤ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ ᠰᠤᠷᠭ᠋ᠠᠨ ᠬᠥᠮᠦᠵᠢᠯ᠎ᠢ ᠰᠠᠶ᠋ᠢᠲᠤᠷ ᠡᠷᠬᠢᠯᠡᠵᠦ᠂ ᠦᠵᠡᠰᠬᠦᠯᠡᠩᠲᠦ ᠰᠠᠶ᠋ᠢᠬᠠᠨ ᠦᠪᠦᠷ ᠮᠤᠨᠭ᠌ᠭᠤᠯ ᠵᠶ᠋ᠠᠨ ᠪᠥᠲᠥᠭᠡᠨ ᠪᠠᠶ᠋ᠢᠭᠤᠯᠬᠤ᠎ᠳᠤ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠦᠨ᠎ᠡ᠃